ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤ ᠲᠠᠲᠠᠷᠠᠭᠤᠯᠵᠤ ᠥᠭᠡᠷᠡᠴᠢᠯᠡᠬᠦ ᠢᠨᠵᠧᠨᠧᠷᠢᠩ ᠨᠢ 75 ᠲᠦᠮᠡᠨ ᠲᠠᠷᠢᠶᠠᠴᠢᠳ ᠲᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2016/2/5
      ︽ᠤᠰᠤ ᠲᠠᠲᠠᠷᠠᠭᠤᠯᠬᠤ ᠤᠢᠭᠡᠢ᠂ ᠬᠠᠲᠤᠨ ᠭᠤᠣᠯ ᠠᠴᠠ ᠣᠶᠢᠷᠠᠬᠠᠨ ᠪᠣᠯᠬᠤᠷ᠂ ᠬᠥᠷᠥᠰᠥ ᠰᠢᠷᠣᠶ ᠰᠦᠷᠡᠬᠡᠢ ᠬᠤᠵᠢᠷᠲᠤᠵᠤ ᠪᠠᠶᠢᠪᠠ᠂ ᠤᠷᠵᠢᠨᠤᠨ ᠤᠰᠤ ᠲᠠᠲᠠᠷᠠᠭᠤᠯᠤᠭᠰᠠᠨ ᠤ ᠰᠡᠭᠦᠯᠡᠷ᠂ ᠬᠤᠯᠠ ᠵᠦᠭᠡᠷ ᠪᠣᠯᠵᠠᠶ᠂ ᠤᠤᠯ ᠨᠢ ᠲᠠᠷᠢᠵᠤ ᠪᠣᠯᠬᠤ ᠤᠢᠭᠡᠢ ᠪᠠᠶᠢᠭᠰᠠᠨ ᠭᠠᠵᠠᠷ ᠤᠳᠦ ᠲᠠᠷᠢᠶᠠᠯᠠᠵᠤ ᠪᠣᠯᠬᠤ ᠪᠣᠯᠵᠠᠢ︾ ᠭᠡᠵᠦ 2 ᠳ᠋ᠤᠭᠠᠷ ᠰᠠᠷ᠎ᠠ ᠶᠢᠨ 1᠎ ᠤ ᠡᠳᠦᠷ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠳᠡᠭᠷᠢᠳᠠᠢ ᠪᠠᠯᠭᠠᠰᠤ ᠶᠢᠨ ᠹᠦ᠋ ᠹᠧᠩ ᠭᠠᠴᠠᠭᠠᠨ ᠤ ᠠᠷᠠᠳ ᠪᠠᠢ ᠰᠠᠨ ᠰᠤᠷᠪᠤᠯᠵᠢᠯᠠᠭᠴᠢ ᠳᠤ ᠬᠡᠯᠡᠵᠦ ᠪᠠᠶᠢᠯ᠎ᠠ᠃ ᠰᠤᠷᠪᠤᠯᠵᠢᠯᠠᠭᠴᠢ ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠠᠴᠠ ᠣᠶᠢᠯᠠᠭᠠᠵᠤ ᠮᠡᠳᠡᠭᠰᠡᠨ ᠨᠢ᠂ ᠪᠣᠷᠣᠲᠣᠬᠤᠶ ᠶᠢᠨ ᠤᠰᠤᠯᠤᠯᠲᠠ ᠶᠢᠨ ᠣᠷᠣᠨ 3 ᠵᠢᠯ ᠤᠨ ᠤᠰᠤ ᠲᠠᠲᠠᠷᠠᠭᠤᠯᠬᠤ ᠪᠡᠯᠡᠳᠬᠡᠮᠵᠢ ᠶᠢ ᠵᠠᠰᠠᠵᠤ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠭᠰᠡᠨ ᠤ ᠳᠠᠷᠠᠭ᠎ᠠ᠂ ᠤᠰᠤᠯᠠᠯᠲᠠ ᠶᠢᠨ ᠣᠷᠣᠨ ᠤ ᠭᠤᠣᠯ ᠵᠠᠩᠭᠢᠯᠠᠭ᠎ᠠ ᠶᠢᠨ ᠰᠤᠪᠠᠭ ᠢ ᠠᠩᠬ᠎ᠠ ᠠᠯᠬᠤᠮ ᠰᠠᠭᠠᠳ ᠦᠭᠡᠢ ᠨᠡᠪᠲᠡᠷᠡᠭᠦᠯᠦᠭᠡᠳ᠂ ᠲᠤᠪᠤᠶᠢᠮ᠎ᠠ ᠶᠡᠷᠦᠩᠬᠡᠶᠢᠯᠡᠭᠰᠡᠨ ᠦᠷ᠎ᠡ ᠠᠰᠢᠭ ᠣᠯᠵᠤ᠂ ᠲᠦᠷᠦᠯ ᠵᠦᠢᠯ ᠤᠨ ᠲᠣᠭᠤᠷᠢᠭ ᠤᠨ ᠲᠠᠷᠢᠮᠠᠯ ᠨᠢ ᠮᠥ ᠪᠦᠷᠢ ᠳᠤ 150 ᠲᠥᠭᠦᠷᠢᠭ ᠠᠴᠠ ᠳᠡᠭᠡᠭᠰᠢᠬᠢ ᠴᠡᠪᠡᠷ ᠣᠷᠣᠯᠭ᠎ᠠ ᠶᠢ ᠨᠡᠮᠡᠭᠳᠡᠭᠦᠯᠵᠦ᠂ ᠠᠮᠤ ᠪᠤᠳᠠᠭᠠᠨ ᠤ ᠬᠤᠷᠢᠶᠠᠯᠲᠠ ᠶᠢ 4.5 ᠳ᠋ᠦᠩᠰᠢᠭᠤᠷ ᠵᠢᠩ ᠨᠡᠮᠡᠭᠳᠡᠭᠦᠯᠵᠦ᠂ 75 ᠲᠦᠮᠡᠨ ᠲᠠᠷᠢᠶᠠᠴᠢᠳ ᠲᠤ ᠠᠰᠢᠭ ᠬᠦᠷᠲᠡᠭᠡᠪᠡ᠃      2013 ~ 2015 ᠣᠨ ᠳᠤ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤ ᠲᠠᠲᠠᠷᠠᠭᠤᠯᠬᠤ ᠪᠡᠯᠡᠳᠬᠡᠮᠵᠢ ᠶᠢ ᠥᠭᠡᠷᠡᠴᠢᠯᠡᠬᠦ ᠪᠠᠷᠢᠯᠭ᠎ᠠ ᠶᠢᠨ ᠨᠡᠶᠢᠲᠡ 9687 ᠭᠤᠤ ᠰᠤᠪᠠᠭ ᠵᠠᠰᠠᠨ ᠴᠡᠭᠴᠡᠯᠡᠨ᠂11104 ᠺᠢᠯᠣᠮᠧᠲᠷ  ᠬᠦᠷᠴᠡᠢ᠃ ᠤᠰᠤ ᠲᠠᠲᠠᠷᠠᠭᠤᠯᠬᠤ ᠪᠡᠯᠡᠳᠬᠡᠮᠵᠢ ᠶᠢ ᠵᠠᠰᠠᠵᠤ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠪᠠᠶᠠᠨᠨᠠᠭᠤᠷ ᠬᠤᠳᠠ ᠶᠢᠨ ᠤᠰᠤ ᠲᠠᠲᠠᠷᠠᠭᠤᠯᠬᠤ ᠪᠠᠷᠢᠯᠭ᠎ᠠ ᠶᠢᠨ ᠠᠵᠢᠯᠯᠠᠭᠠᠨ ᠤ ᠪᠠᠶᠢᠳᠠᠯ ᠢ ᠢᠯᠡᠳᠲᠡ ᠰᠠᠶᠢᠵᠢᠷᠠᠭᠤᠯᠵᠤ᠂ ᠤᠰᠤ ᠲᠠᠲᠠᠷᠠᠭᠤᠯᠬᠤ ᠪᠠᠷᠢᠯᠭ᠎ᠠ ᠶᠢᠨ ᠪᠦᠷᠢᠨ ᠪᠦᠲᠦᠨ ᠤ ᠨᠣᠷᠮ᠎ᠠ ᠥᠩᠭᠡᠷᠡᠭᠰᠡᠨ ᠤ 40 %᠎ ᠳᠤ ᠬᠥᠷᠬᠦ ᠥᠭᠡᠢ ᠪᠠᠶᠢᠭᠰᠠᠨ ᠠᠴᠠ ᠪᠠᠨ ᠣᠳᠣᠬᠠᠨ ᠳᠤ 60 % ᠪᠣᠯᠪᠠ᠂ ᠤᠰᠤ ᠲᠠᠲᠠᠷᠠᠭᠤᠯᠬᠤ ᠪᠠᠲᠤᠯᠠᠭ᠎ᠠ ᠶᠢᠨ ᠴᠢᠳᠠᠪᠤᠷᠢ ᠨᠡᠯᠢᠶᠡᠳ ᠶᠡᠬᠡᠪᠡᠷ ᠳᠡᠭᠡᠭᠰᠢᠯᠡᠵᠡᠶ᠂ ᠣᠰᠤ ᠲᠠᠲᠠᠷᠠᠭᠤᠯᠬᠤ ᠬᠡᠮᠵᠢᠶ᠎ᠡ ᠪᠣᠯᠤᠨ ᠳᠠᠪᠤᠰᠤ ᠭᠠᠳᠠᠭᠰᠢᠯᠠᠭᠤᠯᠬᠤ ᠬᠡᠮᠵᠢᠶ᠎ᠡ ᠢᠯᠡᠳᠲᠡ ᠨᠡᠮᠡᠭᠳᠡᠭᠰᠡᠨ ᠪᠠᠶᠢᠨ᠎ᠠ᠃ ᠬᠥᠷᠥᠰᠥᠨ ᠳᠣᠣᠷᠠᠬᠢ ᠤᠰᠤᠨ ᠲᠦᠪᠰᠢᠨ ᠢᠯᠡᠳᠲᠡ ᠳᠣᠭᠤᠭᠰᠢᠯᠠᠵᠤ᠂ ᠭᠠᠵᠠᠷ ᠲᠠᠷᠢᠶ᠎ᠠ ᠤᠰᠤᠯᠠᠭᠰᠠᠨ ᠤ ᠳᠠᠷᠠᠭ᠎ᠠ ᠨᠡᠪᠴᠢᠬᠦ ᠬᠤᠷᠳᠤᠴᠠ ᠥᠩᠭᠡᠷᠡᠭᠰᠡᠨ ᠵᠢᠯ ᠤᠳ ᠤᠨ ᠬᠢ ᠠᠴᠠ ᠤᠯᠠᠮ ᠲᠦᠷᠭᠡᠰᠴᠦ᠂ ᠬᠥᠷᠥᠰᠥ ᠰᠢᠷᠣᠶ ᠬᠤᠵᠢᠷᠲᠤᠬᠤ ᠶᠢ ᠬᠥᠩᠭᠡᠷᠡᠭᠦᠯᠵᠦ᠂ ᠪᠦᠬᠦ ᠬᠤᠲᠠ ᠶᠢᠨ 500 ᠭᠠᠷᠤᠶ ᠲᠦᠮᠡᠨ ᠮᠦ ᠲᠠᠷᠢᠶᠠᠨ ᠭᠠᠵᠠᠷ ᠤᠨ ᠬᠥᠷᠥᠰᠥᠨ ᠤ ᠪᠦᠲᠦᠴᠡ ᠰᠠᠶᠢᠵᠢᠷᠠᠵᠤ᠂ ᠲᠦᠷᠦᠯ ᠵᠦᠢᠯ ᠤᠨ ᠲᠣᠭᠤᠷᠢᠭ ᠤᠨ ᠤᠰᠤᠯᠠᠬᠤ ᠪᠠ ᠤᠰᠤᠲᠤᠯ ᠢ ᠠᠷᠢᠯᠭᠠᠬᠤ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠰᠤᠪᠠᠭ ᠤᠳ ᠤᠨ ᠤᠰᠤ ᠬᠤᠷᠠᠬᠤ ᠨᠢ ᠢᠯᠡᠳᠲᠡ ᠪᠠᠭᠠᠰᠴᠤ᠂ ᠪᠦᠬᠦ ᠬᠤᠲᠠ ᠶᠢᠨ ᠲᠠᠷᠢᠶᠠᠯᠠᠭ᠎ᠠ ᠶᠢᠨ ᠴᠠᠭ ᠨᠡᠶᠢᠳᠡᠮ 10 ᠡᠳᠦᠷ ᠣᠷᠴᠢᠮ ᠤᠷᠢᠳᠴᠢᠯᠠᠵᠤ᠂ ᠲᠠᠷᠢᠮᠠᠯ ᠤᠨ ᠤᠷᠭᠤᠯᠲᠠ ᠶᠢ ᠰᠠᠶᠢᠵᠢᠷᠠᠭᠤᠯᠵᠤ᠂ ᠭᠠᠷᠤᠯᠲᠠ ᠶᠢ ᠨᠡᠮᠡᠭᠳᠡᠭᠦᠯᠦᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号