ᠥᠪᠥᠷ ᠮᠣᠩᠭᠤᠯ ᠳᠤ ᠨᠢᠳᠤᠨᠤᠨ ᠡᠳᠦᠷ ᠪᠦᠷᠢ 1014 ᠵᠠᠬ᠎ᠠ ᠳᠡᠯᠭᠡᠭᠦᠷ ᠤᠨ ᠪᠡᠶᠡᠴᠢ ᠴᠣᠭᠴᠠ ᠮᠡᠨᠳᠦᠯᠡᠪᠡ
ᠨᠡᠶᠢᠲᠡᠯᠡᠭᠰᠡᠨ ᠴᠠᠭ᠄
2016/2/5
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠠᠴᠠ ᠣᠶᠢᠯᠠᠭᠠᠵᠤ ᠮᠡᠳᠡᠭᠰᠡᠨ ᠨᠢ᠂ ᠠᠯᠢ ᠣᠯᠠᠨ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠦᠷᠲᠡᠵᠦ᠂ 2015 ᠣᠨ ᠳᠤ᠂ ᠥᠪᠥᠷ ᠮᠣᠩᠭᠤᠯ ᠵᠠᠬ᠎ᠠ ᠳᠡᠯᠭᠡᠭᠦᠷ ᠤᠨ ᠪᠡᠶᠡᠴᠢ ᠴᠣᠭᠴᠠ 37.03 ᠲᠦᠮᠡ ᠶᠢ ᠰᠢᠨ᠎ᠡ ᠪᠠᠷ ᠳᠠᠩᠰᠠᠯᠠᠵᠤ᠂ ᠠᠳᠠᠯᠢ ᠬᠤᠭᠤᠴᠠᠭᠠᠨ ᠤ ᠬᠢ ᠠᠴᠠ ᠭᠤᠷᠪᠠᠨ ᠬᠤᠪᠢ ᠭᠠᠷᠤᠶ ᠨᠡᠮᠡᠭᠳᠡᠵᠦ᠂ ᠪᠥᠬᠦ ᠣᠷᠣᠨ ᠳᠤ ᠳᠤᠮᠳᠠᠴᠢ ᠪᠠᠷ ᠡᠳᠦᠷ ᠪᠦᠷᠢ 1014 ᠵᠠᠬ᠎ᠠ ᠳᠡᠯᠭᠡᠭᠦᠷ ᠤᠨ ᠪᠡᠶᠡᠴᠢ ᠴᠣᠭᠴᠠ ᠮᠡᠨᠳᠦᠯᠡᠪᠡ᠃      ᠥᠪᠥᠷ ᠮᠣᠩᠭᠤᠯ 2015 ᠣᠨ ᠤ 10 ᠳ᠋ᠤᠭᠠᠷ ᠰᠠᠡᠷ᠎ᠠ ᠶᠢᠨ 1᠎ ᠤ ᠡᠳᠦᠷ ᠠᠴᠠ ᠡᠬᠢᠯᠡᠨ ᠡᠵᠡᠩᠨᠡᠯᠲᠡ ᠶᠢᠨ ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠯ ᠤᠨ ᠦᠨᠡᠮᠯᠡᠯ ᠢ ︽ᠭᠤᠷᠪᠠᠨ ᠦᠨᠡᠮᠯᠡᠯ ᠢ ᠨᠢᠭᠡᠳᠬᠡᠵᠦ᠂ ᠨᠢᠭᠡ ᠦᠨᠡᠮᠯᠡᠯ ᠨᠢᠭᠡ ᠲᠡᠮᠳᠡᠭ︾᠎ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠳᠣᠬᠠᠨ ᠳᠤ ᠥᠭᠡᠷᠡᠴᠢᠯᠡᠯᠲᠡ ᠶᠢ ᠨᠢᠭᠡᠨᠲᠡ ᠪᠦᠬᠦ ᠲᠠᠯ᠎ᠠ ᠪᠠᠷ ᠪᠡᠶᠡᠯᠡᠭᠦᠯᠪᠡ᠃ 2015 ᠣᠨ ᠤ ᠡᠴᠦᠰ ᠪᠣᠯᠬᠤ ᠳᠤ᠂ ᠪᠦᠬᠦ ᠣᠷᠣᠨ ᠨᠢᠭᠡᠨᠲᠡ 5.3 ᠲᠦᠮᠡᠨ ᠠᠵᠤ ᠠᠬᠤᠶᠢᠯᠠᠯ ᠳᠤ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠲᠠᠢ ᠡᠵᠡᠩᠨᠡᠯᠲᠡ ᠶᠢᠨ ᠦᠨᠡᠮᠯᠡᠯ ᠢ ᠣᠯᠭᠤᠵᠤ᠂ ᠳᠡᠰ ᠳᠠᠷᠠᠭᠠᠯᠠᠯ ᠢ ᠳᠥᠭᠦᠮᠴᠢᠯᠡᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠪᠡ᠃      ᠡᠭᠦᠨ ᠤ ᠬᠠᠮᠲᠤ ᠥᠪᠥᠷ ᠮᠣᠩᠭᠤᠯ ︽ᠤᠷᠢᠳ ᠢᠶᠠᠷ ᠡᠵᠡᠩᠨᠡᠯᠲᠡ ᠶᠢᠨ ᠦᠨᠡᠮᠯᠡᠯ ᠠᠪᠴᠤ ᠲᠠᠷᠠᠭ᠎ᠠ ᠨᠢ ᠬᠤᠯᠪᠣᠭᠳᠠᠯ ᠪᠦᠬᠦᠢ ᠵᠥᠪᠰᠢᠶᠡᠷᠡᠯ ᠤᠨ ᠦᠨᠡᠮᠯᠡᠯ ᠠᠪᠬᠤ︾ ᠥᠭᠡᠷᠡᠴᠢᠯᠡᠯᠲᠡ᠂ ᠲᠤᠷᠰᠢᠯᠲᠠ ᠶᠢᠨ ᠴᠢᠭ᠋ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠬᠤ ᠪᠦᠬᠦ ᠶᠠᠪᠤᠴᠠ ᠶᠢ ᠡᠯᠧᠺᠲᠷᠣᠨᠴᠢᠯᠠᠬᠦ ᠪᠠ ᠡᠯᠧᠺᠲᠷᠣᠨ ᠡᠵᠡᠩᠨᠡᠯᠲᠡ ᠶᠢᠨ ᠦᠨᠡᠮᠯᠡᠯ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠰᠠᠭᠤᠭ᠎ᠠ ᠭᠠᠵᠠᠷ ︵ᠡᠵᠡᠩᠨᠡᠬᠦ ᠭᠠᠵᠠᠷ︶᠎ ᠤᠨ ᠳᠠᠩᠰᠠᠯᠠᠬᠤ ᠨᠥᠬᠦᠴᠡᠯ ᠢ ᠦᠷᠭᠦᠯᠵᠢᠯᠡᠨ ᠠᠭᠤᠵᠢᠭᠤ ᠲᠠᠯᠪᠢᠬᠤ᠂ ᠵᠢᠵᠢᠭ ᠪᠢᠴᠢᠯ ᠠᠵᠤ ᠠᠬᠤᠶᠢᠯᠠᠯ ᠤᠨ ᠨᠡᠷᠡᠰ ᠤᠨ ᠭᠠᠷᠴᠠᠭ ᠤᠨ ᠰᠢᠰᠲ᠋ᠧᠮ ᠢ ᠨᠡᠭᠡᠭᠡᠬᠦ᠂ ᠪᠠᠶᠠᠨᠨᠠᠭᠤᠷ ᠵᠡᠷᠭᠡ ᠭᠠᠵᠠᠷ ᠤᠨ ᠠᠵᠤ ᠠᠬᠤᠶᠢᠯᠠᠯ ᠤᠨ ᠨᠡᠷᠡᠶᠢᠳᠦᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ᠂ ︽ᠠᠳᠠᠯᠢ ᠬᠤᠳᠠ ᠳᠤ ᠨᠡᠶᠢᠳᠡᠮ ᠭᠦᠢᠴᠡᠳᠬᠡᠬᠦ︾ ᠵᠡᠷᠭᠡ ᠥᠭᠡᠷᠡᠴᠢᠯᠡᠯᠲᠡ ᠪᠠᠷ ᠳᠠᠮᠵᠢᠭᠠᠳ᠂ ᠳᠠᠩᠰᠠᠯᠠᠭᠤᠯᠬᠤ ᠶᠢ ᠳᠥᠭᠦᠮᠴᠢᠯᠡᠭᠡᠳ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠢᠯᠡᠳᠲᠡ ᠠᠮᠵᠢᠯᠲᠠ ᠣᠯᠪᠠ᠃      ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠤᠤᠱᠯᠠᠭᠤᠯᠤᠭᠰᠠᠨ ᠨᠢ ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠥᠷᠭᠡᠨ ᠣᠯᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠠᠰᠢᠭ ᠬᠦᠷᠲᠡᠭᠡᠪᠡ᠃ ᠲᠤᠭ᠎ᠠ ᠪᠠᠷᠢᠮᠲᠠ ᠠᠴᠠ ᠦᠵᠡᠪᠡᠯ᠂ 2015 ᠣᠨ ᠤ ᠡᠴᠦᠰ ᠪᠣᠯᠬᠤ ᠳᠤ᠂ ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ 166.44 ᠲᠦᠮᠡ ᠳᠤ ᠬᠦᠷᠴᠦ᠂ ᠳᠠᠩᠰᠠᠯᠠᠭᠤᠯᠤᠭᠰᠠᠨ ᠬᠦᠷᠦᠩᠭᠡ ︵ᠮᠥᠩᠭᠦ︶᠎ ᠨᠢ 2.99 ᠲᠦᠮᠡᠨ ᠳ᠋ᠦᠩᠰᠢᠭᠤᠷ ᠲᠥᠭᠦᠷᠢᠭ ᠲᠤ ᠬᠦᠷᠪᠡ᠃ ᠡᠭᠦᠨ ᠳᠤ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ 155.19 ᠲᠦᠮᠡ ᠪᠣᠯᠣᠨ ᠬᠥᠭᠵᠢᠵᠦ᠂ ᠠᠵᠢᠯᠯᠠᠵᠤ ᠪᠠᠶᠢᠭ᠎ᠠ ᠬᠥᠮᠦᠰ 512.01 ᠲᠦᠮᠡ ᠳᠤ ᠬᠦᠷᠴᠦ᠂ ᠠᠵᠢᠯ ᠣᠯᠭᠤᠯᠲᠠ ᠶᠢ ᠰᠢᠩᠭᠡᠭᠡᠬᠦ ᠭᠤᠣᠯ ᠬᠦᠴᠦᠨ ᠪᠣᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号