| 2 ᠳ᠋ᠤᠭᠠᠷ ᠰᠠᠷ᠎ᠠ ᠶᠢᠨ 27 ᠤ ᠡᠳᠦᠷ ᠠᠴᠠ 28 ᠶᠢᠨ ᠡᠳᠦᠷ ᠪᠣᠯᠲᠠᠯ᠎ᠠ᠂ ᠦᠪᠡᠷᠲᠡᠭᠡᠨ ᠵᠠᠰᠠᠬᠤ ᠤᠷᠤᠨ ᠤ | ᠬᠤᠣᠷ ᠲᠠᠲᠠᠬᠤ ᠶᠢ ᠴᠡᠭᠡᠷᠯᠡᠭᠦᠯᠬᠦ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠤᠷᠤᠨ ᠤ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠬᠤᠣᠷ ᠲᠠᠲᠠᠬᠤ ᠶᠢ ᠴᠡᠭᠡᠷᠯᠡᠭᠦᠯᠬᠦ ᠠᠵᠢᠯ ᠤᠨ ᠬᠤᠷᠠᠯ ᠢ ᠬᠤᠷᠠᠯᠳᠤᠭᠤᠯᠪᠠ᠃ ᠬᠤᠣᠷ | ᠲᠠᠲᠠᠬᠤ ᠶᠢ ᠴᠡᠭᠡᠷᠯᠡᠭᠦᠯᠬᠦ ᠬᠠᠮᠢᠶᠠᠷᠤᠯᠲᠠ ᠶᠢᠨ ᠲᠣᠪᠴᠢᠶ᠎ᠠ ᠪᠠ ᠲᠣᠪᠴᠢᠶ᠎ᠠ ᠶᠢᠨ ᠪᠦᠬᠦ ᠭᠡᠰᠢᠭᠦᠨ᠂ ᠪᠦᠬᠦ ᠤᠷᠤᠨ ᠤ | ᠬᠤᠣᠷ ᠲᠠᠲᠠᠬᠤ ᠶᠢ ᠴᠡᠭᠡᠷᠯᠡᠭᠦᠯᠬᠦ ᠰᠠᠯᠪᠤᠷᠢ ᠨᠤᠭᠤᠳ ᠤᠨ ᠳᠠᠷᠤᠭ᠎ᠠ᠂ ᠤᠯᠤᠰ ᠲᠥᠷᠦ ᠶᠢᠨ ᠭᠡᠰᠢᠭᠦᠨ᠂ ᠠᠯᠪᠠᠨ | ᠭᠡᠷ ᠤᠨ ᠡᠷᠬᠢᠯᠡᠭᠴᠢ ᠨᠠᠷ ᠨᠡᠶᠢᠲᠡ 80 ᠭᠠᠷᠤᠢ ᠬᠦᠮᠦᠨ ᠬᠤᠷᠠᠯ ᠳᠤ ᠣᠷᠤᠯᠴᠠᠵᠤ᠂ ᠪᠦᠬᠦ ᠤᠷᠤᠨ ᠤ ᠬᠤᠣᠷ | ᠲᠠᠲᠠᠬᠤ ᠶᠢ ᠴᠡᠭᠡᠷᠯᠡᠭᠦᠯᠬᠦ ᠭᠠᠵᠠᠷ ᠤᠳ ᠤᠨ ᠠᠷᠠᠳ ᠤᠨ ᠴᠠᠭᠳᠠᠭᠠᠴᠤᠳ ᠬᠤᠪᠢᠶᠠᠷᠢ ᠲᠠᠯᠠᠪᠠᠢ ᠶᠢᠨ ᠬᠤᠷᠠᠯ ᠳᠤ | ᠣᠷᠤᠯᠴᠠᠪᠠ᠃ ᠲᠢᠩᠬᠢᠮ ᠤᠨ ᠳᠠᠷᠤᠭ᠎ᠠ ᠵᠧᠦ ᠯᠢ ᠮᠢᠩ ᠬᠤᠷᠠᠯ ᠳᠤ ᠣᠷᠤᠯᠴᠠᠨ ᠶᠠᠷᠢᠶ᠎ᠠ ᠲᠠᠯᠪᠢᠵᠤ᠂ ᠬᠠᠤᠯᠢ | ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ᠂ ᠬᠤᠣᠷ ᠲᠠᠲᠠᠬᠤ ᠶᠢ ᠴᠡᠭᠡᠷᠯᠡᠭᠦᠯᠬᠦ ᠬᠠᠮᠢᠶᠠᠷᠤᠯᠲᠠ ᠶᠢᠨ ᠲᠣᠪᠴᠢᠶᠠᠨ ᠤ | ᠨᠠᠮ ᠤᠨ ᠬᠤᠷᠢᠶ᠎ᠠ ᠶᠢᠨ ᠱᠦᠵᠢ ᠵᠠᠩ ᠳ᠋ᠧ ᠴᠧᠩ ᠬᠤᠷᠠᠯ ᠡᠷᠬᠢᠯᠡᠭᠰᠡᠨ ᠪᠦᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ | ᠃ | | ᠳᠡᠳ᠋ ᠲᠢᠩᠬᠢᠮ ᠤᠨ ᠳᠠᠷᠤᠭ᠎ᠠ ᠵᠠᠩ ᠳ᠋ᠧ ᠴᠧᠩ ᠵᠢᠭᠠᠵᠤ ᠭᠠᠷᠭᠠᠭᠰᠠᠨ ᠨᠢ᠂ ᠪᠦᠬᠦ ᠤᠷᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠬᠤᠣᠷ ᠲᠠᠲᠠᠬᠤ ᠶᠢ ᠴᠡᠭᠡᠷᠯᠡᠭᠦᠯᠬᠦ ᠠᠵᠢᠯ ᠤᠨ ᠬᠤᠷᠠᠯ ᠳᠠᠶᠠᠭᠠᠷ ᠤᠨ ᠬᠠᠮᠲᠤ ᠶᠢᠨ | ᠴᠢᠷᠮᠠᠶᠢᠯᠭ᠎ᠠ ᠪᠠᠷ᠂ ᠵᠢᠱᠢᠭᠰᠡᠨ ᠵᠦᠢᠯᠡᠰ ᠢᠶᠠᠨ ᠠᠮᠵᠢᠯᠲᠠ ᠲᠠᠢ ᠪᠡᠶᠡᠯᠡᠭᠦᠯᠪᠡ᠃ ᠲᠢᠩᠬᠢᠮ ᠤᠨ ᠳᠠᠷᠤᠭ᠎ᠠ ᠵᠧᠦ ᠯᠢ | ᠮᠢᠩ ᠶᠠᠷᠢᠶᠠᠨ ᠳᠠᠭᠠᠨ ᠬᠤᠣᠷ ᠲᠠᠲᠠᠬᠤ ᠶᠢ ᠴᠡᠭᠡᠷᠯᠡᠭᠦᠯᠬᠦ ᠠᠵᠢᠯ ᠨᠢ ᠲᠥᠪ ᠤᠨ ᠪᠠ ᠦᠪᠡᠷᠲᠡᠭᠡᠨ ᠵᠠᠰᠠᠬᠤ | ᠤᠷᠤᠨ ᠤ ᠱᠠᠭᠠᠷᠳᠠᠯᠭ᠎ᠠ ᠲᠠᠢ ᠬᠡᠷᠬᠢᠨ ᠬᠠᠷᠢᠴᠠᠭᠤᠯᠵᠤ᠂ ᠦᠪᠡᠷ ᠤᠨ ᠪᠡᠶ᠎ᠡ ᠳᠡᠭᠡᠷ᠎ᠡ ᠣᠷᠤᠰᠢᠵᠤ ᠪᠠᠶᠢᠭ᠎ᠠ ︽ | ᠳᠤᠲᠠᠮᠠᠭ ᠲᠠᠯ᠎ᠠ︾ ᠪᠠᠨ ᠣᠨᠤᠪᠴᠢᠲᠠᠢ ᠡᠷᠢᠵᠦ᠂ ᠪᠡᠷᠬᠡ ᠰᠡᠳᠦᠪ ᠢ ᠰᠢᠢᠳᠪᠦᠷᠢᠯᠡᠨ᠂ ᠬᠤᠣᠷ ᠲᠠᠲᠠᠬᠤ ᠶᠢ | ᠴᠡᠭᠡᠷᠯᠡᠭᠦᠯᠬᠦ ᠠᠵᠢᠯ ᠤᠨ ᠰᠢᠨᠵᠢᠯᠡᠬᠦ ᠤᠬᠠᠭᠠᠵᠢᠬᠤ᠂ ᠲᠤᠰᠬᠠᠶᠢᠵᠢᠬᠤ᠂ ᠵᠢᠷᠤᠮᠵᠢᠬᠤ ᠬᠢᠷᠢ ᠲᠥᠪᠰᠢᠨ ᠢ | ᠲᠠᠰᠤᠷᠠᠯᠲᠠ ᠦᠭᠡᠢ ᠲᠥᠯᠬᠢᠨ ᠠᠬᠢᠭᠤᠯᠬᠤ ᠲᠤᠬᠠᠢ ᠨᠠᠷᠢᠨ ᠬᠢᠨᠠᠮᠠᠭᠠᠢ ᠵᠠᠳᠠᠯᠤᠯᠲᠠ ᠪᠠ ᠶᠡᠷᠦᠩᠬᠡᠢ | ᠪᠠᠶᠢᠷᠢᠯᠠᠭᠤᠯᠤᠯᠲᠠ ᠬᠢᠵᠡᠢ᠃ ᠡᠨᠡ ᠤᠳᠠᠭᠠᠨ ᠤ ᠬᠤᠷᠠᠯ ᠢᠶᠠᠷ ᠳᠠᠮᠵᠢᠨ᠂ ᠤᠯᠠᠨ ᠢᠶᠠᠷ ᠢᠶᠠᠨ ᠲᠠᠨᠢᠯᠲᠠ ᠪᠠᠨ ᠤᠯᠠᠮ | ᠳᠡᠭᠡᠭᠰᠢᠯᠡᠭᠦᠯᠦᠨ᠂ ᠪᠠᠶᠢᠳᠠᠯ ᠢ ᠲᠣᠳᠤᠷᠬᠠᠢ ᠲᠠᠨᠢᠵᠤ᠂ ᠬᠠᠷᠠᠯᠲᠠ ᠪᠠᠨ ᠲᠣᠳᠤᠷᠬᠠᠶᠢᠯᠠᠨ᠂ ᠲᠣᠷᠰᠢᠯᠭ᠎ᠠ ᠪᠠᠨ | ᠰᠣᠯᠢᠯᠴᠠᠪᠠ ᠭᠡᠪᠡ᠃ | ᠳᠡᠳ᠋ ᠲᠢᠩᠬᠢᠮ ᠤᠨ ᠳᠠᠷᠤᠭ᠎ᠠ ᠵᠠᠩ ᠳ᠋ᠧ ᠴᠧᠩ ᠴᠢᠬᠤᠯᠠᠴᠢᠯᠠᠭᠰᠠᠨ ᠨᠢ᠂ ᠬᠤᠣᠷ ᠲᠠᠲᠠᠬᠤ ᠶᠢ | ᠴᠡᠭᠡᠷᠯᠡᠭᠦᠯᠦᠨ ᠵᠠᠰᠠᠬᠤ ᠰᠤᠷᠭᠠᠨ ᠬᠦᠮᠦᠵᠢᠯ ᠬᠠᠮᠢᠶᠠᠷᠤᠯᠲᠠ ᠶᠢᠨ ᠬᠢᠷᠢ ᠲᠥᠪᠰᠢᠨ ᠢᠶᠠᠨ ᠳᠡᠭᠡᠭᠰᠢᠯᠡᠭᠦᠯᠵᠦ᠂ | ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠠᠵᠢᠯ ᠢᠶᠠᠨ ᠲᠦᠯᠦᠪᠵᠢᠭᠦᠯᠦᠨ᠂ ᠪᠡᠷᠬᠡ ᠰᠡᠳᠦᠪ | ᠢ ᠰᠢᠢᠳᠪᠦᠷᠢᠯᠡᠬᠦ ᠬᠡᠷᠡᠭᠲᠡᠢ︔ ᠬᠠᠤᠯᠢ ᠪᠠᠷ ᠵᠠᠰᠠᠬᠤ ᠰᠡᠳᠬᠢᠬᠦᠢ ᠪᠠᠷ ᠠᠵᠢᠯ ᠢᠶᠠᠨ ᠤᠳᠤᠷᠢᠳᠬᠤ ᠶᠢ ᠪᠠᠷᠢᠮᠳᠠᠯᠠᠵᠤ᠂ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠤᠣᠷ ᠲᠠᠲᠠᠬᠤ ᠶᠢ ᠴᠡᠭᠡᠷᠯᠡᠭᠦᠯᠬᠦ ᠠᠵᠢᠯ ᠢᠶᠠᠨ ᠬᠠᠤᠯᠢᠵᠢᠭᠰᠠᠨ᠂ | ᠵᠢᠷᠤᠮᠵᠢᠭᠰᠠᠨ᠂ ᠰᠢᠨᠵᠢᠯᠡᠬᠦ ᠤᠬᠠᠭᠠᠵᠢᠭᠰᠠᠨ ᠵᠠᠮ ᠢᠶᠠᠷ ᠵᠠᠮᠨᠠᠭᠤᠯᠬᠤ ᠬᠡᠷᠡᠭᠲᠡᠢ︔ ᠰᠢᠷᠭᠠᠭᠤ ᠬᠠᠲᠠᠭᠤᠵᠢᠯᠲᠠᠢ | ᠠᠵᠢᠯᠯᠠᠬᠤ ᠬᠢᠭᠡᠳ ᠶᠠᠷᠢᠶ᠎ᠠ ᠬᠡᠯᠡᠯᠴᠡᠭᠡᠨ ᠤ ᠰᠤᠷᠲᠠᠯ ᠤᠬᠠᠭᠤᠯᠭ᠎ᠠ ᠶᠢᠨ ᠬᠠᠷᠢᠴᠠᠭ᠎ᠠ ᠶᠢ ᠡᠷᠴᠢᠮ ᠲᠠᠢ ᠰᠠᠶᠢᠬᠠᠨ | ᠰᠢᠢᠳᠪᠦᠷᠢᠯᠡᠵᠦ᠂ ᠤᠬᠠᠭᠤᠯᠭ᠎ᠠ ᠶᠢᠨ ᠠᠵᠢᠯ ᠤᠨ ᠡᠷᠴᠢᠮ ᠢᠶᠠᠨ ᠴᠢᠩᠭᠠᠳᠬᠠᠨ᠂ ᠦᠨᠡᠨ ᠢ ᠡᠷᠢᠵᠦ | ᠪᠣᠳᠠᠲᠠᠶᠢᠴᠢᠯᠠᠬᠤ᠂ ᠦᠢᠯᠡᠰ ᠢᠶᠠᠨ ᠡᠷᠬᠢᠮᠯᠡᠵᠦ ᠬᠠᠨᠳᠢᠪᠯᠠᠬᠤ ᠵᠦᠪ ᠡᠨᠧᠷᠬᠢ ᠶᠢ ᠪᠠᠳᠠᠷᠠᠭᠤᠯᠬᠤ ᠬᠡᠷᠡᠭᠲᠡᠢ︔ ᠬᠤᠷᠠᠯ | ᠳᠤ ᠲᠣᠭᠲᠠᠭᠠᠭᠰᠠᠨ ᠡᠭᠦᠷᠭᠡ ᠬᠠᠷᠠᠯᠲᠠ ᠶᠢᠨ ᠲᠣᠭᠤᠷᠢᠨ ᠳᠤ᠂ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ | ᠠᠵᠢᠯ ᠢᠶᠠᠨ ᠴᠢᠩᠭ᠎ᠠ ᠠᠳᠬᠤᠨ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ | | ᠬᠤᠷᠠᠯ ᠳᠡᠭᠡᠷ᠎ᠡ᠂ ᠲᠣᠪᠴᠢᠶᠠᠨ ᠳᠠᠷᠤᠭ᠎ᠠ ᠳ᠋ᠤᠸᠠᠨ ᠾᠧ ᠫᠢᠩ ᠬᠤᠣᠷ ᠲᠠᠲᠠᠬᠤ ᠶᠢ ᠴᠡᠭᠡᠷᠯᠡᠭᠦᠯᠬᠦ | ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠬᠤᠷᠢᠶ᠎ᠠ ᠶᠢᠨ ᠡᠮᠦᠨ᠎ᠡ ᠠᠴᠠ ᠠᠵᠢᠯ ᠤᠨ ᠮᠡᠳᠡᠭᠦᠯᠦᠯᠲᠡ ᠬᠢᠪᠡ᠃ | ᠲᠡᠷᠡ ᠦᠪᠡᠷᠲᠡᠭᠡᠨ ᠵᠠᠰᠠᠬᠤ ᠤᠷᠤᠨ ᠤ ᠳᠡᠮᠵᠢᠯᠭᠡ ᠶᠢ ᠲᠡᠮᠡᠴᠡᠨ ᠣᠯᠬᠤ᠂ ᠪᠡᠷᠬᠡᠰᠢᠶᠡᠯ ᠲᠠᠢ ᠠᠰᠠᠭᠤᠳᠠᠯ ᠢ | ᠰᠢᠢᠳᠪᠦᠷᠢᠯᠡᠬᠦ᠂ ᠪᠠᠲᠤᠯᠠᠭ᠎ᠠ ᠶᠢᠨ ᠬᠢᠷᠢ ᠲᠥᠪᠰᠢᠨ ᠢ ᠳᠡᠭᠡᠭᠰᠢᠯᠡᠭᠦᠯᠬᠦ᠂ ᠠᠮᠤᠷ ᠲᠥᠪᠰᠢᠨ ᠤ ᠰᠡᠷᠭᠡᠶᠢᠯᠡᠬᠦ | ᠴᠢᠳᠠᠪᠤᠷᠢ ᠪᠠᠨ ᠴᠢᠩᠭᠠᠳᠬᠠᠬᠤ᠂ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠬᠤ᠂ ᠶᠡᠭᠡ ᠪᠠᠷ ᠴᠡᠭᠡᠷᠯᠡᠭᠦᠯᠦᠨ | ᠵᠠᠰᠠᠬᠤ ᠪᠠᠶᠢᠷᠢᠰᠢᠯ ᠢ ᠪᠠᠶᠢᠭᠤᠯᠬᠤ᠂ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠ ᠨᠠᠮ ᠤᠨ | ᠰᠤᠷᠲᠠᠯ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠡᠷᠭᠡ ᠵᠢᠷᠭᠤᠭᠠᠨ ᠲᠠᠯ᠎ᠠ ᠪᠠᠷ 2015 ᠣᠨ ᠤ | ᠠᠵᠢᠯ ᠢᠶᠠᠨ ᠭᠦᠨᠵᠡᠭᠡᠢ ᠳ᠋ᠦᠩᠨᠡᠵᠦ᠂ ᠪᠦᠬᠦ ᠤᠷᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠤᠣᠷ | ᠲᠠᠲᠠᠬᠤ ᠶᠢ ᠴᠡᠭᠡᠷᠯᠡᠭᠦᠯᠬᠦ ᠠᠵᠢᠯ ᠤᠨ ᠺᠠᠳ᠋ᠷ ᠴᠠᠭᠳᠠᠭᠠᠴᠤᠳ ᠢ ᠦᠷ᠎ᠡ ᠪᠦᠲᠦᠮᠵᠢ ᠪᠠᠨ ᠨᠠᠨᠳᠢᠩᠨᠠᠬᠤ ᠶᠢ ᠱᠠᠭᠠᠷᠳᠠᠵᠤ | ᠂ ᠪᠠᠷᠳᠠᠮᠨᠠᠬᠤ ᠦᠭᠡᠢ ᠪᠠᠴᠢᠮᠳᠠᠬᠤ ᠦᠭᠡᠢ᠂ ᠠᠵᠢᠯᠴᠢ ᠬᠢᠴᠢᠶᠡᠩᠬᠦᠢ ᠪᠠᠶᠢᠵᠤ᠂ 2016 ᠣᠨ ᠤ ᠪᠦᠬᠦ ᠵᠢᠯ ᠤᠨ | ᠠᠵᠢᠯ ᠤᠨ ᠡᠭᠦᠷᠭᠡ ᠪᠠᠨ ᠯᠠᠪᠳᠠᠭᠤᠨ ᠪᠠᠲᠤᠲᠠᠢ ᠪᠡᠶᠡᠯᠡᠭᠦᠯᠬᠦ ᠬᠡᠷᠡᠭᠲᠡᠢ ᠭᠡᠪᠡ᠃ | ᠲᠣᠪᠴᠢᠶᠠᠨ ᠳᠠᠷᠤᠭ᠎ᠠ ᠳ᠋ᠤᠸᠠᠨ ᠾᠧ ᠫᠢᠩ ᠪᠦᠬᠦ ᠤᠯᠤᠰ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠬᠤᠣᠷ ᠲᠠᠲᠠᠬᠤ ᠶᠢ ᠴᠡᠭᠡᠷᠯᠡᠭᠦᠯᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠠᠯᠠᠭᠤᠯᠤᠨ | ᠨᠠᠶᠢᠳᠠᠪᠤᠷᠢᠵᠢᠭᠤᠯᠬᠤ ᠠᠴᠠ ᠠᠪᠤᠭᠠᠳ ᠰᠤᠷᠭᠠᠨ ᠴᠡᠭᠡᠷᠯᠡᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ᠂ ᠠᠮᠤᠷ ᠲᠦᠪᠰᠢᠨ | ᠲᠣᠭᠳᠠᠭᠤᠨ ᠪᠠᠶᠢᠬᠤ ᠶᠢ ᠦᠨᠡᠨᠬᠦ ᠪᠠᠲᠤᠯᠠᠬᠤ᠂ ᠭᠤᠷᠪᠠᠨ ᠬᠤᠭᠤᠴᠠᠭ᠎ᠠ ᠵᠢᠷᠭᠤᠭᠠᠨ ᠱᠠᠲᠤᠨ ᠤ ᠬᠤᠣᠷ ᠲᠠᠲᠠᠬᠤ ᠶᠢ | ᠴᠡᠭᠡᠷᠯᠡᠭᠦᠯᠬᠦ ᠵᠠᠭᠪᠤᠷ ᠢ ᠭᠦᠨᠵᠡᠭᠡᠶᠢᠷᠡᠭᠦᠯᠬᠦ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ᠂ | ᠲᠠᠯᠠᠪᠤᠷ ᠤᠨ ᠵᠢᠷᠤᠮᠵᠢᠯ ᠤᠨ ᠪᠦᠲᠦᠭᠡᠨ ᠪᠠᠶᠢᠭᠤᠯᠤᠯᠲᠠ᠂ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ | ᠬᠤᠣᠷ ᠲᠠᠲᠠᠬᠤ ᠶᠢ ᠴᠡᠭᠡᠷᠯᠡᠭᠦᠯᠬᠦ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠠᠬᠢᠭᠤᠯᠬᠤ᠂ | ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠬᠤ ᠵᠡᠷᠭᠡ ᠲᠠᠯ᠎ᠠ ᠪᠠᠷ 2016 ᠣᠨ ᠤ ᠠᠵᠢᠯ ᠳᠤ ᠪᠠᠶᠢᠷᠢᠯᠠᠭᠤᠯᠤᠯᠲᠠ ᠬᠢᠪᠡ᠃ ᠲᠡᠷᠡ ᠱᠠᠭᠠᠷᠳᠠᠭᠰᠠᠨ | ᠨᠢ᠂ ᠪᠦᠬᠦ ᠤᠷᠤᠨ ᠤ ᠬᠤᠣᠷ ᠲᠠᠲᠠᠬᠤ ᠶᠢ ᠴᠡᠭᠡᠷᠯᠡᠭᠦᠯᠬᠦ ᠡᠯ᠎ᠡ ᠰᠠᠯᠪᠤᠷᠢ ᠨᠤᠭᠤᠳ ᠬᠠᠤᠯᠢ ᠴᠠᠭᠠᠵᠠ ᠶᠢᠨ ᠶᠠᠮᠤᠨ ᠤ | ᠳᠠᠷᠤᠭ᠎ᠠ ᠡᠦ ᠠᠢ ᠶᠢᠩ ᠤᠨ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠬᠤ ᠪᠠ ᠲᠤᠤᠱᠠᠯᠠᠭᠤᠯᠤᠨ | ᠨᠠᠶᠢᠳᠠᠪᠤᠷᠢᠵᠢᠭᠤᠯᠵᠤ᠂ ᠬᠤᠣᠷ ᠲᠠᠲᠠᠬᠤ ᠶᠢ ᠴᠡᠭᠡᠷᠯᠡᠭᠦᠯᠬᠦ ᠠᠵᠢᠯ ᠤᠨ ᠵᠢᠮ᠎ᠡ ᠶᠣᠰᠤ ᠪᠠ ᠬᠤᠣᠷ ᠲᠠᠲᠠᠬᠤ ᠶᠢ | ᠴᠡᠭᠡᠷᠯᠡᠭᠰᠡᠳ ᠤᠨ ᠣᠨᠴᠠᠯᠢᠭ ᠲᠤ ᠨᠡᠶᠢᠴᠡᠭᠰᠡᠨ ᠰᠤᠷᠭᠠᠨ ᠵᠠᠰᠠᠬᠤ ᠠᠷᠭ᠎ᠠ ᠮᠠᠶ᠋ᠢᠭ᠂ ᠬᠠᠮᠢᠶᠠᠷᠤᠯᠲᠠ ᠶᠢᠨ ᠵᠠᠭᠪᠤᠷ | ᠪᠠ ᠳᠦᠷᠢᠮ ᠲᠣᠭᠲᠠᠴᠠ ᠶᠢ ᠲᠣᠭᠲᠠᠭᠠᠵᠤ᠂ ᠮᠠᠨ ᠤ ᠤᠷᠤᠨ ᠤ ᠬᠤᠣᠷ ᠲᠠᠲᠠᠬᠤ ᠶᠢ ᠴᠡᠭᠡᠷᠯᠡᠭᠦᠯᠬᠦ ᠠᠵᠢᠯ ᠳᠠᠬᠢᠨ | ᠨᠢᠭᠡ ᠰᠢᠨ᠎ᠡ ᠳᠡᠭᠲᠡᠷ ᠲᠤ ᠭᠠᠷᠬᠤ ᠶᠢ ᠲᠥᠯᠬᠢᠨ ᠠᠬᠢᠭᠤᠯᠬᠤ ᠬᠡᠷᠡᠭᠲᠡᠢ ᠭᠡᠪᠡ᠃ | ᠬᠤᠷᠠᠯ ᠨᠢ ᠵᠥᠪᠯᠡᠬᠦ ᠵᠦᠢᠯ ᠤᠨ ᠲᠣᠬᠢᠷᠠᠭᠤᠯᠤᠯᠲᠠ ᠶᠣᠰᠣᠭᠠᠷ᠂ ᠳᠤᠭᠤᠶᠢᠯᠠᠩ ᠬᠤᠪᠢᠶᠠᠵᠤ ᠶᠠᠷᠢᠯᠴᠠᠪᠠ᠂ | ᠡᠯ᠎ᠡ ᠲᠥᠯᠥᠭᠡᠯᠡᠭᠴᠢ ᠠᠴᠠ ᠲᠠᠯᠠᠪᠤᠷ ᠤᠨ ᠪᠦᠲᠦᠭᠡᠨ ᠪᠠᠶᠢᠭᠤᠯᠤᠯᠲᠠ᠂ ᠭᠤᠷᠪᠠᠨ ᠬᠤᠭᠤᠴᠠᠭ᠎ᠠ ᠵᠢᠷᠭᠤᠭᠠᠨ | ᠱᠠᠲᠤᠨ ᠤ ᠬᠤᠣᠷ ᠲᠠᠲᠠᠬᠤ ᠶᠢ ᠴᠡᠭᠡᠷᠯᠡᠭᠦᠯᠬᠦ ᠵᠠᠭᠪᠤᠷ ᠢ ᠭᠦᠨᠵᠡᠭᠡᠶᠢᠷᠡᠭᠦᠯᠦᠨ ᠠᠬᠢᠭᠤᠯᠬᠤ᠂ ᠬᠤᠣᠷᠲᠤ ᠡᠳ᠋ | ᠣᠷᠤᠵᠤ ᠢᠷᠡᠬᠦ ᠶᠢ ᠰᠡᠷᠭᠡᠶᠢᠯᠡᠬᠦ ᠵᠢᠴᠢ ᠡᠩᠨᠡᠭᠡᠨ ᠤ ᠪᠥᠳᠥᠭᠡᠨ ᠪᠠᠶᠢᠭᠤᠯᠤᠯᠲᠠ ᠵᠡᠷᠭᠡ ᠠᠵᠢᠯ ᠢ ᠭᠦᠨᠵᠡᠭᠡᠢ | ᠶᠠᠷᠢᠯᠴᠠᠪᠠ︔ ᠬᠤᠣᠷ ᠲᠠᠲᠠᠬᠤ ᠶᠢ ᠴᠡᠭᠡᠷᠯᠡᠭᠦᠯᠬᠦ 4 ᠰᠠᠯᠪᠤᠷᠢ ᠠᠴᠠ ᠵᠢᠷᠤᠮᠵᠢᠭᠰᠠᠨ ᠬᠠᠮᠢᠶᠠᠷᠤᠯᠲᠠ᠂ ᠡᠩᠨᠡᠭᠡᠨ ᠤ | ᠪᠠᠶᠢᠭᠤᠯᠤᠯᠲᠠ᠂ ᠡᠮ ᠡᠮᠨᠡᠯᠭᠡᠨ ᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ᠂ ᠠᠮᠤᠷ ᠢ ᠬᠠᠮᠠᠭᠠᠯᠠᠬᠤ | ᠴᠢᠳᠠᠪᠤᠷᠢ ᠶᠢᠨ ᠪᠠᠲᠤᠯᠠᠭ᠎ᠠ ᠵᠡᠷᠭᠡ ᠲᠠᠯ᠎ᠠ ᠪᠠᠷ ᠨᠡᠶᠢᠲᠡᠯᠢᠭ ᠲᠤᠷᠰᠢᠯᠭ᠎ᠠ ᠪᠠᠨ ᠲᠠᠨᠢᠯᠴᠠᠭᠤᠯᠪᠠ᠃ | | ᠬᠤᠷᠠᠯ ᠠᠴᠠ 2015 ᠣᠨ ᠤ ᠰᠠᠯᠪᠤᠷᠢ ᠶᠢᠨ ᠵᠡᠷᠭᠡ ᠳᠡᠰ ᠢ ᠦᠨᠡᠯᠡᠨ ᠲᠣᠭᠲᠠᠭᠠᠭᠰᠠᠨ ᠪᠠᠶᠢᠳᠠᠯ ᠢ | ᠮᠡᠳᠡᠭᠳᠡᠭᠰᠡᠨ ᠪᠥᠭᠡᠳ ᠱᠠᠩᠨᠠᠯ ᠣᠯᠤᠭᠰᠠᠨ ᠰᠠᠯᠪᠤᠷᠢ ᠳᠤ ᠱᠠᠩᠨᠠᠯ ᠤᠨ ᠲᠡᠮᠳᠡᠭ ᠭᠠᠷᠳᠠᠭᠤᠯᠵᠠᠶ᠃ ᠲᠣᠪᠴᠢᠶᠠᠨ | ᠳᠠᠷᠤᠭ᠎ᠠ ᠳ᠋ᠤᠸᠠᠨ ᠾᠧ ᠫᠢᠩ ᠬᠢᠭᠡᠳ ᠡᠯ᠎ᠡ ᠬᠤᠣᠷ ᠲᠠᠲᠠᠬᠤ ᠶᠢ ᠴᠡᠭᠡᠷᠯᠡᠭᠦᠯᠬᠦ ᠰᠠᠯᠪᠤᠷᠢ ᠶᠢᠨ ᠳᠠᠷᠤᠭ᠎ᠠ ᠨᠠᠷ ᠲᠠᠢ | 2016 ᠣᠨ ᠤ ᠠᠮᠤᠷ ᠲᠦᠪᠰᠢᠨ ᠢ ᠲᠣᠭᠲᠠᠭᠤᠨ ᠪᠠᠶᠢᠯᠭᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ | ᠦᠰᠦᠭ ᠵᠢᠷᠤᠪᠠ᠃ |