ᠥᠪᠥᠷ ᠮᠣᠩᠭᠤᠯ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠳᠤ 154.64 ᠳ᠋ᠦᠩᠰᠢᠭᠤᠷ ᠲᠥᠭᠦᠷᠢᠭ ᠣᠷᠣᠭᠤᠯᠪᠠ
ᠨᠡᠶᠢᠲᠡᠯᠡᠭᠰᠡᠨ ᠴᠠᠭ᠄
2016/2/6
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠢ ᠦᠷᠭᠦᠯᠵᠢᠯᠡᠨ ᠲᠦᠷᠭᠡᠨ ᠲᠦᠯᠬᠢᠨ ᠠᠬᠢᠭᠤᠯᠵᠤ᠂ ᠵᠢᠭᠡᠯᠡᠯᠭᠡ ᠲᠠᠯᠪᠢᠬᠤ ᠬᠡᠪᠴᠢᠶ᠎ᠡ ᠰᠢᠨ᠎ᠡ ᠲᠡᠮᠳᠡᠭᠯᠡᠯ ᠢ ᠲᠠᠭᠢᠠ ᠡᠭᠦᠳᠴᠡᠶ᠃ ᠣᠳᠣᠬᠠᠨ ᠪᠣᠯᠲᠠᠯ᠎ᠠ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠤᠨ 57 ᠶᠠᠳᠠᠭᠤ ᠬᠦᠴᠢᠷᠲᠡᠶ ᠬᠤᠰᠢᠭᠤ ᠰᠢᠶᠠᠨ ᠳᠤ ᠣᠷᠣᠭᠤᠯᠤᠭᠰᠠᠨ ᠵᠢᠭᠡᠯᠡᠯᠭᠡ ᠶᠢᠨ ᠲᠤᠭ᠎ᠠ ᠨᠢ 154.64 ᠳ᠋ᠦᠩᠰᠢᠭᠤᠷ ᠲᠥᠭᠦᠷᠢᠭ ᠲᠤ ᠬᠦᠷᠪᠡ᠃      2015 ᠣᠨ ᠳᠤ᠂ ᠥᠪᠡᠷᠲᠡᠭᠡᠨ ᠵᠠᠰᠠᠬᠤ ᠣᠷᠣᠨ ᠳᠤ ᠶᠠᠳᠠᠭᠤ ᠶᠢ ᠲᠡᠳᠬᠦᠬᠦ ᠠᠯᠪᠠᠨ ᠭᠡᠷ ᠪᠣᠯᠣᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠲᠠᠢ ᠭᠠᠷ ᠢᠶᠠᠨ ᠬᠤᠯᠪᠣᠯᠴᠠᠨ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠢ ᠬᠦᠴᠦ ᠪᠠᠨ ᠨᠢᠭᠡᠳᠬᠡᠨ ᠲᠦᠯᠬᠢᠨ ᠠᠬᠢᠭᠤᠯᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ᠂ ᠲᠤᠬᠠᠶᠢᠯᠠᠭᠰᠠᠨ ᠠᠵᠢᠯ ᠤᠨ ᠴᠤᠪᠤᠷᠠᠯ ᠪᠠ ᠲᠦᠯᠬᠢᠨ ᠠᠬᠢᠭᠤᠯᠬᠤ ᠶᠢ ᠪᠠᠲᠤᠯᠠᠬᠤ ᠠᠷᠭ᠎ᠠ ᠬᠡᠮᠵᠢᠶ᠎ᠡ ᠨᠢ ᠪᠦᠲᠦᠮᠵᠢᠲᠡᠢ ᠪᠠᠷ ᠬᠡᠷᠡᠭᠵᠢᠭᠦᠯᠦᠭᠳᠡᠪᠡ᠃ ᠡᠭᠦᠨ ᠤ ᠬᠠᠮᠲᠤ᠂ ᠬᠤᠶᠠᠷ ᠨᠢᠭᠡᠴᠡ ᠣᠷᠣᠰᠢᠵᠤ ᠪᠠᠶᠢᠭ᠎ᠠ ᠠᠰᠠᠭᠤᠳᠠᠯ ᠳᠤ ᠪᠠᠨ ᠴᠠᠭ ᠲᠤᠬᠠᠢ ᠳᠤᠨᠢ ᠴᠢᠭᠯᠡᠭᠦᠯᠬᠦ ᠴᠢᠨᠠᠷᠲᠠᠶ ᠠᠷᠭ᠎ᠠ ᠬᠡᠮᠵᠢᠶ᠎ᠡ ᠠᠪᠴᠤ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠥᠭᠬᠦ ᠣᠷᠣᠭᠤᠯᠤᠯᠲᠠ ᠪᠠᠨ ᠲᠤᠭ᠎ᠠ ᠶᠣᠰᠣᠭᠠᠷ ᠪᠡᠶᠡᠯᠡᠭᠦᠯᠵᠦ᠂ ᠴᠠᠭ ᠲᠤᠬᠠᠶ ᠳᠤᠨᠢ ᠨᠠᠶᠢᠳᠠᠪᠤᠷᠢᠵᠢᠭᠤᠯᠤᠨ᠂ ᠶᠠᠳᠠᠭᠤ ᠶᠢ ᠲᠡᠳᠬᠦᠬᠦ ᠬᠦᠴᠦ ᠴᠢᠳᠠᠯ ᠢ ᠦᠨᠡᠨ ᠬᠦ ᠪᠠᠳᠠᠷᠠᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号