2016 ᠣᠨ ᠤ ᠪᠦᠬᠦ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠳ᠋ᠢᠶᠠᠩᠬᠤᠸᠠ ᠲᠧᠯᠸᠢᠰ ᠬᠤᠷᠠᠯ ᠬᠦᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/2/29
     ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ 2016 ᠣᠨ ᠤ ᠪᠦᠬᠦ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠳ᠋ᠢᠶᠠᠩᠬᠤᠸᠠ ᠲᠧᠯᠸᠢᠰ ᠬᠤᠷᠠᠯ ᠢ ᠬᠤᠷᠠᠯᠳᠤᠭᠤᠯᠪᠠ
     ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠡᠸᠥ ᠶᠠᠩ ᠰᠢᠶᠣᠣ ᠾᠦᠢ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠦᠭᠡ ᠨᠠᠮ ᠤᠨ ᠰᠤᠷᠲᠠᠯ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ      2016 ᠣᠨ ᠤ 2 ᠳ᠋ᠤᠭᠠᠷ ᠰᠠᠷ᠎ᠠ ᠶᠢᠨ 26᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ 2016 ᠣᠨ ᠤ ᠪᠥᠬᠦ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠳ᠋ᠢᠶᠠᠩᠬᠤᠸᠠ ᠲᠧᠯᠸᠢᠰ ᠬᠤᠷᠠᠯ ᠢ ᠬᠤᠷᠠᠯᠳᠤᠭᠤᠯᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠠᠯᠠᠭᠤᠯᠵᠤ᠂ 2016 ᠣᠨ ᠤ ᠪᠦᠬᠦ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠡᠸᠥ ᠶᠠᠩ ᠰᠢᠶᠣᠣ ᠾᠦᠢ ᠬᠤᠷᠠᠯ ᠳᠤ ᠣᠷᠤᠯᠴᠠᠨ ᠶᠠᠷᠢᠶ᠎ᠠ ᠲᠠᠯᠪᠢᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠢᠨ ᡂᠢ ᠯᠢᠨ ᠬᠤᠷᠠᠯ ᠡᠷᠬᠢᠯᠡᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠸᠠᠩ ᠵᠠᠨ ᠭᠦᠸᠧ ᠠᠴᠠ 2015 ᠣᠨ ᠤ ᠲᠣᠮᠢᠯᠠᠨ ᠰᠠᠭᠤᠭ᠎ᠠ ᠬᠢᠨᠠᠯᠲᠠ ᠲᠠᠯᠪᠢᠬᠤ ᠠᠵᠢᠯ ᠪᠠ 2016 ᠣᠨ ᠤ ᠠᠵᠢᠯ ᠤᠨ ᠭᠤᠣᠯᠳᠠᠯᠭ᠎ᠠ ᠶᠢ ᠮᠡᠳᠡᠭᠳᠡᠪᠡ᠃      ᠡᠸᠤ ᠶᠠᠩ ᠰᠢᠶᠣᠣ ᠾᠦᠢ ᠱᠠᠭᠠᠷᠳᠠᠭᠰᠠᠨ ᠨᠢ᠂ ᠪᠥᠬᠦ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠢᠰᠲ᠋ᠧᠮ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠤ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠳᠣᠯᠣᠳᠤᠭᠠᠷ ᠪᠥᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ᠂ ᠤᠶᠢᠯᠭᠠᠨ ᠲᠤᠤᠱᠠᠯᠠᠭᠤᠯᠬᠤ ᠬᠡᠷᠡᠭᠲᠡᠢ᠃ 2016 ᠣᠨ ᠤ ᠪᠥᠬᠦ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠨ ᠲᠥᠪ ᠪᠤᠰᠤ ᠰᠤᠷᠲᠠᠯ ᠢ ᠵᠠᠯᠠᠷᠠᠭᠤᠯᠬᠤ ᠠᠵᠢᠯ ᠨᠢ ᠲᠥᠪ ᠤᠨ ᠢᠯᠵᠠᠷᠠᠯ ᠢ ᠡᠰᠡᠷᠭᠦᠴᠡᠬᠦ ᠠᠵᠢᠯ ᠤᠨ ︽ᠬᠤᠶᠠᠷ ᠦᠯᠦ ᠬᠤᠪᠢᠷᠠᠭᠠᠳᠤᠢ︾ ᠪᠠᠶᠢᠬᠤ ᠢᠯᠭᠤᠮ ᠲᠣᠳᠣ ᠵᠣᠭᠰᠣᠯᠲᠠ ᠶᠢ ᠭᠦᠨᠵᠡᠭᠡᠢ ᠤᠶᠢᠯᠭᠠᠬᠤ ᠬᠡᠷᠡᠭᠲᠡᠢ︔ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠦᠨᠳᠦᠰᠦᠨ ᠱᠠᠲᠦ ᠲᠡᠰᠢ ᠤᠷᠲᠤᠳᠬᠠᠬᠤ ᠶᠢ ᠲᠦᠯᠬᠢᠨ ᠠᠬᠢᠭᠤᠯᠬᠤ ᠶᠢᠨ ᠰᠢᠨ᠎ᠡ ᠱᠠᠭᠠᠷᠳᠠᠯᠭ᠎ᠠ ᠶᠢ ᠭᠦᠨᠵᠡᠭᠡᠢ ᠤᠶᠢᠯᠭᠠᠬᠤ ᠬᠡᠷᠡᠭᠲᠡᠢ︔ ᠤᠬᠠᠮᠰᠠᠷ ᠠᠴᠠ ᠪᠠᠨ ᠨᠠᠮ ᠤᠨ ᠲᠦᠷᠢᠮ ᠢ ᠬᠦᠨᠳᠦᠳᠬᠡᠨ ᠬᠠᠮᠠᠭᠠᠯᠠᠬᠤ ᠦᠨᠳᠦᠰᠦᠨ ᠵᠢᠷᠤᠮᠯᠠᠯ ᠢ ᠭᠦᠨᠵᠡᠭᠡᠢ ᠤᠶᠢᠯᠭᠠᠬᠤ ᠬᠡᠷᠡᠭᠲᠡᠢ︔ ᠨᠠᠮ ᠤᠨ ᠳᠣᠲᠣᠭᠠᠳᠤ ᠳᠤ ᠲᠠᠯᠪᠢᠬᠤ ᠬᠢᠨᠠᠯᠲᠠ ᠶᠢ ᠴᠢᠩᠭᠠᠷᠠᠭᠤᠯᠬᠤ ᠪᠠᠷ ᠳᠤᠷᠠᠳᠤᠭᠰᠠᠨ ᠨᠡᠩ ᠥᠨᠳᠥᠷ ᠱᠠᠭᠠᠷᠳᠠᠯᠭ᠎ᠠ ᠶᠢ ᠭᠦᠨᠵᠡᠭᠡᠶ ᠣᠶᠢᠯᠭᠠᠨ ᠡᠵᠡᠮᠰᠢᠬᠦ ᠬᠡᠷᠡᠭᠲᠡᠶ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ ᠭᠡᠪᠡ᠃      ᠡᠸᠤ ᠶᠠᠩ ᠰᠢᠶᠣᠣ ᠾᠦᠢ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ︽ᠬᠤᠶᠠᠷ ᠢ ᠰᠤᠷᠤᠯᠴᠠᠨ ᠨᠢᠭᠡ ᠶᠢ ᠬᠢᠬᠦ︾ ᠰᠤᠷᠤᠯᠴᠠᠯᠭ᠎ᠠ ᠬᠥᠮᠦᠵᠢᠯ ᠢᠶᠠᠷ ᠠᠴᠢᠶᠠᠯᠠᠪᠤᠷᠢ ᠪᠣᠯᠭᠠᠨ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠠ ᠪᠠ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ ᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠠᠵᠢᠯ ᠲᠥᠷᠥᠯ ᠤᠨ ᠰᠤᠷᠲᠠᠯ ᠢᠶᠠᠨ ᠬᠤᠪᠢᠷᠠᠭᠤᠯᠬᠤ ᠪᠠ ᠡᠷᠬᠡ ᠪᠠᠨ ᠶᠠᠪᠤᠭᠤᠯᠬᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠶᠢ ᠲᠦᠯᠬᠢᠨ ᠠᠬᠢᠭᠤᠯᠬᠤ ᠪᠠᠷ ᠵᠠᠩᠭᠢᠯᠠᠭ᠎ᠠ ᠪᠣᠯᠭᠠᠨ᠂ ᠭᠤᠣᠯᠳᠠᠯᠭᠠᠲᠤ ᠡᠭᠦᠷᠭᠡ ᠳᠤ ᠠᠩᠬᠠᠷᠤᠯ ᠢᠶᠠᠨ ᠤᠯᠠᠮ ᠲᠥᠪᠯᠡᠷᠡᠭᠦᠯᠬᠦ ᠪᠠ ᠦᠢᠯᠡᠴᠢᠯᠡᠵᠦ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠨᠠᠮ ᠤᠨ ᠰᠤᠷᠲᠠᠯ ᠲᠥᠪ᠂ ᠵᠠᠰᠠᠭ ᠤᠨ ᠰᠤᠷᠲᠠᠯ ᠠᠷᠢᠭᠤᠨ᠂ ᠣᠪᠣᠷ ᠰᠤᠷᠲᠠᠯ ᠰᠢᠨ᠎ᠡ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠵᠤ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠦᠢᠯᠡᠰ ᠤᠨ ᠦᠭᠡᠷᠡᠴᠢᠯᠡᠯᠲᠡ ᠬᠥᠭᠵᠢᠯᠲᠡ ᠳᠤ ᠪᠠᠲᠤ ᠪᠠᠬᠢ ᠤᠯᠤᠰ ᠲᠦᠷᠦ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃      ᠬᠤᠷᠠᠯ ᠳᠡᠭᠡᠷ᠎ᠡ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠡᠸᠥ ᠶᠠᠩ ᠰᠢᠶᠣᠣ ᠾᠦᠢ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠦᠭᠡ ᠨᠠᠮ ᠤᠨ ᠰᠤᠷᠲᠠᠯ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ︔ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠠᠷ ᠬᠤᠪᠢᠳᠠᠨ ᠬᠠᠮᠢᠶᠠᠷᠴᠤ ᠪᠠᠶᠢᠭ᠎ᠠ ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠳ ᠲᠠᠢ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠱᠠᠲᠤ ᠱᠠᠲᠤ ᠪᠠᠷ ᠳᠠᠷᠤᠯᠲᠠ ᠥᠭᠴᠦ᠂ ᠬᠠᠷᠢᠭᠤᠴᠠᠯᠭ᠎ᠠ ᠪᠠᠨ ᠱᠠᠲᠤ ᠳᠠᠷᠠᠭᠠᠯᠠᠨ ᠪᠣᠳᠠᠲᠠᠶᠢᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号