| 2 ᠳ᠋ᠤᠭᠠᠷ ᠰᠠᠷ᠎ᠠ ᠶᠢᠨ 26 ᠤ ᠡᠳᠦᠷ᠂ ᠬᠠᠤᠯᠢ ᠴᠠᠭᠠᠵᠠ ᠶᠢᠨ ᠲᠢᠩᠬᠢᠮ ᠠᠴᠠ ᠪᠥᠬᠦ ᠣᠷᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠤᠷᠠᠯ ᠢ ᠬᠤᠷᠠᠯᠳᠤᠭᠤᠯᠵᠤ᠂ ᠲᠢᠩᠬᠢᠮ ᠤᠨ ᠳᠠᠷᠤᠭ᠎ᠠ ᠵᠧᠦ ᠯᠢ ᠮᠢᠩ | ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠶ᠃ ᠲᠢᠩᠬᠢᠮ ᠤᠨ ᠳᠠᠷᠤᠭ᠎ᠠ ᠵᠧᠤ ᠯᠢ ᠮᠢᠩ | ᠵᠢᠭᠠᠵᠤ ᠭᠠᠷᠭᠠᠭᠰᠠᠨ ᠨᠢ᠂ 2015 ᠣᠨ ᠪᠣᠯ ᠥᠪᠥᠷ ᠮᠣᠩᠭᠤᠯ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠬᠥᠭᠵᠢᠯᠲᠡ ᠶᠢᠨ ᠠᠬᠢᠴᠠ ᠳᠤᠮᠳᠠᠬᠢ ᠬᠥᠰᠢᠶ᠎ᠡ ᠳᠤᠷᠠᠰᠬᠠᠯ ᠤᠨ ᠴᠢᠨᠠᠷᠲᠠᠶ ᠨᠢᠭᠡ ᠵᠢᠯ ᠪᠤᠯᠤᠨ᠎ᠠ᠃ ᠨᠢᠳᠤᠨᠤᠨ ᠤ | 12 ᠳ᠋ᠤᠭᠠᠷ ᠰᠠᠷ᠎ᠠ ᠶᠢᠨ ᠳᠤᠮᠳᠠᠴᠢ ᠪᠠᠷ᠂ ᠶᠠᠮᠤᠨ ᠤ ᠳᠠᠷᠤᠭ᠎ᠠ ᠦ᠋ ᠠᠶ ᠢᠩ ᠥᠪᠥᠷ ᠮᠣᠩᠭᠤᠯ ᠳᠤ ᠢᠷᠡᠵᠤ | ᠪᠠᠶᠢᠴᠠᠭᠠᠨ ᠰᠤᠳᠤᠯᠤᠯᠲᠠ ᠬᠢᠭᠰᠡᠨ ᠪᠠ ᠴᠢᠬᠤᠯᠠ ᠵᠢᠭᠠᠪᠤᠷᠢ ᠦᠭᠭᠦᠭᠰᠡᠨ ᠨᠢ᠂ ᠬᠠᠤᠯᠢ ᠴᠠᠭᠠᠵᠠ ᠶᠢᠨ ᠶᠠᠮᠤᠨ ᠠᠴᠠ | ᠥᠪᠥᠷ ᠮᠣᠩᠭᠤᠯ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠤ ᠪᠠᠶᠢᠬᠤ ᠶᠢ ᠲᠤᠰᠬᠠᠭᠰᠠᠨ ᠪᠦᠭᠡᠳ ᠨᠢᠭᠡ ᠵᠢᠯ ᠤᠨ ᠲᠤᠷᠰᠢᠬᠢ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠣᠯᠤᠭᠰᠠᠨ ᠰᠢᠪᠲᠤᠯᠤᠯᠲᠠ ᠶᠢᠨ ᠴᠢᠨᠠᠷᠲᠠᠶ ᠠᠮᠵᠢᠯᠲᠠ ᠶᠢ ᠭᠦᠢᠴᠡᠳ | ᠨᠤᠲᠠᠯᠠᠵᠤ᠂ ᠥᠪᠥᠷ ᠮᠣᠩᠭᠤᠯ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠳᠤ ᠰᠢᠨ᠎ᠡ ᠤᠷᠤᠨ ᠪᠠᠶᠢᠷᠢ | ᠲᠤᠭᠲᠠᠭᠠᠨ ᠦᠭᠴᠦ᠂ ᠮᠠᠰᠢ ᠶᠡᠭᠡ ᠬᠦᠰᠡᠯ ᠨᠠᠶᠢᠳᠠᠯᠭ᠎ᠠ ᠲᠠᠯᠪᠢᠵᠤ᠂ ᠪᠢᠳᠡᠨ ᠳᠤ ᠰᠢᠨ᠎ᠡ ᠡᠬᠢᠯᠡᠯᠲᠡ ᠶᠢᠨ ᠴᠢᠭ᠋ | ᠳᠡᠭᠡᠷ᠎ᠡ ᠰᠢᠨ᠎ᠡ ᠦᠰᠦᠷᠦᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠤᠯᠭᠤᠭᠰᠠᠨ ᠪᠠᠶᠢᠨ᠎ᠠ | ᠬᠡᠪᠡ᠃ | ᠲᠢᠩᠬᠢᠮ ᠤᠨ ᠳᠠᠷᠤᠭ᠎ᠠ ᠵᠧᠤ ᠯᠢ ᠮᠢᠩ ᠴᠢᠬᠤᠯᠠᠴᠢᠯᠠᠭᠰᠠᠨ ᠨᠢ᠂ 2015 ᠣᠨ ᠤ ᠠᠵᠢᠯ ᠢ ᠡᠷᠬᠢᠴᠡᠭᠦᠯᠪᠡᠯ᠂ | ᠪᠦᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠬᠠᠤᠯᠢ ᠪᠠᠷ ᠵᠠᠰᠠᠬᠤ ᠪᠠᠶᠢᠭᠤᠯᠤᠯᠲᠠ ᠪᠠᠷ | ᠭᠤᠣᠯ ᠰᠢᠵᠢᠮ ᠪᠣᠯᠭᠠᠵᠤ᠂ ᠰᠢᠨ᠎ᠡ ᠬᠡᠯᠪᠡᠷᠢ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠲᠣᠭᠲᠠᠴᠠ ᠶᠢ | ᠪᠠᠶᠢᠭᠤᠯᠵᠤ᠂ ᠬᠠᠤᠯᠢ ᠬᠡᠷᠡᠭᠵᠢᠭᠦᠯᠬᠦ ᠠᠵᠢᠯ ᠡᠷᠬᠢᠯᠡᠬᠦ ᠦᠷ᠎ᠡ ᠪᠦᠲᠦᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠪᠠᠷ ᠭᠤᠣᠯᠳᠠᠯᠭ᠎ᠠ ᠪᠣᠯᠭᠠᠨ᠂ ︽365︾ ᠠᠵᠢᠯ ᠤᠨ ᠬᠠᠷᠠᠯᠲᠠ ᠪᠤᠯᠤᠨ ᠡᠭᠦᠷᠭᠡ ᠶᠢ ᠳᠤᠷᠠᠳᠤᠨ | ᠭᠠᠷᠭᠠᠭᠰᠠᠨ ᠪᠥᠭᠡᠳ ᠲᠦᠯᠬᠢᠨ ᠠᠬᠢᠭᠤᠯᠵᠤ ᠂ ᠭᠠᠭᠴᠠ ᠵᠦᠢᠯ ᠢᠶᠠᠷ ᠰᠢᠪᠲᠤᠯᠬᠤ᠂ ᠲᠥᠪᠯᠡᠷᠡᠭᠦᠯᠦᠨ ᠪᠡᠷᠬᠡ | ᠰᠡᠳᠦᠪ ᠢ ᠰᠢᠢᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠠᠵᠢᠯ ᠳᠤ ᠦᠰᠦᠷᠦᠯᠲᠡ ᠶᠢᠨ | ᠴᠢᠨᠠᠷᠲᠠᠢ ᠬᠥᠭᠵᠢᠯᠲᠡ ᠶᠢ ᠪᠡᠶᠡᠯᠡᠬᠦᠯᠪᠡ᠃ ᠭᠢᠨᠳᠠᠨ ᠤ ᠰᠢᠰᠲ᠋ᠧᠮ ᠨᠠᠷᠢᠯᠢᠭᠵᠢᠭᠰᠠᠨ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ︽ᠳᠤᠯᠤᠭ᠎ᠠ ᠶᠢ ᠬᠤᠪᠢᠷᠠᠭᠤᠯᠬᠤ︾ ᠪᠦᠳᠦᠭᠡᠨ | ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ︽ᠵᠢᠷᠭᠤᠭᠠᠨ ᠶᠠᠪᠤᠳᠠᠯ ᠦᠭᠡᠢ ᠭᠢᠨᠳᠠᠨ ᠤ ᠲᠣᠭᠤᠷᠢᠭ︾᠂ | ︽ᠬᠤᠶᠠᠷ ᠦᠷᠦᠭᠡ ᠬᠤᠶᠠᠷ ᠠᠩᠭᠢ︾ ᠶᠢᠨ ᠡᠭᠦᠳᠦᠨ ᠪᠠᠶᠢᠭᠤᠯᠤᠯᠲᠠ ᠶᠢᠨ ᠠᠵᠢᠯᠯᠠᠭ᠎ᠠ ᠶᠢ ᠦᠷᠨᠢᠬᠦᠯᠦᠭᠰᠡᠨ | ᠪᠠᠶᠢᠨ᠎ᠠ᠃ 2 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠠᠷᠪᠠᠨ ᠬᠤᠶᠠᠳᠤᠭᠠᠷ | ᠤᠳᠠᠭᠠᠨ ᠤ ᠬᠤᠷᠠᠯ ᠢ ᠬᠤᠷᠠᠯᠳᠤᠭᠤᠯᠵᠤ᠂ ᠯᠢ ᠵᠢᠶᠠ ᠱᠦᠵᠢ ᠶᠢᠨ ᠬᠠᠷᠢᠭᠤ ᠮᠡᠳᠡᠭᠦᠯᠦᠭᠰᠡᠨ 22 ᠵᠦᠢᠯ ᠤᠨ | ᠥᠭᠡᠷᠡᠴᠢᠯᠡᠯᠲᠡ ᠶᠢᠨ ᠲᠦᠷᠦᠯ ᠵᠦᠢᠯ ᠳᠤ᠂ ᠬᠠᠤᠯᠢ ᠴᠠᠭᠠᠵᠠ ᠶᠢᠨ ᠲᠢᠩᠬᠢᠮ ᠤᠨ ᠡᠭᠦᠷᠭᠡᠯᠡᠭᠰᠡᠨ | ᠥᠭᠡᠷᠡᠴᠢᠯᠡᠯᠲᠡ ᠶᠢᠨ ᠲᠦᠷᠦᠯ ᠵᠦᠢᠯ ᠳᠠᠷᠤᠢ 16 ᠪᠠᠶᠢᠨ᠎ᠠ︔ 12 ᠥᠭᠡᠷᠡᠴᠢᠯᠡᠯᠲᠡ ᠶᠢᠨ ᠭᠢᠯᠠᠰ ᠴᠢᠭ᠋ | ᠳᠤᠲᠤᠷᠠᠬᠢ 7 ᠶᠢ ᠨᠢ ᠬᠠᠤᠯᠢ ᠴᠠᠭᠠᠵᠠ ᠶᠢᠨ ᠲᠢᠩᠬᠢᠮ ᠤᠨ ᠠᠬᠢᠭᠤᠯᠤᠭᠰᠠᠨ ᠬᠢᠯᠠᠰ ᠴᠢᠭ᠋ ᠤᠨ ᠠᠵᠢᠯ ᠪᠠᠶᠢᠵᠤ᠂ | ᠬᠠᠤᠯᠢ ᠴᠠᠭᠠᠵᠠ ᠶᠢᠨ ᠲᠢᠩᠬᠢᠮ ᠢᠶᠠᠷ ᠲᠦᠷᠦᠬᠦᠯᠡᠬᠦᠯᠦᠭᠰᠡᠨ ᠥᠭᠡᠷᠡᠴᠢᠯᠡᠯᠲᠡ ᠶᠢᠨ ᠡᠭᠦᠷᠭᠡ ᠨᠢ ᠥᠪᠡᠷᠲᠡᠭᠡᠨ | ᠵᠠᠰᠠᠬᠤ ᠣᠷᠣᠨ ᠤ ᠪᠠᠶᠢᠩᠭᠤ ᠶᠢᠨ ᠬᠤᠷᠢᠶ᠎ᠠ ᠶᠢᠨ ᠭᠦᠢᠴᠡᠳ ᠨᠤᠲᠠᠯᠠᠯᠲᠠ ᠶᠢ ᠤᠯᠪᠠ᠃ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠳᠤ ᠰᠢᠨ᠎ᠡ ᠠᠵᠢᠯ ᠤᠳ ᠢ ᠬᠢᠪᠡ᠃ ︽ 6᠂ 3︾ ᠶᠢᠨ ᠬᠠᠤᠯᠢ ᠲᠦᠭᠡᠮᠡᠯᠵᠢᠭᠦᠯᠬᠦ ᠢᠨᠵᠧᠨᠧᠷᠢᠩ ᠢ | ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢᠨ ᠤᠩᠰᠢᠬᠤ ᠨᠤᠮ ᠢ 3 ᠳᠡᠪᠲᠡᠷ | ᠨᠠᠶᠢᠷᠠᠭᠤᠯᠤᠨ ᠬᠡᠪᠯᠡᠵᠤ᠂ ᠬᠠᠤᠯᠢ ᠪᠠᠷ ᠵᠠᠰᠠᠬᠤ ᠰᠣᠶᠣᠯ ᠤᠨ ᠲᠠᠯᠠᠪᠠᠢ 41 ᠶᠢ ᠪᠠᠶᠢᠭᠤᠯᠵᠤ᠂ ᠬᠠᠤᠯᠢ ᠪᠠᠷ ᠵᠠᠰᠠᠬᠤ | ᠨᠣᠮ ᠪᠢᠴᠢᠭ ᠤᠩᠰᠢᠬᠤ ᠥᠷᠲᠡᠭᠡ 38 ᠶᠢ ᠭᠠᠷᠭᠠᠵᠤ᠂ ᠬᠠᠤᠯᠢ ᠪᠠᠷ ᠵᠠᠰᠠᠬᠤ ᠰᠣᠶᠣᠯ ᠤᠨ ᠣᠷᠳᠦ ᠬᠤᠨᠭ᠍ᠭᠢᠯ | 390 ᠶᠢ ᠪᠠᠶᠢᠭᠤᠯᠵᠤ᠂ ᠬᠠᠤᠯᠢ ᠲᠦᠭᠡᠮᠡᠯᠵᠢᠭᠦᠯᠬᠦ ᠬᠠᠤᠯᠢ ᠰᠤᠷᠬᠤ ᠬᠢᠴᠢᠶᠡᠯ ᠤᠨ ᠲᠠᠩᠬᠢᠮ ᠢ 3097 | ᠲᠤᠬᠢᠷᠠᠭᠤᠯᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠶᠢᠨ ᠳᠤᠷᠠᠴᠤᠳ ᠢ 31000 ᠶᠢ ᠡᠯᠰᠡᠪᠡ᠃ | ᠦᠨᠳᠦᠰᠦᠨ ᠱᠠᠲᠤᠨ ᠤ ᠰᠠᠭᠤᠷᠢ ᠪᠦᠳᠦᠭᠡᠨ ᠪᠠᠶᠢᠭᠤᠯᠤᠯᠲᠠ ᠳᠤ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ | ᠲᠦᠯᠬᠢᠨ ᠠᠬᠢᠭᠤᠯᠵᠤ᠂ ᠪᠦᠬᠦ ᠣᠷᠣᠨ ᠳᠤ ᠣᠷᠣᠨ ᠤ ᠪᠤᠳᠠᠲᠠᠢ ᠪᠠᠶᠢᠳᠠᠯ ᠳᠤ ᠨᠡᠶᠢᠴᠡᠭᠰᠡᠨ᠂ ᠬᠤᠳᠠ ᠬᠥᠳᠡᠭᠡ ᠶᠢ | ᠬᠠᠮᠤᠷᠤᠭᠰᠠᠨ᠂ ᠠᠷᠠᠳ ᠨᠡᠶᠢᠲᠡ ᠳᠤ ᠠᠰᠢᠭ ᠬᠦᠷᠲᠡᠭᠡᠭᠰᠡᠨ ᠮᠣᠩᠭᠤᠯ ᠬᠢᠲᠠᠳ ᠬᠤᠣᠰ ᠬᠡᠯᠡᠨ ᠤ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠢ 12348 ᠶᠢ ᠪᠠᠶᠢᠭᠤᠯᠪᠠ᠃ ᠲᠠᠪᠴᠠᠩ ᠨᠢ | ᠠᠵᠢᠯᠯᠠᠵᠤ ᠡᠬᠢᠯᠡᠭᠰᠡᠨ ᠡᠳᠦᠷ ᠠᠴᠠ ᠨᠠᠰᠢ᠂ ᠨᠡᠶᠢᠲᠡ 4.6 ᠲᠦᠮᠡ ᠭᠠᠷᠤᠶ ᠤᠳᠠᠭ᠎ᠠ ᠤᠲᠠᠰᠤ ᠲᠤᠰᠴᠤ᠂ | ᠰᠦᠯᠵᠢᠶᠡᠨ ᠳᠡᠭᠡᠷ᠎ᠡ 5.6 ᠲᠦᠮᠡ ᠭᠠᠷᠤᠶ ᠤᠳᠠᠭ᠎ᠠ ᠯᠠᠪᠯᠠᠯᠭ᠎ᠠ ᠬᠦᠯᠢᠶᠡᠪᠡ᠃ ᠪᠦᠬᠦ ᠣᠷᠣᠨ ᠳᠤ ᠬᠠᠤᠯᠢ | ᠴᠠᠭᠠᠵᠠ ᠶᠢᠨ ᠲᠤᠰᠠᠯᠠᠮᠵᠢ ᠦᠵᠡᠭᠦᠯᠬᠦ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠴᠣᠩᠬᠤ 115 ᠶᠢ | ᠨᠡᠭᠡᠭᠡᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠦᠷᠳᠡᠭᠡ 2336 ᠶᠢ ᠪᠠᠶᠢᠭᠤᠯᠵᠤ᠂ | ᠪᠦᠷᠬᠦᠴᠡ ᠶᠢᠨ ᠨᠤᠷᠮ᠎ᠠ ᠨᠢ 99.42% ᠳᠤ ᠬᠦᠷᠪᠡ︔ ᠬᠤᠯᠪᠣᠭ᠎ᠠ ᠠᠪᠬᠤ ᠴᠢᠭ᠋ 10491 ᠶᠢ ᠪᠠᠶᠢᠭᠤᠯᠵᠤ᠂ | ᠪᠦᠷᠬᠦᠴᠡ ᠶᠢᠨ ᠨᠤᠷᠮ᠎ᠠ ᠨᠢ 87% ᠳᠤ ᠬᠦᠷᠴᠦ᠂ ᠲᠠᠪᠤᠨ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ | ᠲᠣᠣᠷ ᠰᠦᠯᠵᠢᠶ᠎ᠡ ᠶᠢ ᠪᠤᠢ ᠪᠣᠯᠤᠭᠰᠠᠨ ᠪᠠᠶᠢᠨ᠎ᠠ ᠬᠡᠪᠡ᠃ | ᠲᠢᠩᠬᠢᠮ ᠤᠨ ᠳᠠᠷᠤᠭ᠎ᠠ ᠵᠧᠤ ᠯᠢ ᠮᠢᠩ ᠵᠢᠭᠠᠵᠤ ᠭᠠᠷᠭᠠᠭᠰᠠᠨ ᠨᠢ᠂ ᠮᠠᠨ ᠤ ᠣᠷᠣᠨ ᠤ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠠᠵᠢᠯ ᠰᠢᠨ᠎ᠡ ᠨᠢᠭᠡᠨ ᠲᠡᠦᠬᠡ ᠶᠢᠨ ᠡᠬᠢᠯᠡᠯᠲᠡ ᠶᠢᠨ ᠴᠢᠭ᠋ ᠳᠡᠭᠡᠷ᠎ᠡ ᠵᠤᠭᠰᠤᠵᠤ᠂ ᠤᠯᠤᠭᠰᠠᠨ | ᠠᠮᠵᠢᠯᠲᠠ ᠨᠢ ᠦᠨᠡᠯᠡᠭᠦᠰᠢᠲᠡᠶ ᠪᠥᠭᠡᠳ ᠬᠢᠯᠪᠠᠷ ᠪᠤᠰᠤ ᠶᠤᠮ᠃ ᠲᠤᠷᠰᠢᠯᠭ᠎ᠠ ᠪᠠᠨ ᠳ᠋ᠦᠡᠭᠨᠡᠬᠦ ᠶᠢᠨ ᠬᠠᠮᠲᠤ᠂ ᠪᠢᠳᠡ | ᠳᠣᠣᠷᠠᠬᠢ ᠮᠡᠲᠦ ᠰᠡᠩᠭᠡᠷᠡᠭᠦᠯᠦᠯ ᠢ ᠤᠯᠪᠠ᠄ ᠨᠢᠭᠡ ᠳᠤ ᠬᠠᠤᠯᠢ ᠴᠠᠭᠠᠵᠠ ᠶᠢᠨ ᠲᠤᠯᠬᠤ ᠬᠦᠴᠦᠨ ᠢ ᠴᠢᠩᠭ᠎ᠠ | ᠠᠳᠬᠤᠬᠤ ᠶᠢ ᠪᠠᠷᠢᠮᠲᠠᠯᠠᠨ᠂ ᠨᠡᠶᠢᠭᠡᠮᠴᠢᠯᠡᠭᠰᠡᠨ ᠵᠣᠬᠢᠶᠠᠨ ᠪᠠᠶᠢᠭᠤᠯᠤᠯᠲᠠ ᠨᠤᠭᠤᠳ ᠬᠠᠮᠲᠤᠷᠠᠨ ᠬᠥᠳᠡᠯᠦᠯᠴᠡᠬᠦ | ᠬᠡᠷᠡᠭᠲᠠᠢ᠃ ᠬᠤᠶᠠᠷ ᠲᠤ ᠳᠦᠷᠢ ᠳᠦᠷᠬᠦ ᠶᠢᠨ ᠲᠤᠯᠬᠤ ᠬᠦᠴᠦᠨ ᠢ ᠴᠢᠩᠭ᠎ᠠ ᠠᠳᠬᠤᠬᠤ ᠶᠢ ᠪᠠᠷᠢᠮᠲᠠᠯᠠᠨ᠂ | ᠪᠤᠳᠠᠲᠠᠶᠢᠵᠢᠭᠤᠯᠤᠭᠰᠠᠨ ᠪᠠᠬᠢ ᠰᠠᠭᠤᠷᠢ ᠶᠢᠨ ᠰᠢᠨ᠎ᠡ ᠶᠢ ᠡᠭᠦᠳᠬᠦ ᠬᠡᠷᠡᠭᠲᠡᠶ᠃ ᠭᠤᠷᠪᠠ ᠳᠤ ᠭᠤᠤᠯᠳᠠᠯᠭ᠎ᠠ ᠶᠢᠨ | ᠲᠤᠯᠬᠤ ᠬᠦᠴᠦᠨ ᠢ ᠴᠢᠩᠭ᠎ᠠ ᠠᠳᠬᠤᠬᠤ ᠶᠢ | ᠪᠠᠷᠢᠮᠲᠠᠯᠠᠨ᠂ ᠲᠦᠷᠦᠯᠵᠢᠭᠦᠯᠦᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠶᠢ ᠳᠡᠭᠡᠭᠰᠢᠯᠡᠭᠦᠯᠬᠦ ᠬᠡᠷᠡᠭᠲᠡᠶ᠃ | ᠲᠦᠷᠪᠡ ᠳᠤ ᠰᠢᠨᠵᠢᠯᠡᠬᠦ ᠤᠬᠠᠭᠠᠨ ᠮᠡᠷᠭᠡᠵᠢᠯ ᠠᠴᠠ ᠦᠷ᠎ᠡ ᠠᠰᠢᠭ ᠤᠯᠬᠤ ᠲᠤᠯᠬᠤ ᠬᠦᠴᠦᠨ ᠢ ᠴᠢᠩᠭ᠎ᠠ | ᠠᠳᠬᠤᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨᠴᠢᠯᠠᠯᠲᠠ ᠪᠠᠷ ᠬᠦᠲᠦᠯᠦᠨ ᠳᠠᠭᠠᠭᠤᠯᠬᠤ ᠶᠢ ᠪᠠᠲᠤᠯᠠᠬᠤ ᠬᠡᠷᠡᠭᠲᠡᠶ | ᠃ ᠲᠠᠪᠤ ᠳᠤ ᠨᠠᠷᠢᠨ ᠵᠦᠢᠯᠡᠰ ᠤᠨ ᠲᠤᠯᠬᠤ ᠬᠦᠴᠦᠨ ᠢ ᠴᠢᠩᠭ᠎ᠠ ᠠᠳᠬᠤᠬᠤ ᠶᠢ ᠪᠠᠷᠢᠮᠲᠠᠯᠠᠨ᠂ ᠨᠠᠷᠢᠯᠢᠭᠵᠢᠭᠤᠯᠤᠯᠲᠠ | ᠪᠠᠷ ᠵᠢᠷᠤᠮᠵᠢᠭᠤᠯᠤᠨ ᠬᠠᠮᠢᠶᠠᠷᠬᠤ ᠬᠡᠷᠡᠭᠲᠠᠢ᠃ ᠵᠢᠷᠭᠤᠭ᠎ᠠ ᠳᠤ ᠵᠠᠩᠭᠢᠯᠠᠭ᠎ᠠ ᠶᠢᠨ ᠲᠤᠯᠬᠤ ᠬᠦᠴᠦᠨ ᠢ ᠴᠢᠩᠭ᠎ᠠ | ᠠᠳᠬᠤᠬᠤ ᠶᠢ ᠪᠠᠷᠢᠮᠲᠠᠯᠠᠨ᠂ ᠤᠯᠤᠰ ᠲᠦᠷᠦᠴᠢᠯᠡᠭᠰᠡᠨ ᠡᠩᠨᠡᠭᠡ ᠪᠠᠶᠢᠭᠤᠯᠵᠤ ᠴᠠᠭᠳᠠᠭ᠎ᠠ ᠶᠢ ᠬᠦᠴᠦᠷᠬᠡᠭᠵᠢᠭᠦᠯᠬᠦ | ᠬᠡᠷᠡᠭᠲᠡᠶ ᠭᠡᠪᠡ᠃ | ᠲᠢᠩᠬᠢᠮ ᠤᠨ ᠳᠠᠷᠤᠭ᠎ᠠ ᠵᠧᠤ ᠯᠢ ᠮᠢᠩ 2016 ᠣᠨ ᠤ ᠠᠵᠢᠯ ᠢ ᠨᠡᠩ ᠰᠠᠶᠢᠨ ᠬᠢᠬᠦ ᠲᠠᠯ᠎ᠠ ᠪᠠᠷ᠂ | ᠳᠣᠣᠷᠠᠬᠢ ᠮᠡᠲᠦ ᠱᠠᠭᠠᠷᠳᠠᠯᠭ᠎ᠠ ᠶᠢ ᠳᠤᠷᠠᠳᠪᠠ᠄ ᠰᠢᠨ᠎ᠡ ᠰᠡᠳᠬᠢᠮᠵᠢ ᠰᠢᠨ᠎ᠡ ᠠᠷᠭ᠎ᠠ ᠪᠠᠷᠢᠯ ᠢᠶᠠᠷ ᠰᠢᠨ᠎ᠡ | ᠠᠵᠢᠯᠯᠠᠭ᠎ᠠ ᠶᠢ ᠪᠡᠶᠡᠯᠡᠭᠦᠯᠬᠦ ᠬᠡᠷᠡᠭᠲᠠᠢ᠃ ︽ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ︾ ᠢ ᠪᠠᠲᠤ ᠪᠠᠬᠢ ᠪᠤᠢ | ᠪᠤᠯᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠤᠷᠤᠨ ᠢ ᠴᠤᠭᠴᠠᠯᠠᠬᠤ ᠠᠵᠢᠯ ᠤᠨ ᠬᠠᠷᠠᠯᠲᠠ | ᠲᠠᠢ ᠨᠢᠭᠲᠠ ᠤᠶᠠᠯᠳᠤᠭᠤᠯᠤᠨ᠂ ︽365︾ ᠠᠵᠢᠯ ᠤᠨ ᠰᠡᠳᠬᠢᠮᠵᠢ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ | ᠭᠤᠣᠯ ᠰᠢᠵᠢᠮ ᠪᠣᠯᠭᠠᠵᠤ᠂ ︽ᠭᠤᠷᠪᠠᠨ ᠬᠠᠤᠯᠢ ᠨᠢᠭᠡ ᠡᠭᠦᠳᠦᠯᠲᠡ ᠲᠠᠪᠤᠨ ᠬᠦᠨᠵᠡᠭᠡᠶᠢᠷᠡᠭᠦᠯᠦᠯᠲᠡ︾ ᠶᠢ | ᠲᠦᠯᠬᠢᠨ ᠠᠬᠢᠭᠤᠯᠬᠤ ᠪᠠᠷ ᠭᠤᠣᠯᠳᠠᠯᠭ᠎ᠠ ᠪᠤᠯᠭᠠᠨ᠂ ᠬᠠᠤᠯᠢ ᠪᠠᠷ ᠵᠠᠰᠠᠬᠤ ᠤᠬᠠᠭᠤᠯᠭ᠎ᠠ᠂ ᠬᠠᠤᠯᠢ ᠴᠠᠭᠠᠵᠠ ᠶᠢᠨ | ᠲᠤᠰᠠᠯᠠᠮᠵᠢ᠂ ᠬᠠᠤᠯᠢ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠪᠤᠯᠤᠨ ᠬᠠᠤᠯᠢ ᠪᠠᠷ ᠵᠠᠰᠠᠬᠤ ᠡᠭᠦᠳᠦᠨ | ᠪᠠᠶᠢᠭᠤᠯᠤᠯᠲᠠ ᠶᠢᠨ ᠠᠵᠢᠯ ᠢ ᠳᠤᠪᠤᠶᠢᠮ᠎ᠠ ᠰᠠᠶᠢᠲᠤᠷ ᠠᠳᠬᠤᠵᠤ᠂ ᠠᠮᠤᠷ ᠲᠦᠪᠰᠢᠨ ᠭᠢᠨᠳᠠᠨ ᠤ ᠪᠦᠲᠦᠭᠡᠨ | ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ᠂ ᠮᠡᠳᠡᠭᠡ ᠵᠠᠩᠭᠢᠵᠢᠯᠲᠠ ᠶᠢᠨ ᠪᠦᠲᠦᠭᠡᠨ | ᠪᠠᠶᠢᠭᠤᠯᠤᠯᠲᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ᠂ ᠡᠩᠨᠡᠭᠡᠨ ᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠵᠤ᠂ | ᠬᠥᠭᠵᠢᠯᠲᠡ ᠳᠤ ᠦᠢᠯᠡᠴᠢᠯᠡᠵᠤ᠂ ᠬᠦᠴᠢᠷ ᠰᠡᠳᠦᠪ ᠢ ᠰᠢᠢᠳᠪᠦᠷᠢᠯᠡᠵᠤ᠂ ᠳᠤᠲᠠᠭᠤ ᠵᠦᠢᠯ ᠢ ᠨᠦᠬᠦᠪᠦᠷᠢᠯᠡᠵᠤ᠂ | ᠬᠡᠶᠢᠰᠪᠦᠷᠢ ᠵᠦᠢᠯ ᠢ ᠪᠤᠳᠠᠲᠠᠶᠢᠵᠢᠭᠤᠯᠵᠤ᠂ ᠪᠣᠳᠠᠲᠠᠶ ᠠᠵᠢᠯ ᠢᠶᠠᠨ ᠴᠢᠩᠭᠠᠳᠬᠠᠵᠤ᠂ ᠮᠠᠨ ᠤ ᠣᠷᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠪᠦᠬᠦ᠋ᠢᠯᠡ ᠴᠤᠭᠴᠠ ᠶᠢᠨ ᠠᠵᠢᠯ ᠢ ᠪᠦᠬᠦ ᠤᠯᠤᠰ ᠤᠨ ᠡᠮᠦᠨ᠎ᠡ ᠡᠩᠨᠡᠭᠡᠨ ᠳᠤ | ᠤᠷᠤᠭᠤᠯᠬᠤ ᠭᠡᠷᠡᠭᠲᠠᠢ ᠭᠡᠪᠡ᠃ | ᠲᠢᠩᠬᠢᠮ ᠤᠨ ᠳᠡᠳ᠋ ᠳᠠᠷᠤᠭ᠎ᠠ ᠪᠤᠤ ᠱᠠᠨ ᠬᠤᠷᠠᠯ ᠡᠷᠬᠢᠯᠡᠪᠡ᠃ ᠬᠠᠤᠯᠢ ᠴᠠᠭᠠᠵᠠ ᠶᠢᠨ ᠲᠢᠩᠬᠢᠮ ᠤᠨ | ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠭᠤᠷᠢᠨ ᠪᠠᠶᠢᠴᠠᠭᠠᠭᠴᠢ︔ ᠡᠯ᠎ᠡ ᠠᠶᠢᠮᠠᠭ ᠬᠤᠲᠠ ᠶᠢᠨ ᠬᠠᠤᠯᠢ | ᠴᠠᠭᠠᠵᠠ ᠶᠢᠨ ᠲᠣᠪᠴᠢᠶ᠎ᠠ ᠶᠢᠨ ᠳᠠᠷᠤᠭ᠎ᠠ᠂ ᠠᠯᠪᠠᠨ ᠭᠡᠷ ᠤᠨ ᠡᠷᠬᠢᠯᠡᠭᠴᠢ︔ ᠮᠠᠨᠵᠤᠤᠷ ᠬᠤᠳᠠ᠂ ᠡᠷᠢᠶᠡᠨ | ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ︔ ᠬᠠᠤᠯᠢ ᠴᠠᠭᠠᠵᠠ ᠶᠢᠨ ᠲᠢᠩᠬᠢᠮ ᠤᠨ | ᠪᠠᠶᠢᠭᠤᠯᠭ᠎ᠠ ᠶᠢᠨ ᠭᠠᠵᠠᠷ ᠭᠡᠷ ︵ᠲᠣᠪᠴᠢᠶ᠎ᠠ︶ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ | ᠬᠠᠷᠢᠭᠤᠴᠠᠯᠭᠠᠲᠠᠨ︔ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ | ᠤᠳᠤᠷᠢᠳᠬᠤ ᠪᠠᠭ ᠤᠨ ᠪᠦᠷᠢᠯᠳᠦᠬᠦᠨ᠂ ᠲᠤᠪᠴᠢᠶ᠎ᠠ ᠶᠢᠨ ᠪᠠᠶᠢᠭᠤᠯᠭ᠎ᠠ ᠶᠢᠨ ᠭᠠᠵᠠᠷ ᠠᠯᠪᠠᠨ ᠭᠡᠷ ᠤᠨ | ᠬᠠᠷᠢᠭᠤᠴᠠᠯᠭᠠᠲᠠᠨ᠂ ᠭᠢᠨᠳᠠᠨ ᠤ ᠨᠢᠭᠡᠴᠡ ᠶᠢᠨ ᠳᠠᠷᠤᠭ᠎ᠠ | ︵ᠬᠠᠷᠢᠭᠤᠴᠠᠯᠭᠠᠲᠠᠨ︶᠂ ᠤᠯᠤᠰ ᠲᠦᠷᠦ ᠶᠢᠨ ᠭᠡᠰᠢᠭᠦᠨ︔ ᠥᠪᠡᠷᠲᠡᠭᠡᠨ ᠵᠠᠰᠠᠬᠤ ᠣᠷᠣᠨ ᠤ ᠬᠤᠣᠷ | ᠵᠣᠭᠰᠣᠭᠠᠬᠤ ᠬᠠᠮᠢᠶᠠᠷᠤᠯᠲᠠ ᠶᠢᠨ ᠲᠤᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠰᠠᠯᠠᠭ᠎ᠠ ᠲᠡᠰᠤᠬ ᠤᠨ | ᠬᠠᠷᠢᠭᠤᠴᠠᠯᠭᠠᠲᠠᠨ᠂ ᠠᠯᠪᠠ ᠪᠠᠷ ᠲᠤᠰᠠᠭᠠᠷᠯᠠᠵᠤ ᠬᠤᠤᠷ ᠵᠣᠭᠰᠣᠭᠠᠬᠤ ᠭᠠᠵᠠᠷ ᠤᠨ ᠳᠠᠷᠤᠭ᠎ᠠ᠂ ᠤᠯᠤᠰ ᠲᠦᠷᠦ ᠶᠢᠨ | ᠬᠡᠰᠢᠬᠦᠳ ᠬᠤᠷᠠᠯ ᠳᠤ ᠤᠷᠤᠯᠴᠠᠪᠠ᠃ |