ᠥᠪᠥᠷ ᠮᠣᠩᠭᠤᠯ᠄ ︽13.5︾᠎ ᠶᠢᠨ ᠲᠥᠯᠥᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠬᠦ ᠳᠤ ᠬᠠᠦᠯᠢ ᠴᠠᠭᠠᠵᠠ ᠶᠢᠨ ᠬᠦᠴᠦᠲᠡᠢ ᠪᠠᠲᠤᠯᠠᠭ᠎ᠠ ᠬᠠᠨᠭ᠍ᠭᠠᠨ᠎ᠠ
ᠨᠡᠶᠢᠲᠡᠯᠡᠭᠰᠡᠨ ᠴᠠᠭ᠄
2016/2/29
     2 ᠳ᠋ᠤᠭᠠᠷ ᠰᠠᠷ᠎ᠠ ᠶᠢᠨ 26᠎ ᠤ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2016 ᠣᠨ ᠤ ᠪᠦᠬᠦ ᠣᠷᠣᠨ ᠤ ᠳᠤᠮᠳᠠᠳᠤ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠨᠠᠷ ᠤᠨ ᠬᠠᠷᠠᠭᠠᠨ ᠲᠠᠪᠲᠠᠮᠵᠢᠲᠤ  ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ᠂ ᠪᠦᠬᠦ ᠤᠯᠤᠰ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠨᠠᠷ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 2015 ᠣᠨ ᠤ ᠪᠦᠬᠦ ᠣᠷᠣᠨ ᠤ ᠰᠢᠭᠦᠬᠦ ᠬᠤᠷᠢᠶᠠᠨ ᠤ ᠠᠵᠢᠯ ᠢ ᠳ᠋ᠥᠡᠭᠨᠡᠪᠡ᠃ ᠪᠠᠶᠢᠳᠠᠯ ᠪᠣᠯᠣᠨ ᠡᠭᠦᠷᠭᠡ ᠶᠢ ᠵᠠᠳᠠᠯᠵᠤ᠂ 2016 ᠣᠨ ᠤ ᠪᠦᠬᠦ ᠣᠷᠣᠨ ᠤ ᠰᠢᠭᠦᠬᠦ ᠬᠤᠷᠢᠶᠠᠨ ᠤ ᠠᠵᠢᠯ ᠢ ᠰᠤᠳᠤᠯᠤᠨ ᠪᠠᠶᠢᠷᠢᠯᠠᠭᠤᠯᠪᠠ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠬᠣ᠋ ᠢ ᠹᠸᠡᠭ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠬᠣ᠋ ᠢ ᠹᠸᠡᠭ ᠵᠢᠭᠠᠵᠤ ᠭᠠᠷᠭᠠᠭᠰᠠᠨ ᠨᠢ᠂ 2016 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠪᠡᠶᠡᠯᠡᠭᠦᠯᠬᠦ ᠡᠬᠢᠯᠡᠯᠲᠡ ᠶᠢᠨ ᠵᠢᠯ ᠪᠣᠯᠬᠤᠷ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠯᠭᠠᠬᠤ ᠡᠭᠦᠷᠭᠡ ᠪᠡᠷᠬᠡ ᠬᠠᠲᠠᠭᠤᠵᠢᠯᠲᠠᠶ ᠨᠦᠰᠡᠷ ᠬᠦᠨᠳᠦ ᠪᠠᠶᠢᠨ᠎ᠠ᠃ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠨᠠᠭᠠᠰᠢᠷᠠᠯ ᠤᠨ ᠤᠬᠠᠮᠰᠠᠷ ᠪᠣᠯᠣᠨ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠥᠭᠵᠢᠯᠲᠡ ᠳᠤ ᠦᠢᠯᠡᠴᠢᠯᠡᠬᠦ ᠪᠠ ᠬᠦᠴᠢᠷ ᠰᠡᠳᠦᠪ ᠢ ᠰᠢᠢᠳᠪᠦᠷᠢᠯᠡᠬᠦ᠂ ᠲᠣᠲᠠᠭᠳᠠᠯ ᠢ ᠨᠥᠬᠦᠪᠦᠷᠢᠯᠡᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠣᠷᠣᠨ ᠤ ᠠᠮᠤᠷ ᠲᠦᠪᠰᠢᠨ ᠪᠣᠯᠣᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠤᠯᠢ ᠶᠣᠰᠣᠭᠠᠷ ᠣᠷᠣᠨ ᠢᠶᠠᠨ ᠵᠠᠰᠠᠬᠤ ᠪᠠ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠪᠦᠬᠦ ᠣᠷᠣᠨ ᠤ ︽13.5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠦᠭᠵᠢᠯᠲᠠ ᠶᠢᠨ ᠰᠠᠶᠢᠠ ᠡᠬᠢᠯᠡᠯᠲᠡ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ᠂ ᠲᠥᠪ ᠭᠤᠣᠯᠴᠢ ᠬᠠᠤᠯᠢ ᠳᠦᠷᠢᠮ ᠤᠨ ᠣᠷᠴᠢᠨ ᠨᠥᠬᠦᠴᠡᠯ᠂ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠦᠢᠯᠡᠴᠢᠯᠡᠭᠡᠨ ᠤ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠢ ᠭᠡᠵᠡᠢ᠃      ᠬᠣ᠋ ᠢ ᠹᠸᠡᠭ ᠴᠢᠬᠤᠯᠠᠴᠢᠯᠠᠭᠰᠠᠨ ᠨᠢ᠂ 2016 ᠣᠨ ᠳᠤ ᠪᠦᠬᠦ ᠣᠷᠣᠨ ᠤ ᠰᠢᠭᠦᠬᠦ ᠬᠤᠷᠢᠶᠠᠨ ᠤ ᠠᠵᠢᠯ ᠤᠨ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ ᠰᠢᠭᠦᠬᠦ ᠬᠤᠷᠢᠶᠠᠨ ᠤ ᠠᠵᠢᠯ ᠢ ᠰᠠᠶᠢᠲᠤᠷ ᠬᠢᠬᠦ ᠡᠷᠡᠰ ᠪᠠᠲᠤ ᠢᠲᠡᠭᠡᠯ ᠵᠣᠷᠢᠭ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠴᠠᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠰᠢᠭᠦᠬᠦ ᠬᠤᠷᠢᠶᠠᠨ ᠤ ᠠᠵᠢᠯ ᠤᠨ ᠬᠠᠷᠠᠯᠲᠠᠲᠤ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠢ︔ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠪᠦᠬᠦ ᠣᠷᠣᠨ ᠤ ᠰᠢᠭᠦᠬᠦ ᠬᠤᠷᠢᠶᠠᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠶ ᠭᠡᠵᠡᠢ᠃      2016 ᠣᠨ ᠤ ᠪᠦᠬᠦ ᠣᠷᠣᠨ ᠤ ᠰᠢᠭᠦᠬᠦ ᠬᠤᠷᠢᠶᠠᠨ ᠤ ᠠᠵᠢᠯ ᠢ ᠰᠠᠶᠢᠲᠤᠷ ᠬᠢᠬᠦ ᠲᠠᠯ᠎ᠠ ᠪᠠᠷ ᠬᠣ᠋ ᠢ ᠹᠸᠡᠭ ᠠᠷᠪᠠᠨ ᠬᠤᠶᠠᠷ ᠵᠤᠷᠪᠤᠰ ᠱᠠᠭᠠᠷᠳᠠᠯᠭ᠎ᠠ ᠳᠤᠷᠠᠳᠴᠠᠢ᠄ ᠨᠢᠭᠡ᠂ ᠬᠠᠤᠯᠢ ᠶᠣᠰᠣᠭᠠᠷ ᠥᠪᠡᠷᠲᠡᠭᠡᠨ ᠵᠠᠰᠠᠬᠤ ᠣᠷᠣᠨ ᠤ ︽13.5︾᠎ ᠶᠢᠨ ᠲᠥᠯᠥᠪᠵᠢᠭᠦᠯᠭᠡ ᠶᠢᠨ ᠬᠠᠷᠠᠯᠲᠠ ᠪᠣᠯᠤᠨ ︽ᠬᠤᠶᠠᠷ ᠭᠤᠣᠯᠳᠠᠯᠭ᠎ᠠ︾᠂ ︽ᠠᠷᠪᠠ ᠶᠢ ᠪᠦᠷᠢᠨ ᠪᠥᠷᠭᠦᠭᠦᠯᠬᠦ︾᠎ ᠳᠤ ᠬᠠᠤᠯᠢ ᠴᠠᠭᠠᠵᠠ ᠶᠢᠨ ᠬᠦᠴᠦᠲᠡᠶ ᠪᠠᠲᠤᠯᠠᠭ᠎ᠠ ᠬᠠᠨᠭ᠍ᠭᠠᠬᠤ ᠬᠡᠷᠡᠭᠲᠡᠢ︔ ᠬᠤᠶᠠᠷ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠡᠷᠢᠭᠦᠨ ᠡᠭᠦᠷᠭᠡ ᠪᠠᠨ ᠴᠢᠩᠭᠠᠳᠬᠠᠵᠤ᠂ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠨᠠᠮᠳᠠᠭᠤᠯᠵᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠶ︔ ᠭᠤᠷᠪᠠ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠥᠪ ᠭᠤᠣᠯᠴᠢ ᠥᠨᠳᠥᠷ ᠪᠦᠲᠦᠮᠵᠢᠲᠡᠶ ᠡᠷᠬᠡ ᠰᠦᠷ ᠲᠠᠢ ᠬᠠᠤᠯᠢ ᠴᠠᠭᠠᠵᠠ ᠶᠢᠨ ᠪᠠᠶᠢᠭᠤᠯᠤᠯ ᠪᠣᠯᠤᠨ ᠠᠵᠢᠯ ᠤᠨ ᠲᠣᠭᠲᠠᠴᠠ ᠶᠢ ᠴᠢᠷᠮᠠᠶᠢᠨ ᠲᠡᠭᠦᠯᠳᠡᠷᠵᠢᠭᠦᠯᠬᠦ ᠬᠡᠷᠡᠭᠲᠡᠢ︔ ᠲᠦᠷᠪᠡ᠂ ᠠᠷᠠᠳ ᠤᠨ ᠲᠥᠯᠥᠭᠡ ᠬᠠᠤᠯᠢ ᠶᠠᠪᠤᠭᠤᠯᠬᠤ ᠶᠢ ᠴᠢᠩᠭᠠᠳᠬᠠᠵᠤ᠂ ᠠᠷᠠᠳ ᠤᠯᠠᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ︔ ᠲᠠᠪᠤ᠂ ᠰᠢᠭᠦᠨ ᠲᠠᠰᠤᠯᠤᠯᠲᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠲᠥᠪ ᠭᠤᠣᠯᠴᠢ ᠪᠠᠷ ᠬᠠᠤᠯᠢ ᠶᠠᠪᠤᠭᠤᠯᠬᠤ ᠶᠢ ᠴᠢᠩᠳᠠᠯᠠᠵᠤ᠂ ᠰᠢᠭᠦᠨ ᠲᠠᠰᠤᠯᠬᠤ ᠴᠢᠨᠠᠷ ᠴᠢᠨᠰᠠᠭ᠎ᠠ ᠦᠷ᠎ᠡ ᠪᠦᠲᠦᠮᠵᠢ ᠪᠣᠯᠣᠨ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠬᠡᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ︔ ᠵᠢᠷᠭᠤᠭ᠎ᠠ᠂ ᠪᠥᠬᠦ ᠣᠷᠣᠨ ᠤ ᠰᠢᠭᠦᠬᠦ ᠬᠤᠷᠢᠶ᠎ᠠ ᠶᠢᠨ ᠬᠦᠴᠦᠨ ᠢ ᠳᠠᠶᠢᠴᠢᠯᠠᠨ᠂ ᠪᠦᠬᠦ ᠬᠦᠴᠦᠨ ᠢᠶᠠᠷ ᠢᠶᠠᠨ ᠪᠡᠷᠬᠡ ᠰᠡᠳᠦᠪ ᠢ ᠰᠢᠢᠳᠪᠦᠷᠢᠯᠡᠵᠦ᠂ ︽ᠭᠦᠢᠴᠡᠳᠬᠡᠬᠦ ᠳᠤ ᠬᠦᠴᠢᠷᠲᠡᠢ︾ ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠬᠡᠷᠡᠭᠲᠡᠢ︔ ᠲᠤᠯᠤᠭ᠎ᠠ᠂ ᠦᠨᠳᠦᠰᠦᠨ ᠱᠠᠲᠤᠨ ᠤ ᠰᠠᠭᠤᠷᠢ ᠶᠢ ᠴᠢᠩᠭᠠᠳᠬᠠᠵᠤ᠂ ᠳᠣᠣᠷᠠᠳᠤ ᠱᠠᠲᠤᠨ ᠤ ᠤᠳᠤᠷᠢᠳᠤᠯᠭ᠎ᠠ ᠪᠠᠨ ᠴᠢᠩᠭᠠᠷᠠᠭᠤᠯᠤᠨ᠂ ᠦᠨᠳᠦᠰᠦᠨ ᠱᠠᠲᠤᠨ ᠤ ᠰᠢᠭᠦᠨ ᠲᠠᠰᠤᠯᠬᠤ ᠶᠠᠰᠤ ᠴᠢᠨᠠᠷ ᠪᠣᠯᠣᠨ ᠬᠠᠤᠯᠢ ᠴᠠᠭᠠᠵᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ︔ ᠨᠠᠢᠮᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠣᠯᠣᠨ ᠬᠡᠷᠡᠭᠯᠡᠯᠲᠡ ᠶᠢ ᠶᠡᠬᠡᠪᠡᠷ ᠲᠦᠯᠬᠢᠨ  ᠠᠬᠢᠭᠤᠯᠵᠤ᠂ ᠰᠢᠭᠦᠨ ᠲᠠᠰᠤᠯᠬᠤ ᠲᠣᠭᠲᠠᠯᠴᠠᠭ᠎ᠠ ᠪᠣᠯᠤᠨ ᠰᠢᠭᠦᠨ ᠲᠠᠰᠤᠯᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠶ︔ ᠶᠢᠰᠦ᠂ ᠨᠠᠮ ᠢ ᠬᠠᠮᠢᠶᠠᠷᠤᠨ ᠵᠠᠰᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠭᠦᠬᠦ ᠬᠤᠷᠢᠶᠠᠨ ᠤ ᠤᠳᠤᠷᠢᠳᠬᠤ ᠪᠠᠭ ᠪᠣᠯᠤᠨ ᠡᠩᠨᠡᠭᠡᠨ ᠤ ᠪᠠᠶᠢᠭᠤᠯᠤᠯᠲᠠ ᠶᠢ ᠪᠦᠬᠦ ᠬᠦᠴᠦ ᠪᠠᠷ ᠢᠶᠠᠨ ᠰᠠᠶᠢᠲᠤᠷ ᠠᠳᠬᠤᠬᠤ ᠬᠡᠷᠡᠭᠲᠡᠢ ︔ ᠠᠷᠪᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠬᠠᠤᠯᠢ ᠴᠠᠭᠠᠵᠠ ᠶᠢᠨ ᠠᠷᠢᠭᠤᠨ ᠴᠢᠬᠡᠴᠢ ᠪᠠᠶᠢᠬᠤ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔ ᠠᠷᠪᠠᠨ ᠨᠢᠭᠡ᠂ ᠬᠠᠤᠯᠢ ᠴᠠᠭᠠᠵᠠ ᠶᠢᠨ ᠤᠬᠠᠭᠤᠯᠭ᠎ᠠ ᠶᠢ ᠴᠢᠩᠭᠠᠳᠬᠠᠨ᠂ ᠵᠥᠪ ᠡᠨᠧᠷᠭᠢ ᠶᠢ ᠢᠳᠡᠪᠬᠢᠲᠡᠶ ᠳᠠᠮᠵᠢᠭᠤᠯᠵᠤ᠂ ᠪᠦᠬᠦ ᠣᠷᠣᠨ ᠤ ᠰᠢᠭᠦᠬᠦ ᠬᠤᠷᠢᠶᠠᠨ ᠤ ᠠᠵᠢᠯ ᠳᠤ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠵᠤ ᠥᠭᠬᠦ ᠬᠡᠷᠡᠭᠲᠡᠶ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号