ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠣᠷᠣᠨ ᠠᠯᠤᠰᠯᠠᠨ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠷᠰᠢᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/2/29
     2016 ᠣᠨ ᠤ 2 ᠳ᠋ᠤᠭᠠᠷ ᠰᠠᠷ᠎ᠠ ᠶᠢᠨ 25᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠣᠷᠣᠨ ᠠᠯᠤᠰᠯᠠᠨ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠷᠰᠢᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ︾᠎ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ ᠴᠢᠶᠤᠤ ᠰᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠶᠢᠨ ᠲᠢᠩᠬᠢᠮ ᠤᠨ ᠳᠠᠯᠠᠨ ᠬᠠᠷ᠎ᠠ ᠠᠭᠤᠯᠠ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠬᠥᠯᠥᠨ ᠨᠠᠭᠤᠷ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠲᠤᠷᠰᠢᠯᠲᠠ ᠶᠢᠨ ᠳᠥᠷᠪᠡᠨ ᠨᠢᠭᠡᠴᠡ ᠶᠢᠨ ᠬᠠᠷᠢᠭᠤᠴᠠᠯᠭᠠᠲᠠᠨ ᠠᠴᠠ ᠣᠳᠣᠬᠠᠨ ᠤ ᠲᠤᠷᠰᠢᠯᠲᠠ ᠶᠢᠨ ᠨᠢᠭᠡᠴᠡ ᠶᠢᠨ ᠠᠵᠢᠯ ᠤᠨ ᠠᠬᠢᠴᠠ ᠶᠢᠨ ᠳᠤᠮᠳᠠ ᠣᠯᠤᠭᠰᠠᠨ ᠠᠮᠵᠢᠯᠲᠠ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠰᠢᠯᠲᠠᠭᠠᠨ ᠢ ᠲᠤᠰ ᠲᠤᠰ ᠬᠠᠷᠢᠭᠤ ᠮᠡᠳᠡᠭᠦᠯᠦᠭᠰᠡᠨ ᠪᠦᠭᠡᠳ ᠬᠤᠶᠢᠰᠢᠳᠠ ᠶᠢᠨ ᠠᠵᠢᠯ ᠤᠨ ᠲᠤᠬᠠᠶ ᠰᠠᠨᠠᠭᠤᠯᠭ᠎ᠠ ᠳᠤᠷᠠᠳᠪᠠ᠃       ᠴᠢᠶᠣᠣ ᠰᠢᠨ ᠵᠢᠭᠠᠵᠤ ᠭᠠᠷᠭᠠᠭᠰᠠᠨ ᠨᠢ᠂ ᠨᠥᠬᠦᠴᠡᠯ ᠲᠠᠢ ᠭᠠᠵᠠᠷ ᠣᠷᠣᠨ ᠨᠤᠭᠤᠳ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠦᠷᠨᠢᠭᠦᠯᠬᠦ ᠲᠣᠬᠠᠢ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠥᠭᠡᠷᠡᠴᠢᠯᠡᠯᠲᠡ ᠶᠢᠨ ᠲᠤᠬᠠᠶ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ 2016 ᠣᠨ ᠤ ᠥᠭᠡᠷᠡᠴᠢᠯᠡᠯᠲᠡ ᠶᠢᠨ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠳᠠᠷᠠᠭᠠᠴᠢ ᠶᠢᠨ ᠠᠯᠬᠤᠮ ᠳᠤ ᠲᠤᠷᠰᠢᠯᠲᠠ ᠶᠢᠨ ᠳᠦᠷᠪᠡᠨ ᠨᠢᠭᠡᠴᠡ ᠶᠢᠨ ᠠᠵᠢᠯ ᠤᠨ ᠬᠠᠷᠠᠯᠲᠠ ᠶᠢ ᠲᠣᠲᠤᠷᠬᠠᠶᠢᠯᠠᠵᠤ᠂ ᠲᠤᠷᠰᠢᠯᠲᠠ ᠶᠢᠨ ᠠᠵᠢᠯ ᠢ ᠠᠬᠢᠭᠤᠯᠬᠤ ᠳᠤᠮᠳᠠ ᠲᠤᠯᠭᠠᠮ᠎ᠠ ᠰᠡᠳᠬᠢᠯᠭᠡ ᠲᠠᠢ ᠪᠠᠶᠢᠬᠤ ᠬᠡᠷᠡᠭᠲᠡᠢ᠂ ᠬᠦᠯᠢᠭᠡᠯᠵᠡᠨ ᠬᠠᠷᠠᠵᠤ ᠪᠣᠯᠬᠤ ᠦᠭᠡᠢ ᠭᠡᠪᠡ᠃      ᠴᠢᠶᠤᠤ ᠰᠢᠨ ᠴᠢᠬᠤᠯᠠᠴᠢᠯᠠᠭᠰᠠᠨ ᠨᠢ᠂ ᠡᠯ᠎ᠡ ᠲᠤᠷᠰᠢᠯᠲᠠ ᠶᠢᠨ ᠨᠢᠭᠡᠴᠡ ᠨᠦᠭᠦᠳ ᠳᠠᠷᠠᠭ᠎ᠠ ᠠᠯᠬᠤᠮ ᠤᠨ ᠠᠵᠢᠯ ᠤᠨ ᠳᠤᠮᠳᠠ ᠪᠠᠶᠢᠴᠠᠭᠠᠨ ᠰᠤᠳᠤᠯᠵᠤ ᠨᠤᠲᠠᠯᠠᠬᠤ ᠶᠢ ᠠᠳᠬᠤᠨ᠂ ᠬᠠᠷᠢᠯᠴᠠᠨ ᠲᠣᠯᠢᠳᠠᠨ  ᠰᠤᠷᠤᠯᠴᠠᠬᠤ ᠬᠡᠷᠡᠭᠲᠡᠢ︔ ᠳᠠᠭᠤᠷᠢᠶᠠᠵᠤ ᠪᠣᠯᠬᠤ ᠲᠤᠷᠰᠢᠯᠭ᠎ᠠ ᠶᠢᠨ ᠲᠦᠷᠢᠮ ᠢ ᠲᠦᠷᠭᠡᠨ ᠪᠣᠢ ᠪᠣᠯᠭᠠᠬᠤ ᠶᠢᠨ ᠬᠠᠮᠲᠤ ᠲᠥᠷᠭᠡᠨ ᠳᠡᠯᠭᠡᠷᠡᠭᠦᠯᠬᠦ ᠬᠡᠷᠡᠭᠲᠡᠶ︔ ᠬᠠᠤᠯᠢ ᠬᠡᠷᠡᠭᠵᠢᠭᠦᠯᠬᠦ ᠡᠩᠨᠡᠭᠡ ᠶᠢᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠷᠰᠢᠯᠲᠠ ᠶᠢᠨ ᠭᠠᠵᠠᠷ ᠣᠷᠣᠨ ᠤ ᠦᠨᠳᠦᠰᠦᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠬᠡᠷᠡᠭᠲᠡᠢ︔ ᠲᠤᠷᠰᠢᠯᠲᠠ ᠶᠢᠨ ᠨᠢᠭᠡᠴᠡ ᠶᠢᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠳᠦᠷᠢᠮ ᠤᠨ ᠪᠠᠶᠢᠭᠤᠯᠤᠯᠲᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠵᠤ᠂ ᠳᠣᠲᠣᠭᠠᠳᠤ ᠶᠢᠨ ᠠᠵᠢᠯ ᠤᠨ ᠶᠠᠪᠤᠴᠠ ᠶᠢᠨ ᠡᠵᠡᠮᠳᠡᠯ ᠢ ᠴᠢᠩᠭᠠᠳᠬᠠᠬᠤ ᠬᠡᠷᠡᠭᠲᠡᠢ︔ ᠮᠡᠳᠡᠭᠡ ᠵᠠᠩᠭᠢ  ᠶᠢᠨ ᠤᠬᠠᠭᠤᠯᠭ᠎ᠠ ᠶᠢ ᠴᠢᠩᠭᠠᠳᠬᠠᠵᠤ᠂ ᠲᠤᠷᠰᠢᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠳᠡᠭᠡᠭᠰᠢ ᠮᠡᠳᠡᠭᠦᠯᠬᠦ ᠬᠡᠷᠡᠭᠲᠡᠶ︔ ᠡᠨᠡ ᠵᠢᠯ ᠤᠨ ᠵᠢᠷᠭᠤᠭᠠᠨ ᠰᠠᠷ᠎ᠠ ᠶᠢᠨ ᠳᠤᠮᠳᠠᠴᠢ ᠪᠠᠷ ᠲᠤᠰ ᠠᠵᠢᠯ ᠢ ᠲᠦᠯᠬᠢᠨ ᠠᠬᠢᠭᠤᠯᠬᠤ ᠲᠡᠭᠦᠰᠭᠡᠯ ᠤᠨ ᠴᠠᠭ ᠪᠣᠯᠭᠠᠬᠤ ᠬᠡᠷᠡᠭᠲᠡᠢ᠃ ᠡᠯ᠎ᠡ ᠲᠤᠷᠰᠢᠯᠲᠠ ᠶᠢᠨ ᠨᠢᠭᠡᠴᠡ ᠨᠦᠭᠦᠳ ᠡᠭᠦᠨ ᠢᠶᠠᠷ ᠠᠵᠠ ᠲᠣᠬᠢᠶᠠᠯ ᠪᠣᠯᠭᠠᠨ᠂ ᠦᠵᠡᠯᠲᠡ ᠪᠠᠨ ᠴᠠᠭ ᠳᠠᠷᠤᠢ ᠳᠤᠨᠢ ᠬᠤᠪᠢᠷᠠᠭᠤᠯᠵᠤ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠵᠤ᠂ ᠭᠠᠵᠠᠷ ᠣᠷᠣᠨ ᠠᠯᠤᠰᠯᠠᠨ ᠰᠠᠯᠠᠭ᠎ᠠ ᠮᠥᠴᠢᠷ ᠠᠯᠤᠰᠯᠠᠬᠤ ᠶᠢ ᠬᠠᠤᠯᠢ ᠬᠡᠷᠡᠭᠵᠢᠭᠦᠯᠬᠦ ᠠᠵᠢᠯ ᠲᠠᠢ ᠤᠶᠠᠯᠳᠤᠭᠤᠯᠤᠨ ᠨᠡᠩ ᠦᠨᠳᠦᠷ ᠳᠡᠭᠲᠡᠷ ᠲᠤ ᠭᠠᠷᠭᠠᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号