ᠥᠪᠥᠷ ᠮᠣᠩᠭᠤᠯ ᠰᠤᠷᠭᠠᠭᠤᠯᠢ ᠶᠢᠨ ᠬᠦᠷᠢᠶᠡᠨ ᠤ ᠬᠠᠪᠢ ᠪᠠᠷ ᠬᠢ ᠳᠠᠷᠤᠮᠠᠯᠯᠠᠨ ᠪᠠᠭᠤᠯᠭᠠᠬᠤ ᠳᠡᠯᠭᠡᠭᠦᠷ ᠤᠨ ︽ᠬᠤᠯᠠᠭᠠᠶᠢᠯᠠᠨ ᠳᠠᠷᠤᠮᠠᠯᠯᠠᠬᠤ ᠬᠤᠯᠠᠭᠠᠶᠢᠯᠠᠨ ᠬᠡᠪᠯᠡᠬᠦ︾ ᠦᠢᠯᠡ ᠠᠵᠢᠯᠯᠠᠭ᠎ᠠ ᠶᠢ ᠵᠠᠰᠠᠨ ᠴᠡᠭᠴᠡᠯᠡᠬᠦ ᠪᠠᠷ ᠪᠤᠢ
ᠨᠡᠶᠢᠲᠡᠯᠡᠭᠰᠡᠨ ᠴᠠᠭ᠄
2016/3/1
      ᠣᠶᠢᠷ᠎ᠠ ᠶᠢᠨ ᠬᠤᠶᠠᠷ ᠵᠢᠯ ᠤᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ ᠮᠡᠳᠡᠭᠰᠡᠨ ᠵᠢᠴᠢ ᠪᠡᠭᠡᠵᠢᠩ ᠤᠨ ᠬᠡᠰᠡᠭ ᠬᠡᠪᠯᠡᠯ ᠤᠨ ᠨᠢᠭᠡᠴᠡ ᠶᠢᠨ ᠢᠯᠡᠴᠢᠯᠡᠨ ᠲᠤᠰᠬᠠᠭᠰᠠᠨ ᠬᠡᠪᠯᠡᠯ ᠤᠨ ᠵᠠᠬ᠎ᠠ ᠳᠡᠯᠭᠡᠭᠦᠷ ᠤᠨ ᠭᠤᠣᠯ ᠠᠰᠠᠭᠤᠳᠠᠯ ᠠᠴᠠ ᠦᠵᠡᠪᠡᠯ᠂ ᠣᠳᠣᠬᠠᠨ ᠳᠤ ᠮᠠᠨ ᠤ ᠣᠷᠣᠨ ᠤ ᠬᠡᠰᠡᠭ ᠠᠶᠢᠮᠠᠭ ᠬᠤᠲᠠ ᠶᠢᠨ ᠶᠡᠭᠡ ᠳᠡᠭᠡᠳᠦ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ ᠶᠢᠨ ᠬᠠᠪᠢ ᠪᠠᠷ ᠬᠢ ᠳᠠᠷᠤᠮᠠᠯᠯᠠᠨ ᠪᠠᠭᠤᠯᠭᠠᠬᠤ ᠳᠡᠯᠭᠡᠭᠦᠷ ᠲᠤ ᠬᠤᠯᠠᠭᠠᠶᠢᠯᠠᠨ ᠬᠡᠪᠯᠡᠬᠦ ᠳᠠᠷᠤᠮᠠᠯᠬᠤ ᠠᠰᠠᠭᠤᠳᠠᠯ ᠮᠥᠨ ᠣᠷᠣᠰᠢᠵᠤ ᠪᠠᠶᠢᠬᠤ ᠮᠥᠷᠲᠡᠭᠡᠨ ᠬᠥᠭᠵᠢᠨ ᠳᠡᠯᠭᠡᠷᠡᠬᠦ ᠬᠠᠨᠳᠤᠰᠢ ᠲᠠᠢ ᠪᠤᠢ᠃ 2016 ᠣᠨ ᠳᠤ᠂ ᠮᠠᠨ ᠤ ᠣᠷᠣᠨ ᠡᠶᠢᠮᠦᠷᠬᠦ ᠬᠤᠯᠠᠭᠠᠶᠢᠯᠠᠨ ᠳᠠᠷᠤᠮᠠᠯᠯᠠᠬᠤ ᠬᠤᠯᠠᠭᠠᠶᠢᠯᠠᠨ ᠬᠡᠪᠯᠡᠬᠦ ᠠᠵᠢᠯᠯᠠᠭ᠎ᠠ ᠳᠤ ᠴᠢᠭᠯᠡᠭᠦᠯᠦᠨ ᠲᠤᠰᠬᠠᠢ ᠴᠡᠭᠴᠡᠯᠡᠯᠲᠡ ᠬᠢᠵᠦ᠂ ᠬᠠᠤᠯᠢ ᠳᠦᠷᠢᠮ ᠠᠴᠠ ᠵᠥᠷᠢᠴᠡᠵᠦ ᠬᠤᠯᠠᠭᠠᠶᠢᠯᠠᠨ ᠳᠠᠷᠤᠮᠠᠯᠯᠠᠬᠤ ᠬᠤᠯᠠᠭᠠᠶᠢᠯᠠᠨ ᠬᠡᠪᠯᠡᠬᠦ ᠦᠢᠯᠡ ᠠᠵᠢᠯᠯᠠᠭ᠎ᠠ ᠶᠢ ᠪᠦᠲᠦᠮᠵᠢᠲᠡᠢ ᠪᠠᠷ ᠬᠤᠷᠢᠭᠯᠠᠵᠤ᠂ ᠶᠡᠭᠡ ᠳᠡᠭᠡᠳᠦ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ ᠶᠢᠨ ᠥᠷᠭᠡᠨ ᠤᠯᠠᠨ ᠪᠠᠭᠰᠢ ᠰᠤᠷᠤᠭᠴᠢ ᠶᠢᠨ ᠬᠡᠪᠯᠡᠯ ᠤᠨ ᠡᠷᠬᠡ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠵᠢᠭᠠᠨ ᠰᠤᠷᠭᠠᠯᠲᠠ ᠶᠢᠨ ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠦᠬᠦᠢ ᠬᠡᠪᠯᠡᠯ ᠤᠨ ᠨᠢᠭᠡᠴᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ᠲᠠᠨᠢᠯᠴᠠᠭᠤᠯᠤᠭᠰᠠᠨ ᠢ ᠦᠨᠳᠦᠰᠦᠯᠡᠪᠡᠯ᠂ ᠣᠳᠣᠬᠠᠨ ᠳᠤ᠂ ᠮᠠᠨ ᠤ ᠣᠷᠣᠨ ᠤ ᠬᠡᠰᠡᠭ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ ᠶᠢᠨ ᠬᠠᠪᠢ ᠪᠠᠷ ᠬᠢ ᠳᠠᠷᠤᠮᠠᠯᠯᠠᠯ ᠤᠨ ᠳᠡᠯᠭᠡᠭᠦᠷ ᠤᠳ ᠵᠣᠬᠢᠶᠠᠭᠴᠢ ᠪᠠ ᠬᠡᠪᠯᠡᠯ ᠤᠨ ᠨᠢᠭᠡᠴᠡ ᠶᠢᠨ ᠬᠠᠤᠯᠢ ᠶᠣᠰᠣᠨ ᠤ ᠡᠷᠬᠡ ᠠᠰᠢᠭ ᠲᠤ ᠬᠦᠨᠳᠦ ᠨᠣᠴᠢᠲᠠᠢ ᠬᠠᠯᠳᠠᠵᠤ᠂ ᠵᠠᠷᠢᠮ ᠳᠠᠷᠤᠮᠠᠯᠯᠠᠯ ᠤᠨ ᠳᠡᠯᠭᠡᠭᠦᠷ ᠨᠢ ᠠᠷᠠᠯᠵᠢᠶ᠎ᠠ ᠬᠤᠳᠠᠯᠳᠤᠭ᠎ᠠ᠂ ᠰᠤᠨᠢᠨ ᠮᠡᠳᠡᠭᠡ ᠬᠡᠪᠯᠡᠯ ᠵᠡᠷᠭᠡ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠬᠠᠤᠯᠢ ᠪᠣᠰᠤ ᠪᠠᠷ ᠡᠵᠡᠩᠨᠡᠵᠦ︔ ᠵᠠᠷᠢᠮ ᠳᠠᠷᠤᠮᠠᠯᠯᠠᠯ ᠤᠨ ᠳᠡᠯᠭᠡᠭᠦᠷ ᠬᠡᠪᠯᠡᠨ ᠳᠠᠷᠤᠮᠠᠯᠯᠠᠬᠤ ᠠᠭᠤᠯᠭ᠎ᠠ ᠳᠤ ᠪᠠᠨ ᠰᠢᠯᠭᠠᠨ ᠪᠠᠶᠢᠴᠠᠭᠠᠯᠲᠠ ᠬᠢᠬᠦ ᠦᠭᠡᠢ ᠪᠠᠶᠢᠵᠤ᠂ ᠤᠯᠤᠰ ᠲᠥᠷᠥ ᠶᠢᠨ ᠳᠠᠯᠳᠠ ᠭᠡᠮ ᠣᠷᠣᠰᠢᠵᠤ ᠪᠣᠢ᠃      ᠪᠦᠬᠦ ᠤᠯᠤᠰ ᠤᠨ ︽ᠰᠢᠷ᠎ᠠ ᠶᠢ ᠱᠦᠭᠦᠷᠳᠡᠵᠦ ᠬᠠᠤᠯᠢ ᠪᠤᠰᠤ ᠬᠡᠪᠯᠡᠭᠲᠡᠬᠦᠨ ᠳᠤ ᠴᠤᠬᠢᠯᠲᠠ ᠥᠭᠬᠦ︾ ᠠᠯᠪᠠᠨ ᠭᠡᠷ ᠵᠡᠷᠭᠡ ᠳᠠᠪᠤᠨ ᠰᠠᠯᠠᠭ᠎ᠠ ᠮᠥᠴᠢᠷ ᠤᠨ ᠮᠡᠳᠡᠭᠳᠡᠯ ᠤᠨ ᠱᠠᠭᠠᠷᠳᠠᠯᠭ᠎ᠠ ᠶᠤᠰᠤᠭᠠᠷ᠂ ᠮᠠᠨ ᠤ ᠣᠷᠣᠨ ᠤ ᠪᠤᠳᠠᠲᠠᠢ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ︽ᠰᠢᠷ᠎ᠠ ᠶᠢ ᠱᠦᠭᠦᠷᠳᠡᠵᠦ ᠬᠠᠤᠯᠢ ᠪᠤᠰᠤ ᠬᠡᠪᠯᠡᠭᠲᠡᠬᠦᠨ ᠳᠤ ᠴᠤᠬᠢᠯᠲᠠ ᠥᠭᠬᠦ︾ ᠠᠯᠪᠠᠨ ᠭᠡᠷ ᠪᠦᠬᠦ ᠣᠷᠣᠨ ᠤ ᠡᠯ᠎ᠡ ᠭᠠᠵᠠᠷ ᠲᠤ ᠲᠤᠰᠬᠠᠢ ᠴᠡᠭᠴᠡᠯᠡᠯᠲᠡ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠬᠡᠷᠡᠭᠲᠡᠢ᠄ ᠶᠡᠭᠡ ᠳᠡᠭᠡᠳᠦ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ ᠶᠢᠨ ᠳᠤᠲᠤᠭᠠᠳᠤᠬᠢ ᠪᠠ ᠣᠶᠢᠷ᠎ᠠ ᠬᠠᠪᠢ ᠪᠠᠷ ᠬᠢ ᠳᠠᠷᠤᠮᠠᠯᠯᠠᠨ ᠪᠠᠭᠤᠯᠭᠠᠬᠤ ᠳᠡᠯᠭᠡᠭᠦᠷ ᠤᠳ ᠢ ᠴᠡᠪᠡᠷᠯᠡᠨ ︽ᠡᠵᠡᠩᠨᠡᠯᠲᠡ ᠶᠢᠨ ᠦᠨᠡᠮᠯᠡᠯ︾ ᠦᠭᠡᠢ᠂ ᠳᠠᠷᠤᠮᠠᠯᠯᠠᠨ ᠬᠡᠪᠯᠡᠬᠦ ᠵᠥᠪᠰᠢᠶᠡᠷᠡᠯ ᠦᠭᠡᠢ ᠳᠠᠷᠤᠮᠠᠯᠯᠠᠨ ᠪᠠᠭᠤᠯᠭᠠᠬᠤ ᠳᠡᠯᠭᠡᠭᠦᠷ ᠢ ᠤᠰᠠᠳᠬᠠᠬᠤ ᠬᠡᠷᠡᠭᠲᠡᠢ︔ ᠬᠤᠯᠠᠭᠠᠶᠢᠯᠠᠨ ᠬᠡᠪᠯᠡᠬᠦ᠂ ᠣᠨᠴᠠᠭᠠᠶᠢᠯᠠᠨ ᠵᠢᠭᠠᠬᠤ ᠮᠠᠲ᠋ᠧᠷᠢᠶᠠᠯ ᠬᠠᠪᠰᠤᠷᠤᠮᠵᠢ ᠶᠢᠨ ᠮᠠᠲ᠋ᠧᠷᠢᠶᠠᠯ ᠢ ᠬᠤᠯᠠᠭᠠᠶᠢᠯᠠᠨ ᠬᠡᠪᠯᠡᠬᠦ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ ︔ ᠱᠠᠰᠢᠨ ᠰᠤᠷᠲᠠᠬᠤᠨ ᠤ ᠶᠠᠭᠤᠮ᠎ᠠ᠂ ᠤᠯᠤᠰ ᠲᠥᠷᠥ ᠶᠢᠨ ᠬᠥᠨᠥᠭᠡᠯ ᠲᠠᠢ ᠶᠠᠭᠤᠮ᠎ᠠ ᠶᠢ ᠬᠠᠤᠯᠢ ᠪᠤᠰᠤ ᠪᠠᠷ ᠬᠡᠪᠯᠡᠭᠰᠡᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠢ︔ ᠺᠣᠮᠫᠢᠦ᠋ᠲ᠋ᠧᠷ ᠪᠠ ᠡᠭᠦᠯᠡᠨ ᠲᠠᠪᠠᠭ ᠢ ᠠᠰᠢᠭᠯᠠᠨ ᠵᠢᠭᠠᠬᠤ ᠮᠠᠲ᠋ᠧᠷᠢᠶᠠᠯ ᠤᠨ ᠡᠯᠧᠺᠲᠷᠣᠨ ᠪᠢᠴᠢᠭᠯᠡᠯ ᠢ ᠬᠤᠯᠠᠭᠠᠶᠢᠯᠠᠨ ᠬᠡᠪᠯᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠬᠡᠷᠡᠭᠲᠡᠢ︔ ᠰᠦᠯᠵᠢᠶᠡᠨ ᠳᠡᠭᠡᠷ᠎ᠡ ᠠᠴᠠ ᠵᠢᠭᠠᠬᠤ ᠮᠠᠲ᠋ᠧᠷᠢᠶᠠᠯ ᠪᠠ ᠵᠢᠭᠠᠬᠤ ᠮᠠᠲ᠋ᠧᠷᠢᠶᠠᠯ ᠤᠨ ᠬᠠᠪᠰᠤᠷᠤᠮᠵᠢ ᠶᠢ ᠬᠤᠯᠠᠭᠠᠶᠢᠯᠠᠨ ᠬᠡᠪᠯᠡᠵᠦ ᠪᠠᠭᠤᠯᠭᠠᠬᠤ ᠲᠤᠬᠠᠶᠢᠯᠠᠭᠰᠠᠨ ᠠᠵᠢᠯ ᠬᠢᠵᠦ ᠪᠠᠶᠢᠭ᠎ᠠ ᠦᠢᠯᠡᠰ ᠤᠨ ᠰᠦᠯᠵᠢᠶ᠎ᠡ ᠶᠢ ᠴᠡᠭᠴᠡᠯᠡᠬᠦ ᠬᠡᠷᠡᠭᠲᠡᠢ᠃      ᠶᠡᠭᠡ ᠳᠡᠭᠡᠳᠦ ᠰᠤᠷᠭᠠᠭᠤᠯᠢ ᠪᠠᠷ ᠲᠥᠪᠯᠡᠷᠡᠩᠭᠦᠢ ᠪᠠᠶᠢᠭ᠎ᠠ ᠬᠥᠬᠡᠬᠤᠲᠠ᠂ ᠪᠤᠭᠤᠲᠤ ᠬᠤᠲᠠ᠂ ᠬᠥᠯᠥᠨ ᠪᠤᠶᠢᠷ ᠬᠤᠲᠠ᠂ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠲᠠ᠂ ᠦᠬᠠᠢ ᠬᠤᠲᠠ᠂ ᠮᠠᠨᠵᠤᠤᠷ ᠬᠤᠲᠠ ᠵᠡᠷᠭᠡ ᠭᠠᠵᠠᠷ ᠣᠷᠣᠨ ᠳᠤ ᠪᠠᠶᠢᠭ᠎ᠠ ᠶᠡᠭᠡ ᠳᠡᠬᠡᠳᠦ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ ᠶᠢᠨ ᠬᠠᠪᠢ ᠪᠠᠷ ᠬᠢ ᠳᠠᠷᠤᠮᠠᠯᠯᠠᠨ ᠪᠠᠭᠤᠯᠭᠠᠬᠤ ᠳᠡᠯᠭᠡᠭᠦᠷ ᠢ ᠭᠤᠣᠯᠳᠠᠯᠭ᠎ᠠ ᠪᠣᠯᠭᠠᠵᠤ ᠲᠤᠰᠬᠠᠶᠢᠯᠠᠨ ᠴᠡᠭᠴᠡᠯᠡᠬᠦ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号