ᠪᠦᠬᠦ ᠤᠷᠤᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/3/1
     2 ᠳ᠋ᠤᠭᠠᠷ ᠰᠠᠷ᠎ᠠ ᠶᠢᠨ 26᠎ ᠤ ᠡᠳᠦᠷ᠂  ᠪᠦᠬᠦ ᠤᠷᠤᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠬᠤᠷᠠᠯᠳᠤᠪᠠ
     ᠡᠯ᠎ᠡ ᠠᠶᠢᠮᠠᠭ ᠬᠤᠲᠠ ᠶᠢᠨ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠤᠪᠴᠢᠶ᠎ᠠ ᠶᠢᠨ ᠳᠠᠷᠤᠭ᠎ᠠ ᠂  ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠲᠢᠩᠬᠢᠮ ᠤᠨ ᠬᠠᠷᠢᠶ᠎ᠠ ᠨᠢᠭᠡᠴᠡ ᠶᠢᠨ ᠭᠤᠤᠯ ᠤᠳᠤᠷᠢᠳᠤᠯᠭ᠎ᠠ ᠪᠤᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ︵ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ︶ ᠨᠠᠷ ᠲᠤᠰ ᠨᠢᠭᠡᠴᠡ ᠶᠢᠨ ᠢᠶᠠᠨ ᠪᠤᠳᠠᠲᠠᠢ ᠪᠠᠶᠢᠳᠠᠯ ᠎ ᠲᠠᠢ ᠤᠶᠠᠯᠳᠤᠭᠤᠯᠤᠨ ᠲᠤᠰᠬᠠᠢ ᠰᠡᠳᠦᠪᠲᠦ ᠶᠠᠷᠢᠯᠴᠠᠭ᠎ᠠ ᠬᠢᠪᠡ      2 ᠳ᠋ᠤᠭᠠᠷ ᠰᠠᠷ᠎ᠠ ᠶᠢᠨ 26᠎ ᠤ ᠡᠳᠦᠷ᠂  ᠪᠦᠬᠦ ᠤᠷᠤᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠬᠤᠷᠠᠯᠳᠤᠵᠤ᠂ ᠬᠤᠷᠠᠯ ᠳᠡᠭᠡᠷ᠎ᠡ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠪᠤᠯᠤᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠳᠤᠯᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠸᠠᠩ ᠵᠢᠶᠦ᠋ᠨ ᠱᠦᠵᠢ ᠶᠢᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠳᠤᠯᠤᠳᠤᠭᠠᠷ ᠪᠦᠬᠦᠳᠡ ᠬᠤᠷᠠᠯ ᠳᠡᠭᠡᠷ᠎ᠡ ᠬᠢᠭᠰᠡᠨ ᠴᠢᠬᠤᠯᠠ ᠶᠠᠷᠢᠶ᠎ᠠ ᠪᠤᠯᠤᠨ ᠵᠠᠩ ᠯᠢ ᠨᠦᠬᠦᠷ ᠤᠨ ᠠᠵᠢᠯ ᠤᠨ ᠢᠯᠡᠳᠭᠡᠯ ᠢ ᠬᠦᠨᠵᠡᠭᠡᠢ ᠰᠤᠷᠤᠯᠴᠠᠵᠤ᠂ 2015 ᠤᠨ ᠤ ᠪᠦᠬᠦ ᠤᠷᠤᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠡᠷᠡᠯ ᠢ  ᠡᠰᠡᠷᠭᠦᠴᠡᠭᠰᠡᠨ ᠠᠵᠢᠯ ᠢ ᠳ᠋ᠦᠡᠭᠨᠡᠵᠤ᠂ 2016 ᠤᠨ ᠤ ᠭᠤᠤᠯᠳᠠᠯᠭ᠎ᠠ ᠲᠠᠢ ᠠᠵᠢᠯ ᠤᠨ ᠡᠬᠦᠷᠭᠡ ᠪᠠᠨ ᠪᠠᠶᠢᠷᠢᠯᠠᠭᠤᠯᠪᠠ᠃ ᠭᠤᠤᠯ ᠬᠤᠷᠠᠯ ᠤᠨ ᠲᠠᠯᠠᠪᠠᠢ ᠶᠢ ᠬᠦᠬᠡᠬᠤᠲᠠ ᠳᠤ ᠲᠤᠬᠢᠷᠠᠭᠤᠯᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠤᠪᠴᠢᠶ᠎ᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠤ᠂ ᠨᠡᠶᠢᠲᠡ 3800 ᠭᠠᠷᠤᠢ ᠬᠦᠮᠦᠨ ᠬᠤᠷᠠᠯ ᠳᠤ ᠤᠷᠤᠯᠴᠠᠭᠰᠠᠨ ᠪᠠᠶᠢᠨ᠎ᠠ᠃      ᠬᠤᠷᠠᠯ ᠳᠡᠭᠡᠷ᠎ᠡ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠠᠭᠤᠯᠠ ᠨᠦᠬᠦᠷ ᠠᠵᠢᠯ ᠤᠨ ᠮᠡᠳᠡᠭᠦᠯᠦᠯᠲᠡ ᠬᠢᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠯᠢ ᠱᠢ ᠷᠦᠡᠭ ᠨᠦᠬᠦᠷ ᠴᠢᠬᠤᠯᠠ ᠶᠠᠷᠢᠶ᠎ᠠ ᠲᠠᠯᠪᠢᠪᠠ᠃ ᠰᠢᠯᠢ ᠶᠢᠨ ᠭᠤᠤᠯ ᠠᠶᠢᠮᠠᠭ ᠤᠨ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶ᠎ᠠ ᠶᠢᠨ ᠳᠠᠷᠤᠭ᠎ᠠ ᠵᠢᠶᠠᠩ ᠲᠤᠤ ᠪᠤᠯᠤᠨ ᠦᠪᠦᠷ ᠮᠤᠩᠭᠤᠯ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠬᠦᠷᠢᠶᠡᠯᠡᠩ ᠤᠨ ᠳᠠᠷᠤᠭ᠎ᠠ ᠰᠦᠡᠭ ᠬᠤᠸᠠ ᠬᠤᠷᠠᠯ ᠳᠡᠭᠡᠷ᠎ᠡ ᠡᠬᠦᠷᠭᠡ ᠬᠠᠷᠢᠭᠤᠴᠠᠯᠭ᠎ᠠ ᠪᠤᠯᠤᠨ ᠠᠷᠢᠭᠤᠨ ᠴᠢᠭᠡᠴᠢ ᠶᠢᠨ ᠲᠤᠬᠠᠢ ᠮᠡᠳᠡᠭᠦᠯᠦᠯᠲᠡ ᠬᠢᠵᠤ᠂ ᠠᠭᠤᠯᠠ ᠱᠦᠵᠢ ᠠᠴᠠ ᠬᠤᠶᠠᠷ ᠨᠦᠬᠦᠷ ᠤᠨ ᠡᠬᠦᠷᠭᠡ ᠬᠠᠷᠢᠭᠤᠴᠠᠯᠭ᠎ᠠ ᠪᠤᠯᠤᠨ ᠠᠷᠢᠭᠤᠨ ᠴᠢᠭᠡᠴᠢ ᠶᠢᠨ ᠲᠤᠬᠠᠢ ᠮᠡᠳᠡᠭᠦᠯᠦᠯᠲᠡ ᠶᠢ ᠦᠨᠡᠯᠡᠭᠰᠡᠨ ᠪᠠᠶᠢᠨ᠎ᠠ᠃ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠴᠧᠨ ᠸᠧᠢ ᠨᠦᠬᠦᠷ ᠬᠤᠷᠠᠯ ᠡᠷᠬᠢᠯᠡᠪᠡ᠃      ᠬᠦᠬᠡᠬᠤᠲᠠ ᠳᠤ ᠪᠠᠶᠢᠭ᠎ᠠ ᠲᠢᠩᠬᠢᠮ ᠤᠨ ᠤᠳᠤᠷᠢᠳᠤᠯᠭ᠎ᠠ ᠨᠠᠷ ᠬᠤᠷᠠᠯ ᠳᠤ ᠤᠷᠤᠯᠴᠵᠤ᠂ ᠦᠪᠡᠷᠲᠡᠭᠡᠨ ᠵᠠᠰᠠᠬᠤ ᠤᠷᠤᠨ ᠤ ᠬᠡᠮᠵᠢᠨ ᠵᠢᠷᠤᠭᠯᠠᠬᠤ ᠭᠠᠵᠠᠷ ᠵᠦᠢ ᠶᠢᠨ ᠮᠡᠳᠡᠭᠡ ᠵᠠᠩᠬᠢ ᠶᠢᠨ ᠲᠤᠪᠴᠢᠶ᠎ᠠ᠂ ᠠᠭᠤᠷᠬᠠᠢ ᠶᠢᠨ ᠦᠢᠯᠡᠰ ᠤᠨ ᠪᠦᠯᠦᠭᠯᠡᠯ ᠪᠤᠯᠤᠨ ᠭᠤᠷᠪᠠᠨ ᠶᠡᠭᠡ ᠭᠠᠵᠠᠷ ᠵᠦᠢ ᠶᠢᠨ ᠪᠠᠶᠢᠴᠠᠭᠠᠯᠲᠠ ᠶᠢᠨ ᠨᠢᠭᠡᠴᠡ ᠶᠢᠨ ᠬᠦᠬᠡᠬᠤᠲᠠ ᠳᠤ ᠰᠠᠭᠤᠭ᠎ᠠ ᠬᠤᠶᠠᠳᠤᠭᠠᠷ ᠳᠡᠰ ᠤᠨ ᠨᠢᠭᠡᠴᠡ ᠶᠢᠨ ᠭᠤᠤᠯ ᠤᠳᠤᠷᠢᠳᠤᠯᠭ᠎ᠠ ᠪᠤᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠡᠯ᠎ᠡ ᠠᠶᠢᠮᠠᠭ ᠬᠤᠲᠠ ᠶᠢᠨ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠤᠪᠴᠢᠶ᠎ᠠ ᠶᠢᠨ ᠳᠠᠷᠤᠭ᠎ᠠ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠲᠢᠩᠬᠢᠮ ᠤᠨ ᠬᠠᠷᠢᠶ᠎ᠠ ᠨᠢᠭᠡᠴᠡ ᠶᠢᠨ ᠨᠠᠮ ᠵᠠᠰᠠᠭ ᠤᠨ ᠭᠤᠤᠯ ᠤᠳᠤᠷᠢᠳᠤᠯᠭ᠎ᠠ ᠪᠤᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ︵ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ︶᠂ ᠵᠢᠴᠢ ᠲᠢᠩᠬᠢᠮ ᠤᠨ ᠪᠠᠶᠢᠭᠤᠯᠭ᠎ᠠ ᠶᠢᠨ ᠪᠦᠬᠦ ᠺᠠᠳ᠋ᠷ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号