ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠪᠥᠬᠦᠲᠡ ᠬᠤᠷᠠᠯ ᠪᠤᠯᠤᠨ ᠨᠠᠮ ᠤᠨ ᠲᠥᠷᠢᠮ ᠨᠠᠮ ᠤᠨ ᠲᠤᠬᠲᠠᠭᠠᠯ ᠢ ᠰᠤᠷᠤᠯᠴᠠᠬᠤ ᠠᠵᠢᠯᠯᠠᠭ᠎ᠠ ᠶᠢ ᠲᠥᠪᠯᠡᠷᠡᠬᠦᠯᠥᠨ ᠵᠤᠬᠢᠶᠠᠨ ᠪᠠᠶᠢᠭᠤᠯᠵᠤ ᠥᠷᠨᠢᠬᠦᠯᠵᠡᠢ  ᠷᠧᠨ ᠶᠠ ᠫᠢᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2016/2/26
     ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠪᠠᠶᠢᠭᠤᠯᠭ᠎ᠠ ᠶᠢᠨ ᠺᠠᠳ᠋ᠷᠴᠤᠳ ᠢ ᠵᠤᠬᠢᠶᠠᠨ ᠪᠠᠶᠢᠭᠤᠯᠤᠨ ᠰᠤᠷᠤᠯᠴᠠᠨ ᠰᠤᠯᠢᠯᠴᠠᠬᠤ ᠠᠵᠢᠯᠯᠠᠭ᠎ᠠ ᠶᠢ ᠥᠷᠨᠢᠭᠦᠯᠪᠡ      2 ᠳ᠋ᠤᠭᠠᠷ ᠰᠠᠷ᠎ᠠ ᠶᠢᠨ 16᠎ ᠠᠴᠠ 19᠎ ᠤ ᠡᠲᠦᠷ ᠪᠤᠯᠲᠠᠯ᠎ᠠ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠪᠠᠶᠢᠭᠤᠯᠭ᠎ᠠ ᠶᠢᠨ ᠺᠠᠳ᠋ᠷᠴᠤᠳ ᠢ ᠵᠤᠬᠢᠶᠠᠨ ᠪᠠᠶᠢᠭᠤᠯᠤᠨ ᠲᠦᠪ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠠᠷᠪᠠᠨ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠤᠳᠠᠭ᠎ᠠ ᠶᠢᠨ ᠪᠦᠬᠦᠲᠡ ᠬᠤᠷᠠᠯ᠂ ᠦᠪᠡᠷᠲᠡᠭᠡᠨ ᠵᠠᠰᠬᠠᠤ ᠤᠷᠤᠨ ᠤ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠲᠤᠯᠤᠳᠤᠭᠠᠷ ᠤᠳᠠᠭ᠎ᠠ ᠶᠢᠨ ᠪᠦᠬᠦᠲᠡ ᠬᠤᠷᠠᠯ ᠤᠨ ᠵᠤᠷᠢᠭ ᠰᠠᠨᠠᠭ᠎ᠠ ᠪᠤᠯᠤᠨ ᠨᠠᠮ ᠤᠨ ᠲᠦᠷᠢᠮ ᠨᠠᠮ ᠤᠨ ᠲᠤᠬᠲᠠᠭᠠᠯ ᠤᠨ ᠲᠤᠭᠤᠷᠢᠨ ᠳᠤ ᠰᠤᠷᠤᠯᠴᠠᠨ ᠰᠤᠯᠢᠯᠴᠠᠬᠤ ᠠᠵᠢᠯᠯᠠᠭ᠎ᠠ ᠶᠢ ᠲᠦᠪᠯᠡᠷᠡᠭᠦᠯᠦᠨ ᠦᠷᠨᠢᠭᠦᠯᠵᠡᠢ᠃      ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠲᠡᠷᠢᠭᠦᠯᠡᠭᠴᠢ ᠷᠧᠨ ᠶᠠ ᠫᠢᠩ᠂ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠲᠦᠭᠦᠨ᠂ ᠲᠡᠳ᠋ ᠲᠡᠷᠢᠭᠦᠯᠡᠭᠴᠢ ᠴᠧᠨ ᠢᠤᠢ᠂ ᠴᠠᠩ ᠬᠠᠢ 19᠎ ᠤ ᠡᠲᠦᠷ ᠤᠨ ᠰᠤᠷᠤᠯᠴᠠᠨ ᠰᠤᠯᠢᠯᠴᠠᠬᠤ ᠬᠤᠷᠠᠯ ᠳᠤ ᠤᠷᠤᠯᠴᠠᠵᠦ᠂ ᠷᠧᠨ ᠶᠠ ᠫᠢᠩ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠷᠢᠨ ᠪᠢᠴᠢᠭ ᠤᠨ ᠲᠠᠷᠤᠭ᠎ᠠ ᠸᠧᠢ ᠵᠢᠶᠦ᠋ᠨ ᠬᠤᠷᠠᠯ ᠡᠷᠬᠢᠯᠡᠵᠦ᠂ ᠤᠯᠤᠰ ᠲᠦᠷᠦ ᠶᠢᠨ ᠵᠦᠪᠯᠡᠯᠭᠡᠨ ᠤ ᠰᠠᠯᠠᠭᠠᠨ ᠤ ᠲᠡᠰ ᠠᠴᠠ ᠲᠡᠭᠡᠭᠰᠢᠬᠢ ᠺᠠᠳ᠋ᠷᠴᠤᠳ ᠰᠤᠷᠤᠯᠴᠠᠬᠤ ᠠᠵᠢᠯᠯᠠᠭ᠎ᠠ ᠳᠤ ᠤᠷᠤᠯᠴᠠᠵᠠᠢ᠃      ᠷᠧᠨ ᠶᠠ ᠫᠢᠩ ᠵᠢᠭᠠᠵᠦ ᠭᠠᠷᠭᠠᠬᠰᠠᠨ ᠨᠢ᠂ ᠪᠢᠲᠡ ᠰᠤᠷᠤᠯᠴᠠᠯᠭ᠎ᠠ ᠶᠢ ᠠᠳᠬᠤᠬᠤ ᠳᠠᠭᠠᠨ᠂ ᠨᠢᠭᠡ ᠳᠤ᠂ ᠨᠠᠮ ᠤᠨ ᠲᠦᠷᠢᠮ ᠨᠠᠮ ᠤᠨ ᠲᠤᠬᠲᠠᠭᠠᠯ ᠢ ᠰᠤᠷᠤᠯᠴᠠᠵᠦ᠂ ᠨᠠᠮ ᠤᠨ ᠲᠦᠷᠢᠮ ᠢᠶᠠᠷ ᠦᠭᠡ ᠶᠠᠷᠢᠵᠦ ᠠᠵᠢᠯ ᠬᠢᠬᠦ ᠦᠨᠳᠦᠰᠦᠯᠡᠯ ᠪᠤᠯᠭᠠᠬᠤ ᠬᠡᠷᠡᠭᠲᠡᠢ᠂ ᠬᠤᠶᠠᠷ ᠲᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠶᠠᠷᠢᠶ᠎ᠠ ᠶᠢ ᠰᠤᠷᠤᠯᠴᠠᠵᠦ᠂ ᠲᠤᠮᠲᠠᠲᠤ ᠤᠯᠤᠰ ᠤᠨ ᠤᠨᠴᠠᠯᠢᠬ ᠲᠠᠢ ᠨᠡᠶᠢᠭᠡᠮ ᠵᠢᠷᠦᠮ ᠤᠨ ᠤᠨᠤᠯ ᠤᠨ ᠬᠠᠮᠤᠭ ᠰᠢᠨ᠎ᠡ ᠦᠷ᠎ᠡ ᠪᠦᠲᠦᠭᠡᠯ ᠢᠶᠠᠷ ᠦᠢᠯᠡ ᠠᠵᠢᠯᠯᠠᠭ᠎ᠠ ᠶᠢᠨ ᠢᠶᠠᠨ ᠵᠦᠭᠯᠡᠭᠦᠷ ᠪᠤᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠢᠶᠠᠨ ᠵᠠᠰᠠᠵᠦ ᠵᠠᠰᠠᠭ ᠶᠠᠪᠤᠭᠤᠯᠬᠤ ᠰᠢᠨ᠎ᠡ ᠤᠢᠢᠯᠠᠭᠠᠬᠲᠠᠬᠤᠨ᠂ ᠰᠢᠨ᠎ᠡ ᠦᠵᠡᠯᠲᠡ᠂ ᠰᠢᠨ᠎ᠡ ᠠᠷᠭ᠎ᠠ ᠠᠪᠴᠠᠯ ᠢ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠰᠢᠨ᠎ᠡ ᠬᠦᠲᠡᠯᠭᠡᠭᠴᠢ ᠬᠦᠴᠦᠨ ᠪᠤᠯᠭᠠᠨ ᠬᠤᠪᠢᠷᠠᠭᠤᠯᠵᠦ᠂ ᠦᠪᠡᠷᠲᠡᠭᠡᠨ ᠵᠠᠰᠬᠠᠤ ᠤᠷᠤᠨ ᠤ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠡᠬᠢᠯᠡᠯᠲᠡ ᠳᠤ ᠰᠠᠶᠢᠨ ᠰᠠᠶᠢᠬᠠᠨ ᠠᠷᠭ᠎ᠠ ᠪᠤᠳᠤᠯᠭ᠎ᠠ ᠲᠡᠪᠰᠢᠭᠦᠯᠬᠦ ᠪᠠᠷ ᠴᠢᠷᠮᠠᠶᠢᠬᠤ ᠬᠡᠷᠡᠭᠲᠡᠢ ᠬᠡᠵᠡᠢ᠃      ᠷᠧᠨ ᠶᠠ ᠫᠢᠩ ᠴᠢᠬᠤᠯᠠᠴᠢᠯᠠᠬᠰᠠᠨ ᠨᠢ᠂ ᠦᠷᠭᠡᠨ ᠤᠯᠠᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠪᠤᠯᠤᠨ ᠤᠯᠤᠰ ᠲᠦᠷᠦ ᠶᠢᠨ ᠵᠦᠪᠯᠡᠯᠭᠡᠨ ᠤ ᠠᠵᠢᠯᠲᠠᠨ ᠰᠤᠷᠤᠯᠴᠠᠯᠭ᠎ᠠ ᠶᠢᠨ ᠤᠬᠠᠮᠰᠠᠷᠲᠦ ᠴᠢᠨᠠᠷ ᠢᠶᠠᠨ ᠦᠨᠡᠨᠬᠦ ᠲᠡᠭᠡᠭᠰᠢᠯᠡᠭᠦᠯᠵᠦ᠂ ᠠᠵᠢᠯ ᠪᠤᠯᠤᠨ ᠠᠮᠢᠳᠤᠷᠠᠯ ᠤᠨ ᠲᠤᠮᠲᠠ ᠪᠠᠨ ᠰᠠᠶᠢᠨ ᠰᠠᠶᠢᠬᠠᠨ ᠰᠤᠷᠤᠯᠴᠠᠬᠤ ᠲᠠᠳᠬᠠᠯ ᠢ ᠪᠤᠢ ᠪᠤᠯᠭᠠᠵᠤ᠂ ᠨᠦᠬᠦᠴᠡᠯ ᠪᠦᠷᠢᠯᠲᠦᠭᠦᠯᠦᠨ ᠰᠤᠷᠤᠯᠴᠠᠨ᠂ ᠵᠠᠪᠰᠢᠶᠠᠨ ᠡᠷᠢᠵᠦ ᠰᠤᠷᠤᠯᠴᠠᠨ᠂ ᠴᠠᠬ ᠭᠠᠷᠭᠠᠨ ᠰᠤᠷᠤᠯᠴᠠᠨ᠂ ᠪᠤᠲᠠᠲᠠᠢ ᠲᠠᠢ ᠬᠤᠯᠪᠤᠨ ᠰᠤᠷᠤᠯᠴᠠᠵᠤ᠂ ᠰᠤᠷᠤᠯᠴᠠᠯᠭ᠎ᠠ ᠪᠠᠷ ᠲᠠᠮᠵᠢᠨ ᠦᠪᠡᠷ ᠢ ᠪᠠᠨ ᠲᠠᠰᠤᠷᠠᠯᠲᠠ ᠦᠭᠡᠢ ᠲᠡᠭᠦᠯᠲᠡᠷᠵᠢᠭᠦᠯᠵᠦ᠂ ᠦᠭᠡᠷᠡᠴᠢᠯᠡᠯᠲᠡ ᠬᠦᠭᠵᠢᠯᠲᠡ ᠳᠤ ᠰᠠᠨᠠᠯ ᠰᠠᠨᠠᠭᠤᠯᠭ᠎ᠠ ᠭᠠᠷᠭᠠᠨ ᠠᠷᠭ᠎ᠠ ᠪᠤᠳᠤᠯᠭ᠎ᠠ ᠲᠡᠪᠰᠢᠭᠦᠯᠬᠦ ᠬᠡᠷᠡᠭᠴᠡᠭᠡ ᠱᠠᠭᠠᠷᠲᠠᠯᠭ᠎ᠠ ᠳᠤ ᠵᠤᠬᠢᠴᠠᠬᠤ ᠬᠡᠷᠡᠭᠲᠡᠢ᠃ ᠲᠤᠰᠬᠠᠢ ᠵᠦᠪᠯᠡᠯ ᠤᠨ ᠠᠵᠢᠯ ᠪᠤᠯ ᠤᠯᠤᠰ ᠲᠦᠷᠦ ᠶᠢᠨ ᠵᠦᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠰᠠᠭᠤᠷᠢ ᠮᠦᠨ᠂ ᠲᠤᠰᠬᠠᠢ ᠵᠦᠪᠯᠡᠯ ᠤᠨ ᠨᠦᠬᠦᠳ ᠰᠤᠷᠤᠯᠴᠠᠯᠭ᠎ᠠ ᠪᠠᠷ ᠲᠠᠮᠵᠢᠨ ᠦᠪᠡᠷ ᠤᠨ ᠲᠤᠰᠬᠠᠢ ᠮᠡᠷᠭᠡᠵᠢᠯ ᠤᠨ ᠰᠡᠳᠬᠢᠬᠦᠢ᠂ ᠲᠤᠰᠬᠠᠢ ᠮᠡᠷᠭᠡᠵᠢᠯ ᠤᠨ ᠬᠡᠪ ᠪᠤᠯᠪᠠᠰᠤᠷᠠᠯ᠂ ᠲᠤᠰᠬᠠᠢ ᠮᠡᠷᠭᠡᠵᠢᠯ ᠤᠨ ᠠᠷᠭ᠎ᠠ ᠪᠠᠷᠢᠯ ᠢᠶᠠᠨ ᠲᠠᠰᠤᠷᠠᠯᠲᠠ ᠦᠭᠡᠢ ᠲᠡᠭᠡᠭᠰᠢᠯᠡᠭᠦᠯᠵᠦ᠂ ᠬᠠᠷᠠᠭᠠᠯᠵᠠᠬᠰᠠᠨ ᠬᠦᠷᠢᠶ᠎ᠡ ᠴᠠᠷᠠᠭᠠᠨ ᠤ ᠠᠵᠢᠯ ᠳᠠᠭᠠᠨ ᠴᠠᠭᠠᠷᠠᠬᠰᠠᠨ ᠬᠦᠮᠦᠨ ᠪᠤᠯᠬᠤ ᠪᠠᠷ ᠴᠢᠷᠮᠠᠶᠢᠵᠦ᠂ ᠤᠯᠤᠰ ᠲᠦᠷᠦ ᠶᠢᠨ ᠵᠦᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠨ ᠰᠠᠨᠠᠯ ᠰᠠᠨᠠᠭᠤᠯᠭ᠎ᠠ ᠭᠠᠷᠭᠠᠬᠤ ᠪᠦᠬᠦ᠋ᠢᠯᠡ ᠲᠦᠪᠰᠢᠨ ᠢᠶᠠᠨ ᠲᠠᠰᠤᠷᠠᠯᠲᠠ ᠦᠭᠡᠢ ᠲᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号