2 ᠳ᠋ᠤᠭᠠᠷ ᠰᠠᠷ᠎ᠠ ᠶᠢᠨ 24 ᠠᠴᠠ 25 ᠤ ᠡᠳᠦᠷ ᠪᠤᠯᠳᠠᠯ᠎ᠠ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠨᠢ | ᠲᠦᠪ ᠤᠨ ᠬᠦᠳᠡᠭᠡ ᠲᠤᠰᠬᠤᠨ ᠤ ᠠᠵᠢᠯ ᠤᠨ ᠬᠤᠷᠠᠯ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ ᠲᠦᠷᠪᠡᠳᠦᠭᠡᠷ ᠤᠳᠠᠭᠠᠨ ᠤ ᠪᠦᠬᠦ ᠭᠡᠰᠢᠭᠦᠳ ︵ | ᠦᠷᠭᠡᠳᠭᠡᠭᠰᠡᠨ︶ ᠤᠨ ᠬᠤᠷᠠᠯ᠂ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽12· 5︾ ᠶᠢᠨ ᠲᠥᠯᠥᠪᠵᠢᠭᠦᠯᠭᠡ ᠳᠠᠬᠢ ᠮᠠᠨ ᠤ ᠤᠷᠤᠨ ᠤ ︽ | ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ᠂ ᠮᠠᠯ ᠮᠠᠯᠵᠢᠬᠤ ᠣᠷᠣᠨ ᠮᠠᠯᠴᠢᠨ︾ ᠤ ᠠᠵᠢᠯ ᠢ ᠡᠷᠬᠢᠴᠡᠭᠦᠯᠦᠨ | ᠳ᠋ᠦᠩᠨᠡᠵᠦ᠂ ︽13· 5︾ ᠶᠢᠨ ᠲᠥᠯᠥᠪᠵᠢᠭᠦᠯᠭᠡ ᠶᠢᠨ ᠬᠤᠭᠤᠴᠠᠭ᠎ᠠ ᠪᠤᠯᠤᠨ 2016 ᠣᠨ ᠤ ︽ | ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ᠂ ᠮᠠᠯ ᠮᠠᠯᠵᠢᠬᠤ ᠣᠷᠣᠨ ᠮᠠᠯᠴᠢᠨ︾ ᠤ ᠠᠵᠢᠯ ᠢ ᠰᠤᠳᠤᠯᠤᠨ | ᠪᠠᠶᠢᠷᠢᠯᠠᠭᠤᠯᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠪᠠᠭᠠᠳᠤᠷ ᠲᠤᠰᠪᠤᠷᠢ ᠴᠢᠬᠤᠯᠠ ᠴᠤᠬᠤᠯᠠᠪᠤᠷᠢ ᠦᠭᠴᠦ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠲᠡᠳ᠋ ᠱᠦᠵᠢ ᠯᠢ ᠵᠢᠶᠠ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠦᠪᠡᠷᠳᠡᠭᠡᠨ ᠵᠠᠰᠠᠬᠤ ᠤᠷᠤᠨ | ᠤ ᠲᠡᠳ᠋ ᠲᠡᠷᠢᠭᠦᠯᠡᠭᠴᠢ ᠸᠠᠩ ᠢᠤᠢ ᠮᠢᠩ ᠬᠤᠷᠠᠯ ᠡᠷᠬᠢᠯᠡᠬᠦ ᠶᠢᠨ ᠬᠠᠮᠳᠤ ᠳ᠋ᠦᠩᠨᠡᠯᠳᠡ ᠶᠢᠨ ᠶᠠᠷᠢᠶ᠎ᠠ ᠲᠠᠯᠪᠢᠪᠠ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠲᠡᠳ᠋ ᠡᠷᠬᠢᠯᠡᠭᠴᠢ ᠯᠢᠶᠠᠨ ᠰᠦ᠋᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ | ᠤ ᠲᠡᠳ᠋ ᠲᠡᠷᠢᠭᠦᠯᠡᠭᠴᠢ ᠴᠧᠨ ᠢᠤᠢ ᠬᠤᠷᠠᠯ ᠳᠤ ᠤᠷᠤᠯᠴᠠᠪᠠ᠃ | ᠸᠠᠩ ᠵᠢᠶᠦ᠋ᠨ ᠴᠤᠬᠤᠯᠠᠪᠤᠷᠢ ᠳᠠᠭᠠᠨ ᠵᠢᠭᠠᠵᠤ ᠭᠠᠷᠭᠠᠭᠰᠠᠨ ᠨᠢ᠂ ᠦᠪᠦᠷ ᠮᠤᠩᠭᠤᠯ ᠪᠤᠯ ᠮᠠᠯ ᠠᠵᠤ ᠠᠬᠤᠢ | ᠲᠠᠷᠢᠶᠠᠯᠠᠩ ᠤᠨ ᠲᠤᠮᠤ ᠤᠷᠤᠨ᠂ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ᠂ ᠮᠠᠯ ᠮᠠᠯᠵᠢᠬᠤ ᠣᠷᠣᠨ | ᠮᠠᠯᠴᠢᠨ︾ ᠤ ᠠᠵᠢᠯ ᠪᠤᠯ ᠭᠤᠤᠯᠳᠠᠯᠭ᠎ᠠ ᠶᠢᠨ ᠲᠤᠮᠳᠠᠬᠢ ᠭᠤᠤᠯᠳᠠᠯᠭ᠎ᠠ ᠪᠤᠯᠤᠨ᠎ᠠ᠃ ︽12· 5︾ ᠶᠢᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠤᠨᠴᠠᠭᠠᠢᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠰᠢ᠂ ᠪᠦᠬᠦ ᠤᠷᠤᠨ ᠢᠶᠠᠷ ᠢᠶᠠᠨ ᠨᠠᠮ ᠤᠨ ᠲᠦᠪ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠤᠳᠤ | ᠦᠶ᠎ᠠ ᠶᠢᠨ ᠮᠠᠯ ᠠᠵᠤ ᠠᠬᠤᠢ ᠲᠠᠷᠢᠶᠠᠯᠠᠩ ᠢ ᠶᠡᠬᠡᠪᠡᠷ ᠬᠦᠭᠵᠢᠭᠦᠯᠵᠦ᠂ ᠪᠤᠬᠢᠷᠳᠤᠯ ᠦᠭᠡᠢ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠳᠦᠭᠡᠭᠳᠡᠭᠦᠨ ᠢ ᠦᠢᠯᠡᠳᠪᠦᠷᠢᠯᠡᠵᠦ᠂ ᠡᠳ᠋ᠰᠢᠭᠦᠯᠵᠦ᠂ ᠪᠤᠷᠤᠯᠠᠭᠤᠯᠬᠤ ᠰᠠᠭᠤᠷᠢᠨ ᠢ ᠲᠦᠷᠭᠡᠳᠭᠡᠨ | ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠦᠭᠡᠷᠡᠴᠢᠯᠡᠯᠳᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ᠂ ︽ | ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ ᠢ ᠯᠠᠪᠳᠠᠭᠤᠨ ᠪᠠᠳᠤᠳᠠᠢ ᠠᠬᠢᠭᠤᠯᠵᠤ᠂ ᠮᠠᠯ ᠠᠵᠤ ᠠᠬᠤᠢ | ᠲᠠᠷᠢᠶᠠᠯᠠᠩ ᠤᠨ ᠦᠢᠯᠡᠳᠪᠦᠷᠢᠯᠡᠯ ᠳᠤ ᠵᠢᠯ ᠲᠠᠷᠠᠭᠠᠯᠠᠭᠰᠠᠨ ᠨᠡᠮᠡᠭᠳᠡᠯ ᠢ ᠪᠡᠶᠡᠯᠡᠭᠦᠯᠵᠦ᠂ ᠮᠠᠯᠴᠢᠨ ᠲᠠᠷᠢᠶᠠᠴᠢᠨ ᠤ | ᠤᠷᠤᠯᠭ᠎ᠠ ᠦᠷᠭᠦᠯᠵᠢᠯᠠᠨ ᠨᠡᠮᠡᠭᠳᠡᠨ᠂ ᠮᠠᠯᠵᠢᠬᠤ ᠲᠠᠷᠢᠶᠠᠯᠠᠬᠤ ᠤᠷᠤᠨ ᠤ ᠲᠦᠷᠰᠦ ᠪᠠᠶᠢᠳᠠᠯ ᠳᠤ ᠲᠡᠭᠷᠢ ᠭᠠᠵᠠᠷ ᠢ | ᠲᠤᠩᠰᠤᠯᠭᠠᠮ᠎ᠠ ᠬᠤᠪᠢᠷᠠᠯᠳᠠ ᠭᠠᠷᠪᠠ ᠭᠡᠵᠠᠢ᠃ | ᠸᠠᠩ ᠵᠢᠶᠦ᠋ᠨ ᠴᠤᠬᠤᠯᠠᠪᠤᠷᠢ ᠳᠠᠭᠠᠨ᠂ ︽13· 5︾ ᠶᠢᠨ ᠲᠥᠯᠥᠪᠵᠢᠭᠦᠯᠭᠡ ᠪᠤᠯ ᠴᠢᠨᠡᠭᠡᠯᠢᠭ ᠨᠡᠶᠢᠭᠡᠮ | ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠤ ᠱᠠᠳᠤ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ | ᠲᠤᠳᠠᠭᠤᠳᠠᠯ ᠢᠶᠠᠨ ᠨᠦᠬᠦᠪᠦᠷᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠤᠯᠤᠨ᠎ᠠ᠃ ᠪᠦᠬᠦ ᠤᠷᠤᠨ ᠤ ᠡᠯ᠎ᠠ ᠱᠠᠳᠤᠨ ᠤ | ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠢᠨ ᠵᠠᠪᠠᠯ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ | ᠶᠠᠷᠢᠶ᠎ᠠ ᠪᠤᠯᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ | ᠶᠢ ᠭᠦᠨᠵᠡᠭᠡᠢ ᠲᠤᠤᠱᠯᠠᠭᠤᠯᠤᠨ᠂ ᠲᠠᠪᠤ ᠶᠢ ᠨᠢᠭᠡ ᠴᠤᠭᠴᠠᠵᠢᠭᠤᠯᠬᠤ ᠶᠡᠷᠦᠩᠬᠡᠢ ᠪᠠᠶᠢᠷᠢᠰᠢᠭᠤᠯᠤᠯᠳᠠ ᠪᠤᠯᠤᠨ ︽ | ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢᠨ ᠱᠠᠭᠠᠷᠳᠠᠯᠭ᠎ᠠ ᠶᠤᠰᠤᠭᠠᠷ | ᠰᠢᠨ᠎ᠠ ᠶᠢ ᠡᠭᠦᠳᠬᠦ᠂ ᠵᠣᠬᠢᠴᠠᠭᠤᠯᠬᠤ᠂ ᠪᠤᠬᠢᠷᠳᠤᠯ ᠦᠭᠡᠢ᠂ ᠨᠡᠭᠡᠭᠡᠯᠲᠡ ᠬᠢᠬᠦ᠂ ᠬᠠᠮᠳᠤᠪᠠᠷ ᠡᠳ᠋ᠯᠡᠬᠦ | ᠬᠦᠭᠵᠢᠯᠳᠡ ᠶᠢᠨ ᠣᠨᠣᠯᠵᠢᠬᠤᠨ ᠢ ᠪᠠᠳᠤ ᠪᠤᠢ ᠪᠤᠯᠭᠠᠬᠤ ᠪᠠ ᠤᠬᠠᠮᠰᠠᠷ ᠠᠴᠠ ᠪᠠᠨ ᠲᠤᠤᠱᠯᠠᠭᠤᠯᠵᠤ᠂ ᠮᠠᠯᠴᠢᠨ | ᠲᠠᠷᠢᠶᠠᠴᠢᠨ ᠤ ᠪᠤᠶᠠᠨ ᠭᠡᠰᠢᠭ ᠢ ᠨᠡᠮᠡᠭᠳᠡᠭᠦᠯᠬᠦ ᠪᠠᠷ ᠠᠵᠢᠯ ᠤᠨ ᠭᠠᠷᠤᠭ᠎ᠠ ᠪᠠ ᠵᠤᠬᠰᠤᠴᠠ ᠪᠠᠨ ᠪᠤᠯᠭᠠᠵᠤ᠂ ᠮᠠᠯᠴᠢᠨ | ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ ᠪᠠᠷ ᠭᠤᠤᠯᠳᠠᠯᠭ᠎ᠠ ᠪᠤᠯᠭᠠᠨ᠂ ᠮᠠᠯᠵᠢᠬᠤ ᠲᠠᠷᠢᠶᠠᠯᠠᠬᠤ ᠤᠷᠤᠨ ᠤ ᠠᠵᠤ | ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠶᠢ ᠠᠬᠢᠭᠤᠯᠬᠤ ᠪᠠᠷ ᠭᠤᠤᠯ ᠱᠤᠭᠤᠮ ᠪᠤᠯᠭᠠᠵᠤ᠂ ᠦᠨᠳᠦᠰᠦᠨ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠯᠳᠠ ᠶᠢ ᠴᠢᠩᠭᠠᠳᠬᠠᠬᠤ ᠪᠠᠷ ᠪᠠᠳᠤᠯᠠᠭ᠎ᠠ ᠪᠤᠯᠭᠠᠵᠤ᠂ | ᠮᠠᠨ ᠤ ᠤᠷᠤᠨ ᠤ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ᠂ ᠮᠠᠯ ᠮᠠᠯᠵᠢᠬᠤ ᠣᠷᠣᠨ ᠮᠠᠯᠴᠢᠨ︾ ᠤ ᠠᠵᠢᠯ | ᠢ ᠲᠠᠬᠢᠨ ᠰᠢᠨ᠎ᠠ ᠱᠠᠳᠤᠨ ᠳᠤ ᠠᠬᠢᠭᠤᠯᠬᠤ ᠬᠡᠷᠡᠭᠳᠡᠢ᠃ ᠤᠳᠤ ᠦᠶ᠎ᠠ ᠶᠢᠨ ᠮᠠᠯ ᠠᠵᠤ ᠠᠬᠤᠢ ᠲᠠᠷᠢᠶᠠᠯᠠᠩ ᠢ | ᠲᠦᠷᠭᠡᠳᠭᠡᠨ ᠬᠦᠭᠵᠢᠭᠦᠯᠵᠦ᠂ ᠲᠠᠭᠠᠭᠤᠯᠤᠭᠴᠢ ᠠᠵᠤ ᠠᠬᠤᠢᠢᠯᠠᠯ ᠢ ᠪᠤᠶᠢᠵᠢᠭᠤᠯᠤᠨ ᠬᠦᠴᠦᠷᠭᠡᠭᠵᠢᠭᠦᠯᠵᠦ᠂ | ᠲᠠᠭᠠᠭᠤᠯᠤᠭᠴᠢ ᠠᠵᠤ ᠠᠬᠤᠢᠢᠯᠠᠯ ᠬᠢᠬᠡᠳ ᠮᠠᠯᠵᠢᠬᠤ ᠲᠠᠷᠢᠶᠠᠬᠤ ᠡᠷᠦᠬᠡ ᠶᠢᠨ ᠠᠰᠢᠭ ᠲᠤᠰᠠ ᠶᠢᠨ ᠬᠤᠯᠪᠤᠭᠠᠨ ᠤ | ᠲᠤᠭᠳᠠᠴᠠ ᠶᠢ ᠲᠡᠭᠦᠯᠳᠡᠷᠵᠢᠭᠦᠯᠦᠨ᠂ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠡ ᠶᠢᠨ ᠶᠠᠰᠤ ᠴᠢᠨᠠᠷ ᠦᠷ᠎ᠠ | ᠠᠰᠢᠭ ᠢ ᠲᠠᠰᠤᠷᠠᠯᠳᠠ ᠦᠭᠡᠢ ᠲᠡᠭᠡᠭᠰᠢᠯᠡᠭᠦᠯᠬᠦ ᠬᠡᠷᠡᠭᠳᠡᠢ᠃ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ | ᠲᠠᠯ᠎ᠠ ᠶᠢᠨ ᠦᠭᠡᠷᠡᠴᠢᠯᠡᠯᠳᠡ ᠶᠢ ᠲᠦᠷᠭᠡᠳᠭᠡᠨ᠂ ᠮᠠᠯᠵᠢᠬᠤ ᠲᠠᠷᠢᠶᠠᠯᠠᠬᠤ ᠤᠷᠤᠨ ᠤ ᠶᠡᠷᠦᠩᠬᠡᠶᠢᠯᠡᠭᠰᠡᠨ | ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠬᠦᠭᠵᠢᠯᠳᠡ ᠶᠢᠨ ᠬᠦᠴᠢᠷ ᠰᠡᠳᠦᠪ ᠢ ᠴᠢᠷᠮᠠᠶᠢᠨ | ᠰᠢᠢᠳᠪᠦᠷᠢᠯᠡᠵᠤ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠬᠦᠳᠡᠯᠭᠡᠭᠴᠢ ᠬᠦᠴᠦᠨ ᠪᠤᠯᠤᠨ ᠠᠮᠢᠵᠢᠷᠠᠯ | ᠤᠨ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠳᠡᠢ᠃ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ | ᠦᠢᠯᠡᠰ ᠢ ᠲᠦᠷᠭᠡᠳᠭᠡᠨ ᠬᠦᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠵᠤ ᠪᠤᠭᠤᠮᠳᠠ ᠰᠢᠪᠳᠤᠯᠬᠤ ᠶᠢ ᠯᠠᠪᠳᠠᠭᠤᠨ | ᠪᠠᠳᠤᠳᠠᠢ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠳᠤ ︽ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ ᠢ | ᠪᠦᠬᠦ ᠲᠠᠯ᠎ᠠ ᠪᠠᠷ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠨᠦᠭᠦᠴᠡᠯ ᠢ ᠤᠯᠠᠮ | ᠨᠢᠭᠡ ᠠᠯᠬᠤᠮ ᠰᠠᠶᠢᠵᠢᠷᠠᠭᠤᠯᠬᠤ ᠬᠡᠷᠡᠭᠳᠡᠢ᠃ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠨᠠᠮ ᠤᠨ | ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠯᠳᠠ ᠶᠢ ᠦᠨᠡᠨᠬᠦ ᠴᠢᠩᠭᠠᠳᠬᠠᠵᠤ᠂ ᠭᠠᠴᠠᠭ᠎ᠠ ᠲᠤᠰᠬᠤᠨ ᠤ ︽ᠬᠤᠶᠠᠷ | ᠵᠦᠪᠯᠡᠯ︾ ᠤᠨ ᠤᠳᠤᠷᠢᠳᠬᠤ ᠪᠠᠭ ᠲᠤ ᠰᠢᠯᠢᠳᠡᠭ ᠬᠦᠮᠦᠰ ᠢ ᠲᠤᠬᠢᠷᠠᠭᠤᠯᠤᠨ᠂ ᠦᠨᠳᠦᠰᠤᠨ ᠱᠠᠳᠤᠨ ᠤ ᠨᠠᠮ ᠤᠨ | ᠵᠤᠬᠢᠶᠠᠨ ᠪᠠᠶᠢᠭᠤᠯᠤᠯᠳᠠ ᠪᠤᠯᠤᠨ ᠨᠠᠮ ᠤᠨ ᠭᠡᠰᠢᠭᠦᠨ ᠤ ᠤᠯᠠᠨ ᠲᠦᠮᠠᠨ ᠲᠠᠢ ᠬᠠᠷᠢᠯᠴᠠᠵᠤ ᠤᠯᠠᠨ ᠲᠦᠮᠡᠨ ᠳᠤ | ᠦᠢᠯᠡᠴᠢᠯᠡᠬᠦ ᠴᠢᠳᠠᠪᠤᠷᠢ ᠪᠤᠯᠤᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠤᠨ᠂ ᠰᠢᠨ᠎ᠠ ᠬᠡᠯᠪᠡᠷᠢ ᠶᠢᠨ | ᠮᠠᠯᠴᠢᠨ ᠲᠠᠷᠢᠶᠠᠴᠢᠨ ᠢ ᠲᠦᠷᠭᠡᠨ ᠪᠤᠶᠢᠵᠢᠭᠤᠯᠤᠨ ᠪᠤᠢ ᠪᠤᠯᠭᠠᠵᠤ᠂ ᠮᠠᠯ ᠠᠵᠤ ᠠᠬᠤᠢ ᠲᠠᠷᠢᠶᠠᠯᠠᠩ ᠢ ᠴᠢᠷᠮᠠᠶᠢᠨ | ᠬᠦᠴᠦᠷᠭᠡᠭᠵᠢᠭᠦᠯᠵᠦ᠂ ᠮᠠᠯᠴᠢᠨ ᠲᠠᠷᠢᠶᠠᠴᠢᠨ ᠢ ᠪᠠᠶᠠᠵᠢᠭᠤᠯᠤᠨ᠂ ᠮᠠᠯᠵᠢᠬᠤ ᠲᠠᠷᠢᠶᠠᠯᠠᠬᠤ ᠤᠷᠤᠨ ᠢ | ᠭᠤᠶᠤᠵᠢᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠠᠤᠭ᠎ᠠ ᠬᠠᠷᠠᠯᠳᠠ ᠶᠢ ᠲᠤᠭᠳᠠᠭᠰᠠᠨ | ᠴᠠᠭ ᠲᠠᠭᠠᠨ ᠪᠡᠶᠡᠯᠡᠭᠦᠯᠬᠦ ᠶᠢ ᠪᠠᠳᠤᠯᠠᠬᠤ ᠬᠡᠷᠡᠭᠳᠡᠢ ᠭᠡᠵᠦ ᠴᠢᠬᠤᠯᠠᠴᠢᠯᠠᠪᠠ᠃ | ᠪᠠᠭᠠᠳᠤᠷ ᠴᠤᠬᠤᠯᠠᠪᠤᠷᠢ ᠳᠠᠭᠠᠨ ︽12· 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ | ᠤᠨᠴᠠᠭᠠᠢᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠮᠠᠨ ᠤ ᠤᠷᠤᠨ ᠤ ᠮᠠᠯᠵᠢᠬᠤ | ᠲᠠᠷᠢᠶᠠᠯᠠᠬᠤ ᠤᠷᠤᠨ ᠤ ᠠᠵᠢᠯ ᠤᠨ ᠠᠮᠵᠢᠯᠳᠠ ᠶᠢ ᠭᠦᠢᠴᠡᠳ ᠨᠤᠳᠠᠯᠠᠵᠤ᠂ ᠡᠯ᠎ᠠ ᠱᠠᠳᠤᠨ ᠤ ᠬᠢᠨ ᠰᠢᠨ᠎ᠠ ᠬᠡᠪ | ᠪᠠᠶᠢᠳᠠᠯ ᠲᠤᠤᠷ᠎ᠠ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠡ ᠶᠢᠨ ᠭᠠᠳᠠᠭᠠᠳᠤ ᠨᠦᠭᠦᠴᠡᠯ᠂ ᠲᠤᠳᠤᠭᠠᠳᠤ | ᠬᠦᠳᠡᠯᠭᠡᠭᠴᠢ ᠬᠦᠴᠦᠨ ᠤ ᠡᠯᠧᠮᠧᠨ᠋ᠲ ᠤᠨ ᠭᠦᠨᠵᠡᠭᠡᠢ ᠬᠤᠪᠢᠷᠠᠯᠳᠠ ᠶᠢ ᠬᠦᠢᠴᠡᠳ ᠲᠠᠨᠢᠵᠤ᠂ ᠰᠢ ᠶᠢᠨ ᠫᠢᠩ | ᠶᠡᠷᠦᠩᠬᠡᠢ ᠱᠦᠵᠢ ᠶᠢᠨ ᠬᠦᠳᠡᠭᠡ ᠠᠵᠤ ᠠᠬᠤᠢ ᠬᠦᠳᠡᠭᠡ ᠲᠤᠰᠬᠤᠨ ᠤ ᠠᠵᠢᠯ ᠢ ᠰᠠᠶᠢᠳᠤᠷ ᠬᠢᠬᠦ ᠲᠤᠬᠠᠢ ᠴᠢᠬᠤᠯᠠ | ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠪᠤᠯᠤᠨ ᠲᠦᠪ ᠵᠢᠴᠢ ᠦᠪᠡᠷᠳᠡᠭᠡᠨ ᠵᠠᠰᠠᠬᠤ ᠤᠷᠤᠨ ᠤ ᠰᠢᠢᠳᠪᠦᠷᠢᠳᠦ | ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠭᠦᠨᠵᠡᠭᠡᠢ ᠲᠤᠤᠱᠯᠠᠭᠤᠯᠵᠤ᠂ ᠮᠠᠯ ᠠᠵᠤ ᠠᠬᠤᠢ ᠲᠠᠷᠢᠶᠠᠯᠠᠩ ᠤᠨ | ᠬᠦᠭᠵᠢᠯᠳᠡ ᠶᠢᠨ ᠠᠷᠭ᠎ᠠ ᠬᠡᠯᠪᠡᠷᠢ ᠶᠢ ᠲᠦᠷᠭᠡᠳᠬᠡᠨ ᠬᠤᠪᠢᠷᠠᠭᠤᠯᠵᠤ᠂ ᠬᠤᠳᠠ ᠬᠦᠳᠡᠭᠡ ᠶᠢᠨ ᠬᠦᠭᠵᠢᠯᠳᠡ ᠶᠢ | ᠨᠢᠭᠡ ᠴᠤᠭᠴᠠᠵᠢᠭᠤᠯᠬᠤ ᠪᠠ ᠦᠨᠳᠦᠰᠤᠨ ᠤᠯᠠᠨ ᠨᠡᠶᠢᠳᠡ ᠶᠢᠨ ᠦᠢᠯᠡᠴᠢᠯᠡᠭᠡ ᠶᠢ ᠵᠢᠭᠳᠡᠷᠡᠬᠦᠯᠬᠦ ᠶᠢ ᠶᠡᠬᠡᠪᠡᠷ | ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠲᠤᠳᠠᠭᠤᠳᠠᠯ ᠢᠶᠠᠨ ᠦᠳᠳᠡᠷ ᠲᠦᠷᠭᠡᠨ ᠨᠦᠬᠦᠪᠦᠷᠢᠯᠡᠵᠦ᠂ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠲᠡᠮᠡᠴᠡᠨ ᠤᠯᠬᠤ | ᠬᠡᠷᠡᠭᠳᠡᠢ᠃ ᠤᠳᠤᠬᠠᠨ ᠳᠤ ᠲᠠᠷᠢᠵᠤ ᠲᠡᠵᠢᠭᠡᠬᠦ ᠦᠢᠯᠡᠰ ᠤᠨ ᠪᠦᠳᠦᠴᠡ ᠳᠤ ᠶᠡᠬᠡᠪᠡᠷ ᠲᠤᠬᠢᠷᠠᠭᠤᠯᠤᠯᠳᠠ ᠬᠢᠵᠦ᠂ | ᠮᠠᠯ ᠠᠵᠤ ᠠᠬᠤᠢ ᠲᠠᠷᠢᠶᠠᠯᠠᠩ ᠢ ᠠᠵᠤ ᠦᠢᠯᠡᠰᠵᠢᠭᠦᠯᠤᠨ ᠡᠵᠡᠩᠨᠡᠬᠦ ᠶᠢ ᠲᠦᠷᠭᠡᠳᠭᠡᠨ ᠠᠬᠢᠭᠤᠯᠵᠤ᠂ ᠮᠠᠯᠴᠢᠨ | ᠲᠠᠷᠢᠶᠠᠴᠢᠨ ᠪᠠ ᠠᠵᠤ ᠠᠬᠤᠢᠢᠯᠠᠯ ᠤᠨ ᠠᠰᠢᠭ ᠲᠤᠰᠠ ᠶᠢᠨ ᠬᠤᠯᠪᠤᠭᠠᠨ ᠤ ᠲᠤᠭᠳᠠᠴᠠ ᠶᠢ ᠲᠡᠭᠦᠯᠳᠡᠷᠵᠢᠭᠦᠯᠵᠦ᠂ | ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠶᠢᠨ ᠦᠮᠴᠢᠯᠡᠯ ᠤᠨ ᠡᠷᠬᠡ ᠪᠠ ᠲᠠᠭᠠᠭᠠᠴᠢᠯᠠᠯᠳᠠ ᠶᠢᠨ ᠡᠷᠭᠡ ᠶᠢ | ᠲᠤᠳᠤᠷᠬᠠᠢᠢᠯᠠᠬᠤ᠂ ᠡᠵᠡᠩᠨᠡᠯᠳᠡ ᠶᠢᠨ ᠡᠷᠭᠡ ᠶᠢ ᠡᠮᠬᠢ ᠵᠢᠷᠤᠮ ᠲᠠᠢ ᠪᠠᠷ ᠰᠢᠯᠵᠢᠭᠦᠯᠬᠦ ᠪᠠ ᠵᠤᠬᠢᠰᠳᠠᠢ ᠪᠠᠷ | ᠬᠡᠪᠴᠢᠶᠡᠵᠢᠬᠦᠯᠦᠨ ᠡᠵᠡᠩᠨᠡᠬᠦ ᠶᠢ ᠪᠦᠬᠦ ᠲᠠᠯ᠎ᠠ ᠪᠠᠷ ᠠᠬᠢᠭᠤᠯᠵᠤ᠂ ᠤᠯᠤᠰ ᠤᠨ ᠦᠮᠴᠢᠯᠡᠯ ᠤᠨ ᠰᠢᠭᠤᠢᠢᠳᠤ ᠤᠷᠤᠨ | ᠂ ᠠᠳᠠᠷ ᠬᠠᠭᠠᠯᠪᠤᠷᠢᠯᠠᠯᠳᠠ ᠶᠢᠨ ᠤᠷᠤᠨ ᠪᠠ ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠦᠭᠡᠷᠡᠴᠢᠯᠡᠯᠳᠡ ᠶᠢ | ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠳᠤ ︽ᠠᠷᠪᠠ ᠶᠢ ᠪᠦᠷᠢᠨ ᠪᠦᠷᠬᠦᠭᠦᠯᠬᠦ︾ ᠪᠠ ᠵᠢᠯ | ᠤᠨ ᠶᠠᠳᠠᠭᠤ ᠠᠴᠠ ᠠᠩᠭᠢᠵᠢᠷᠠᠭᠤᠯᠬᠤ ᠬᠠᠷᠠᠯᠳᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠮᠠᠯ ᠠᠵᠤ ᠠᠬᠤᠢ | ᠲᠠᠷᠢᠶᠠᠯᠠᠩ ᠤᠨ ᠶᠠᠰᠤ ᠴᠢᠨᠠᠷ ᠢ ᠰᠠᠶᠢᠵᠢᠷᠠᠭᠤᠯᠵᠤ ᠦᠷ᠎ᠠ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ | ᠤᠷᠤᠯᠭ᠎ᠠ ᠶᠢ ᠦᠷᠭᠦᠯᠵᠢᠯᠡᠨ ᠨᠡᠮᠡᠭᠳᠡᠭᠦᠯᠬᠦ᠂ ᠮᠠᠯᠵᠢᠬᠤ ᠲᠠᠷᠢᠶᠠᠯᠠᠬᠤ ᠤᠷᠤᠨ ᠤ ᠴᠡᠴᠡᠭᠯᠡᠨ ᠬᠦᠭᠵᠢᠬᠦ ᠶᠢ | ᠠᠬᠢᠭᠤᠯᠬᠤ ᠬᠡᠷᠡᠭᠳᠡᠢ ᠭᠡᠪᠡ᠃ | ᠬᠤᠷᠠᠯ ᠲᠡᠭᠡᠷ᠎ᠠ᠂ ︽12· 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠤᠷᠤᠨ ᠤ | ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠲᠤᠪᠤᠶᠢᠮ᠎ᠠ ᠠᠮᠵᠢᠯᠳᠠ ᠤᠯᠵᠤ᠂ | ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠦᠬᠦ ᠲᠠᠯ᠎ᠠ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ︽ | 13· 5︾ ᠶᠢᠨ ᠲᠥᠯᠥᠪᠵᠢᠭᠦᠯᠭᠡ ᠳᠤ ᠬᠤᠭᠤᠴᠠᠭᠠᠨ ᠳᠤ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ | ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ᠂ ᠦᠪᠦᠷ | ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠬᠦᠳᠡᠭᠡ ᠠᠵᠤ | ᠠᠬᠤᠢ ᠬᠦᠳᠡᠭᠡ ᠲᠤᠰᠬᠤᠨ ᠤ ᠠᠵᠢᠯ ᠢ ᠰᠠᠶᠢᠳᠤᠷ ᠬᠢᠬᠦ ᠲᠤᠬᠠᠢ ᠴᠢᠬᠤᠯᠠ ᠪᠠᠶᠢᠯᠳᠤᠬᠤ ᠪᠤᠳᠤᠯᠭ᠎ᠠ ᠶᠢᠨ ᠦᠵᠡᠯ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠸᠠᠩ ᠵᠢᠶᠦ᠋ᠨ ᠱᠦᠵᠢ᠂ ᠪᠠᠭᠠᠳᠤᠷ | ᠲᠡᠷᠢᠭᠦᠯᠡᠭᠴᠢ ᠶᠢᠨ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ︽ | ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ᠂ ᠮᠠᠯ ᠮᠠᠯᠵᠢᠬᠤ ᠣᠷᠣᠨ ᠮᠠᠯᠴᠢᠨ︾ ᠤ ᠠᠵᠢᠯ ᠳᠤ ᠲᠤᠯᠭᠠᠷᠠᠵᠤ | ᠪᠠᠶᠢᠭ᠎ᠠ ᠬᠦᠴᠢᠷᠳᠠᠯ ᠪᠤᠯᠤᠨ ᠦᠷᠢᠰᠦᠯᠳᠦᠭᠡᠨ ᠢ ᠰᠡᠷᠭᠡᠭ ᠢᠶᠠᠷ ᠲᠠᠨᠢᠵᠤ᠂ ᠬᠦᠭᠵᠢᠯᠳᠡ ᠶᠢᠨ ᠠᠵᠠ ᠲᠤᠬᠢᠶᠠᠯ | ᠪᠤᠯᠤᠨ ᠠᠰᠢᠭᠳᠠᠢ ᠨᠦᠭᠦᠴᠡᠯ ᠢ ᠡᠵᠡᠮᠳᠡᠬᠦ ᠪᠠ ᠠᠰᠢᠠᠠᠯᠠᠵᠤ᠂ ᠰᠢᠨ᠎ᠠ ᠶᠢ ᠡᠭᠦᠳᠬᠦ ᠬᠦᠭᠵᠢᠯᠳᠡ ᠪᠠᠷ ᠮᠠᠯ ᠠᠵᠤ | ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠠᠮᠢᠵᠢᠷᠠᠯ ᠤᠨ ᠬᠦᠴᠦᠨ ᠢ | ᠨᠡᠮᠡᠭᠳᠡᠭᠦᠯᠵᠤ᠂ ᠵᠤᠬᠢᠴᠠᠩᠭᠤᠢ ᠬᠦᠭᠵᠢᠯᠳᠡ ᠪᠠᠷ ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ ᠤ | ᠬᠦᠭᠵᠢᠯᠳᠡ ᠶᠢᠨ ᠲᠤᠳᠠᠭᠤᠳᠠᠯ ᠢᠶᠠᠨ ᠨᠦᠬᠦᠪᠦᠷᠢᠯᠡᠵᠦ᠂ ᠪᠤᠬᠢᠷᠳᠤᠯ ᠦᠭᠡᠢ ᠬᠦᠭᠵᠢᠯᠳᠡ ᠪᠠᠷ ᠮᠠᠯ ᠠᠵᠤ ᠠᠬᠤᠢ | ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠴᠢᠭᠯᠡᠯ ᠢ ᠬᠦᠳᠦᠯᠦᠭᠦᠯᠵᠦ᠂ ᠨᠡᠭᠡᠭᠡᠯᠳᠡᠳᠦ | ᠬᠦᠭᠵᠢᠯᠳᠡ ᠪᠠᠷ ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠤᠷᠤᠨ ᠵᠠᠢ | ᠶᠢ ᠲᠡᠯᠡᠵᠦ᠂ ᠬᠠᠮᠳᠤᠪᠠᠷ ᠡᠳ᠋ᠯᠡᠬᠦ ᠬᠦᠭᠵᠢᠯᠳᠡ ᠪᠠᠷ ᠮᠠᠯᠴᠢᠨ ᠲᠠᠷᠢᠶᠠᠴᠢᠨ ᠤ ᠪᠤᠶᠠᠨ ᠵᠢᠷᠭᠠᠯ ᠢ ᠨᠡᠮᠡᠭᠳᠡᠭᠦᠯᠵᠦ᠂ ᠮᠠᠯ | ᠠᠵᠤ ᠠᠬᠤᠢ ᠲᠠᠷᠢᠶᠠᠯᠠᠩ ᠰᠢᠨ᠎ᠠ ᠬᠦᠭᠵᠢᠯᠳᠡ ᠲᠠᠢ᠂ ᠮᠠᠯᠵᠢᠬᠤ ᠲᠠᠷᠢᠶᠠᠯᠠᠬᠤ ᠤᠷᠤᠨ ᠰᠢᠨ᠎ᠠ ᠲᠠᠪᠰᠢᠯᠳᠠ ᠲᠠᠢ | ᠪᠠᠶᠢᠬᠤ ᠶᠢ ᠴᠢᠷᠮᠠᠶᠢᠨ ᠠᠬᠢᠭᠤᠯᠬᠤ ᠬᠡᠷᠡᠭᠳᠡᠢ ᠭᠡᠵᠦ ᠵᠢᠭᠠᠵᠦ ᠭᠠᠷᠭᠠᠪᠠ᠃ | ᠬᠤᠷᠠᠯ ᠳᠡᠭᠡᠷ᠎ᠠ᠂ ᠮᠠᠯ ᠠᠵᠤ ᠠᠬᠤᠢ ᠲᠠᠷᠢᠶᠠᠯᠠᠩ ᠤᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ᠂ | ᠤᠨᠴᠠᠭᠠᠢᠢᠯᠠᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠶᠡᠬᠡᠪᠡᠷ | ᠭᠦᠨᠵᠡᠭᠡᠶᠢᠷᠡᠭᠦᠯᠬᠦ ᠪᠤᠯ ᠡᠨᠡ ᠵᠢᠯ᠂ ᠲᠡᠷᠡᠴᠢᠯᠡᠨ ︽13· 5︾ ᠶᠢᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠮᠠᠨ ᠤ ᠤᠷᠤᠨ ᠤ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ᠂ ᠮᠠᠯ ᠮᠠᠯᠵᠢᠬᠤ ᠣᠷᠣᠨ | ᠮᠠᠯᠴᠢᠨ︾ ᠤ ᠠᠵᠢᠯ ᠤᠨ ᠴᠢᠬᠤᠯᠠ ᠡᠭᠦᠷᠭᠡ ᠪᠤᠯᠤᠨ᠎ᠠ᠃ ᠡᠯ᠎ᠠ ᠱᠠᠳᠤᠨ ᠤ ᠨᠠᠮ ᠤᠨ ᠬᠤᠷᠢᠶ᠎ᠠ ︽ᠲᠠᠷᠢᠶᠠᠯᠠᠩ | ᠲᠠᠷᠢᠶᠠᠯᠠᠬᠤ ᠣᠷᠣᠨ ᠲᠠᠷᠢᠶᠠᠴᠢᠨ᠂ ᠮᠠᠯ ᠮᠠᠯᠵᠢᠬᠤ ᠣᠷᠣᠨ ᠮᠠᠯᠴᠢᠨ︾ ᠤ ᠠᠰᠠᠭᠤᠳᠠᠯ ᠢ ᠰᠠᠶᠢᠳᠤᠷ ᠰᠢᠢᠳᠪᠦᠷᠢᠯᠡᠬᠦ | ᠶᠢ ᠭᠤᠤᠯᠳᠠᠯᠭ᠎ᠠ ᠶᠢᠨ ᠲᠤᠮᠳᠠᠬᠢ ᠭᠤᠤᠯᠳᠠᠯᠭ᠎ᠠ ᠪᠤᠯᠭᠠᠨ ᠭᠤᠶᠢᠪᠢᠰᠢ ᠦᠭᠡᠢ ᠪᠠᠷᠢᠮᠳᠠᠯᠠᠵᠤ᠂ ︽ᠴᠢᠬᠤᠯᠠ ᠠᠴᠠ | ᠴᠢᠬᠤᠯᠠ︾ ᠪᠤᠯᠬᠤ ᠬᠠᠷᠢᠭᠤᠴᠠᠯᠭ᠎ᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ᠃ ᠡᠯ᠎ᠠ ᠬᠠᠮᠢᠶ᠎ᠠ | ᠪᠦᠬᠦᠢ ᠰᠠᠯᠠᠭ᠎ᠠ ᠮᠦᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ ᠪᠤᠯᠤᠨ ᠬᠠᠷᠢᠭᠤᠴᠠᠯᠭ᠎ᠠ ᠶᠢᠨ ᠤᠬᠠᠮᠰᠠᠷ ᠢᠶᠠᠨ | ᠴᠢᠩᠭᠠᠳᠬᠠᠨ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ᠂ ᠮᠠᠯ ᠮᠠᠯᠵᠢᠬᠤ ᠣᠷᠣᠨ ᠮᠠᠯᠴᠢᠨ︾ ᠤ ᠠᠵᠢᠯ ᠢ | ᠰᠠᠶᠢᠳᠤᠷ ᠬᠢᠬᠦ ᠬᠦᠴᠦᠷᠭᠡᠭ ᠶᠡᠭᠡ ᠨᠢᠭᠳᠠᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃ |