ᠤᠯᠠᠨ ᠲᠦᠮᠡᠨ ᠤ ᠡᠷᠡᠭᠦᠯ ᠮᠡᠨᠳᠤ ᠶᠢᠨ ᠡᠷᠬᠡ ᠠᠰᠢᠭ ᠢ ᠦᠨᠡᠨ ᠬᠦ ᠪᠠᠲᠤᠯᠠᠬᠤ᠄ ᠮᠠᠨ ᠤ ᠣᠷᠣᠨ ᠢᠳᠡᠭᠡᠨ ᠪᠠ ᠡᠮ ᠤᠨ ᠵᠦᠢᠯ ᠤᠨ ᠠᠶᠤᠯ ᠦᠭᠡᠢ ᠶᠢᠨ ᠪᠣᠭᠤᠮᠲᠠ ᠶᠢ ᠴᠢᠩᠭ᠎ᠠ ᠠᠳᠬᠤᠬᠤ ᠪᠠᠷ ᠪᠣᠢ
ᠨᠡᠶᠢᠲᠡᠯᠡᠭᠰᠡᠨ ᠴᠠᠭ᠄
2016/2/3
      ᠥᠴᠥᠭᠡᠳᠦᠷ ᠪᠦᠬᠦ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠳᠡᠭᠡᠷ᠎ᠡ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠬᠦᠴᠦᠲᠡᠶ ᠠᠷᠭ᠎ᠠ ᠬᠡᠮᠵᠢᠶ᠎ᠡ ᠠᠪᠴᠤ᠂ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠦᠷᠦᠯ ᠤᠨ ᠥᠢᠯᠡ ᠠᠵᠢᠯᠯᠠᠭ᠎ᠠ ᠶᠢ ᠡᠷᠡᠰ ᠬᠤᠷᠢᠭᠯᠠᠨ᠂ ᠤᠯᠠᠨ ᠲᠦᠮᠡᠨ ᠤ ᠡᠷᠡᠭᠦᠯ ᠮᠡᠨᠳᠤ ᠶᠢᠨ ᠡᠷᠬᠡ ᠠᠰᠢᠭ ᠢ ᠦᠨᠡᠨ ᠬᠦ ᠪᠠᠲᠤᠯᠠᠬᠤ ᠪᠠᠷ ᠪᠠᠶᠢᠨ᠎ᠠ᠃      ᠮᠠᠨ ᠤ ᠣᠷᠣᠨ ᠢᠳᠡᠭᠡᠨ ᠤ ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠤ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠰᠢᠮᠳᠠᠭᠤᠯᠤᠨ ᠵᠢᠷᠤᠮᠵᠢᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠢᠳᠡᠭᠡᠨ ᠤ ᠵᠦᠢᠯ ᠤᠨ ᠠᠶᠤᠯ ᠦᠭᠡᠢ ᠶᠢᠨ ᠮᠥᠷᠳᠡᠬᠦ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠢᠳᠡᠭᠡᠨ ᠤ ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠢᠯᠡᠳᠪᠦᠷᠢ ᠠᠴᠠ ᠭᠠᠷᠬᠤ ᠦᠶ᠎ᠡ ᠶᠢᠨ ᠰᠢᠯᠭᠠᠨ ᠪᠠᠶᠢᠴᠠᠭᠠᠯᠲᠠ ᠪᠠ ᠠᠰᠠᠭᠤᠳᠠᠯ ᠲᠠᠢ ᠢᠳᠡᠭᠡᠨ ᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠬᠤ ᠪᠠᠷ ᠪᠠᠶᠢᠨ᠎ᠠ᠃ ᠦᠷᠭᠦᠯᠵᠢᠯᠡᠨ ᠨᠢᠯᠬ᠎ᠠ ᠬᠡᠦᠬᠡᠳ ᠲᠤ ᠨᠠᠶᠢᠷᠠᠯᠠᠭᠤᠯᠤᠭᠰᠠᠨ ᠰᠦᠨ ᠢᠳᠡᠭᠡ᠂ ᠨᠢᠯᠬ᠎ᠠ ᠬᠡᠦᠬᠡᠳ ᠤᠨ ᠲᠤᠰᠠᠯᠠᠬᠤ ᠢᠳᠡᠭᠡᠨ᠂ ᠴᠠᠭᠠᠨ ᠢᠳᠡᠭᠡ᠂ ᠮᠢᠬ᠎ᠠ᠂ ᠢᠳᠡᠰᠢᠨ ᠤ ᠤᠷᠭᠤᠮᠠᠯ ᠤᠨ ᠲᠤᠰᠤ᠂ ᠬᠠᠷ᠎ᠠ ᠠᠷᠢᠬᠢ᠂ ᠰᠠᠪᠠ ᠎ ᠲᠠᠢ ᠤᠤᠭᠤᠬᠤ ᠤᠰᠤ᠂ ᠠᠮᠲᠠ ᠣᠷᠣᠭᠤᠯᠬᠤ ᠡᠳ᠋ ᠵᠡᠷᠭᠡ ᠪᠠᠷ ᠭᠤᠣᠯᠳᠠᠯᠭ᠎ᠠ ᠲᠠᠢ ᠲᠦᠷᠦᠯ ᠵᠦᠢᠯ ᠪᠣᠯᠭᠠᠨ᠂ ᠢᠳᠡᠭᠡᠨ ᠤᠮᠳᠠᠭᠠᠨ ᠦᠢᠯᠡᠳᠪᠦᠷᠢᠯᠡᠬᠦ ᠲᠥᠪᠯᠡᠷᠡᠭᠰᠡᠨ ᠤᠷᠤᠨ᠂ ᠠᠰᠠᠭᠤᠳᠠᠯ ᠤᠯᠠᠨ ᠡᠭᠦᠰᠬᠦ ᠣᠷᠣᠨ ᠢᠶᠠᠷ ᠭᠤᠣᠯᠳᠠᠯᠭ᠎ᠠ ᠲᠠᠢ ᠤᠷᠤᠨ ᠪᠦᠰᠡ ᠪᠣᠯᠭᠠᠨ᠂ ᠲᠤᠰᠬᠠᠶ ᠴᠡᠭᠴᠡᠯᠡᠨ ᠵᠠᠰᠠᠬᠤ ᠪᠠ ᠶᠡᠷᠦᠩᠬᠡᠶᠢᠯᠡᠨ ᠵᠠᠰᠠᠬᠤ ᠠᠵᠢᠯ ᠦᠷᠨᠢᠭᠦᠯᠵᠦ᠂ ᠢᠳᠡᠭᠡᠨ ᠬᠡᠪᠰᠢᠭᠦᠯᠦᠭᠴᠢ ᠡᠳ᠋᠂ ᠢᠳᠡᠭᠡᠨ ᠤ ᠱᠣᠰᠢᠭ᠎ᠠ ᠲᠡᠮᠳᠡᠭ᠂ ᠬᠤᠳᠠᠯ ᠬᠠᠭᠤᠷᠮᠠᠭ ᠥᠰᠬᠡᠭᠡᠨ ᠲᠥᠰᠬᠡᠭᠡᠨ ᠲᠠᠢ ᠤᠬᠠᠭᠤᠯᠭ᠎ᠠ ᠵᠡᠷᠭᠡ ᠲᠤᠪᠤᠶᠢᠮ᠎ᠠ ᠠᠰᠠᠭᠤᠳᠠᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤ ᠠᠶᠤᠯ ᠦᠭᠡᠢ ᠶᠢᠨ ᠠᠰᠠᠭᠤᠳᠠᠯ ᠢ ᠦᠨᠳᠦᠰᠦ ᠰᠤᠷᠪᠤᠯᠵᠢ ᠠᠴᠠ ᠨᠢ ᠰᠢᠢᠳᠪᠦᠷᠢᠯᠡᠨ᠎ᠡ᠃      ᠡᠭᠦᠨ ᠤ ᠬᠠᠮᠲᠤ᠂ ᠡᠮ ᠤᠨ ᠵᠦᠢᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭ᠎ᠠ ᠶᠢ ᠵᠢᠷᠤᠮᠵᠢᠭᠤᠯᠤᠨ᠂ ᠬᠢᠲᠠᠳ ᠡᠮ ᠤᠨ ᠰᠠᠯᠭᠠᠮᠠᠯ ᠪᠣᠳᠠᠰ ᠵᠡᠷᠭᠡ ᠭᠤᠣᠯᠳᠠᠯᠭᠠᠲᠤ ᠲᠦ᠋ᠷᠦᠯ ᠵᠦᠢᠯ ᠤᠨ ᠴᠡᠭᠴᠡᠯᠡᠨ ᠵᠠᠰᠠᠬᠤ ᠠᠵᠢᠯ ᠢ ᠭᠤᠣᠯᠳᠠᠯᠭ᠎ᠠ ᠲᠠᠢ ᠦᠷᠨᠢᠭᠦᠯᠵᠦ᠂ ᠡᠮ ᠤᠨ ᠵᠦᠢᠯ ᠤᠨ ᠦᠢᠯᠡᠳᠪᠦᠷᠢᠯᠡᠯ ᠤᠨ ᠵᠠᠩᠭᠢᠯᠠᠭ᠎ᠠ ᠳᠤ ᠣᠷᠣᠰᠢᠵᠤ ᠪᠠᠶᠢᠭ᠎ᠠ ᠠᠵᠢᠯ ᠲᠦᠷᠦᠯ ᠤᠨ ︽ᠲᠠᠯᠳᠠ ᠲᠥᠷᠢᠮ︾᠎ ᠳᠤ ᠬᠦᠴᠦᠲᠡᠢ ᠴᠣᠬᠢᠯᠲᠠ ᠥᠭᠭᠦᠨ᠎ᠡ᠃ ᠡᠮ ᠤᠨ ᠵᠦᠢᠯ ᠤᠨ ᠡᠵᠡᠩᠨᠡᠯᠲᠡ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠢᠲᠠᠳ ᠡᠮ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠬᠢᠲᠠᠳ ᠮᠣᠩᠭᠤᠯ ᠡᠮ ᠤᠨ ᠮᠠᠲ᠋ᠧᠷᠢᠶᠠᠯ ᠵᠢᠴᠢ ᠴᠢᠨᠠᠵᠤ ᠤᠤᠭᠤᠬᠤ ᠡᠮ ᠳᠤ ᠬᠤᠳᠠᠯ ᠬᠠᠭᠤᠷᠮᠠᠭ ᠶᠠᠭᠤᠮ᠎ᠠ ᠬᠤᠯᠢᠬᠤ᠂ ᠬᠠᠭᠤᠷᠮᠠᠭ ᠶᠠᠭᠤᠮ᠎ᠠ ᠪᠠᠷ ᠦᠨᠡᠨ ᠶᠠᠭᠤᠮ᠎ᠠ ᠶᠢ ᠣᠷᠣᠯᠠᠭᠤᠯᠬᠤ᠂ ᠮᠠᠭᠤ ᠶᠠᠭᠤᠮ᠎ᠠ ᠪᠠᠷ ᠰᠠᠶᠢᠨ ᠢ ᠣᠷᠣᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠭᠦᠨ᠎ᠡ᠃ ᠡᠮ ᠤᠨ ᠵᠦᠢᠯ ᠢ ᠵᠢᠵᠢᠭᠯᠡᠨ ᠬᠤᠳᠠᠯᠳᠤᠬᠤ ᠬᠡᠯᠬᠢᠶ᠎ᠡ ᠶᠢ ᠵᠢᠷᠤᠮᠵᠢᠭᠤᠯᠤᠨ ᠬᠦᠭᠵᠢᠬᠦ ᠶᠢ ᠠᠬᠢᠭᠤᠯᠤᠨ᠂ ᠠᠵᠢᠯ ᠡᠷᠬᠢᠯᠡᠬᠦ ᠡᠮᠴᠢ ᠶᠢᠨ ᠠᠵᠢᠯ ᠡᠷᠬᠢᠯᠡᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠡᠮ ᠡᠮᠨᠡᠯᠭᠡ ᠶᠢᠨ ᠪᠠᠭᠠᠵᠢ ᠬᠡᠷᠡᠭᠰᠡᠯ ᠪᠠ ᠡᠮ ᠤᠨ ᠵᠦᠢᠯ ᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢ ᠴᠢᠩᠭᠠᠳᠬᠠᠨ᠎ᠠ᠃      ᠡᠭᠦᠨ ᠠᠴᠠ ᠭᠠᠳᠠᠨ᠎ᠠ᠂ ᠪᠠᠰᠠ ᠬᠥᠬᠡᠬᠤᠲᠠ ᠶᠢᠨ ᠤᠯᠤᠰ ᠤᠨ ᠳᠡᠰ ᠤᠨ ᠰᠦ ᠮᠢᠬ᠎ᠠ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ᠤᠨ ᠪᠥᠳᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠵᠢᠯ ᠤᠨ ᠳᠣᠲᠣᠷ᠎ᠠ ᠰᠢᠯᠭᠠᠨ ᠪᠠᠶᠢᠴᠠᠭᠠᠬᠤ ᠴᠢᠳᠠᠪᠤᠷᠢ ᠲᠠᠢ ᠪᠣᠯᠭᠠᠬᠤ ᠪᠠᠷ ᠴᠢᠷᠮᠠᠶᠢᠨ᠎ᠠ︔ ᠨᠢᠳᠤᠨᠤᠨ ᠵᠢᠯ ᠲᠤᠷᠰᠢᠯᠲᠠ ᠶᠢᠨ ᠲᠠᠰᠤᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠦᠭᠰᠡᠨ 5 ᠠᠶᠢᠮᠠᠭ ᠬᠤᠲᠠ ᠶᠢ 6 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠬᠢᠷᠢ ᠴᠢᠳᠠᠯ ᠢᠶᠠᠨ ᠥᠷᠭᠡᠳᠬᠡᠬᠦ ᠵᠦᠢᠯ ᠤᠨ ᠥᠨᠡᠮᠰᠢᠯ ᠢ ᠨᠢ ᠪᠠᠲᠤᠯᠠᠭᠤᠯᠤᠨ᠎ᠠ︔ ᠡᠨᠡ ᠵᠢᠯ ᠤᠨ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠳᠤ ᠣᠷᠤᠭᠤᠯᠤᠭᠰᠠᠨ 5 ᠠᠶᠢᠮᠠᠭ ᠬᠤᠲᠠ ᠶᠢ ᠵᠢᠯ ᠤᠨ ᠳᠣᠲᠣᠷ᠎ᠠ ᠰᠢᠯᠭᠠᠨ ᠠᠪᠬᠤ ᠨᠥᠬᠦᠴᠡᠯ ᠳᠤ ᠬᠦᠷᠦᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号