ᠥᠪᠥᠷ ᠵᠠᠰᠠᠭ ᠠᠯᠪᠠᠨ ᠲᠠᠷᠬᠠᠭᠠᠭᠰᠠᠨ ﹇2015﹈ 112 ᠳ᠋ᠤᠭᠠᠷ ᠲᠤᠭᠠᠳᠤ | 10 ᠳ᠋ᠤᠭᠠᠷ ᠰᠠᠷ᠎ᠠ ᠶᠢᠨ24 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠦᠪᠡᠷᠲᠡᠭᠡᠨ ᠵᠠᠰᠠᠬᠤ ᠤᠷᠤᠨ ᠤ ᠠᠵᠤ ᠦᠢᠯᠡᠳᠪᠦᠷᠢᠵᠢᠯᠲᠠ᠂ ᠬᠤᠳᠠ ᠪᠠᠯᠭᠠᠰᠤᠵᠢᠯᠲᠠ ᠪᠠ ᠲᠠᠷᠢᠶᠠᠯᠠᠩ | ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠦᠳᠲᠡᠷ ᠲᠦᠷᠭᠡᠨ ᠬᠦᠭᠵᠢᠯᠲᠡ ᠶᠢᠨ ᠱᠠᠭᠠᠷᠳᠠᠯᠭ᠎ᠠ ᠳᠤ | ᠵᠤᠬᠢᠴᠠᠭᠤᠯᠤᠨ᠂ ᠪᠦᠬᠦ ᠤᠷᠤᠨ ᠤ ᠵᠠᠰᠠᠮᠠᠯ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ | ᠬᠠᠮᠠᠭᠠᠯᠠᠬᠤ ᠶᠢᠨ ᠲᠤᠰᠠᠳᠠ᠂ ︽ᠵᠠᠰᠠᠮᠠᠯ ᠵᠠᠮ ᠤᠨ ᠠᠮᠤᠷ ᠲᠦᠪᠰᠢᠨ ᠪᠠ ᠠᠮᠢ ᠨᠠᠰᠤ ᠶᠢᠨ ᠬᠠᠮᠠᠭᠠᠯᠠᠯᠲᠠ ᠶᠢᠨ | ᠢᠨᠵᠧᠨᠧᠷᠢᠩ ᠢ ᠬᠡᠷᠡᠭᠵᠢᠭᠦᠯᠬᠦ ᠲᠤᠬᠠᠢ ᠲᠦᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ | ᠲᠥᠷᠦ ᠠᠯᠪᠠᠨ ᠲᠠᠷᠬᠠᠭᠠᠭᠰᠠᠨ ﹇2014﹈ 55 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ | ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠪᠦᠬᠦ ᠤᠷᠤᠨ ᠤ ᠬᠡᠪᠴᠢᠶᠡᠨ ᠳᠤ ᠵᠠᠰᠠᠮᠠᠯ | ᠵᠠᠮ ᠤᠨ ᠠᠮᠤᠷ ᠲᠦᠪᠰᠢᠨ ᠪᠠ ᠠᠮᠢ ᠨᠠᠰᠤ ᠶᠢᠨ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠪᠠᠷ | ᠲᠣᠭᠲᠠᠭᠠᠵᠤ᠂ ᠡᠳᠦᠭᠡ ᠳᠣᠣᠷᠠᠬᠢ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠦᠷᠪᠡᠳᠦᠭᠡᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠠᠯᠠᠭᠤᠯᠵᠤ᠂ ᠦᠪᠡᠷᠲᠡᠭᠡᠨ ᠵᠠᠰᠠᠬᠤ ᠤᠷᠤᠨ ᠤ ︽8337︾ ᠬᠦᠭᠵᠢᠯᠲᠡ ᠶᠢᠨ | ᠰᠡᠳᠭᠢᠮᠵᠢ ᠵᠢᠴᠢ ᠬᠠᠮᠢᠶ᠎ᠠ ᠪᠦᠬᠦᠢ ᠠᠵᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ︽ᠬᠦᠮᠦᠨ ᠢᠶᠠᠷ ᠦᠨᠳᠦᠰᠦ ᠪᠣᠯᠭᠠᠨ᠂ ᠠᠶᠤᠯ ᠥᠭᠡᠢ ᠬᠦᠭᠵᠢᠭᠦᠯᠬᠦ︾ ᠣᠨᠣᠯᠵᠢᠬᠤᠨ ᠢ | ᠪᠠᠲᠤ ᠪᠠᠬᠢ ᠪᠣᠢ ᠪᠣᠯᠭᠠᠵᠤ᠂ ︽ᠬᠦᠭᠵᠢᠭᠦᠯᠬᠦ ᠳᠤ ᠶᠠᠭᠠᠬᠢᠭᠰᠠᠨ ᠴᠦ ᠬᠥᠮᠦᠨ ᠤ ᠠᠮᠢ ᠨᠠᠰᠤ ᠶᠢ ᠦᠷᠡᠭᠳᠡᠭᠦᠯᠬᠦ ᠪᠠᠷ | ᠦᠨ᠎ᠡ ᠥᠷᠲᠡᠭ ᠪᠣᠯᠭᠠᠵᠤ ᠪᠣᠯᠬᠤ ᠦᠭᠡᠢ︾ ᠶᠢᠨ ︽ᠤᠯᠠᠭᠠᠨ ᠱᠤᠭᠤᠮ︾ ᠤᠨ ᠦᠵᠡᠯ ᠤᠬᠠᠮᠰᠠᠷ ᠢ ᠪᠠᠲᠤ | ᠰᠠᠬᠢᠵᠤ᠂ ︽ᠨᠦᠬᠡᠴᠡ ᠲᠤᠭ᠎ᠠ ᠬᠡᠮᠵᠢᠶ᠎ᠡ ᠶᠢ ᠠᠷᠢᠯᠭᠠᠬᠤ᠂ ᠨᠡᠮᠡᠭᠳᠡᠯ ᠤᠨ ᠬᠡᠮᠵᠢᠶ᠎ᠡ ᠶᠢ ᠦᠯᠦ ᠨᠡᠮᠡᠭᠳᠡᠭᠦᠯᠬᠦ᠂ | ᠬᠦᠳᠡᠯᠦᠩᠭᠦᠢ ᠪᠠᠷ ᠵᠢᠭᠰᠠᠭᠠᠨ ᠪᠠᠶᠢᠴᠠᠭᠠᠬᠤ︾ ᠴᠢᠭᠯᠡᠯᠲᠡ ᠶᠣᠰᠤᠭᠠᠷ᠂ ᠠᠳᠡᠯ ᠢ ᠰᠡᠷᠭᠡᠶᠢᠯᠡᠬᠦ᠂ ᠠᠮᠤᠷ ᠲᠦᠪᠰᠢᠨ ᠢ | ᠪᠠᠲᠤᠯᠠᠬᠤ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠪᠠᠷ ᠬᠠᠷᠠᠯᠲᠠ ᠪᠣᠯᠭᠠᠵᠤ᠂ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠭᠤᠣᠯ ᠰᠢᠵᠢᠮ ᠪᠣᠯᠭᠠᠨ᠂ ᠰᠠᠭᠤᠷᠢ ᠪᠦᠲᠦᠭᠡᠨ | ᠪᠠᠶᠢᠭᠤᠯᠤᠯᠲᠠ ᠶᠢ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ | ᠬᠠᠮᠢᠶᠠᠷᠤᠯᠲᠠ᠂ ᠠᠷᠠᠴᠢᠯᠠᠨ ᠬᠠᠮᠠᠭᠠᠯᠠᠬᠤ ᠪᠠ ᠠᠮᠤᠷ ᠲᠦᠪᠰᠢᠨ ᠢ ᠵᠡᠷᠭᠡᠪᠡᠷ ᠬᠥᠭᠵᠢᠭᠦᠯᠬᠦ ᠶᠢ ᠪᠠᠷᠢᠮᠳᠠᠯᠠᠨ᠂ ᠵᠠᠰᠠᠮᠠᠯ | ᠵᠠᠮ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ ᠠᠮᠤᠷ | ᠲᠦᠪᠰᠢᠨ ᠤ ᠪᠡᠯᠡᠳᠭᠡᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠶᠡᠷᠦᠩᠬᠡᠶᠢᠯᠡᠨ ᠵᠠᠰᠠᠬᠤ ᠶᠢ ᠬᠠᠤᠯᠢ | ᠶᠣᠰᠣᠭᠠᠷ ᠴᠢᠩᠭᠠᠳᠬᠠᠵᠤ᠂ ᠵᠠᠰᠠᠮᠠᠯ ᠵᠠᠮ ᠤᠨ ᠠᠶᠤᠯ ᠦᠭᠡᠢ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠂ ᠪᠥᠬᠦ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ | ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ | ︵ᠬᠤᠶᠠᠷ︶ ᠦᠨᠳᠦᠰᠦᠨ ᠵᠠᠷᠴᠢᠮ᠃ | — ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ ᠵᠠᠷᠴᠢᠮ ᠢ ᠪᠠᠷᠢᠮᠳᠠᠯᠠᠵᠤ᠂ | ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ | ᠨᠠᠶᠢᠳᠠᠪᠤᠷᠢᠵᠢᠭᠤᠯᠬᠤ ᠬᠡᠷᠡᠭᠲᠡᠢ᠃ | — ᠵᠠᠰᠠᠭ ᠤᠨ ᠤᠷᠳᠤᠨ ᠢᠶᠠᠷ ᠭᠤᠣᠯᠯᠠᠬᠤ᠂ ᠨᠡᠶᠢᠭᠡᠮ ᠤᠨ ᠬᠢᠨ ᠣᠷᠣᠯᠴᠠᠬᠤ ᠵᠠᠷᠴᠢᠮ ᠢ ᠪᠠᠷᠢᠮᠳᠠᠯᠠᠵᠤ᠂ | ᠤᠯᠠᠨ ᠨᠡᠶᠢᠲᠡ ᠶᠢᠨ ᠡᠳ᠋ ᠤᠨ ᠵᠠᠰᠠᠭ ᠤᠨ ᠤᠷᠤᠭᠤᠯᠤᠯᠲᠠ ᠶᠢᠨ ᠪᠠᠲᠤᠯᠠᠭ᠎ᠠ ᠶᠢ ᠨᠡᠮᠡᠭᠳᠡᠭᠦᠯᠬᠦ ᠶᠢᠨ ᠬᠠᠮᠲᠤ ᠵᠠᠬ᠎ᠠ | ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠴᠢᠯᠠᠬᠤ ᠬᠡᠷᠡᠭᠲᠡᠢ᠃ | — ᠬᠠᠤᠯᠢ ᠶᠣᠰᠤᠭᠠᠷ ᠵᠠᠰᠠᠬᠤ᠂ ᠶᠡᠷᠦᠩᠬᠡᠶᠢᠯᠡᠨ ᠵᠠᠰᠠᠬᠤ ᠵᠠᠷᠴᠢᠮ ᠢ ᠪᠠᠷᠢᠮᠳᠠᠯᠠᠵᠤ᠂ ᠲᠡᠷᠭᠡ ᠬᠥᠰᠭᠡ ᠶᠢᠨ | ᠬᠢᠵᠠᠭᠠᠷ ᠪᠠᠷᠢᠮᠵᠢᠶ᠎ᠠ ᠠᠴᠠ ᠬᠡᠲᠦᠷᠡᠭᠦᠯᠵᠦ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠪᠦᠷᠢᠯᠡᠬᠦ ᠵᠡᠷᠭᠡ ᠵᠠᠰᠠᠮᠠᠯ ᠵᠠᠮ ᠤᠨ | ᠪᠡᠯᠡᠳᠭᠡᠮᠵᠢ ᠶᠢ ᠡᠪᠳᠡᠵᠦ ᠰᠦᠢᠳᠭᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠦᠭᠴᠦ᠂ ᠵᠠᠰᠠᠮᠠᠯ ᠵᠡᠮ ᠤᠨ ᠠᠮᠤᠷ ᠲᠦᠪᠰᠢᠨ ᠢ ᠨᠦᠯᠦᠭᠡᠯᠡᠬᠦ ᠪᠠ ᠬᠢᠵᠠᠭᠠᠷᠯᠠᠬᠤ ᠡᠭᠦᠰᠦᠯᠲᠦ ᠴᠢᠨᠠᠷᠲᠠᠶ᠂ | ᠦᠨᠳᠦᠰᠦᠨ ᠴᠢᠨᠠᠷᠲᠠᠶ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ | ᠰᠠᠭᠤᠷᠢ ᠶᠢ ᠪᠠᠬᠢᠵᠢᠭᠦᠯᠬᠦ ᠬᠡᠷᠡᠭᠲᠡᠢ᠃ | — ᠭᠤᠣᠯᠳᠠᠯᠭ᠎ᠠ ᠶᠢ ᠳᠣᠪᠤᠶᠢᠯᠭᠠᠬᠤ᠂ ᠠᠯᠬᠤᠮ ᠬᠤᠪᠢᠶᠠᠨ ᠬᠡᠷᠡᠭᠵᠢᠭᠦᠯᠬᠦ ᠵᠠᠷᠴᠢᠮ ᠢ ᠪᠠᠷᠢᠮᠳᠠᠯᠠᠵᠤ᠂ | ᠠᠳᠡᠯ ᠠᠮᠠᠷᠬᠠᠨ ᠡᠭᠦᠰᠬᠦ᠂ ᠤᠯᠠᠨ ᠡᠭᠦᠰᠬᠦ᠂ ᠪᠠᠶᠢᠨ ᠳᠠᠬᠢᠨ ᠡᠭᠦᠰᠬᠦ ᠵᠠᠮ ᠤᠨ ᠬᠡᠰᠡᠭ ᠤᠨ ᠵᠠᠰᠠᠮᠠᠯ ᠵᠠᠮ ᠤᠨ ᠠᠮᠤᠷ | ᠲᠦᠪᠰᠢᠨ ᠤ ᠭᠡᠮ ᠰᠣᠭᠤᠭ ᠢ ᠬᠦᠴᠦᠯᠡᠨ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠵᠤ᠂ ᠤᠯᠠᠨ ᠨᠡᠶᠢᠲᠡ ᠶᠢᠨ | ᠵᠠᠮ ᠬᠠᠷᠢᠯᠴᠠᠭᠠᠨ ᠤ ᠠᠮᠤᠷ ᠲᠦᠪᠰᠢᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ | ︵ᠭᠤᠷᠪᠠ︶ ᠠᠵᠢᠯ ᠤᠨ ᠬᠠᠷᠠᠯᠲᠠ᠃ | 2015 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠦᠬᠦ ᠤᠷᠤᠨ ᠤ ᠤᠯᠤᠰ ᠪᠠ ᠮᠤᠵᠢ ᠶᠢᠨ ᠭᠤᠣᠯ | ᠱᠤᠭᠤᠮ ᠤᠨ ᠵᠠᠰᠠᠮᠠᠯ ᠵᠠᠮ᠂ ᠬᠦᠳᠡᠭᠡ ᠲᠤᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠤ ᠭᠡᠮ ᠰᠣᠭᠤᠭ ᠢ | ᠵᠢᠭᠰᠠᠭᠠᠨ ᠪᠠᠶᠢᠴᠠᠭᠠᠬᠤ ᠠᠵᠢᠯ ᠢ ᠪᠡᠶᠡᠯᠡᠭᠦᠯᠵᠦ᠂ ᠵᠠᠰᠠᠮᠠᠯ ᠵᠠᠮ ᠤᠨ ᠠᠮᠤᠷ ᠲᠦᠪᠰᠢᠨ ᠤ ᠭᠡᠮ ᠰᠣᠭᠤᠭ ᠤᠨ | ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠭᠡᠮ ᠰᠣᠭᠤᠭ ᠤᠨ ᠰᠠᠭᠤᠷᠢ ᠡᠬᠡ ᠳᠠᠩᠰᠠ ᠶᠢ ᠪᠠᠶᠢᠭᠤᠯᠤᠨ᠎ᠠ︔ | ᠳᠣᠲᠤᠭᠠᠳᠤ ᠶᠢ ᠬᠠᠮᠠᠭᠠᠯᠠᠬᠤ ᠪᠠ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠤᠨ ᠲᠡᠷᠭᠡ | ᠬᠥᠰᠭᠡ ᠶᠢᠨ ᠬᠢᠵᠠᠭᠠᠷ ᠪᠠᠷᠢᠮᠵᠢᠶ᠎ᠠ ᠠᠴᠠ ᠬᠡᠲᠦᠷᠡᠭᠦᠯᠵᠦ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠪᠦᠷᠢᠯᠡᠬᠦ ᠶᠢ | ᠪᠠᠶᠢᠴᠠᠭᠠᠨ ᠰᠢᠢᠳᠪᠦᠷᠢᠯᠡᠬᠦ ᠯᠦᠭᠡ ᠬᠠᠮᠲᠤᠷᠠᠨ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ | ᠬᠡᠷᠡᠭᠲᠡᠢ᠃ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠪᠠ ᠰᠤᠷᠤᠭᠴᠢᠳ ᠢ ᠲᠤᠰᠴᠤ ᠬᠦᠷᠭᠡᠬᠦ | ᠲᠡᠷᠭᠡ ᠨᠡᠪᠲᠡᠷᠡᠵᠦ ᠪᠠᠶᠢᠭ᠎ᠠ ᠨᠡᠯᠢᠶᠡᠳ ᠲᠥᠪᠯᠡᠷᠡᠩᠭᠦᠢ ᠬᠦᠳᠡᠭᠡ ᠲᠤᠰᠬᠤᠨ ᠤ ᠵᠠᠰᠠᠮᠠᠯ ᠵᠠᠮ ᠤᠨ ᠲᠠᠬᠢᠷ ᠵᠠᠮ ᠡᠭᠴᠡ | ᠬᠥᠲᠥᠯ᠂ ᠤᠰᠤᠨ ᠬᠥᠪᠡᠭᠡ ᠬᠠᠳᠠᠨ ᠢᠷᠮᠡᠭ ᠵᠡᠷᠭᠡ ᠭᠤᠣᠯᠳᠠᠯᠭ᠎ᠠ ᠲᠠᠢ ᠵᠠᠮ ᠤᠨ ᠬᠡᠰᠡᠭ ᠤᠨ ᠠᠮᠤᠷ ᠲᠦᠪᠰᠢᠨ ᠤ | ᠭᠡᠮ ᠰᠣᠭᠤᠭ ᠢ ᠵᠠᠰᠠᠬᠤ ᠠᠵᠢᠯ ᠢ ᠪᠡᠶᠡᠯᠡᠭᠦᠯᠬᠦ ᠬᠡᠷᠡᠭᠲᠡᠢ᠃ | 2016 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠤᠯᠤᠰ ᠪᠠ ᠮᠤᠵᠢ ᠶᠢᠨ ᠭᠤᠣᠯ ᠱᠤᠭᠤᠮ ᠤᠨ | ᠵᠠᠰᠠᠮᠠᠯ ᠵᠠᠮ ᠤᠨ ᠲᠠᠬᠢᠷ ᠵᠠᠮ ᠡᠭᠴᠡ ᠬᠥᠲᠥᠯ᠂ ᠤᠰᠤᠨ ᠬᠥᠪᠡᠭᠡ ᠬᠠᠳᠠᠨ ᠢᠷᠮᠡᠭ᠂ ᠰᠢᠷᠣᠶ ᠥᠨᠳᠥᠷ ᠨᠡᠮᠡᠭᠰᠡᠨ | ᠵᠠᠮ ᠤᠨ ᠬᠡᠰᠡᠭ ᠤᠨ ᠠᠮᠤᠷ ᠲᠦᠪᠰᠢᠨ ᠤ ᠭᠡᠮ ᠰᠣᠭᠤᠭ ᠢ ᠵᠠᠰᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠬᠦ | ᠬᠡᠷᠡᠭᠲᠡᠢ᠃ | 2017 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠦᠳᠡᠭᠡ ᠲᠤᠰᠬᠤᠨ ᠤ ᠵᠠᠰᠠᠮᠠᠯ ᠵᠠᠮ ᠤᠨ ᠲᠠᠬᠢᠷ ᠵᠠᠮ | ᠡᠭᠴᠡ ᠬᠥᠲᠥᠯ᠂ ᠤᠰᠤᠨ ᠬᠥᠪᠡᠭᠡ ᠬᠠᠳᠠᠨ ᠢᠷᠮᠡᠭ ᠵᠡᠷᠭᠡ ᠭᠤᠣᠯᠳᠠᠯᠭ᠎ᠠ ᠲᠠᠢ ᠵᠠᠮ ᠤᠨ ᠬᠡᠰᠡᠭ ᠤᠨ ᠠᠮᠤᠷ | ᠲᠦᠪᠰᠢᠨ ᠤ ᠭᠡᠮ ᠰᠣᠭᠤᠭ ᠢ ᠵᠠᠰᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃ | 2020 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠰᠢᠶᠠᠨ ᠰᠢᠶᠠᠩ ᠤᠨ ᠵᠠᠰᠠᠮᠠᠯ ᠵᠠᠮ ᠤᠨ ᠠᠮᠤᠷ | ᠲᠦᠪᠰᠢᠨ ᠤ ᠭᠡᠮ ᠰᠣᠭᠤᠭ ᠢ ᠵᠠᠰᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠬᠦᠳᠡᠭᠡ ᠲᠤᠰᠬᠤᠨ ᠤ | ᠵᠠᠰᠠᠮᠠᠯ ᠵᠠᠮ ᠤᠨ ᠠᠮᠤᠷ ᠲᠥᠪᠰᠢᠨ ᠤ ᠰᠠᠭᠤᠷᠢ ᠪᠡᠯᠡᠳᠭᠡᠮᠵᠢ ᠶᠢ ᠢᠯᠡᠳᠲᠡ ᠰᠠᠶᠢᠵᠢᠷᠠᠭᠤᠯᠬᠤ ᠶᠢ ᠪᠡᠶᠡᠯᠡᠭᠦᠯᠵᠦ᠂ | ᠠᠮᠤᠷ ᠲᠦᠪᠰᠢᠨ ᠤ ᠬᠠᠮᠠᠭᠠᠯᠠᠯᠲᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠵᠠᠰᠠᠮᠠᠯ ᠵᠠᠮ ᠤᠨ ᠠᠮᠤᠷ | ᠲᠦᠪᠰᠢᠨ ᠤ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠶᠠᠷ᠂ ᠵᠠᠰᠠᠮᠠᠯ ᠵᠠᠮ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ | ᠪᠦᠬᠦ ᠲᠠᠯ᠎ᠠ ᠪᠠᠷ ᠦᠷᠨᠢᠭᠦᠯᠬᠦ ᠬᠡᠷᠡᠭᠲᠡᠢ | ︵ᠳᠦᠷᠪᠡ︶ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠮᠠᠨ ᠤ ᠤᠷᠤᠨ ᠤ | ᠡᠩ ᠤᠨ ᠵᠠᠰᠠᠮᠠᠯ ᠵᠠᠮ ᠤᠨ ᠠᠮᠤᠷ ᠲᠦᠪᠰᠢᠨ ᠤ ᠪᠠᠲᠤᠯᠠᠭ᠎ᠠ ᠶᠢᠨ ᠢᠨᠵᠧᠨᠧᠷᠢᠩ ᠬᠡᠷᠡᠭᠵᠢᠭᠦᠯᠦᠭᠰᠡᠨ ᠲᠤᠷᠰᠢᠯᠭ᠎ᠠ ᠶᠢ | ᠪᠦᠬᠦ ᠲᠠᠯ᠎ᠠ ᠪᠠᠷ ᠳ᠋ᠦᠩᠨᠡᠵᠦ᠂ ᠬᠠᠮᠢᠶ᠎ᠠ ᠪᠦᠬᠦᠢ ᠪᠠᠷᠢᠮᠵᠢᠶ᠎ᠠ ᠵᠢᠷᠤᠮᠵᠢᠯ ᠪᠠ ᠤᠷᠤᠨ ᠤ ᠳᠣᠲᠤᠷ᠎ᠠ ᠭᠠᠳᠠᠨᠠᠬᠢ ᠵᠠᠰᠠᠮᠠᠯ | ᠵᠠᠮ ᠤᠨ ᠠᠮᠤᠷ ᠲᠦᠪᠰᠢᠨ ᠤ ᠭᠡᠮ ᠰᠣᠭᠤᠭ ᠢ ᠵᠠᠰᠠᠬᠤ ᠰᠣᠳᠤᠯᠭᠠᠨ ᠤ ᠦᠷ᠎ᠡ ᠪᠦᠲᠦᠭᠡᠯ ᠢ ᠰᠢᠩᠭᠡᠭᠡᠨ ᠠᠪᠴᠤ᠂ | ᠠᠵᠢᠯ ᠤᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠵᠠᠰᠠᠮᠠᠯ ᠵᠠᠮ ᠤᠨ ᠠᠮᠤᠷ ᠲᠦᠪᠰᠢᠨ ᠤ ᠭᠡᠮ ᠰᠣᠭᠤᠭ ᠢ | ᠰᠡᠷᠭᠡᠶᠢᠯᠡᠨ ᠵᠠᠰᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ | ᠤᠷᠤᠨ ᠨᠤᠭᠤᠳ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠠᠷᠤᠮᠠᠯᠯᠠᠨ | ᠶᠠᠪᠤᠭᠤᠯᠤᠭᠰᠠᠨ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠣᠳᠣᠬᠢ ᠪᠠᠶᠢᠭ᠎ᠠ ᠵᠠᠰᠠᠮᠠᠯ ᠵᠠᠮ ᠳᠤ | ᠠᠮᠤᠷ ᠲᠦᠪᠰᠢᠨ ᠪᠠ ᠠᠮᠢ ᠨᠠᠰᠤ ᠶᠢᠨ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠲᠦᠰᠦᠯ︾ ᠤᠨ | ᠱᠠᠭᠠᠷᠳᠠᠯᠭ᠎ᠠ ᠶᠣᠰᠤᠭᠠᠷ᠂ ᠲᠤᠬᠠᠢ ᠶᠢᠨ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠬᠦᠴᠦᠨ ᠢ ᠵᠣᠬᠢᠶᠠᠨ | ᠪᠠᠶᠢᠭᠤᠯᠤᠨ ᠲᠤᠰ ᠵᠠᠰᠠᠭ ᠵᠠᠬᠢᠷᠭᠠᠨ ᠤ ᠤᠷᠤᠨ ᠳᠠᠬᠢ ᠵᠠᠰᠠᠮᠠᠯ ᠵᠠᠮ ᠤᠨ ᠠᠮᠤᠷ ᠲᠦᠪᠰᠢᠨ ᠤ ᠭᠡᠮ ᠰᠣᠭᠤᠭ ᠢ | ᠲᠦᠪᠯᠡᠷᠡᠭᠦᠯᠦᠨ ᠵᠢᠭᠰᠠᠭᠠᠨ ᠪᠠᠶᠢᠴᠠᠭᠠᠵᠤ᠂ ᠭᠡᠮ ᠰᠣᠭᠤᠭ ᠤᠨ ᠰᠠᠭᠤᠷᠢ ᠲᠤᠭ᠎ᠠ ᠲᠣᠳᠤᠷᠬᠠᠢ᠂ ᠡᠬᠡ ᠳᠠᠩᠰᠠ | ᠪᠦᠷᠢᠨ ᠲᠡᠭᠦᠯᠳᠡᠷ ᠪᠠᠶᠢᠬᠤ ᠶᠢ ᠭᠦᠢᠴᠡᠳᠭᠡᠬᠦ ᠬᠡᠷᠡᠭᠲᠡᠢ᠃ ᠬᠦᠳᠡᠯᠦᠩᠭᠦᠢ ᠪᠠᠷ ᠵᠢᠭᠰᠠᠭᠠᠨ ᠪᠠᠶᠢᠴᠠᠭᠠᠬᠤ | ᠲᠣᠭᠲᠠᠴᠠ ᠶᠢ ᠪᠠᠶᠢᠭᠤᠯᠬᠤ ᠶᠢᠨ ᠬᠠᠮᠲᠤ᠂ ᠵᠠᠰᠠᠮᠠᠯ ᠵᠠᠮ ᠤᠨ ᠳᠡᠰ ᠵᠡᠷᠭᠡ᠂ ᠵᠠᠮ ᠬᠠᠷᠢᠯᠴᠠᠭᠠᠨ ᠤ ᠨᠡᠪᠲᠡᠷᠡᠯᠭᠡ ᠶᠢᠨ | ᠬᠡᠮᠵᠢᠶ᠎ᠡ᠂ ᠠᠳᠡᠯ ᠤᠨ ᠳᠣᠬᠢᠶᠠᠯᠳᠤᠮᠵᠢ ᠵᠡᠷᠭᠡ ᠪᠠᠶᠢᠳᠠᠯ ᠢ ᠦᠨᠳᠦᠰᠦᠯᠡᠵᠦ᠂ ᠬᠦᠳᠡᠯᠦᠩᠭᠦᠢ ᠪᠠᠷ ᠵᠢᠭᠰᠠᠭᠠᠨ | ᠪᠠᠶᠢᠴᠠᠭᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ | ᠠᠷᠭ᠎ᠠ ᠪᠠᠷᠢᠯ ᠢ ᠠᠪᠴᠤ᠂ ᠵᠠᠰᠠᠮᠠᠯ ᠵᠠᠮ ᠤᠨ ᠠᠮᠤᠷ ᠲᠦᠪᠰᠢᠨ ᠤ ᠭᠡᠮ ᠰᠣᠭᠤᠭ ᠢ ᠬᠢᠨᠠᠨ ᠡᠵᠡᠮᠳᠡᠬᠦ ᠶᠢ | ᠴᠢᠩᠭᠠᠳᠬᠠᠬᠤ ᠬᠡᠷᠡᠭᠲᠡᠢ᠃ | ︵ᠲᠠᠪᠤ︶ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠵᠠᠰᠠᠮᠠᠯ ᠵᠠᠮ ᠤᠨ | ᠠᠮᠤᠷ ᠲᠦᠪᠰᠢᠨ ᠢ ᠵᠠᠰᠠᠬᠤ ᠲᠦᠰᠦᠯ ᠢ ᠬᠢᠨᠠᠮᠠᠭᠠᠶ ᠰᠣᠳᠤᠯᠤᠨ ᠲᠣᠭᠲᠠᠭᠠᠵᠤ᠂ ᠨᠢᠭᠡᠨᠲᠡ ᠵᠢᠭᠰᠠᠭᠠᠨ ᠪᠠᠶᠢᠴᠠᠭᠠᠭᠠᠳ | ᠭᠠᠷᠭᠠᠭᠰᠠᠨ ᠠᠮᠤᠷ ᠲᠦᠪᠰᠢᠨ ᠤ ᠭᠡᠮ ᠰᠣᠭᠤᠭ ᠢ ᠵᠠᠰᠠᠬᠤ ᠲᠦᠯᠦᠪᠯᠡᠭᠡ ᠳᠤ ᠣᠷᠤᠭᠤᠯᠵᠤ᠂ ᠬᠦᠨᠳᠦ | ᠨᠣᠴᠢᠲᠠᠢ ᠶᠢᠨ ᠬᠡᠮᠵᠢᠶ᠎ᠡ ᠪᠠᠷ ᠨᠢ ᠬᠦᠩᠭᠡᠨ ᠬᠦᠨᠳᠦ ᠠᠯᠭᠤᠷ ᠪᠠᠴᠢᠮ ᠢ ᠬᠤᠪᠢᠶᠠᠵᠤ᠂ ᠦᠪᠡᠷᠲᠡᠭᠡᠨ ᠵᠠᠰᠠᠬᠤ ᠤᠷᠤᠨ᠂ | ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤ ᠶᠢᠨ ᠨᠡᠷ᠎ᠡ ᠵᠢᠭᠠᠵᠦ ᠰᠢᠮᠳᠠᠭᠤᠯᠤᠨ ᠭᠦᠢᠴᠡᠳᠭᠡᠬᠦ | ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠶᠢᠨ ᠨᠢᠭᠡᠴᠡ ᠪᠠ ᠬᠠᠷᠢᠭᠤᠴᠠᠬᠤ ᠬᠦᠮᠦᠨ ᠵᠢᠴᠢ ᠴᠡᠭᠴᠡᠯᠡᠨ ᠵᠠᠰᠠᠬᠤ | ᠪᠡᠯᠡ ᠮᠦᠩᠭᠦ᠂ ᠲᠦᠰᠦᠯ᠂ ᠪᠡᠶᠡᠯᠡᠭᠦᠯᠬᠦ ᠴᠠᠭ ᠬᠢᠵᠠᠭᠠᠷ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠠᠯᠬᠤᠮ | ᠠᠯᠬᠤᠮ ᠢᠶᠠᠷ ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠬᠤ ᠴᠠᠭ ᠬᠢᠵᠠᠭᠠᠷ ᠢ ᠨᠢ ᠲᠣᠳᠤᠷᠬᠠᠶᠢᠯᠠᠭᠰᠠᠨ ᠵᠠᠰᠠᠮᠠᠯ | ᠵᠠᠮ ᠤᠨ ᠠᠮᠤᠷ ᠲᠦᠪᠰᠢᠨ ᠤ ᠭᠡᠮ ᠰᠣᠭᠤᠭ ᠲᠤ᠂ ︽ᠵᠠᠰᠠᠮᠠᠯ ᠵᠠᠮ ᠤᠨ ᠠᠮᠤᠷ ᠲᠦᠪᠰᠢᠨ ᠪᠠ ᠠᠮᠢ ᠨᠠᠰᠤᠨ ᠤ | ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠮᠡᠷᠭᠡᠵᠢᠯ ᠤᠨ ᠵᠦᠭᠯᠡᠭᠦᠷ︾ ᠤᠨ ᠱᠠᠭᠠᠷᠳᠠᠯᠭ᠎ᠠ ᠶᠣᠰᠤᠭᠠᠷ᠂ | ᠭᠤᠣᠯᠳᠠᠯᠭ᠎ᠠ ᠲᠠᠢ ᠴᠡᠭᠴᠡᠯᠡᠨ ᠵᠠᠰᠠᠬᠤ ᠶᠢ ᠬᠡᠷᠡᠭᠵᠢᠭᠦᠯᠬᠦ ᠶᠢᠨ ᠬᠠᠮᠲᠤ ᠪᠠᠲᠤᠯᠠᠭ᠎ᠠ ᠪᠠᠨ ᠪᠣᠳᠠᠲᠠᠶᠢᠵᠢᠭᠤᠯᠬᠤ | ᠬᠡᠷᠡᠭᠲᠡᠢ᠃ | ︵ᠵᠢᠷᠭᠤᠭ᠎ᠠ︶ ᠡᠯ᠎ᠡ ᠭᠠᠵᠠᠷ ᠤᠷᠤᠨ ᠨᠤᠭᠤᠳ ᠲᠤᠰ ᠭᠠᠵᠠᠷ ᠤᠷᠤᠨ ᠤ ᠠᠵᠤ ᠠᠬᠤᠢ ᠨᠡᠶᠢᠭᠡᠮ ᠤᠨ | ᠬᠦᠭᠵᠢᠯᠲᠡ ᠶᠢᠨ ᠣᠳᠣᠬᠢ ᠪᠠᠶᠢᠳᠠᠯ ᠵᠢᠴᠢ ᠵᠠᠰᠠᠮᠠᠯ ᠵᠠᠮ ᠤᠨ ᠠᠵᠢᠯᠯᠠᠭᠠᠨ ᠤ ᠪᠠᠶᠢᠳᠠᠯ᠂ ᠠᠳᠡᠯ ᠤᠨ ᠣᠨᠴᠠᠯᠢᠭ | ᠰᠢᠨᠵᠢ᠂ ᠵᠠᠮ ᠬᠠᠷᠢᠯᠴᠠᠭᠠᠨ ᠤ ᠨᠡᠪᠲᠡᠷᠡᠯᠭᠡ ᠶᠢᠨ ᠬᠡᠮᠵᠢᠶ᠎ᠡ ᠵᠡᠷᠭᠡ ᠪᠣᠳᠠᠲᠤ ᠪᠠᠶᠢᠳᠠᠯ ᠢ ᠦᠨᠳᠦᠰᠦᠯᠡᠵᠦ᠂ ᠵᠠᠰᠠᠮᠠᠯ | ᠵᠠᠮ ᠢ ᠥᠭᠡᠷᠡᠴᠢᠯᠡᠨ ᠵᠠᠰᠠᠬᠤ ᠬᠡᠷᠡᠭᠴᠡᠭᠡ ᠱᠠᠭᠠᠷᠳᠠᠯᠭ᠎ᠠ ᠶᠢ ᠰᠣᠳᠤᠯᠤᠨ ᠮᠠᠭᠠᠳᠯᠠᠵᠤ᠂ ᠦᠨᠡᠨᠬᠦ | ᠬᠡᠷᠡᠭᠵᠢᠭᠦᠯᠦᠭᠦᠰᠢᠲᠡᠢ ᠦᠭᠡᠷᠡᠴᠢᠯᠡᠨ ᠵᠠᠰᠠᠬᠤ ᠲᠥᠰᠦᠯ᠂ ᠲᠦᠯᠦᠪᠯᠡᠭᠡ ᠶᠢ ᠲᠣᠭᠲᠠᠭᠠᠬᠤ ᠶᠢᠨ ᠳᠠᠭᠠᠤ ᠰᠢᠨᠵᠢᠯᠡᠬᠦ | ᠤᠬᠠᠭᠠᠨᠴᠢ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠵᠠᠰᠠᠮᠠᠯ ᠵᠠᠮ ᠤᠨ ᠠᠮᠤᠷ ᠲᠦᠪᠰᠢᠨ ᠤ ᠭᠡᠮ | ᠰᠣᠭᠤᠭ ᠢ ᠵᠠᠰᠠᠵᠤ ᠳᠠᠭᠤᠰᠤᠭᠰᠠᠨ ᠤ ᠳᠠᠷᠠᠭ᠎ᠠ᠂ ᠳᠡᠰ ᠳᠠᠷᠠᠭᠠᠯᠠᠯ ᠶᠣᠰᠤᠭᠠᠷ ᠢᠨᠵᠧᠨᠧᠷᠢᠩ ᠢ ᠰᠢᠯᠭᠠᠨ ᠬᠤᠷᠢᠶᠠᠨ | ᠠᠪᠬᠤ ᠶᠢ ᠵᠣᠬᠢᠶᠠᠨ ᠪᠠᠶᠢᠭᠤᠯᠵᠤ᠂ ᠭᠡᠮ ᠰᠣᠭᠤᠭ ᠤᠨ ᠵᠠᠰᠠᠯᠲᠠ ᠨᠢ ᠠᠮᠤᠷ ᠲᠦᠪᠰᠢᠨ ᠤ ᠱᠠᠭᠠᠷᠳᠠᠯᠭ᠎ᠠ ᠳᠤ | ᠨᠡᠶᠢᠴᠡᠭᠰᠡᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠡᠷ᠎ᠡ ᠵᠢᠭᠠᠵᠦ ᠰᠢᠮᠳᠠᠭᠤᠯᠤᠨ ᠭᠦᠢᠴᠡᠳᠭᠡᠬᠦ ᠳᠤ | ᠣᠷᠤᠭᠰᠠᠨ ᠵᠠᠰᠠᠮᠠᠯ ᠵᠠᠮ ᠤᠨ ᠠᠮᠤᠷ ᠲᠦᠪᠰᠢᠨ ᠤ ᠭᠡᠮ ᠰᠣᠭᠤᠭ ᠲᠤ᠂ ᠭᠡᠮ ᠰᠣᠭᠤᠭ ᠢ ᠵᠠᠰᠠᠵᠤ ᠳᠠᠭᠤᠰᠤᠭᠰᠠᠨ ᠤ | ᠳᠠᠷᠠᠭ᠎ᠠ ᠵᠠᠰᠠᠭᠰᠠᠨ ᠦᠷ᠎ᠡ ᠪᠦᠲᠦᠮᠵᠢ ᠶᠢ ᠨᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠡᠯ᠎ᠡ | ᠲᠦᠷᠦᠯ ᠤᠨ ᠵᠠᠰᠠᠮᠠᠯ ᠵᠠᠮ ᠤᠨ ᠭᠡᠮ ᠰᠣᠭᠤᠭ ᠤᠨ ᠵᠠᠰᠠᠯᠲᠠ ᠨᠢ ᠱᠠᠭᠠᠷᠳᠠᠯᠭ᠎ᠠ ᠳᠤ ᠦᠯᠦ ᠬᠦᠷᠦᠭᠰᠡᠨ ᠪᠠᠶᠢᠪᠠᠯ᠂ | ᠦᠷᠭᠦᠯᠵᠢᠯᠡᠨ ᠨᠡᠷ᠎ᠡ ᠵᠢᠭᠠᠵᠦ ᠰᠢᠮᠳᠠᠭᠤᠯᠤᠨ ᠭᠦᠢᠴᠡᠳᠭᠡᠯᠭᠡᠬᠦ ᠬᠡᠷᠡᠭᠲᠡᠢ᠃ ᠵᠠᠰᠠᠮᠠᠯ ᠵᠠᠮ ᠤᠨ ᠠᠮᠤᠷ ᠲᠦᠪᠰᠢᠨ ᠤ | ᠭᠡᠮ ᠰᠣᠭᠤᠭ ᠤᠨ ᠵᠠᠰᠠᠯᠲᠠ ᠨᠢ ᠱᠠᠭᠠᠷᠳᠠᠯᠭ᠎ᠠ ᠳᠤ ᠦᠯᠦ ᠬᠦᠷᠦᠭᠰᠡᠨ ᠬᠦᠳᠡᠭᠡ ᠲᠤᠰᠬᠤᠨ ᠤ ᠵᠠᠰᠠᠮᠠᠯ ᠵᠠᠮ ᠳᠤ | ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠣᠭᠤᠮ ᠨᠡᠪᠲᠡᠷᠡᠭᠦᠯᠵᠦ ᠪᠣᠯᠬᠤ ᠦᠭᠡᠢ᠂ ᠨᠢᠭᠡᠨᠲᠡ | ᠨᠡᠪᠲᠡᠷᠡᠭᠦᠯᠦᠭᠰᠡᠨ ᠪᠠᠶᠢᠪᠠᠯ ᠡᠵᠡᠩᠨᠡᠯᠲᠡ ᠶᠢ ᠨᠢ ᠳᠠᠷᠦ᠋ᠢᠬᠠᠨ ᠵᠣᠭᠰᠤᠭᠠᠬᠤ ᠬᠡᠷᠡᠭᠲᠡᠢ᠃ | ︵ᠳᠣᠯᠤᠭ᠎ᠠ︶ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠨᠢ ᠵᠠᠰᠠᠮᠠᠯ ᠵᠠᠮ ᠤᠨ ᠠᠮᠤᠷ | ᠲᠦᠪᠰᠢᠨ ᠤ ᠪᠡᠯᠡᠳᠭᠡᠮᠵᠢ ᠶᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠬᠡᠪᠴᠢᠶ᠎ᠡ ᠳᠤ ᠣᠷᠤᠭᠤᠯᠵᠤ᠂ ᠠᠮᠤᠷ | ᠲᠦᠪᠰᠢᠨ ᠤ ᠪᠡᠯᠡᠳᠭᠡᠮᠵᠢ ᠶᠢᠨ ᠬᠡᠷᠡᠭᠯᠡᠯᠲᠡ ᠶᠢᠨ ᠴᠠᠭ ᠬᠤᠭᠤᠴᠠᠭ᠎ᠠ ᠶᠢ ᠦᠨᠳᠦᠰᠦᠯᠡᠨ ᠲᠣᠭᠲᠠᠮᠠᠯ | ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠵᠤ ᠰᠢᠨᠡᠳᠭᠡᠬᠦ ᠬᠡᠷᠡᠭᠲᠡᠢ᠃ ᠠᠮᠤᠷ ᠲᠦᠪᠰᠢᠨ ᠤ ᠪᠡᠯᠡᠳᠭᠡᠮᠵᠢ ᠶᠢᠨ | ᠴᠢᠳᠠᠮᠵᠢ ᠨᠢ ᠰᠢᠨ᠎ᠡ ᠪᠠᠶᠢᠳᠠᠯ ᠳᠤ ᠵᠣᠬᠢᠴᠠᠬᠤ ᠦᠭᠡᠢ ᠪᠠᠶᠢᠪᠠᠯ᠂ ᠵᠠᠰᠠᠮᠠᠯ ᠵᠠᠮ ᠤᠨ ᠠᠮᠤᠷ ᠲᠦᠪᠰᠢᠨ ᠤ ᠭᠡᠮ | ᠰᠣᠭᠤᠭ ᠢ ᠵᠠᠰᠠᠬᠤ ᠲᠦᠯᠦᠪᠵᠢᠭᠦᠯᠭᠡ ᠲᠠᠢ ᠤᠶᠠᠯᠳᠤᠭᠤᠯᠤᠨ ᠴᠠᠭ ᠲᠤᠬᠠᠢ ᠳᠤᠨᠢ ᠳᠡᠰ ᠳᠡᠪᠰᠢᠭᠦᠯᠦᠨ | ᠥᠭᠡᠷᠡᠴᠢᠯᠡᠨ ᠵᠠᠰᠠᠬᠤ ᠬᠡᠷᠡᠭᠲᠡᠢ︔ ᠠᠮᠤᠷ ᠲᠦᠪᠰᠢᠨ ᠤ ᠪᠡᠯᠡᠳᠭᠡᠮᠵᠢ ᠡᠪᠳᠡᠭᠳᠡᠵᠦ ᠰᠦᠢᠳᠬᠡᠭᠳᠡᠭᠰᠡᠨ ᠪᠠᠶᠢᠪᠠᠯ ᠴᠠᠭ | ᠲᠤᠬᠠᠢ ᠳᠤᠨᠢ ᠰᠡᠯᠪᠢᠨ ᠰᠡᠷᠭᠦᠭᠡᠬᠦ ᠬᠡᠷᠡᠭᠲᠡᠢ᠃ ᠵᠠᠰᠠᠮᠠᠯ ᠵᠠᠮ ᠤᠨ ᠳᠡᠰ ᠵᠡᠷᠭᠡ᠂ ᠵᠠᠮ ᠬᠠᠷᠢᠯᠴᠠᠭᠠᠨ ᠤ | ᠨᠡᠪᠲᠡᠷᠡᠯᠭᠡ ᠶᠢᠨ ᠬᠡᠮᠵᠢᠶ᠎ᠡ᠂ ᠠᠳᠡᠯ ᠤᠨ ᠳᠣᠬᠢᠶᠠᠯᠳᠤᠮᠵᠢ ᠵᠡᠷᠭᠡ ᠪᠠᠶᠢᠳᠠᠯ ᠢ ᠦᠨᠳᠦᠰᠦᠯᠡᠵᠦ᠂ ᠬᠦᠳᠡᠯᠦᠩᠭᠦᠢ ᠪᠠᠷ | ᠵᠢᠭᠰᠠᠭᠠᠨ ᠪᠠᠶᠢᠴᠠᠭᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠳᠠᠪᠲᠠᠨ ᠪᠠᠶᠢᠴᠠᠭᠠᠬᠤ ᠶᠢ ᠪᠠᠷᠢᠮᠳᠠᠯᠠᠵᠤ᠂ ᠵᠠᠰᠠᠮᠠᠯ | ᠵᠠᠮ ᠵᠢᠴᠢ ᠲᠡᠭᠦᠨ ᠤ ᠬᠠᠷᠢᠶᠠᠲᠤ ᠪᠡᠯᠡᠳᠭᠡᠮᠵᠢ ᠶᠢᠨ ᠰᠠᠶᠢᠨ ᠮᠡᠷᠭᠡᠵᠢᠯ ᠤᠨ ᠪᠠᠶᠢᠳᠠᠯ ᠳᠤ ᠪᠠᠶᠢᠬᠤ ᠶᠢ ᠥᠨᠡᠨᠬᠦ | ᠪᠠᠲᠤᠯᠠᠬᠤ ᠬᠡᠷᠡᠭᠲᠡᠢ᠃ ᠰᠠᠯᠠᠭ᠎ᠠ ᠮᠦᠴᠢᠷ ᠤᠳ ᠤᠨ ᠬᠠᠮᠲᠤᠷᠠᠨ ᠴᠡᠭᠴᠡᠯᠡᠨ ᠵᠠᠰᠠᠬᠤ ᠡᠷᠴᠢᠮ ᠢ ᠴᠢᠩᠭᠠᠳᠬᠠᠵᠤ᠂ | ᠵᠠᠰᠠᠮᠠᠯ ᠵᠠᠮ ᠤᠨ ᠠᠮᠤᠷ ᠲᠦᠪᠰᠢᠨ ᠤ ᠪᠡᠯᠡᠳᠭᠡᠮᠵᠢ ᠶᠢ ᠬᠤᠯᠠᠭᠠᠶᠢᠯᠠᠭᠰᠠᠨ ᠬᠠᠤᠯᠢ ᠠᠴᠠ ᠵᠦᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠵᠠᠯᠬᠠᠭᠠᠨ ᠰᠢᠳᠬᠡᠬᠦ ᠬᠡᠷᠡᠭᠲᠡᠢ᠃ | ᠭᠤᠷᠪᠠ᠂ ᠵᠠᠰᠠᠮᠠᠯ ᠵᠠᠮ ᠤᠨ ᠢᠨᠵᠧᠨᠧᠷᠢᠩ ᠤᠨ ᠠᠮᠤᠷ ᠲᠦᠪᠰᠢᠨ ᠤ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭ᠎ᠠ ᠵᠢᠷᠤᠮᠵᠢᠭᠤᠯᠬᠤ ᠬᠡᠷᠡᠭᠲᠡᠢ | ︵ᠨᠠᠢᠮᠠ︶ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠣᠳᠣᠬᠢ ᠪᠠᠶᠢᠭ᠎ᠠ ᠵᠠᠰᠠᠮᠠᠯ ᠵᠠᠮ ᠤᠨ | ᠢᠨᠵᠧᠨᠧᠷᠢᠩ ᠤᠨ ᠪᠠᠷᠢᠮᠵᠢᠶ᠎ᠠ ᠲᠣᠭᠲᠠᠭᠠᠯ ᠢ ᠡᠮᠬᠢᠯᠡᠨ ᠨᠡᠶᠢᠯᠡᠭᠦᠯᠵᠦ᠂ ᠡᠯ᠎ᠡ ᠭᠠᠵᠠᠷ ᠤᠷᠤᠨ ᠤ ᠲᠤᠷᠰᠢᠯᠭ᠎ᠠ ᠠᠷᠭ᠎ᠠ | ᠪᠠᠷᠢᠯ ᠢ ᠰᠢᠩᠭᠡᠭᠡᠨ ᠠᠪᠴᠤ᠂ ᠵᠠᠰᠠᠮᠠᠯ ᠵᠠᠮ ᠤᠨ ᠢᠨᠵᠧᠨᠧᠷᠢᠩ ᠤᠨ ᠮᠡᠷᠭᠡᠵᠢᠯ ᠤᠨ ᠪᠠᠷᠢᠮᠵᠢᠶ᠎ᠠ ᠶᠢᠨ ᠬᠦᠳᠡᠯᠦᠩᠭᠦᠢ | ᠬᠦᠭᠵᠢᠯᠲᠡ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ᠨᠡᠶᠢᠲᠡᠯᠡᠭᠰᠡᠨ ᠬᠠᠮᠤᠭ ᠤᠨ ᠰᠢᠨ᠎ᠡ ︽ᠵᠠᠰᠠᠮᠠᠯ ᠵᠠᠮ ᠤᠨ ᠢᠨᠵᠧᠨᠧᠷᠢᠩ ᠤᠨ ᠮᠡᠷᠭᠡᠵᠢᠯ ᠤᠨ | ᠪᠠᠷᠢᠮᠵᠢᠶ᠎ᠠ︾ ︵JTGB01 - 2014︶ ᠪᠠᠷ ᠦᠨᠳᠦᠰᠦ ᠪᠠᠷᠢᠮᠳᠠ ᠪᠣᠯᠭᠠᠵᠤ᠂ ᠬᠦᠳᠡᠭᠡ ᠲᠤᠰᠬᠤᠨ᠂ | ᠮᠠᠯᠵᠢᠬᠤ ᠤᠷᠤᠨ᠂ ᠰᠢᠭᠤᠶᠢᠲᠤ ᠣᠷᠣᠨ᠂ ᠠᠭᠤᠯᠠᠷᠬᠠᠭ ᠤᠷᠤᠨ ᠤ ᠪᠣᠳᠠᠲᠤ ᠪᠠᠶᠢᠳᠠᠯ ᠵᠢᠴᠢ ᠣᠳᠣᠬᠢ ᠪᠠᠶᠢᠭ᠎ᠠ | ᠵᠠᠰᠠᠮᠠᠯ ᠵᠠᠮ ᠤᠨ ᠠᠳᠡᠯ ᠤᠯᠠᠨ ᠭᠠᠷᠳᠠᠭ ᠵᠠᠮ ᠤᠨ ᠬᠡᠰᠡᠭ ᠯᠦᠭᠡ ᠤᠶᠠᠯᠳᠤᠭᠤᠯᠤᠨ ᠤᠴᠢᠷ ᠰᠢᠯᠲᠠᠭᠠᠨ ᠢ ᠨᠢ | ᠵᠠᠳᠠᠯᠤᠨ ᠰᠢᠨᠵᠢᠵᠦ᠂ ᠵᠠᠰᠠᠮᠠᠯ ᠵᠠᠮ ᠤᠨ ᠢᠨᠵᠧᠨᠧᠷᠢᠩ ᠤᠨ ᠮᠡᠷᠭᠡᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠢ᠃ | ︵ᠶᠢᠰᠦ︶ ᠡᠯ᠎ᠡ ᠭᠠᠵᠠᠷ ᠤᠷᠤᠨ ᠤ ᠰᠢᠨ᠎ᠡ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠬᠡᠨ | ᠪᠠᠶᠢᠭᠤᠯᠬᠤ ᠵᠠᠰᠠᠮᠠᠯ ᠵᠠᠮ ᠳᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ | ᠬᠢᠬᠦ ᠳᠡᠭᠡᠨ ᠬᠤᠯᠪᠤᠭᠳᠠᠯ ᠪᠦᠬᠦᠢ ᠱᠠᠭᠠᠷᠳᠠᠯᠭ᠎ᠠ ᠶᠣᠰᠤᠭᠠᠷ ᠬᠢᠨᠠᠮᠠᠭᠠᠶ ᠲᠦᠰᠦᠭᠡᠯᠡᠨ ᠪᠣᠳᠤᠬᠤ ᠶᠢᠨ ᠬᠠᠮᠲᠤ ᠵᠠᠰᠠᠮᠠᠯ | ᠵᠠᠮ ᠤᠨ ᠠᠮᠤᠷ ᠲᠦᠪᠰᠢᠨ ᠤ ᠪᠡᠯᠡᠳᠬᠡᠮᠵᠢ ᠶᠢᠨ ᠵᠠᠷᠤᠳᠠᠯ ᠢ ᠪᠣᠳᠤᠵᠤ ᠵᠢᠭᠰᠠᠭᠠᠬᠤ ᠬᠡᠷᠡᠭᠲᠡᠢ᠃ ᠬᠢᠨᠠᠨ ᠵᠦᠪᠰᠢᠶᠡᠷᠡᠬᠦ | ᠰᠠᠯᠠᠭ᠎ᠠ ᠮᠦᠴᠢᠷ ᠨᠢ ᠴᠢᠬᠤᠯᠠ ᠪᠦᠬᠦᠢ ᠬᠢᠨᠠᠨ ᠬᠠᠷᠭᠤᠭᠤᠯᠤᠯᠲᠠ ᠬᠢᠵᠦ᠂ ᠡᠯ᠎ᠡ ᠲᠦᠷᠦᠯ ᠤᠨ ᠵᠠᠰᠠᠮᠠᠯ ᠵᠠᠮ ᠤᠨ | ᠠᠮᠤᠷ ᠲᠦᠪᠰᠢᠨ ᠤ ᠪᠡᠯᠡᠳᠭᠡᠮᠵᠢ ᠶᠢᠨ ᠪᠠᠶᠢᠷᠢᠯᠠᠭᠤᠯᠤᠯᠲᠠ ᠶᠢ ᠵᠢᠷᠤᠮᠵᠢᠭᠤᠯᠵᠤ᠂ ᠵᠠᠰᠠᠮᠠᠯ ᠵᠠᠮ ᠤᠨ ᠠᠮᠤᠷ | ᠲᠦᠪᠰᠢᠨ ᠤ ᠪᠡᠯᠡᠳᠭᠡᠮᠵᠢ ᠶᠢᠨ ᠪᠠᠶᠢᠷᠢᠯᠠᠭᠤᠯᠤᠯᠲᠠ ᠨᠢ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠵᠢᠴᠢ ᠠᠮᠢ | ᠨᠠᠰᠤᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠢᠨᠵᠧᠨᠧᠷᠢᠩ ᠤᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨᠬᠦ | ᠪᠠᠲᠤᠯᠠᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠬᠢᠨᠠᠯᠳᠠ ᠲᠠᠯᠪᠢᠵᠤ ᠬᠠᠮᠢᠶᠠᠷᠬᠤ ᠪᠠᠨ | ᠴᠢᠩᠭᠠᠳᠬᠠᠵᠤ᠂ ᠵᠠᠰᠠᠮᠠᠯ ᠵᠠᠮ ᠤᠨ ᠠᠮᠤᠷ ᠲᠦᠪᠰᠢᠨ ᠤ ᠪᠡᠯᠡᠳᠭᠡᠮᠵᠢ ᠶᠢᠨ ᠪᠡᠯᠡ ᠣᠷᠤᠭᠤᠯᠤᠯᠲᠠ ᠶᠢ ᠲᠤᠭ᠎ᠠ | ᠶᠣᠰᠤᠭᠠᠷ ᠨᠢ ᠪᠣᠳᠠᠲᠠᠢ ᠨᠠᠶᠢᠳᠠᠪᠤᠷᠢᠵᠢᠭᠤᠯᠬᠤ ᠶᠢᠨ ᠬᠠᠮᠲᠤ ᠵᠡᠷᠭᠡᠪᠡᠷ ᠪᠠᠶᠢᠭᠤᠯᠵᠤ ᠳᠠᠭᠤᠰᠬᠠᠬᠤ ᠶᠢ ᠦᠨᠡᠨᠬᠦ | ᠪᠠᠲᠤᠯᠠᠬᠤ ᠬᠡᠷᠡᠭᠲᠡᠢ᠃ ᠤᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠨᠢ ᠬᠦᠳᠡᠭᠡ | ᠲᠤᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠤ ᠪᠡᠯᠡᠳᠭᠡᠮᠵᠢ ᠶᠢᠨ ᠤᠷᠤᠭᠤᠯᠤᠯᠲᠠ ᠶᠢ ᠪᠠᠲᠤᠯᠠᠵᠤ᠂ ᠬᠦᠳᠡᠭᠡ | ᠲᠤᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠤ ᠪᠡᠯᠡᠳᠭᠡᠮᠵᠢ ᠨᠢ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ | ᠵᠢᠴᠢ ᠠᠮᠢ ᠨᠠᠰᠤ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠢᠨᠵᠧᠨᠧᠷᠢᠩ ᠤᠨ ᠱᠠᠭᠠᠷᠳᠠᠯᠭ᠎ᠠ ᠳᠤ ᠨᠡᠶᠢᠴᠡᠬᠦ ᠶᠢ | ᠦᠨᠡᠨᠬᠦ ᠪᠠᠲᠤᠯᠠᠬᠤ ᠬᠡᠷᠡᠭᠲᠡᠢ᠃ ᠬᠤᠲᠠ ᠶᠢᠨ ᠣᠷᠤᠵᠤ ᠭᠠᠷᠬᠤ ᠭᠠᠵᠠᠷ᠂ ᠵᠢᠭᠤᠯᠴᠢᠯᠠᠯ ᠤᠨ ᠵᠠᠰᠠᠮᠠᠯ ᠵᠠᠮ | ᠵᠡᠷᠭᠡ ᠶᠢᠨ ᠢᠯᠡ ᠭᠠᠵᠠᠷ ᠲᠤ ᠵᠢᠷᠤᠮᠵᠢᠭᠰᠠᠨ ᠪᠦᠭᠡᠳ ᠵᠦᠢ ᠵᠣᠬᠢᠰᠲᠠᠢ ᠵᠠᠮ ᠬᠠᠷᠢᠯᠴᠠᠭᠠᠨ ᠤ ᠵᠢᠭᠠᠬᠤ ᠲᠡᠮᠳᠡᠭ ᠢ | ᠪᠠᠶᠢᠷᠢᠯᠠᠭᠤᠯᠬᠤ ᠬᠡᠷᠡᠭᠲᠡᠢ᠃ ᠳᠡᠭᠡᠳᠦ ᠱᠠᠲᠤᠨ ᠤ ᠠᠷᠠᠳ ᠤᠨ ᠵᠠᠰᠠᠭ ᠤᠨ ᠤᠷᠳᠤᠨ ᠨᠢ ᠳᠣᠣᠷᠠᠳᠤ ᠱᠠᠲᠤᠨ ᠤ | ᠠᠷᠠᠳ ᠤᠨ ᠵᠠᠰᠠᠭ ᠤᠨ ᠤᠷᠳᠤᠨ ᠤ ᠬᠥᠳᠡᠭᠡ ᠲᠤᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠤ ᠪᠡᠯᠡᠳᠭᠡᠮᠵᠢ ᠶᠢ | ᠪᠦᠲᠦᠭᠡᠨ ᠪᠠᠶᠢᠭᠤᠯᠬᠤ ᠶᠢᠨ ᠤᠷᠤᠭᠤᠯᠤᠯᠲᠠ ᠶᠢ ᠪᠠᠲᠤᠯᠠᠬᠤ ᠳᠤ ᠬᠢᠨᠠᠯᠲᠠ ᠲᠠᠯᠪᠢᠯᠲᠠ ᠪᠠᠨ ᠴᠢᠩᠭᠠᠳᠬᠠᠵᠤ᠂ | ᠬᠠᠭᠤᠴᠢᠨ ᠳᠠᠩᠰᠠ ᠪᠠᠨ ᠪᠦᠷᠢᠨ ᠨᠦᠬᠦᠪᠦᠷᠢᠯᠡᠬᠦ ᠶᠢᠨ ᠬᠠᠮᠲᠤ ᠰᠢᠨ᠎ᠡ ᠥᠷᠢ ᠰᠢᠷᠢ ᠭᠠᠷᠭᠠᠬᠤ ᠦᠭᠡᠢ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠢ᠃ | ︵ᠠᠷᠪᠠ︶ ᠡᠯ᠎ᠡ ᠱᠠᠲᠤᠨ ᠤ ᠬᠦᠭᠵᠢᠭᠦᠯᠦᠯᠲᠡ ᠦᠭᠡᠷᠡᠴᠢᠯᠡᠯᠳᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠰᠠᠯᠠᠭ᠎ᠠ ᠮᠦᠴᠢᠷ ᠤᠳ ᠠᠶᠤᠯ ᠦᠭᠡᠢ ᠦᠢᠯᠡᠳᠪᠦᠷᠢᠯᠡᠯ ᠤᠨ ︽ᠭᠤᠷᠪᠠ ᠶᠢ ᠵᠡᠷᠭᠡ ᠳᠤᠨᠢ ᠪᠠᠶᠢᠯᠭᠠᠬᠤ︾ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠬᠡᠨ | ᠪᠠᠶᠢᠭᠤᠯᠬᠤ ᠵᠠᠰᠠᠮᠠᠯ ᠵᠠᠮ ᠤᠨ ᠲᠦᠷᠦᠯ ᠵᠦᠢᠯ ︵ᠬᠦᠳᠡᠭᠡ ᠲᠤᠰᠬᠤᠨ ᠤ ᠵᠠᠰᠠᠮᠠᠯ ᠵᠠᠮ ᠪᠠᠭᠲᠠᠨ᠎ᠠ︶ ᠨᠢ ᠠᠮᠤᠷ | ᠲᠦᠪᠰᠢᠨ ᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠡᠷᠬᠡᠪᠰᠢ ᠭᠦᠢᠴᠡᠳ ᠪᠣᠳᠤᠯᠬᠢᠯᠠᠵᠤ᠂ ᠠᠮᠤᠷ | ᠲᠦᠪᠰᠢᠨ ᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ | ︽ᠵᠡᠷᠭᠡ ᠳᠤᠨᠢ ᠵᠢᠷᠤᠭᠯᠠᠨ ᠲᠦᠯᠦᠪᠯᠡᠵᠦ᠂ ᠵᠡᠷᠭᠡ ᠳᠤᠨᠢ ᠪᠦᠲᠦᠭᠡᠨ ᠪᠠᠶᠢᠭᠤᠯᠵᠤ᠂ ᠵᠡᠷᠬᠡ ᠳᠤᠨᠢ ᠠᠰᠢᠭᠯᠠᠯᠲᠠ ᠳᠤ | ᠤᠷᠤᠭᠤᠯᠬᠤ︾ ᠶᠢ ᠭᠦᠢᠴᠡᠳᠭᠡᠬᠦ ᠬᠡᠷᠡᠭᠲᠡᠢ᠃ ᠵᠠᠰᠠᠮᠠᠯ ᠵᠠᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠬᠤ | ᠨᠢᠭᠡᠴᠡ ᠠᠴᠠ ᠲᠦᠷᠦᠯ ᠵᠦᠢᠯ ᠤᠨ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ | ᠦᠶᠡᠰ᠂ ᠵᠠᠰᠠᠮᠠᠯ ᠵᠠᠮ ᠤᠨ ᠠᠮᠤᠷ ᠲᠦᠪᠰᠢᠨ ᠤ ᠴᠢᠨᠠᠷ ᠢ ᠭᠦᠢᠴᠡᠳ ᠪᠣᠳᠤᠯᠬᠢᠯᠠᠭᠰᠠᠨ ᠪᠠᠶᠢᠵᠤ᠂ ᠵᠠᠰᠠᠮᠠᠯ ᠵᠠᠮ ᠤᠨ | ᠠᠮᠤᠷ ᠲᠦᠪᠰᠢᠨ ᠤ ᠪᠡᠯᠡᠳᠭᠡᠮᠵᠢ ᠶᠢ ᠪᠦᠲᠦᠭᠡᠨ ᠪᠠᠶᠢᠭᠤᠯᠬᠤ ᠲᠤᠰᠬᠠᠢ ᠬᠠᠭᠤᠳᠠᠰᠤ ᠶᠢ ᠲᠣᠭᠲᠠᠭᠠᠬᠤ ᠬᠡᠷᠡᠭᠲᠡᠢ᠃ | ᠵᠢᠷᠤᠭᠯᠠᠨ ᠲᠦᠯᠦᠪᠯᠡᠭᠰᠡᠨ ᠨᠢᠭᠡᠴᠡ ᠨᠢ ᠪᠣᠯᠣᠮᠵᠢᠲᠤ ᠰᠣᠳᠤᠯᠭᠠᠨ ᠤ ᠮᠡᠳᠡᠭᠦᠯᠦᠯᠲᠡ ᠶᠢ ᠴᠢᠩᠭ᠎ᠠ ᠦᠨᠳᠦᠰᠦᠯᠡᠨ | ᠵᠢᠷᠤᠭᠯᠠᠨ ᠲᠦᠯᠦᠪᠯᠡᠵᠦ᠂ ᠠᠮᠤᠷ ᠲᠥᠪᠰᠢᠨ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ︔ | ᠬᠡᠷᠡᠭᠵᠢᠭᠦᠯᠬᠦ ᠱᠠᠲᠤᠨ ᠳᠤ ᠵᠢᠷᠤᠭ ᠲᠦᠯᠦᠪᠯᠡᠭᠡ ᠪᠠᠨ ᠪᠦᠬᠦᠨ ᠢ ᠲᠤᠰᠢᠶᠠᠬᠤ ᠪᠠ ᠲᠤᠬᠠᠢ ᠶᠢᠨ ᠲᠠᠯᠠᠪᠠᠢ ᠳᠤ | ᠰᠠᠭᠤᠵᠤ ᠦᠢᠯᠡᠴᠢᠯᠡᠬᠦ ᠪᠠᠨ ᠴᠢᠩᠭᠠᠳᠬᠠᠵᠤ᠂ ᠠᠮᠤᠷ ᠲᠦᠪᠰᠢᠨ ᠤ ᠪᠡᠯᠡᠳᠭᠡᠮᠵᠢ ᠶᠢᠨ ᠢᠨᠵᠧᠨᠧᠷᠢᠩ ᠤᠨ ᠠᠬᠢᠴᠠ | ᠪᠠ ᠶᠠᠰᠤ ᠴᠢᠨᠠᠷ᠂ ᠠᠮᠤᠷ ᠲᠦᠪᠰᠢᠨ ᠤ ᠲᠥᠭᠰᠢᠭᠦᠷᠢ ᠶᠢ ᠦᠨᠳᠦᠰᠦᠯᠡᠵᠦ ᠵᠣᠬᠢᠴᠠᠩᠭᠤᠢ ᠪᠠᠷ ᠱᠠᠭᠠᠷᠳᠠᠯᠭ᠎ᠠ ᠪᠠ | ᠰᠠᠨᠠᠭᠤᠯᠤᠮᠵᠢ ᠳᠤᠷᠠᠳᠬᠤ ᠬᠡᠷᠡᠭᠲᠡᠢ︔ ᠢᠨᠵᠧᠨᠧᠷᠢᠩ ᠤᠨ ᠮᠡᠷᠭᠡᠵᠢᠯ ᠤᠨ ᠪᠠᠷᠢᠮᠵᠢᠶ᠎ᠠ ᠳᠠᠬᠢ ᠠᠯᠪᠠᠳᠠᠯᠭ᠎ᠠ ᠶᠢᠨ ᠪᠤᠰᠤ | ᠴᠢᠨᠠᠷᠲᠠᠶ ᠭᠦᠢᠴᠡᠳᠬᠡᠯ ᠲᠤᠭ᠎ᠠ ᠶᠢ ᠠᠮᠤᠷ ᠲᠦᠪᠰᠢᠨ ᠢ ᠦᠨᠡᠨᠬᠦ ᠪᠠᠲᠤᠯᠠᠭᠰᠠᠨ ᠰᠠᠭᠤᠷᠢᠨ ᠳᠡᠭᠡᠷ᠎ᠡ ᠶᠡᠷᠦᠩᠬᠡᠶᠢᠯᠡᠨ | ᠨᠤᠲᠠᠯᠠᠭᠰᠠᠨ ᠤ ᠳᠠᠷᠠᠭ᠎ᠠ ᠲᠣᠭᠲᠠᠭᠠᠵᠤ᠂ ᠭᠦᠢᠴᠡᠳᠭᠡᠯ ᠲᠤᠭ᠎ᠠ ᠶᠢᠨ ᠬᠠᠮᠤᠭ ᠳᠣᠣᠷ᠎ᠠ ᠬᠢᠵᠠᠭᠠᠷᠯᠠᠯ ᠢ ᠬᠡᠲᠦᠷᠬᠡᠢ | ᠬᠡᠷᠡᠭᠯᠡᠭᠰᠡᠨ ᠠᠴᠠ ᠪᠣᠯᠵᠤ ᠠᠮᠤᠷ ᠲᠦᠪᠰᠢᠨ ᠤ ᠭᠡᠮ ᠰᠣᠭᠤᠭ ᠪᠣᠢ ᠪᠣᠯᠬᠤ ᠠᠴᠠ ᠵᠠᠶᠢᠯᠠᠰᠭᠢᠬᠦ ᠬᠡᠷᠡᠭᠲᠡᠢ᠃ | ︵ᠠᠷᠪᠠᠨ ᠨᠢᠭᠡ︶ ᠵᠠᠰᠠᠮᠠᠯ ᠵᠠᠮ ᠤᠨ ᠠᠮᠤᠷ ᠲᠦᠪᠰᠢᠨ ᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠨᠢ | ᠡᠷᠬᠡᠪᠰᠢ ᠬᠤᠯᠪᠤᠭᠳᠠᠯ ᠪᠦᠬᠦᠢ ᠢᠨᠵᠧᠨᠧᠷᠢᠩ ᠤᠨ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠵᠦ᠂ ᠪᠠᠷᠢᠮᠵᠢᠶᠠᠲᠤ | ᠪᠦᠲᠦᠴᠡ ᠶᠢ ᠬᠡᠷᠡᠭᠯᠡᠬᠦ᠂ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠬᠤ ᠶᠢ ᠵᠣᠷᠢᠬᠵᠢᠭᠤᠯᠤᠨ᠂ ᠦᠨᠳᠦᠰᠦᠨ | ᠪᠦᠳᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠭᠰᠠᠨ ᠪᠢᠴᠢᠭ | ᠮᠠᠲ᠋ᠤᠷᠢᠶᠠᠯ ᠵᠢᠴᠢ ᠭᠡᠷ᠎ᠡ ᠶᠢᠨ ᠪᠢᠴᠢᠭ ᠮᠠᠲ᠋ᠧᠷᠢᠶᠠᠯ ᠤᠨ ᠪᠣᠯᠵᠤᠭ᠎ᠠ ᠶᠢ ᠴᠢᠩᠭ᠎ᠠ ᠵᠢᠷᠤᠮᠯᠠᠨ᠂ ᠠᠮᠤᠷ ᠲᠦᠪᠰᠢᠨ ᠤ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠬᠠᠷᠠᠯᠲᠠ ᠶᠢ ᠪᠠᠲᠤᠯᠠᠬᠤ ᠬᠡᠷᠡᠭᠲᠡᠢ᠃ ᠶᠠᠮᠠᠷᠪᠠ | ᠨᠢᠭᠡᠴᠡ ᠪᠠ ᠬᠤᠪᠢ ᠬᠦᠮᠦᠨ ᠭᠡᠳ ᠪᠠᠷᠢᠮᠵᠢᠶ᠎ᠠ ᠶᠢ ᠳᠤᠷ᠎ᠠ ᠪᠠᠷ ᠢᠶᠠᠨ ᠪᠠᠭᠤᠷᠠᠭᠤᠯᠵᠤ᠂ ᠵᠠᠰᠠᠮᠠᠯ ᠵᠠᠮ ᠤᠨ ᠠᠮᠤᠷ | ᠲᠦᠪᠰᠢᠨ ᠤ ᠪᠡᠯᠡᠳᠭᠡᠮᠵᠢ ᠶᠢᠨ ᠵᠢᠷᠤᠭ ᠲᠥᠯᠥᠪᠯᠡᠭᠡ ᠶᠢᠨ ᠲᠥᠰᠦᠯ᠂ ᠢᠯᠠᠩᠭᠤᠶ᠎ᠠ ᠠᠵᠢᠯᠯᠠᠭᠠᠨ ᠤ ᠠᠮᠤᠷ | ᠲᠦᠪᠰᠢᠨ ᠢ ᠬᠠᠷᠰᠢᠯᠠᠵᠤ ᠮᠡᠳᠡᠬᠦ ᠵᠠᠰᠠᠮᠠᠯ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠪᠡᠯᠡᠳᠭᠡᠮᠵᠢ ᠶᠢ | ᠦᠭᠡᠷᠡᠴᠢᠯᠡᠵᠦ ᠪᠣᠯᠬᠤ ᠦᠭᠡᠢ᠂ ᠵᠠᠰᠠᠮᠠᠯ ᠵᠠᠮ ᠤᠨ ᠠᠮᠤᠷ ᠲᠦᠪᠰᠢᠨ ᠤ ᠪᠡᠯᠡᠳᠭᠡᠮᠵᠢ ᠪᠦᠷᠢᠨ ᠪᠦᠲᠦᠨ ᠦᠷ᠎ᠡ | ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠬᠥᠳᠡᠭᠡ ᠲᠣᠰᠬᠤᠨ ᠤ ᠵᠠᠰᠠᠮᠠᠯ | ᠵᠠᠮ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ᠢ ᠰᠤᠳᠤᠯᠤᠨ | ᠲᠣᠭᠲᠠᠭᠠᠵᠤ᠂ ᠵᠢᠷᠤᠭ ᠲᠥᠯᠥᠪᠯᠡᠭᠡ ᠶᠢ ᠬᠤᠪᠢᠷᠠᠭᠤᠯᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ ᠵᠠᠰᠠᠮᠠᠯ | ᠵᠠᠮ ᠤᠨ ᠢᠨᠵᠧᠨᠧᠷᠢᠩ ᠤᠨ ᠠᠵᠢᠯ ᠳᠠᠭᠤᠰᠬᠠᠵᠤ ᠰᠢᠯᠭᠠᠨ ᠬᠤᠷᠢᠶᠠᠵᠦ ᠠᠪᠬᠤ ᠲᠦᠷᠢᠮ ᠢ ᠤᠯᠠᠮ ᠨᠢᠭᠡ ᠠᠯᠬᠤᠮ | ᠪᠦᠷᠢᠨᠰᠢᠭᠦᠯᠵᠦ᠂ ᠵᠠᠰᠠᠮᠠᠯ ᠵᠠᠮ ᠤᠨ ᠢᠨᠵᠧᠨᠧᠷᠢᠩ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠤᠭᠠᠷ᠂ | ᠵᠣᠬᠢᠴᠠᠬᠤ ᠱᠠᠲᠤ ᠳᠡᠰ ᠤᠨ ᠳᠣᠲᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠠᠶᠤᠯ ᠦᠭᠡᠢ | ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠵᠡᠷᠭᠡ ᠶᠢᠨ ᠰᠠᠯᠠᠭ᠎ᠠ ᠮᠦᠴᠢᠷ ᠤᠨ ᠠᠵᠢᠯᠲᠠᠨ ᠢ ᠤᠷᠢᠵᠦ ᠠᠵᠢᠯ | ᠳᠠᠭᠤᠰᠬᠠᠵᠤ ᠰᠢᠯᠭᠠᠨ ᠬᠤᠷᠢᠶᠠᠵᠦ ᠠᠪᠬᠤ ᠳᠤ ᠤᠷᠤᠯᠴᠠᠭᠤᠯᠵᠤ᠂ ᠠᠮᠤᠷ ᠲᠦᠪᠰᠢᠨ ᠤ ᠪᠡᠯᠡᠳᠭᠡᠮᠵᠢ ᠶᠢ ᠰᠢᠯᠭᠠᠨ | ᠬᠤᠷᠢᠶᠠᠵᠦ ᠠᠪᠬᠤ ᠴᠢᠬᠤᠯᠠ ᠠᠭᠤᠯᠭ᠎ᠠ ᠪᠣᠯᠭᠠᠵᠤ᠂ ᠰᠢᠯᠭᠠᠨ ᠬᠤᠷᠢᠶᠠᠵᠦ ᠠᠪᠬᠤ ᠳᠤ ᠬᠢᠷᠢ ᠲᠡᠩᠴᠡᠭᠰᠡᠨ ᠦᠭᠡᠢ | ᠪᠠᠶᠢᠪᠠᠯ ᠲᠤᠰᠢᠶᠠᠨ ᠬᠡᠷᠡᠭᠯᠡᠭᠦᠯᠬᠦ ᠪᠠ ᠲᠡᠷᠭᠡ ᠬᠦᠰᠭᠡ ᠨᠡᠪᠲᠡᠷᠡᠭᠦᠯᠦᠨ ᠡᠵᠡᠩᠨᠡᠭᠦᠯᠵᠦ ᠪᠣᠯᠬᠤ ᠦᠭᠡᠢ᠃ | ᠳᠥᠷᠪᠡ᠂ ᠪᠡᠯᠡ ᠮᠦᠩᠭᠦ ᠶᠢᠨ ᠤᠷᠤᠭᠤᠯᠤᠯᠲᠠ ᠶᠢᠨ ᠪᠠᠲᠤᠯᠠᠭ᠎ᠠ ᠶᠢᠨ ᠡᠷᠴᠢᠮ ᠢ ᠦᠨᠡᠨᠬᠦ ᠴᠢᠩᠭᠠᠳᠬᠠᠬᠤ | ᠬᠡᠷᠡᠭᠲᠡᠢ | ︵ᠠᠷᠪᠠᠨ ᠬᠤᠶᠠᠷ︶ ᠡᠵᠡᠩᠨᠡᠯᠲᠡ ᠶᠢᠨ ᠴᠢᠨᠠᠷ ᠲᠠᠢ ᠰᠦᠢᠳᠭᠡᠯ ᠬᠤᠷᠢᠶᠠᠬᠤ ᠵᠠᠰᠠᠮᠠᠯ ᠵᠠᠮ ᠤᠨ ᠠᠮᠤᠷ | ᠲᠦᠪᠰᠢᠨ ᠤ ᠪᠡᠯᠡᠳᠭᠡᠮᠵᠢ ᠶᠢ ᠲᠡᠭᠦᠯᠳᠡᠷᠵᠢᠭᠦᠯᠬᠦ ᠪᠡᠯᠡ ᠮᠦᠩᠭᠦ ᠶᠢ ᠰᠦᠢᠳᠭᠡᠯ ᠬᠤᠷᠢᠶᠠᠬᠤ ᠠᠵᠤ ᠠᠬᠤᠶᠢᠯᠠᠯ | ᠦᠪᠡᠷ ᠢᠶᠠᠨ ᠳᠠᠭᠠᠭᠠᠨ ᠡᠭᠦᠷᠭᠡᠯᠡᠬᠦ ᠬᠡᠷᠡᠭᠲᠡᠢ᠃ ᠰᠦᠢᠳᠭᠡᠯ ᠬᠤᠷᠢᠶᠠᠬᠤ ᠠᠵᠤ ᠠᠬᠤᠶᠢᠯᠠᠯ ᠨᠢ ᠵᠠᠰᠠᠮᠠᠯ ᠵᠠᠮ ᠤᠨ | ᠠᠮᠤᠷ ᠲᠦᠪᠰᠢᠨ ᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠠᠬᠢ ᠣᠷᠤᠭᠤᠯᠤᠯᠲᠠ ᠶᠢᠨ ᠡᠷᠴᠢᠮ ᠢᠶᠠᠨ | ᠲᠠᠰᠤᠷᠠᠯᠲᠠ ᠦᠭᠡᠢ ᠴᠢᠩᠭᠠᠷᠠᠭᠤᠯᠵᠤ᠂ ᠵᠠᠰᠠᠮᠠᠯ ᠵᠠᠮ ᠤᠨ ᠠᠮᠤᠷ ᠲᠦᠪᠰᠢᠨ ᠤ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠶᠢ ᠵᠢᠷᠤᠮᠵᠢᠭᠤᠯᠬᠤ ᠪᠠ ᠪᠦᠲᠦᠮᠵᠢᠲᠡᠶ ᠡᠵᠡᠩᠨᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠤᠷᠤᠨ | ᠨᠤᠲᠤᠭ ᠤᠨ ᠡᠯ᠎ᠡ ᠱᠠᠲᠤᠨ ᠤ ᠵᠠᠰᠠᠭ ᠤᠨ ᠤᠷᠳᠤᠨ ᠵᠢᠴᠢ ᠵᠠᠮ ᠬᠠᠷᠢᠯᠴᠠᠭ᠎ᠠ ᠲᠡᠭᠡᠭᠡᠪᠦᠷᠢ᠂ ᠳᠣᠲᠤᠭᠠᠳᠤ ᠶᠢ | ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠰᠦᠢᠳᠭᠡᠯ ᠬᠤᠷᠢᠶᠠᠬᠤ ᠠᠵᠤ | ᠠᠬᠤᠶᠢᠯᠠᠯ ᠤᠨ ᠡᠳᠦᠷ ᠳᠣᠲᠤᠮ ᠤᠨ ᠬᠠᠮᠠᠭᠠᠯᠠᠯᠲᠠ ᠪᠠᠶᠢᠴᠠᠭᠠᠯᠲᠠ ᠬᠢᠬᠦ ᠶᠢ ᠰᠢᠮᠳᠠᠭᠤᠯᠵᠤ᠂ ᠵᠠᠰᠠᠮᠠᠯ ᠵᠠᠮ ᠤᠨ | ᠠᠮᠤᠷ ᠲᠦᠪᠰᠢᠨ ᠤ ᠭᠡᠮ ᠰᠣᠭᠤᠭ ᠢ ᠴᠡᠭᠴᠡᠯᠡᠨ ᠵᠠᠰᠠᠵᠤ᠂ ᠰᠦᠢᠳᠭᠡᠯ ᠬᠤᠷᠢᠶᠠᠬᠤ ᠠᠵᠤ ᠠᠬᠤᠶᠢᠯᠠᠯ ᠤᠨ | ᠵᠠᠰᠠᠯᠲᠠ ᠬᠢᠬᠦ ᠲᠦᠯᠦᠪᠯᠡᠯᠭᠡ ᠪᠠ ᠬᠡᠷᠡᠭᠵᠢᠭᠦᠯᠬᠦ ᠠᠬᠢᠴᠠ ᠳᠠᠬᠢ ᠬᠢᠨᠠᠯᠲᠠ ᠲᠠᠯᠪᠢᠵᠤ ᠪᠠᠶᠢᠴᠠᠭᠠᠬᠤ ᠶᠢ | ᠴᠢᠩᠭᠠᠳᠬᠠᠵᠤ᠂ ᠵᠠᠰᠠᠮᠠᠯ ᠵᠠᠮ ᠤᠨ ᠰᠠᠶᠢᠨ ᠮᠡᠷᠭᠡᠵᠢᠯ ᠤᠨ ᠬᠡᠪ ᠪᠠᠶᠢᠳᠠᠯ ᠲᠠᠢ ᠪᠠᠶᠢᠯᠭᠠᠬᠤ ᠶᠢ ᠦᠨᠡᠨᠬᠦ ᠪᠠᠲᠤᠯᠠᠵᠤ᠂ | ᠵᠠᠰᠠᠮᠠᠯ ᠵᠠᠮ ᠤᠨ ᠠᠮᠤᠷ ᠲᠦᠪᠰᠢᠨ ᠢᠶᠠᠷ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ | ︵ᠠᠷᠪᠠᠨ ᠭᠤᠷᠪᠠ︶ ᠬᠦᠭᠵᠢᠭᠦᠯᠦᠯᠲᠡ ᠦᠭᠡᠷᠡᠴᠢᠯᠡᠯᠲᠡ᠂ ᠡᠳ᠋ ᠤᠨ ᠵᠠᠰᠠᠭ᠂ ᠳᠣᠲᠤᠭᠠᠳᠤ ᠶᠢ ᠬᠠᠮᠠᠭᠠᠯᠠᠬᠤ | ᠵᠠᠮ ᠬᠠᠷᠢᠯᠴᠠᠭᠠᠨ ᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠵᠠᠮ | ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠦᠴᠢᠷ ᠤᠳ ᠤᠯᠤᠰ ᠤᠨ ᠬᠤᠯᠪᠤᠭᠳᠠᠯ ᠪᠦᠬᠦᠢ ᠶᠠᠮᠤᠨ ᠵᠦᠪᠯᠡᠯ ᠤᠨ | ᠲᠥᠷᠦ ᠶᠢᠨ ᠪᠣᠳᠤᠯᠭ᠎ᠠ ᠪᠠ ᠪᠡᠯᠡ ᠮᠦᠩᠭᠦ ᠶᠢᠨ ᠳᠡᠮᠵᠢᠯᠭᠡ ᠶᠢ ᠢᠳᠡᠪᠬᠢᠲᠡᠢ ᠣᠯᠬᠤ ᠬᠡᠷᠡᠭᠲᠡᠢ᠃ ᠤᠯᠤᠰ ᠪᠠ | ᠮᠤᠵᠢ ᠶᠢᠨ ᠡᠩ ᠤᠨ ᠭᠤᠣᠯ ᠱᠤᠭᠤᠮ ᠤᠨ ᠵᠠᠰᠠᠮᠠᠯ ᠵᠠᠮ ᠤᠨ ᠠᠮᠤᠷ ᠲᠦᠪᠰᠢᠨ ᠤ ᠪᠡᠯᠡᠳᠭᠡᠮᠵᠢ ᠶᠢ | ᠲᠡᠭᠦᠯᠳᠡᠷᠵᠢᠭᠦᠯᠬᠦ ᠪᠡᠯᠡ ᠮᠦᠩᠭᠦ ᠶᠢ ᠣᠳᠣᠬᠢ ᠪᠠᠶᠢᠭ᠎ᠠ ᠪᠡᠯᠡ ᠮᠦᠩᠭᠦ ᠶᠢᠨ ᠠᠷᠭ᠎ᠠ ᠵᠠᠮ ᠢᠶᠠᠷ ᠳᠠᠮᠵᠢᠨ ᠪᠠᠲᠤᠯᠠᠬᠤ | ᠬᠡᠷᠡᠭᠲᠡᠢ᠃ ᠬᠦᠳᠡᠭᠡ ᠲᠤᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠤ ᠪᠡᠯᠡᠳᠭᠡᠮᠵᠢ ᠶᠢ ᠲᠡᠭᠦᠯᠳᠡᠷᠵᠢᠭᠦᠯᠬᠦ ᠪᠡᠯᠡ | ᠮᠦᠩᠭᠦ ᠶᠢ ᠭᠤᠣᠯᠳᠠᠭᠤ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠲᠥᠰᠦᠪ ᠤᠨ ᠳᠣᠲᠤᠷᠠᠬᠢ ᠪᠡᠯᠡ ᠮᠦᠩᠭᠦ ᠪᠠᠷ ᠪᠠᠲᠤᠯᠠᠵᠤ᠂ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ | ᠡᠳ᠋ ᠤᠨ ᠵᠠᠰᠠᠭ ᠨᠢ ᠪᠣᠳᠠᠲᠤ ᠪᠠᠶᠢᠳᠠᠯ ᠢ ᠦᠨᠳᠦᠰᠦᠯᠡᠨ ᠵᠣᠬᠢᠬᠤ ᠨᠦᠬᠦᠪᠦᠷᠢ ᠣᠯᠭᠤᠬᠤ ᠬᠡᠷᠡᠭᠲᠡᠢ᠃ ᠡᠯ᠎ᠡ ᠭᠠᠵᠠᠷ | ᠤᠷᠤᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠬᠠᠮᠢᠶ᠎ᠠ ᠪᠦᠬᠦᠢ ᠠᠵᠤ ᠠᠬᠤᠶᠢᠯᠠᠯ ᠢ ᠢᠳᠡᠪᠬᠢᠲᠡᠢ ᠪᠠᠷ | ᠬᠦᠲᠦᠯᠦᠨ ᠳᠠᠭᠠᠭᠤᠯᠵᠤ ᠪᠠᠶᠢᠭᠠᠳ ᠵᠠᠰᠠᠮᠠᠯ ᠵᠠᠮ ᠤᠨ ᠠᠮᠤᠷ ᠲᠦᠪᠰᠢᠨ ᠤ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠳᠤ ᠣᠷᠤᠯᠴᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠪᠡᠯᠡ ᠮᠦᠩᠭᠦ ᠬᠠᠨᠳᠢᠪᠯᠠᠬᠤ ᠶᠢ | ᠵᠣᠷᠢᠬᠵᠢᠭᠤᠯᠵᠤ᠂ ᠬᠠᠮᠢᠶ᠎ᠠ ᠪᠦᠬᠦᠢ ᠲᠣᠭᠲᠠᠭᠠᠯ ᠪᠠ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠤᠭᠠᠷ ᠳᠠᠭᠠᠳᠬᠠᠯ ᠤᠨ | ᠪᠡᠯᠡ ᠮᠦᠩᠭᠦ ᠶᠢ ᠣᠷᠣᠭᠤᠯᠤᠨ ᠠᠪᠴᠢᠷᠠᠬᠤ ᠶᠢ ᠬᠠᠶᠢᠨ ᠰᠦᠪᠡᠭᠴᠢᠯᠡᠵᠦ᠂ ᠵᠠᠰᠠᠮᠠᠯ ᠵᠠᠮ ᠤᠨ ᠠᠮᠤᠷ ᠲᠦᠪᠰᠢᠨ ᠤ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠦᠩᠭᠦ ᠶᠢᠨ ᠢᠷᠡᠯᠲᠡ ᠶᠢᠨ ᠠᠷᠭ᠎ᠠ ᠵᠠᠮ ᠢ ᠦᠷᠭᠡᠳᠬᠡᠬᠦ | ᠬᠡᠷᠡᠭᠲᠡᠢ᠃ | ᠲᠠᠪᠤ᠂ ᠵᠠᠰᠠᠮᠠᠯ ᠵᠠᠮ ᠤᠨ ᠠᠮᠤᠷ ᠲᠦᠪᠰᠢᠨ ᠤ ᠶᠡᠷᠦᠩᠬᠡᠶᠢᠯᠡᠨ ᠵᠠᠰᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ | ︵ᠠᠷᠪᠠᠨ ᠳᠥᠷᠪᠡ︶ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠵᠠᠮ ᠬᠠᠷᠢᠯᠴᠠᠭ᠎ᠠ | ᠲᠡᠭᠡᠭᠡᠪᠦᠷᠢ ᠵᠡᠷᠭᠡ ᠰᠠᠯᠠᠭ᠎ᠠ ᠮᠦᠴᠢᠷ ᠤᠳ ᠰᠢᠨ᠎ᠡ ᠮᠡᠷᠭᠡᠵᠢᠯ ᠪᠠ ᠮᠡᠳᠡᠭᠡ ᠵᠠᠩᠬᠢᠵᠢᠯᠲᠠ ᠶᠢᠨ ᠠᠷᠭ᠎ᠠ ᠪᠠᠷᠢᠯ ᠤᠨ | ᠬᠡᠷᠡᠭᠯᠡᠯᠲᠡ ᠶᠢ ᠢᠳᠡᠪᠬᠢᠲᠡᠢ ᠠᠬᠢᠭᠤᠯᠵᠤ᠂ ᠵᠠᠮ ᠬᠠᠷᠢᠯᠴᠠᠭᠠᠨ ᠤ ᠮᠡᠷᠭᠡᠵᠢᠯ ᠤᠨ ᠬᠢᠨᠠᠨ ᠡᠵᠡᠮᠳᠡᠬᠦ ᠵᠡᠷᠭᠡ | ᠬᠠᠮᠢᠶᠠᠷᠤᠯᠲᠠ ᠶᠢᠨ ᠪᠡᠯᠡᠳᠭᠡᠮᠵᠢ ᠳᠤ ᠲᠠᠰᠤᠷᠠᠯᠲᠠ ᠦᠭᠡᠢ ᠣᠷᠤᠭᠤᠯᠤᠯᠲᠠ ᠬᠢᠵᠦ᠂ ᠬᠢᠨᠠᠨ ᠡᠵᠡᠮᠳᠡᠬᠦ ᠮᠡᠳᠡᠭᠡ | ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠬᠦᠷᠲᠡᠬᠦ ᠶᠢ ᠠᠬᠢᠭᠤᠯᠬᠤ ᠬᠡᠷᠡᠭᠲᠡᠢ᠃ ᠲᠠᠬᠢᠷ ᠵᠠᠮ ᠡᠭᠴᠡ ᠬᠥᠲᠥᠯ᠂ | ᠤᠰᠤᠨ ᠬᠥᠪᠡᠭᠡ ᠬᠠᠳᠠᠨ ᠢᠷᠮᠡᠭ ᠵᠡᠷᠭᠡ ᠭᠤᠣᠯᠳᠠᠯᠭ᠎ᠠ ᠲᠠᠢ ᠵᠠᠮ ᠤᠨ ᠬᠡᠰᠡᠭ ᠲᠤ ᠨᠢᠭᠡᠨᠲᠡ ᠵᠠᠰᠠᠮᠠᠯ ᠵᠠᠮ ᠤᠨ ᠠᠮᠤᠷ | ᠲᠦᠪᠰᠢᠨ ᠤ ᠬᠠᠮᠠᠭᠠᠯᠠᠯᠲᠠ ᠶᠢᠨ ᠪᠡᠯᠡᠳᠭᠡᠮᠵᠢ ᠶᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠵᠠᠰᠠᠮᠠᠯ ᠵᠠᠮ ᠤᠨ | ᠬᠠᠮᠢᠶᠠᠷᠤᠯᠲᠠ ᠶᠢᠨ ᠪᠡᠯᠡᠳᠭᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠡᠳ᠋ ᠪᠠᠷᠠᠭ᠎ᠠ | ᠲᠡᠭᠡᠭᠡᠪᠦᠷᠢᠯᠡᠬᠦ ᠭᠤᠣᠯ ᠨᠡᠪᠲᠡᠷᠡᠬᠦ ᠵᠠᠮ᠂ ᠴᠢᠬᠤᠯᠠ ᠬᠦᠭᠦᠷᠭᠡ ᠶᠢᠨ ᠣᠷᠤᠬᠤ ᠭᠠᠵᠠᠷ᠂ ᠳᠡᠭᠡᠳᠦ ᠬᠤᠷᠳᠤ ᠶᠢᠨ | ᠵᠠᠰᠠᠮᠠᠯ ᠵᠠᠮ ᠳᠤ ᠣᠷᠤᠬᠤ ᠭᠠᠵᠠᠷ ᠵᠡᠷᠭᠡ ᠵᠠᠰᠠᠮᠠᠯ ᠵᠠᠮ ᠤᠨ ᠲᠣᠣᠷ ᠤᠨ ᠴᠢᠬᠤᠯᠠ ᠵᠠᠮ ᠤᠨ ᠬᠡᠰᠡᠭ ᠪᠠ ᠵᠠᠩᠭᠢᠯᠠᠭ᠎ᠠ | ᠴᠡᠭ ᠲᠤ ᠬᠡᠮᠵᠢᠶ᠎ᠡ ᠠᠴᠠ ᠬᠡᠲᠦᠷᠡᠭᠰᠡᠨ ᠠᠴᠢᠶ᠎ᠠ ᠶᠢ ᠪᠠᠶᠢᠴᠠᠭᠠᠨ ᠰᠢᠨᠵᠢᠬᠦ ᠦᠷᠲᠡᠭᠡ ᠪᠠᠶᠢᠭᠤᠯᠬᠤ ᠪᠣᠶᠤ | ᠬᠦᠳᠡᠯᠦᠩᠭᠦᠢ ︵ᠲᠣᠭᠲᠠᠩᠭᠤᠢ︶ ᠪᠠᠷ ᠬᠢᠨᠠᠨ ᠰᠢᠨᠵᠢᠬᠦ᠂ ᠬᠦᠨᠳᠦ ᠶᠢ ᠪᠣᠳᠤᠬᠤ ᠵᠡᠷᠭᠡ ᠮᠡᠷᠭᠡᠵᠢᠯ ᠤᠨ | ᠲᠦᠬᠦᠭᠡᠷᠦᠮᠵᠢ ᠲᠣᠬᠢᠷᠠᠭᠤᠯᠵᠤ᠂ ᠲᠡᠷᠭᠡ ᠬᠥᠰᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ | ᠪᠠᠶᠢᠳᠠᠯ ᠢ ᠬᠢᠨᠠᠨ ᠰᠢᠨᠵᠢᠬᠦ ᠶᠢ ᠴᠢᠩᠭᠠᠳᠬᠠᠬᠤ ᠬᠡᠷᠡᠭᠲᠡᠢ᠃ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠭᠡ ᠶᠢ | ᠳᠡᠭᠡᠳᠦ ᠬᠤᠷᠳᠤ ᠶᠢᠨ ᠵᠠᠰᠠᠮᠠᠯ ᠵᠠᠮ ᠳᠤ ᠣᠷᠤᠬᠤ ᠭᠠᠵᠠᠷ ᠲᠤ ᠬᠦᠨᠳᠦ ᠶᠢ ᠬᠡᠮᠵᠢᠵᠦ᠂ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠭᠰᠠᠨ ᠬᠠᠤᠯᠢ ᠠᠴᠠ ᠵᠦᠷᠢᠴᠡᠭᠰᠡᠨ ᠲᠡᠭᠡᠭᠡᠪᠦᠷᠢ ᠶᠢᠨ ᠲᠡᠷᠭᠡ ᠬᠥᠰᠭᠡ ᠶᠢᠨ ᠳᠡᠭᠡᠳᠦ | ᠬᠤᠷᠳᠤ ᠶᠢᠨ ᠵᠠᠰᠠᠮᠠᠯ ᠵᠠᠮ ᠳᠤ ᠭᠠᠷᠬᠤ ᠶᠢ ᠪᠦᠬᠦ ᠲᠠᠯ᠎ᠠ ᠪᠠᠷ ᠴᠠᠭᠠᠵᠠᠯᠠᠵᠤ᠂ ᠬᠦᠨᠳᠦ ᠶᠢ ᠬᠡᠮᠵᠢᠨ ᠰᠦᠢᠳᠭᠡᠯ | ᠬᠤᠷᠢᠶᠠᠬᠤ ᠵᠡᠷᠭᠡ ᠪᠠᠶᠢᠴᠠᠭᠠᠨ ᠰᠢᠨᠵᠢᠬᠦ ᠲᠤᠭ᠎ᠠ ᠪᠠᠷᠢᠮᠳᠠ ᠶᠢ ᠬᠠᠶᠢᠨ ᠰᠦᠪᠡᠭᠴᠢᠯᠡᠵᠦ ᠠᠰᠢᠭᠯᠠᠨ ᠪᠠᠶᠢᠵᠦ | ᠳᠠᠭᠠᠭᠠᠴᠠ ᠠᠴᠠ ᠬᠡᠲᠦᠷᠡᠭᠰᠡᠨ ᠪᠠᠶᠢᠳᠠᠯ ᠢ ᠵᠠᠰᠠᠬᠤ ᠬᠠᠤᠯᠢ ᠬᠡᠷᠡᠭᠵᠢᠭᠦᠯᠵᠦ ᠬᠠᠮᠢᠶᠠᠷᠬᠤ ᠶᠢ ᠴᠢᠩᠭᠠᠳᠬᠠᠬᠤ ᠬᠡᠷᠡᠭᠲᠡᠢ᠃ | ︵ᠠᠷᠪᠠᠨ ᠲᠠᠪᠤ︶ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠵᠠᠰᠠᠮᠠᠯ | ᠵᠠᠮ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ | ᠪᠠᠶᠢᠭᠤᠯᠤᠯᠲᠠ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠮᠠᠯ ᠵᠠᠮ ᠤᠨ ᠠᠮᠤᠷ ᠲᠦᠪᠰᠢᠨ ᠤ | ᠲᠦᠭᠰᠢᠭᠦᠷᠢ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢ ᠲᠥᠪᠯᠡᠷᠡᠭᠦᠯᠦᠨ ᠰᠢᠪᠲᠤᠯᠵᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠠᠮᠤᠷ ᠲᠦᠪᠰᠢᠨ ᠤ ᠲᠦᠭᠰᠢᠭᠦᠷᠢ ᠶᠢᠨ ᠬᠠᠮᠢᠶᠠᠷᠤᠯᠲᠠ ᠶᠢᠨ ᠮᠡᠷᠭᠡᠵᠢᠯ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠬᠡᠨ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠭᠡᠨᠡᠳᠲᠡ ᠶᠢᠨ ᠬᠡᠷᠡᠭ ᠢ ᠠᠷᠭᠠᠴᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠬᠦᠭᠵᠢᠯᠲᠡ ᠶᠢ | ᠠᠬᠢᠭᠤᠯᠬᠤ ᠬᠡᠷᠡᠭᠲᠡᠢ᠃ ᠣᠳᠣ ᠶᠢᠨ ᠪᠠᠶᠢᠭ᠎ᠠ ᠡᠬᠢ ᠪᠠᠶᠠᠯᠢᠭ ᠢ ᠭᠦᠢᠴᠡᠳ ᠠᠰᠢᠭᠯᠠᠬᠤ ᠪᠠ ᠡᠮᠬᠢᠯᠡᠨ ᠨᠡᠶᠢᠯᠡᠭᠦᠯᠵᠦ᠂ | ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠣᠳᠣᠯᠣᠯ ᠤᠨ ᠬᠠᠮᠵᠢᠯᠴᠠᠨ ᠰᠢᠨ᠎ᠡ ᠶᠢ | ᠡᠭᠦᠳᠬᠦ ᠶᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠬᠡᠯᠪᠡᠷᠢ ᠶᠢᠨ ᠪᠦᠯᠬᠦᠮ | ᠨᠡᠶᠢᠲᠡ ᠶᠢ ᠬᠥᠮᠦᠵᠢᠭᠦᠯᠬᠦ ᠶᠢ ᠴᠢᠩᠭᠠᠳᠬᠠᠬᠤ ᠬᠡᠷᠡᠭᠲᠡᠢ᠃ ᠠᠮᠤᠷ ᠲᠦᠪᠰᠢᠨ ᠤ ᠲᠦᠭᠰᠢᠭᠦᠷᠢ ᠶᠢᠨ | ᠬᠠᠮᠢᠶᠠᠷᠤᠯᠲᠠ ᠶᠢᠨ ᠮᠡᠷᠭᠡᠵᠢᠯ ᠤᠨ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠢᠰᠲ᠋ᠧᠮᠵᠢ ᠶᠢᠨ ᠠᠮᠤᠷ ᠲᠦᠪᠰᠢᠨ ᠤ ᠮᠡᠷᠭᠡᠵᠢᠯ᠂ ᠵᠠᠮ ᠬᠠᠷᠢᠯᠴᠠᠭᠠᠨ ᠤ ᠰᠠᠭᠤᠷᠢ | ᠪᠡᠯᠡᠳᠭᠡᠮᠵᠢ ᠶᠢᠨ ᠠᠮᠤᠷ ᠲᠦᠪᠰᠢᠨ ᠤ ᠮᠡᠷᠭᠡᠵᠢᠯ᠂ ᠲᠡᠭᠡᠭᠡᠪᠦᠷᠢ ᠶᠢᠨ ᠠᠮᠤᠷ ᠲᠦᠪᠰᠢᠨ ᠤ ᠮᠡᠷᠭᠡᠵᠢᠯ᠂ ᠪᠠᠴᠢᠮ | ᠪᠠᠶᠢᠳᠠᠯ ᠢ ᠠᠷᠭᠠᠴᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭᠠᠳᠬᠠᠬᠤ ᠬᠡᠷᠡᠭᠲᠡᠢ᠃ ᠬᠠᠮᠢᠶ᠎ᠠ | ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ | ᠲᠦᠷᠦᠯ ᠳᠤ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠵᠦ᠂ ᠲᠡᠷᠢᠭᠦᠨ ᠤ᠂ ᠬᠡᠷᠡᠭᠯᠡᠬᠦ ᠳᠤ ᠲᠣᠬᠢᠷᠠᠮᠵᠢᠲᠠᠢ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠡᠮᠬᠢᠯᠡᠨ ᠳ᠋ᠦᠩᠨᠡᠬᠦ ᠶᠢᠨ ᠬᠠᠮᠲᠤ ᠬᠡᠷᠡᠭᠯᠡᠬᠦ ᠪᠠ ᠳᠡᠯᠭᠡᠷᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠤ ᠬᠢᠷᠢ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ | ᠮᠡᠳᠡᠭᠳᠡᠬᠦ᠋ᠢᠴᠡ ᠳᠡᠭᠡᠭᠰᠢᠯᠡᠭᠦᠯᠵᠦ᠂ ᠬᠥᠮᠦᠨ ᠬᠠᠷ᠎ᠠ ᠥᠭᠦᠵᠦ ᠰᠢᠷᠠᠭᠲᠣᠬᠤ ᠪᠠ ᠠᠵᠤ ᠠᠬᠤᠢ ᠶᠢᠨ ᠬᠤᠬᠢᠷᠠᠯ ᠢ | ᠮᠡᠳᠡᠭᠳᠡᠮ᠎ᠡ ᠪᠠᠭᠤᠷᠠᠭᠤᠯᠵᠦ᠂ ᠤᠷᠴᠢᠨ ᠲᠣᠭᠤᠷᠢᠨ ᠤ ᠪᠣᠬᠢᠷᠲᠠᠯ ᠶᠡᠭᠡ ᠬᠡᠮᠵᠢᠶ᠎ᠡ ᠪᠠᠷ ᠪᠠᠭᠠᠰᠬᠠᠵᠤ᠂ ᠬᠦᠨᠳᠦ ᠶᠡᠭᠡ | ᠠᠶᠤᠯ ᠲᠦᠭᠰᠢᠭᠦᠷᠢ ᠶᠢᠨ ᠡᠬᠢ ᠦᠨᠳᠦᠰᠦ ᠶᠢ ᠮᠡᠳᠡᠬᠦ᠂ ᠰᠡᠷᠭᠡᠶᠢᠯᠡᠵᠦ ᠪᠣᠯᠬᠤ ᠪᠠ ᠦᠨᠳᠦᠰᠦᠨ ᠳᠡᠭᠡᠨ ᠡᠵᠡᠮᠳᠡᠵᠦ | ᠳᠡᠶᠢᠯᠬᠦ ᠬᠡᠷᠡᠭᠲᠡᠢ᠃ | ︵ᠠᠷᠪᠠᠨ ᠵᠢᠷᠭᠤᠭ᠎ᠠ︶ ᠡᠯ᠎ᠡ ᠱᠠᠲᠤᠨ ᠤ ᠳᠤᠲᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ | ᠠᠵᠤ ᠠᠬᠤᠢ ᠪᠠ ᠮᠡᠳᠡᠭᠡ ᠵᠠᠩᠬᠢᠵᠢᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠦᠢᠯᠡᠳᠪᠦᠷᠢ ᠬᠤᠳᠠᠯᠳᠤᠭ᠎ᠠ᠂ | ᠬᠤᠳᠠᠯᠳᠤᠭᠠᠨ ᠤ ᠶᠠᠪᠤᠳᠠᠯ ᠪᠠ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠵᠡᠷᠭᠡ ᠰᠠᠯᠠᠭ᠎ᠠ ᠮᠦᠴᠢᠷ ᠤᠳ | ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠣᠰᠤᠭᠠᠷ᠂ ᠲᠡᠷᠭᠡ ᠬᠥᠰᠭᠡ ᠶᠢᠨ ᠦᠢᠯᠡᠳᠪᠦᠷᠢᠯᠡᠬᠦ᠂ ᠪᠣᠷᠤᠯᠠᠭᠤᠯᠬᠤ᠂ | ᠳᠠᠩᠰᠠᠯᠠᠨ ᠲᠡᠮᠳᠡᠭᠯᠡᠬᠦ᠂ ᠰᠢᠯᠭᠠᠨ ᠪᠠᠶᠢᠴᠠᠭᠠᠬᠤ᠂ ᠡᠵᠡᠩᠨᠡᠯᠲᠡ ᠳᠤ ᠵᠦᠪᠰᠢᠶᠡᠷᠡᠭᠦᠯᠦᠨ ᠣᠷᠤᠭᠤᠯᠬᠤ ᠵᠡᠷᠭᠡ | ᠭᠤᠭᠴᠤᠭ᠎ᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠪᠣᠰᠤ ᠪᠠᠷ ᠦᠢᠯᠡᠳᠪᠦᠷᠢᠯᠡᠬᠦ᠂ ᠬᠠᠤᠯᠢ | ᠪᠣᠰᠤ ᠪᠠᠷ ᠲᠡᠷᠭᠡ ᠬᠥᠰᠭᠡ ᠶᠢ ᠦᠭᠡᠷᠠᠴᠢᠯᠡᠨ ᠤᠭᠰᠠᠷᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠦᠭᠴᠦ᠂ ᠬᠠᠤᠯᠢ ᠪᠣᠰᠤ ᠪᠠᠷ ᠦᠢᠯᠡᠳᠪᠦᠷᠢᠯᠡᠬᠦ᠂ ᠦᠭᠡᠷᠠᠴᠢᠯᠡᠨ ᠤᠭᠰᠠᠷᠠᠭᠤᠯᠬᠤ ᠠᠵᠤ ᠠᠬᠤᠶᠢᠯᠠᠯ ᠤᠨ | ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠬᠠᠤᠯᠢ ᠪᠣᠰᠤ ᠪᠠᠷ ᠦᠢᠯᠡᠳᠪᠦᠷᠢᠯᠡᠭᠰᠡᠨ ᠪᠠ ᠦᠭᠡᠷᠠᠴᠢᠯᠡᠨ | ᠤᠭᠰᠠᠷᠠᠭᠤᠯᠤᠭᠰᠠᠨ ᠲᠡᠷᠭᠡ ᠬᠥᠰᠭᠡ ᠶᠢ ᠦᠢᠯᠡᠳᠪᠦᠷᠢ ᠠᠴᠠ ᠭᠠᠷᠭᠠᠵᠤ ᠬᠡᠷᠡᠭᠯᠡᠬᠦ ᠶᠢ ᠡᠷᠡᠰ ᠴᠠᠭᠠᠵᠠᠯᠠᠬᠤ ᠬᠡᠷᠡᠭᠲᠡᠢ᠃ | ᠳᠣᠲᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠬᠠᠮᠢᠶ᠎ᠠ ᠪᠦᠬᠦᠢ | ᠰᠠᠯᠠᠭ᠎ᠠ ᠮᠦᠴᠢᠷ ᠯᠦᠭᠡ ᠬᠠᠮᠵᠢᠯᠴᠠᠨ ᠬᠠᠤᠯᠢ ᠪᠣᠰᠤ ᠪᠠᠷ ᠦᠢᠯᠡᠳᠪᠦᠷᠢᠯᠡᠭᠰᠡᠨ᠂ ᠦᠭᠡᠷᠠᠴᠢᠯᠡᠨ ᠤᠭᠰᠠᠷᠠᠭᠰᠠᠨ | ᠲᠡᠷᠭᠡ ᠬᠥᠰᠭᠡ ᠶᠢ ᠠᠯᠪᠠᠳᠠᠨ ᠴᠡᠭᠴᠡᠯᠡᠨ ᠵᠠᠰᠠᠵᠤ᠂ ᠬᠠᠤᠯᠢ ᠪᠣᠰᠤ ᠪᠠᠷ ᠤᠭᠰᠠᠷᠠᠨ ᠲᠣᠨᠤᠭᠯᠠᠭᠰᠠᠨ ᠲᠡᠷᠭᠡ | ᠬᠥᠰᠭᠡ ᠶᠢ ᠠᠯᠪᠠᠳᠠᠨ ᠵᠠᠳᠠᠯᠵᠤ ᠬᠠᠶᠠᠬᠤ ᠬᠡᠷᠡᠭᠲᠡᠢ᠃ ᠳᠣᠲᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠦᠴᠢᠷ ᠤᠳ ᠲᠣᠮᠣ ᠡᠳ᠋ ᠪᠠᠷᠠᠭ᠎ᠠ ᠲᠡᠭᠡᠭᠡᠪᠦᠷᠢᠯᠡᠬᠦ | ᠲᠤᠰᠬᠠᠶ ᠲᠡᠷᠭᠡ ᠬᠥᠰᠭᠡ ᠨᠦᠭᠦᠳ ᠡᠩ ᠤᠨ ᠡᠳ᠋ ᠪᠠᠷᠠᠭ᠎ᠠ ᠲᠡᠭᠡᠭᠡᠪᠦᠷᠢᠯᠡᠬᠦ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠡᠷᠡᠰ ᠵᠠᠯᠠᠷᠠᠭᠤᠯᠬᠤ ᠬᠡᠷᠡᠭᠲᠡᠶ᠃ | ︵ᠠᠷᠪᠠᠨ ᠳᠣᠯᠤᠭ᠎ᠠ︶ ᠡᠯ᠎ᠡ ᠱᠠᠲᠤᠨ ᠤ ᠳᠣᠲᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠦᠴᠢᠷ ᠤᠳ ᠠᠶᠠᠨᠴᠢᠳ ᠡᠳ᠋ ᠪᠠᠷᠠᠭ᠎ᠠ ᠲᠡᠭᠡᠭᠡᠪᠤᠷᠢᠯᠡᠬᠦ | ᠵᠢᠯᠣᠭᠤᠴᠢ ᠶᠢᠨ ᠠᠵᠢᠯ ᠡᠷᠬᠢᠯᠡᠬᠦ ᠮᠡᠳᠡᠭᠡ ᠵᠠᠩᠭᠢ᠂ ᠵᠠᠮ ᠬᠠᠷᠢᠯᠴᠠᠭ᠎ᠠ ᠶᠢᠨ ᠬᠠᠤᠯᠢ ᠠᠴᠠ ᠵᠦᠷᠢᠴᠡᠭᠰᠡᠨ ᠮᠡᠳᠡᠭᠡ | ᠵᠠᠩᠬᠢ᠂ ᠵᠠᠮ ᠬᠠᠷᠢᠯᠴᠠᠭᠠᠨ ᠤ ᠠᠳᠡᠯ ᠤᠨ ᠮᠡᠳᠡᠭᠡ ᠵᠠᠩᠬᠢ ᠶᠢ ᠬᠠᠮᠲᠤ ᠬᠦᠷᠲᠡᠬᠦ ᠲᠣᠭᠲᠠᠴᠠ ᠶᠢ ᠪᠠᠶᠢᠭᠤᠯᠬᠤ ᠪᠠ | ᠲᠡᠭᠦᠯᠳᠡᠷᠵᠢᠭᠦᠯᠬᠦ ᠶᠢ ᠲᠦᠷᠭᠡᠳᠬᠡᠵᠦ᠂ ᠵᠢᠯᠣᠭᠤᠴᠢ ᠶᠢᠨ ︽ᠨᠡᠷ᠎ᠡ ᠶᠢᠨ ᠬᠠᠷ᠎ᠠ ᠲᠠᠩᠰᠠ︾ ᠶᠢᠨ ᠳᠦᠷᠢᠮ ᠢ | ᠪᠠᠶᠢᠭᠤᠯᠤᠨ᠎ᠠ᠃ ᠵᠠᠮ ᠬᠠᠷᠢᠯᠴᠠᠭᠠᠨ ᠤ ᠠᠳᠡᠯ ᠠᠴᠠ ᠪᠣᠯᠵᠤ ᠠᠮᠢᠨ ᠬᠡᠷᠡᠭ ᠭᠠᠷᠤᠭᠰᠠᠨ ᠪᠦᠭᠡᠳ ᠠᠳᠠᠯᠢ ᠳᠡᠰ ᠠᠴᠠ | ᠳᠡᠭᠡᠭᠰᠢ ᠬᠠᠷᠢᠭᠤᠴᠠᠯᠭ᠎ᠠ ᠡᠭᠦᠷᠭᠡᠯᠡᠭᠰᠡᠨ᠂ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠨ 12 ᠬᠤᠪᠢ ᠪᠠᠨ | ᠪᠦᠬᠦᠨ ᠢ ᠲᠡᠮᠳᠡᠭᠯᠡᠭᠦᠯᠦᠭᠰᠡᠨ᠂ ᠠᠷᠢᠬᠢ ᠤᠤᠭᠤᠭᠠᠳ ᠲᠡᠷᠭᠡ ᠵᠢᠯᠣᠭᠤᠳᠤᠭᠰᠠᠨ ᠦᠢᠯᠡ ᠠᠵᠢᠯᠯᠠᠭ᠎ᠠ ᠲᠠᠢ᠂ | ᠰᠠᠭᠤᠳᠠᠯ ᠤᠨ ᠲᠤᠭ᠎ᠠ ᠠᠴᠠ 20% ᠪᠠᠷ ᠬᠡᠲᠦᠷᠡᠭᠦᠯᠦᠭᠰᠡᠨ᠂ ᠬᠤᠷᠳᠤᠴᠠ ᠶᠢ 50% ︵ᠳᠡᠭᠡᠳᠦ ᠬᠤᠷᠳᠤ ᠶᠢᠨ | ᠵᠠᠰᠠᠮᠠᠯ ᠵᠠᠮ ᠳᠤ ᠬᠤᠷᠳᠤᠴᠠ ᠶᠢ 20%︶ ᠳᠡᠭᠡᠭᠰᠢ ᠬᠡᠲᠦᠷᠡᠭᠦᠯᠦᠭᠰᠡᠨ᠂ ᠡᠰᠡᠬᠦᠯ᠎ᠡ 12 ᠰᠠᠷ᠎ᠠ ᠳᠣᠲᠤᠷ᠎ᠠ 3 | ᠤᠳᠠᠭ᠎ᠠ ᠠᠴᠠ ᠳᠡᠭᠡᠭᠰᠢ ᠬᠤᠷᠳᠤᠴᠠ ᠶᠢ ᠬᠡᠲᠦᠷᠡᠭᠦᠯᠵᠦ ᠬᠠᠤᠯᠢ ᠠᠴᠠ ᠵᠦᠷᠢᠴᠡᠭᠰᠡᠨ ᠲᠡᠮᠳᠡᠭᠯᠡᠯ ᠲᠠᠢ ᠠᠶᠠᠨᠴᠢᠳ | ᠡᠳ᠋ ᠪᠠᠷᠠᠭ᠎ᠠ ᠲᠡᠭᠡᠭᠡᠪᠤᠷᠢᠯᠡᠬᠦ ᠵᠢᠯᠣᠭᠤᠴᠢ ᠶᠢ ︽ᠨᠡᠷ᠎ᠡ ᠶᠢᠨ ᠬᠠᠷ᠎ᠠ ᠳᠠᠩᠰᠠ︾ ᠳᠤ ᠣᠷᠤᠭᠤᠯᠤᠨ᠎ᠠ᠃ ᠵᠠᠮ | ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠦᠴᠢᠷ ᠤᠳ ᠵᠠᠰᠠᠭ ᠤᠨ ᠤᠷᠳᠤᠨ ᠤ ᠵᠥᠪᠰᠢᠶᠡᠷᠡᠨ ᠨᠡᠶᠢᠲᠡᠯᠡᠭᠰᠡᠨ ᠪᠠᠷᠠᠭ᠎ᠠ | ᠲᠡᠭᠡᠭᠡᠪᠦᠷᠢᠯᠡᠭᠰᠡᠨ ᠬᠡᠮᠵᠢᠶ᠎ᠡ ᠨᠡᠯᠢᠶᠡᠳ ᠶᠡᠭᠡ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠠᠪᠤᠳᠠᠯ | ᠠᠮᠠᠷᠬᠠᠨ ᠭᠠᠷᠳᠠᠭ ᠡᠳ᠋ ᠪᠠᠷᠠᠭ᠎ᠠ ᠶᠢ ᠲᠥᠪᠯᠡᠷᠡᠭᠦᠯᠦᠨ ᠲᠠᠷᠠᠭᠠᠬᠤ ᠭᠠᠵᠠᠷ᠂ ᠠᠴᠢᠶᠠᠯᠠᠵᠤ ᠪᠠᠭᠤᠯᠭᠠᠬᠤ ᠲᠤᠬᠠᠶ ᠶᠢᠨ | ᠳᠠᠯᠠᠪᠠᠢ ᠵᠡᠷᠭᠡ ᠪᠠᠷᠠᠭ᠎ᠠ ᠲᠡᠭᠡᠭᠡᠪᠦᠷᠢᠯᠡᠬᠦ ᠭᠤᠣᠯᠳᠠᠯᠭᠠᠲᠤ ᠡᠬᠢ ᠡᠭᠦᠰᠦᠯ ᠤᠨ ᠨᠢᠭᠡᠴᠡ ᠵᠢᠴᠢ ᠡᠳ᠋ ᠪᠠᠷᠠᠭ᠎ᠠ ᠶᠢ | ᠲᠥᠪᠯᠡᠷᠡᠭᠦᠯᠦᠨ ᠲᠠᠷᠬᠠᠭᠠᠬᠤ ᠭᠤᠣᠯᠳᠠᠯᠭᠠᠲᠤ ᠭᠠᠵᠠᠷ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠦᠰᠭᠡ᠂ | ᠲᠡᠭᠡᠭᠡᠪᠦᠷᠢ ᠶᠢᠨ ᠠᠵᠤ ᠠᠬᠤᠶᠢᠯᠠᠯ ᠵᠡᠷᠭᠡ ᠶᠢ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠪᠣᠯᠭᠠᠵᠤ᠂ ᠪᠠᠷᠠᠭ᠎ᠠ | ᠲᠡᠭᠡᠭᠡᠪᠤᠷᠢ ᠶᠢᠨ ᠭᠤᠣᠯᠳᠠᠯᠭᠠᠲᠤ ᠡᠬᠢ ᠡᠭᠦᠰᠦᠯ ᠳᠤ ᠲᠡᠭᠡᠭᠡᠪᠦᠷᠢ ᠶᠢᠨ ᠶᠠᠪᠤᠳᠠᠯ ᠤᠨ ᠠᠵᠢᠯᠲᠠᠨ ᠲᠣᠭᠤᠷᠢᠨ | ᠪᠠᠶᠢᠴᠠᠭᠠᠬᠤ ᠪᠠ ᠲᠣᠮᠢᠯᠠᠨ ᠰᠠᠭᠤᠯᠭᠠᠬᠤ ᠳᠦᠷᠢᠮ ᠢ ᠪᠠᠶᠢᠭᠤᠯᠬᠤ ᠪᠠ ᠨᠠᠶᠢᠳᠠᠪᠤᠷᠢᠵᠢᠭᠤᠯᠵᠤ᠂ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠭᠡ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠬᠠᠤᠯᠢ ᠠᠴᠠ ᠵᠦᠷᠢᠴᠡᠨ | ᠲᠡᠭᠡᠭᠡᠪᠦᠷᠢᠯᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠤᠭᠠᠬᠤ ᠬᠡᠷᠡᠭᠲᠡᠢ᠃ ᠦᠪᠡᠷᠲᠡᠭᠡᠨ ᠵᠠᠰᠠᠬᠤ | ᠤᠷᠤᠨ ᠠᠴᠠ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠶᠢᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠶᠢ | ᠲᠣᠭᠲᠠᠭᠠᠬᠤ ᠪᠠ ᠨᠠᠶᠢᠳᠠᠪᠤᠷᠢᠵᠢᠭᠤᠯᠵᠤ᠂ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ᠂ ᠲᠡᠷᠭᠡ ᠬᠥᠰᠭᠡ | ᠦᠢᠯᠡᠳᠪᠦᠷᠢᠯᠡᠭᠰᠡᠨ ᠪᠣᠶᠤ ᠦᠭᠡᠷᠡᠴᠢᠯᠡᠨ ᠤᠭᠰᠠᠷᠠᠭᠰᠠᠨ ᠡᠬᠢ ᠡᠭᠦᠰᠦᠯ ᠪᠠ ᠡᠬᠢ ᠡᠭᠦᠰᠦᠯ ᠢ ᠬᠢᠨᠠᠨ ᠬᠠᠮᠢᠶᠠᠷᠬᠤ | ᠬᠠᠮᠢᠶ᠎ᠠ ᠪᠦᠬᠦᠢ ᠰᠠᠯᠠᠭ᠎ᠠ ᠮᠦᠴᠢᠷ᠂ ᠨᠢᠭᠡᠴᠡ ᠵᠢᠴᠢ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ | ᠬᠡᠷᠡᠭᠲᠡᠢ᠃ ᠳᠣᠲᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠠᠯᠠᠭ᠎ᠠ ᠮᠦᠴᠢᠷ ᠠᠴᠠ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠬᠠᠤᠯᠢ ᠠᠴᠠ | ᠵᠦᠷᠢᠴᠡᠨ ᠲᠡᠭᠡᠭᠡᠪᠦᠷᠢᠯᠡᠭᠰᠡᠨ ᠲᠡᠷᠭᠡ ᠬᠥᠰᠭᠡ ᠶᠢᠨ ᠵᠢᠯᠣᠭᠤᠴᠢ᠂ ᠲᠡᠷᠭᠡ ᠬᠥᠰᠭᠡ ᠥᠮᠴᠢᠯᠡᠭᠴᠢ᠂ ᠲᠡᠭᠡᠭᠡᠪᠦᠷᠢ ᠶᠢᠨ | ᠡᠵᠡᠩᠨᠡᠯᠲᠡ ᠶᠢ ᠬᠠᠮᠢᠶᠠᠷᠬᠤ ᠠᠵᠢᠯᠲᠠᠨ ᠵᠢᠴᠢ ᠡᠳ᠋ ᠪᠠᠷᠠᠭ᠎ᠠ ᠨᠠᠶᠢᠳᠠᠨ ᠲᠡᠭᠡᠭᠡᠪᠦᠷᠢᠯᠡᠭᠦᠯᠦᠭᠴᠢ ᠶᠢ ᠰᠢᠳᠭᠡᠨ | ᠲᠣᠷᠭᠠᠬᠤ ᠡᠷᠴᠢᠮ ᠢᠶᠠᠨ ᠴᠢᠩᠭᠠᠷᠠᠭᠤᠯᠤᠨ᠂ ᠬᠤᠯᠪᠤᠭᠳᠠᠯ ᠪᠦᠬᠦᠢ ᠠᠵᠢᠯᠲᠠᠨ ᠤ ᠬᠠᠷᠢᠭᠤᠴᠠᠯᠭ᠎ᠠ ᠶᠢ ᠬᠠᠤᠯᠢ | ᠶᠣᠰᠤᠭᠠᠷ ᠨᠡᠬᠡᠮᠵᠢᠯᠡᠬᠦ ᠬᠡᠷᠡᠭᠲᠡᠢ᠃ | ᠵᠢᠷᠭᠤᠭ᠎ᠠ᠂ ᠵᠤᠬᠢᠶᠠᠨ ᠪᠠᠶᠢᠭᠤᠯᠵᠤ ᠤᠳᠤᠷᠢᠳᠬᠤ ᠪᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠴᠢᠩᠭᠠᠳᠬᠠᠬᠤ ᠬᠡᠷᠡᠭᠲᠡᠢ | ︵ᠠᠷᠪᠠᠨ ᠨᠠᠢᠮᠠ︶ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ | ᠲᠤᠰ ᠭᠠᠵᠠᠷ ᠣᠷᠣᠨ ᠤ ᠵᠠᠰᠠᠮᠠᠯ ᠵᠠᠮ ᠤᠨ ᠠᠮᠤᠷ ᠲᠦᠪᠰᠢᠨ ᠪᠠ ᠠᠮᠢ ᠨᠠᠰᠤ ᠶᠢᠨ ᠬᠠᠮᠠᠭᠠᠯᠠᠯᠲᠠ ᠶᠢᠨ | ᠢᠨᠵᠧᠨᠧᠷᠢᠩ ᠤᠨ ᠠᠵᠢᠯ ᠳᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠵᠣᠬᠢᠶᠠᠨ ᠪᠠᠶᠢᠭᠤᠯᠤᠨ | ᠤᠳᠤᠷᠢᠳᠬᠤ ᠪᠠᠨ ᠴᠢᠩᠭᠠᠳᠬᠠᠵᠤ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠨᠤᠭᠤᠳ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠡᠮᠬᠢ | ᠵᠢᠷᠤᠮ ᠲᠠᠢ ᠪᠠᠷ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠰᠢᠮᠳᠠᠭᠤᠯᠤᠨ ᠪᠠᠶᠢᠴᠠᠭᠠᠬᠤ ᠠᠵᠢᠯ ᠢᠶᠠᠨ | ᠴᠢᠩᠭᠠᠳᠬᠠᠵᠤ᠂ ᠲᠤᠷᠰᠢᠯᠭ᠎ᠠ ᠪᠠᠨ ᠳ᠋ᠦᠩᠨᠡᠬᠦ ᠶᠢ ᠴᠢᠬᠤᠯᠠᠴᠢᠯᠠᠨ᠂ ᠬᠢᠨᠠᠨ ᠵᠥᠪᠰᠢᠶᠡᠷᠡᠬᠦ ᠶᠠᠪᠤᠴᠠ ᠶᠢ | ᠰᠢᠯᠢᠳᠡᠭᠵᠢᠭᠦᠯᠵᠦ᠂ ᠵᠠᠰᠠᠮᠠᠯ ᠵᠠᠮ ᠤᠨ ᠲᠦᠷᠦᠯ ᠵᠦᠢᠯ ᠤᠨ ᠪᠦᠳᠦᠭᠡᠨ ᠪᠠᠶᠢᠭᠤᠯᠬᠤ ᠵᠦᠢᠯᠡᠰ ᠤᠨ ᠡᠮᠦᠨᠡᠬᠢ | ᠬᠤᠭᠤᠴᠠᠭᠠᠨ ᠤ ᠠᠵᠢᠯ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠲᠥᠷᠥᠯ ᠵᠦᠢᠯ ᠤᠨ ᠪᠡᠯᠡ | ᠮᠥᠩᠭᠦ ᠶᠢᠨ ᠬᠠᠮᠢᠶᠠᠷᠤᠯᠲᠠ᠂ ᠪᠠᠷᠢᠯᠭ᠎ᠠ ᠶᠢᠨ ᠠᠵᠢᠯ ᠢ ᠰᠢᠯᠭᠠᠨ ᠠᠪᠬᠤ ᠪᠠ ᠠᠷᠠᠴᠢᠯᠠᠨ ᠬᠠᠮᠠᠭᠠᠯᠠᠬᠤ ᠬᠠᠮᠢᠶᠠᠷᠤᠯᠲᠠ | ᠵᠡᠷᠭᠡ ᠠᠵᠢᠯ ᠢ ᠥᠨᠡᠨᠬᠦ ᠰᠠᠶᠢᠲᠤᠷ ᠬᠢᠵᠦ᠂ ᠵᠠᠰᠠᠮᠠᠯ ᠵᠠᠮ ᠤᠨ ᠠᠮᠤᠷ ᠲᠦᠪᠰᠢᠨ ᠪᠠ ᠠᠮᠢ ᠨᠠᠰᠤ ᠶᠢᠨ | ᠬᠠᠮᠠᠭᠠᠯᠠᠯᠲᠠ ᠶᠢᠨ ᠢᠨᠵᠧᠨᠧᠷᠢᠩ ᠢ ᠠᠮᠤᠷ ᠲᠠᠶᠢᠪᠤᠩ ᠢᠨᠵᠧᠨᠧᠷᠢᠩ᠂ ᠢᠲᠡᠭᠡᠮᠵᠢᠲᠡᠶ ᠢᠨᠵᠧᠨᠧᠷᠢᠩ᠂ ᠠᠷᠢᠭᠤᠨ | ᠴᠢᠬᠡᠴᠢ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ | ︵ᠠᠷᠪᠠ ᠶᠢᠰᠦ︶ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ | ᠪᠣᠳᠠᠲᠠᠢ ᠲᠠᠢ ᠪᠠᠨ ᠤᠶᠠᠯᠳᠤᠭᠤᠯᠵᠤ᠂ ᠲᠤᠰ ᠭᠠᠵᠠᠷ ᠤᠷᠤᠨ ᠤ ᠵᠠᠰᠠᠮᠠᠯ ᠵᠠᠮ ᠤᠨ ᠠᠮᠤᠷ ᠲᠦᠪᠰᠢᠨ ᠪᠠ ᠠᠮᠢ | ᠨᠠᠰᠤ ᠶᠢᠨ ᠬᠠᠮᠠᠭᠠᠯᠠᠯᠲᠠ ᠶᠢᠨ ᠢᠨᠵᠧᠨᠧᠷᠢᠩ ᠢ ᠪᠦᠲᠦᠭᠡᠨ ᠪᠠᠶᠢᠭᠤᠯᠬᠤ ᠲᠦᠯᠦᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠣᠨ ᠤ ᠪᠥᠳᠥᠭᠡᠨ ᠪᠠᠶᠢᠭᠤᠯᠤᠯᠲᠠ ᠶᠢᠨ ᠡᠭᠦᠷᠭᠡ ᠶᠢ ᠨᠢᠭᠡᠳᠦᠯᠲᠡᠶ | ᠲᠥᠯᠥᠪᠯᠡᠨ ᠲᠣᠬᠢᠷᠠᠭᠤᠯᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ ᠲᠠᠬᠢᠷ ᠵᠠᠮ ᠡᠭᠴᠡ ᠬᠥᠲᠥᠯ᠂ ᠤᠰᠤᠨ | ᠬᠥᠪᠡᠭᠡ ᠬᠠᠳᠠᠨ ᠢᠷᠮᠡᠭ ᠵᠡᠷᠭᠡ ᠭᠤᠣᠯᠳᠠᠯᠭᠠᠲᠤ ᠵᠠᠮ ᠤᠨ ᠬᠡᠰᠡᠭ ᠤᠨ ᠭᠡᠮ ᠰᠣᠭᠤᠭ ᠢ ᠴᠡᠭᠴᠡᠯᠡᠨ ᠵᠠᠰᠠᠬᠤ ᠬᠠᠮᠤᠭ | ᠳᠣᠣᠷ᠎ᠠ ᠬᠢᠵᠠᠭᠠᠷ ᠤᠨ ᠭᠦᠢᠴᠡᠳᠭᠡᠯ ᠲᠤᠭ᠎ᠠ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠶᠢᠨ ᠬᠠᠮᠲᠤ | ᠨᠦᠭᠦᠴᠡᠯ ᠲᠠᠢ ᠭᠠᠵᠠᠷ ᠤᠷᠤᠨ ᠢ ᠵᠤᠷᠢᠬᠵᠢᠭᠤᠯᠵᠦ ᠪᠠᠶᠢᠭᠠᠳ ᠢᠨᠵᠧᠨᠧᠷᠢᠩ ᠤᠨ ᠲᠦᠯᠦᠪᠵᠢᠭᠦᠯᠭᠡ ᠶᠢᠨ ᠪᠦᠲᠦᠭᠡᠨ | ᠪᠠᠶᠢᠭᠤᠯᠤᠯᠲᠠ ᠪᠠᠨ ᠲᠣᠰᠬᠤᠨ ᠤ ᠵᠠᠮ ᠲᠠᠰᠢ ᠤᠷᠳᠤᠳᠬᠠᠬᠤ ᠬᠡᠷᠡᠭᠲᠡᠢ᠃ 2015 ᠣᠨ ᠤ ᠢᠨᠵᠧᠨᠧᠷᠢᠩ ᠤᠨ | ᠪᠦᠲᠦᠭᠡᠨ ᠪᠠᠶᠢᠭᠤᠯᠬᠤ ᠡᠭᠦᠷᠭᠡ᠂ ᠪᠡᠯᠡ ᠣᠷᠤᠭᠤᠯᠤᠯᠲᠠ ᠶᠢᠨ ᠲᠦᠯᠦᠪᠯᠡᠭᠡ᠂ ᠪᠡᠯᠡ ᠮᠦᠩᠭᠦ ᠶᠢᠨ ᠢᠷᠡᠯᠲᠡ ᠶᠢᠨ | ᠠᠷᠭ᠎ᠠ ᠵᠠᠮ ᠵᠡᠷᠭᠡ ᠪᠠᠨ ᠠᠯᠢ ᠲᠦᠷᠭᠡᠨ ᠢᠶᠠᠷ ᠲᠣᠳᠤᠷᠬᠠᠶᠢᠯᠠᠬᠤ ᠬᠡᠷᠡᠭᠲᠡᠢ᠃ ᠲᠦᠯᠦᠪᠵᠢᠭᠦᠯᠭᠡ ᠶᠣᠰᠤᠭᠠᠷ ᠲᠤᠰ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨ ᠤ ᠬᠡᠷᠡᠭᠵᠢᠭᠦᠯᠬᠦ ᠲᠦᠯᠦᠪᠯᠡᠭᠡ ᠶᠢ ᠨᠠᠶᠢᠷᠠᠭᠤᠯᠤᠨ | ᠵᠣᠬᠢᠶᠠᠵᠤ᠂ ᠪᠣᠳᠠᠲᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠲᠦᠯᠦᠪᠯᠡᠭᠡ ᠪᠠ ᠲᠦᠷᠦᠯ ᠵᠦᠢᠯ ᠤᠨ | ᠡᠬᠢᠯᠡᠯᠲᠡ ᠳᠠᠭᠤᠰᠤᠯᠲᠠ ᠵᠡᠷᠭᠡ ᠪᠠᠶᠢᠳᠠᠯ ᠢ ᠴᠠᠭ ᠲᠤᠬᠠᠢ ᠳᠤᠨᠢ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠢ᠃ | ︵ᠬᠤᠷᠢ︶ ᠤᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠬᠠᠤᠯᠢ | ᠶᠣᠰᠤᠭᠠᠷ ᠴᠢᠩᠭ᠎ᠠ ᠬᠠᠮᠢᠶᠠᠷᠬᠤ᠂ ᠤᠢᠩᠭᠡᠠ ᠲᠠᠯ᠎ᠠ ᠪᠠ ᠦᠨᠳᠦᠰᠦ ᠶᠢ ᠨᠢ ᠵᠡᠷᠭᠡᠪᠡᠷ ᠵᠠᠰᠠᠬᠤ ᠶᠢ ᠪᠠᠷᠢᠮᠳᠠᠯᠠᠵᠤ᠂ | ᠡᠬᠢ ᠡᠭᠦᠰᠦᠯ ᠠᠴᠠ ᠨᠢ ᠵᠠᠰᠠᠬᠤ ᠳᠤ ᠰᠠᠭᠤᠷᠢᠯᠠᠬᠤ᠂ ᠤᠷᠳᠤ ᠬᠤᠭᠤᠴᠠᠭ᠎ᠠ ᠪᠦᠲᠦᠮᠵᠢᠲᠡᠢ ᠪᠠᠷ ᠵᠠᠰᠠᠬᠤ ᠶᠢ | ᠴᠢᠩᠭᠠᠳᠬᠠᠵᠤ᠂ ᠬᠠᠣᠯᠢ ᠴᠠᠭᠠᠵᠠ᠂ ᠵᠠᠰᠠᠭ ᠵᠠᠬᠢᠷᠭᠠᠨ᠂ ᠠᠵᠤ ᠠᠬᠤᠢ᠂ ᠮᠡᠷᠭᠡᠵᠢᠯ ᠵᠡᠷᠭᠡ ᠤᠯᠠᠨ ᠵᠦᠢᠯ ᠤᠨ | ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠲᠡᠷᠭᠡ ᠬᠥᠰᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠬᠤ ᠶᠢ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠢ᠃ ᠳᠣᠲᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠪᠠ ᠵᠠᠰᠠᠮᠠᠯ ᠵᠠᠮ ᠤᠨ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠬᠦ ᠰᠠᠯᠠᠠᠭᠠ | ᠮᠦᠴᠢᠷ ᠤᠳ ᠨᠡᠶᠢᠯᠡᠯ ᠬᠦᠴᠦᠨ ᠢ ᠪᠦᠷᠢᠯᠳᠦᠭᠦᠯᠵᠦ᠂ ᠵᠠᠮ ᠳᠡᠭᠡᠷᠡᠬᠢ ᠬᠠᠤᠯᠢ ᠬᠡᠷᠡᠭᠵᠢᠭᠦᠯᠬᠦ ᠡᠷᠴᠢᠮ ᠢᠶᠠᠨ | ᠴᠢᠩᠭᠠᠳᠬᠠᠵᠤ᠂ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠲᠤᠰᠬᠠᠢ ᠠᠵᠢᠯᠯᠠᠭ᠎ᠠ ᠶᠢ ᠲᠦᠪᠯᠡᠷᠡᠭᠦᠯᠦᠨ ᠦᠷᠨᠢᠭᠦᠯᠵᠦ᠂ | ᠲᠡᠷᠭᠡ ᠬᠥᠰᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠬᠠᠤᠯᠢ ᠠᠴᠠ ᠵᠦᠷᠢᠴᠡᠭᠰᠡᠨ | ᠲᠡᠬᠡᠬᠡᠪᠦᠷᠢᠯᠡᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠬᠤ ᠬᠡᠷᠡᠭᠲᠡᠢ᠃ ᠬᠠᠤᠯᠢ ᠪᠣᠰᠤ ᠪᠠᠷ ᠲᠡᠷᠭᠡ ᠬᠥᠰᠭᠡ ᠶᠢ | ᠦᠭᠡᠷᠡᠴᠢᠯᠡᠨ ᠤᠭᠰᠠᠷᠠᠬᠤ᠂ ᠡᠳ᠋ ᠪᠠᠷᠠᠭ᠎ᠠ ᠶᠢ ᠤᠤᠯ ᠤᠨ ᠭᠠᠵᠠᠷ ᠲᠤᠨᠢ ᠰᠠᠪᠠᠯᠠᠵᠤ ᠠᠴᠢᠶᠠᠯᠠᠬᠤ᠂ ᠡᠵᠡᠩᠨᠡᠵᠦ | ᠪᠦᠬᠦᠢ ᠵᠢᠯᠣᠭᠤᠴᠢ ᠶᠢ ᠬᠠᠮᠢᠶᠠᠷᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ | ᠲᠡᠷᠭᠡ ᠬᠥᠰᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠬᠠᠤᠯᠢ ᠠᠴᠠ ᠵᠦᠷᠢᠴᠡᠭᠰᠡᠨ ᠦᠢᠯᠡ | ᠠᠵᠢᠯᠯᠠᠭ᠎ᠠ ᠶᠢ ᠡᠬᠢ ᠡᠭᠦᠰᠦᠯ ᠠᠴᠠ ᠨᠢ ᠡᠷᠬᠡᠰᠢᠶᠡᠬᠦ ᠬᠡᠷᠡᠭᠲᠡᠢ᠃ | ︵ᠬᠤᠷᠢᠨ ᠨᠢᠭᠡ︶ ᠤᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠨᠢ ᠵᠠᠰᠠᠮᠠᠯ | ᠵᠠᠮ ᠤᠨ ᠠᠮᠤᠷ ᠲᠦᠪᠰᠢᠨ ᠪᠠ ᠠᠮᠢ ᠨᠠᠰᠤ ᠶᠢᠨ ᠬᠠᠮᠠᠭᠠᠯᠠᠯᠲᠠ ᠶᠢᠨ ᠢᠨᠵᠧᠨᠧᠷᠢᠩ ᠢ ᠡᠳᠦᠷ ᠳᠣᠲᠤᠮ ᠤᠨ ᠴᠢᠬᠤᠯᠠ | ᠵᠥᠪᠯᠡᠬᠦ ᠵᠦᠢᠯ ᠳᠡᠭᠡᠨ ᠣᠷᠣᠭᠤᠯᠵᠤ᠂ ᠬᠠᠮᠢᠶᠠᠷᠤᠯᠲᠠ ᠪᠠ ᠡᠳᠦᠷ ᠳᠣᠲᠤᠮ ᠤᠨ ᠬᠢᠨᠠᠯᠲᠠ ᠲᠠᠯᠪᠢᠯᠲᠠ ᠪᠠᠨ | ᠴᠢᠩᠭᠠᠳᠬᠠᠬᠤ ᠬᠡᠷᠡᠭᠲᠡᠢ᠃ ᠪᠣᠯᠵᠤᠨ ᠶᠠᠷᠢᠯᠴᠠᠬᠤ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠪᠠᠶᠢᠭᠤᠯᠵᠤ᠂ | ᠣᠨ ᠤ ᠬᠠᠷᠠᠯᠲᠠ ᠶᠢᠨ ᠡᠭᠦᠷᠭᠡ ᠪᠠᠨ ᠦᠯᠦ ᠪᠡᠶᠡᠯᠡᠭᠦᠯᠦᠭᠰᠡᠨ ᠪᠣᠶᠤ ᠠᠮᠤᠷ ᠲᠦᠪᠰᠢᠨ ᠤ ᠭᠡᠮ ᠰᠣᠭᠤᠭ ᠢ | ᠴᠡᠭᠴᠡᠯᠡᠨ ᠵᠠᠰᠠᠭᠰᠠᠨ ᠨᠢ ᠱᠠᠭᠠᠷᠳᠠᠯᠭ᠎ᠠ ᠳᠤ ᠦᠯᠦ ᠨᠡᠶᠢᠴᠡᠵᠦ᠂ ᠡᠭᠦᠨ ᠤ ᠤᠯᠠᠮ ᠠᠴᠠ ᠬᠦᠨᠳᠦ ᠶᠡᠭᠡ ᠬᠥᠮᠦᠨ ᠤ | ᠦᠬᠦᠯ ᠰᠢᠷᠬᠠᠲᠤᠯ ᠪᠠ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠷᠢᠭᠤᠴᠠᠯᠭ᠎ᠠ ᠶᠢ ᠭᠡᠳᠡᠷᠭᠡᠨ | ᠪᠠᠶᠢᠴᠠᠭᠠᠬᠤ ᠶᠢ ᠴᠢᠩᠭ᠎ᠠ ᠦᠷᠨᠢᠭᠦᠯᠵᠦ᠂ ᠬᠠᠤᠯᠢ ᠲᠣᠭᠲᠠᠭᠠᠯ ᠶᠣᠰᠤᠭᠠᠷ ᠵᠠᠰᠠᠭ ᠵᠠᠬᠢᠷᠭᠠᠨ ᠤ ᠤᠳᠤᠷᠢᠳᠤᠯᠭ᠎ᠠ ᠪᠠ | ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠴᠢᠩᠭ᠎ᠠ ᠨᠡᠬᠡᠮᠵᠢᠯᠡᠬᠦ ᠬᠡᠷᠡᠭᠲᠡᠢ᠃ ᠡᠭᠦᠨ ᠤ ᠬᠠᠮᠲᠤ᠂ | ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠳᠠᠭᠤᠰᠬᠤ ᠠᠴᠠ ᠡᠮᠦᠨ᠎ᠡ | ᠲᠤᠰ ᠭᠠᠵᠠᠷ ᠤᠷᠤᠨ ᠤ ᠰᠢᠨ᠎ᠡ ᠪᠠᠷ ᠪᠦᠲᠦᠭᠡᠨ ᠪᠠᠶᠢᠭᠤᠯᠬᠤ ᠵᠠᠮ ᠤᠨ ᠲᠦᠷᠦᠯ ᠵᠦᠢᠯ ᠢ ᠬᠢᠨᠠᠨ ᠵᠦᠪᠰᠢᠶᠡᠷᠡᠬᠦ ᠶᠢ | ᠲᠦᠷ ᠵᠣᠭᠰᠤᠭᠠᠬᠤ ᠬᠡᠷᠡᠭᠲᠡᠢ᠃ | | | | |