| ᠰᠤᠷᠪᠤᠯᠵᠢᠯᠠᠭᠰᠠᠨ ᠴᠠᠭ᠄ | 2016 ᠣᠨ ᠤ 2 ᠳ᠋ᠤᠭᠠᠷ ᠰᠠᠷ᠎ᠠ ᠶᠢᠨ18 ᠤ ᠡᠳᠦᠷ ᠤᠨ ᠦᠳᠡ ᠶᠢᠨ ᠬᠤᠶᠢᠨᠠᠬᠢ 4 ᠴᠠᠭ ᠲᠤ | ᠰᠤᠷᠪᠤᠯᠵᠢᠯᠠᠭᠰᠠᠨ ᠵᠣᠴᠢᠨ᠄ | ᠤᠯᠠᠭᠠᠨᠬᠠᠳᠠ ᠬᠤᠲᠠ ᠶᠢᠨ ᠲᠥᠯᠥᠪᠵᠢᠭᠦᠯᠭᠡ ᠶᠢᠨ ᠲᠣᠪᠴᠢᠶ᠎ᠠ ᠶᠢᠨ ᠳᠠᠷᠤᠭ᠎ᠠ ᠵᠠᠩ ᠶᠢᠨ ᠳ᠋ᠦᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠪᠢᠳᠡᠨ ᠤ ᠮᠡᠳᠡᠭᠡᠵᠢ ᠪᠠᠷ᠂ ᠬᠤᠲᠠ ᠶᠢᠨ ᠲᠥᠯᠥᠪᠵᠢᠭᠦᠯᠭᠡ ᠪᠣᠯ ᠬᠤᠲᠠ ᠶᠢᠨ ᠪᠦᠲᠦᠭᠡᠨ ᠪᠠᠶᠢᠭᠤᠯᠤᠯᠲᠠ | ᠪᠣᠯᠣᠨ ᠬᠦᠭᠵᠢᠯᠲᠡ ᠶᠢᠨ ᠪᠣᠷᠣ ᠲᠥᠯᠥᠪ ᠮᠦᠨ᠂ ᠬᠤᠲᠠ ᠶᠢ ᠪᠦᠲᠦᠭᠡᠨ ᠪᠠᠶᠢᠭᠤᠯᠬᠤ ᠪᠠ ᠬᠠᠮᠢᠶᠠᠷᠬᠤ ᠰᠠᠭᠤᠷᠢ | ᠦᠨᠳᠦᠰᠦᠯᠡᠯ ᠪᠣᠯᠣᠨ᠎ᠠ᠃ ᠶᠡᠭᠡ ᠪᠠᠷ ᠠᠪᠴᠤ ᠬᠡᠯᠡᠪᠡᠯ ᠨᠢᠭᠡ ᠬᠤᠲᠠ᠂ ᠪᠠᠭ᠎ᠠ ᠪᠠᠷ ᠠᠪᠴᠤ ᠬᠡᠯᠡᠪᠡᠯ ᠨᠢᠭᠡ ᠵᠠᠮ᠂ | ᠬᠤᠲᠠ ᠶᠢᠨ ᠲᠥᠯᠥᠪᠵᠢᠭᠦᠯᠭᠡ ᠮᠠᠨ ᠤ ᠠᠷᠠᠳ ᠲᠦᠮᠡᠨ ᠤ ᠠᠮᠢᠳᠤᠷᠠᠯ ᠯᠤᠭ᠎ᠠ ᠨᠢᠭᠲᠠ ᠬᠠᠷᠢᠴᠠᠭ᠎ᠠ ᠲᠠᠢ ᠶᠤᠮ᠃ | ᠬᠤᠲᠠ ᠶᠢᠨ ᠲᠥᠯᠥᠪᠵᠢᠭᠦᠯᠭᠡ ᠪᠠᠨ ᠰᠠᠶᠢᠲᠤᠷ ᠬᠢᠬᠦ ᠡᠰᠡᠬᠦ ᠨᠢ ᠬᠤᠲᠠ ᠶᠢᠨ ᠶᠡᠷᠦᠩᠭᠡᠢ ᠴᠢᠳᠠᠪᠬᠢ ᠶᠢ ᠪᠦᠲᠦᠮᠵᠢᠲᠠᠢ | ᠪᠠᠳᠠᠷᠠᠭᠤᠯᠵᠤ ᠴᠢᠳᠠᠬᠤ ᠡᠰᠡᠬᠦ ᠲᠠᠢ ᠰᠢᠭᠤᠳ ᠬᠤᠯᠪᠣᠭᠳᠠᠵᠤ᠂ ᠠᠵᠤ ᠠᠬᠤᠢ᠂ ᠨᠡᠶᠢᠭᠡᠮ᠂ ᠬᠦᠮᠦᠨ ᠠᠮᠠ᠂ ᠡᠬᠢ | ᠪᠠᠶᠠᠯᠢᠭ᠂ ᠣᠷᠴᠢᠨ ᠲᠣᠭᠤᠷᠢᠨ ᠵᠣᠬᠢᠴᠠᠩᠭᠤᠢ ᠬᠦᠭᠵᠢᠵᠦ ᠴᠢᠳᠠᠬᠤ ᠡᠰᠡᠬᠦ ᠲᠠᠢ ᠬᠤᠯᠪᠣᠭᠳᠠᠵᠤ᠂ ᠨᠢᠭᠡ | ᠬᠤᠲᠠ ᠶᠢᠨ ᠬᠦᠭᠵᠢᠯᠲᠡ ᠶᠢᠨ ᠠᠯᠤᠰ ᠢᠷᠡᠭᠡᠳᠦᠢ ᠪᠣᠯᠣᠨ ᠬᠤᠪᠢ ᠵᠠᠶᠠᠭ᠎ᠠ ᠶᠢ ᠰᠢᠭᠤᠳ ᠨᠥᠯᠥᠭᠡᠯᠡᠵᠦ ᠪᠠᠶᠢᠭ᠎ᠠ | ᠶᠤᠮ᠃ ᠥᠨᠥᠳᠦᠷ ᠪᠢᠳᠠ ᠤᠯᠠᠭᠠᠨᠬᠠᠳᠠ ᠬᠤᠲᠠ ᠶᠢᠨ ᠲᠥᠯᠥᠪᠵᠢᠭᠦᠯᠭᠡ ᠶᠢᠨ ᠲᠣᠪᠴᠢᠶ᠎ᠠ ᠶᠢᠨ ᠳᠠᠷᠤᠭ᠎ᠠ ᠵᠠᠩ ᠶᠢᠨ | ᠳ᠋ᠦᠩ ᠢ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠤ ᠤᠷᠢᠵᠤ᠂ ᠬᠤᠲᠠ ᠶᠢᠨ | ᠲᠥᠯᠥᠪᠵᠢᠭᠦᠯᠭᠡ ᠶᠢᠨ ᠲᠣᠬᠠᠢ ᠰᠡᠳᠦᠪ ᠢᠶᠠᠷ ᠪᠢᠳᠠᠨ ᠲᠠᠢ ᠶᠠᠷᠢᠯᠴᠠᠬᠤ ᠪᠠᠷ ᠪᠤᠢ᠂ ᠥᠷᠭᠡᠨ ᠣᠯᠠᠨ ᠰᠦᠯᠵᠢᠶᠡᠨ | ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | | ᠰᠤᠷᠪᠤᠯᠵᠢᠯᠠᠭ᠎ᠠ ᠶᠢᠨ ᠪᠤᠳᠠᠳᠤ ᠲᠡᠮᠳᠡᠭᠯᠡᠯ᠄ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠨ᠎ᠠ ᠤᠤ᠂ ᠰᠦᠯᠵᠢᠶᠡᠨ ᠳᠡᠭᠡᠷᠡᠬᠢ ᠨᠡᠪᠲᠡᠷᠡᠭᠦᠯᠭᠡ ᠶᠢᠨ ᠦᠷᠦᠭᠡ ᠳᠤ | ᠬᠦᠷᠴᠦ ᠢᠷᠡᠭᠰᠡᠨ ᠳᠤ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠤᠯᠠᠭᠠᠨᠬᠠᠳᠠ ᠬᠤᠲᠠ ᠶᠢᠨ | ᠲᠥᠯᠥᠪᠵᠢᠭᠦᠯᠭᠡ ᠶᠢᠨ ᠲᠣᠪᠴᠢᠶ᠎ᠠ ᠶᠢᠨ ᠳᠠᠷᠤᠭ᠎ᠠ ᠵᠠᠩ ᠶᠢᠨ ᠳ᠋ᠦᠩ ᠢ ᠤᠷᠢᠵᠤ᠂ ᠬᠤᠲᠠ ᠶᠢᠨ | ᠲᠥᠯᠥᠪᠵᠢᠭᠦᠯᠭᠡ ᠶᠢᠨ ᠲᠣᠬᠠᠢ ᠰᠡᠳᠦᠪ ᠢᠶᠠᠷ ᠮᠠᠨ ᠲᠠᠢ ᠶᠠᠷᠢᠯᠴᠠᠭᠤᠯᠬᠤ ᠪᠠᠷ ᠪᠤᠢ᠂ ᠵᠠᠩ ᠳᠠᠷᠤᠭ᠎ᠠ ᠲᠠᠨ ᠢ | ᠪᠠᠶᠠᠷᠯᠠᠨ ᠤᠭᠲᠤᠵᠤ ᠪᠠᠶᠢᠨ᠎ᠠ᠃ | ᠵᠠᠩ ᠶᠢᠨ ᠳ᠋ᠦᠩ᠄ | ᠬᠥᠲᠥᠯᠥᠭᠴᠢ ᠲᠠᠰᠠᠶᠢᠨ ᠤᠤ᠂ ᠦᠵᠡᠭᠴᠢᠳ ᠨᠠᠶᠢᠵᠠ ᠨᠠᠷ ᠲᠠ ᠪᠦᠭᠦᠨ ᠰᠠᠶᠢᠨ ᠪᠠᠶᠢᠨ᠎ᠠ ᠤᠤ᠂ ᠠᠳᠡ | ᠬᠦᠷᠴᠦ ᠢᠷᠡᠭᠰᠡᠨ ᠳᠡᠭᠡᠨ ᠲᠤᠩ ᠪᠠᠶᠠᠷᠲᠠᠢ ᠪᠠᠶᠢᠨ᠎ᠠ᠂ ᠪᠢᠳᠠᠨ ᠴᠦ ᠡᠨᠡ ᠵᠠᠪᠰᠢᠶᠠᠨ ᠢ ᠠᠰᠢᠭᠯᠠᠵᠤ ᠰᠣᠨᠣᠰᠤᠭᠴᠢ | ᠨᠠᠶᠢᠵᠠ ᠨᠠᠷ ᠲᠠᠢ ᠰᠠᠨᠠᠯ ᠢᠶᠠᠨ ᠳᠤᠷᠠᠲᠠᠢ ᠰᠣᠯᠢᠯᠴᠠᠵᠤ᠂ ᠲᠡᠷᠡᠴᠢᠯᠡᠨ ᠥᠷᠭᠡᠨ ᠤᠯᠠᠨ ᠰᠤᠨᠤᠰᠤᠭᠴᠢᠳ ᠨᠠᠶᠢᠵᠠ | ᠨᠠᠷ ᠤᠯᠠᠭᠠᠨᠬᠠᠳᠠ ᠬᠤᠲᠠ ᠶᠢᠨ ᠲᠥᠯᠥᠪᠵᠢᠭᠦᠯᠭᠡ ᠶᠢᠨ ᠲᠣᠪᠴᠢᠶ᠎ᠠ ᠶᠢᠨ ᠡᠯ᠎ᠡ ᠵᠦᠢᠯ ᠤᠨ ᠠᠵᠢᠯ ᠳᠤ ᠡᠷᠬᠢᠮ | ᠨᠠᠨᠳᠢᠨ ᠰᠠᠨᠠᠯ ᠪᠣᠯᠣᠨ ᠰᠠᠨᠠᠭᠤᠯᠭ᠎ᠠ ᠳᠤᠷᠠᠳᠬᠤ ᠶᠢ ᠬᠦᠰᠡᠵᠦ ᠪᠠᠶᠢᠨ᠎ᠠ᠃ | ᠬᠥᠲᠥᠯᠥᠭᠴᠢ᠄ | ᠵᠠᠩ ᠳᠠᠷᠤᠭ᠎ᠠ ᠡ᠂ ᠲᠥᠯᠥᠪᠵᠢᠭᠦᠯᠭᠡ ᠶᠢᠨ ᠲᠣᠪᠴᠢᠶ᠎ᠠ ᠭᠡᠵᠦ ᠬᠡᠯᠡᠭᠰᠡᠭᠡᠷ ᠣᠯᠠᠨ ᠳᠤ ᠳᠠᠷᠤᠢ ᠮᠠᠨ ᠤ ᠡᠨᠡ | ᠠᠵᠢᠯ ᠪᠣᠯ ︽ᠮᠤᠨᠳᠤᠭ ᠰᠠᠶᠢᠬᠠᠨ︾᠂ ᠮᠠᠨ ᠤ ᠡᠩ ᠤᠨ ᠬᠤᠲᠠ ᠶᠢᠨ ᠠᠷᠠᠳ ᠢᠷᠭᠡᠳ ᠤᠨ ᠠᠮᠢᠳᠤᠷᠠᠯ ᠲᠠᠢ | ᠵᠠᠶᠢᠳᠠᠢ ᠪᠠᠶᠢᠬᠤ ᠰᠢᠭ᠋ ᠲᠦᠷᠦᠭᠳᠡᠯ ᠥᠭᠳᠡᠭ᠂ ᠲᠡᠶᠢᠮᠦ ᠪᠢᠰᠢᠤ︖ | ᠵᠠᠩ ᠶᠢᠨ ᠳ᠋ᠦᠩ᠄ | ᠲᠥᠯᠥᠪᠵᠢᠭᠦᠯᠭᠡ ᠪᠣᠯ ᠲᠡᠶᠢᠮᠦ ᠮᠤᠨᠳᠤᠭ ᠰᠠᠶᠢᠬᠠᠨ ᠭᠡᠮᠡᠷ ᠶᠠᠭᠤᠮ᠎ᠠ ᠪᠢᠰᠢ᠂ ᠲᠡᠷᠡ ᠪᠣᠯ ᠮᠠᠰᠢ ᠦᠨᠡᠨ | ᠪᠣᠳᠠᠲᠠᠶ ᠣᠷᠤᠰᠢᠵᠤ ᠪᠠᠶᠢᠳᠠᠭ ᠶᠠᠭᠤᠮ᠎ᠠ᠂ ᠳᠠᠷᠤᠢ ᠦᠷᠭᠦᠯᠵᠢ ᠶᠠᠷᠢᠳᠠᠭ ︽ᠢᠳᠡᠵᠦ ᠤᠤᠭᠤᠬᠤ ᠡᠮᠦᠰᠴᠦ ᠵᠡᠭᠦᠬᠦ | ᠶᠠᠪᠤᠵᠤ ᠰᠠᠭᠤᠬᠤ︾ ᠨᠢ ᠴᠥᠮ ᠲᠥᠯᠥᠪᠵᠢᠭᠦᠯᠭᠡ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠪᠢᠳᠡ ᠬᠠᠮᠢᠶ᠎ᠠ | ᠰᠠᠭᠤᠬᠤ᠂ ᠣᠷᠴᠢᠨ ᠲᠣᠭᠤᠷᠢᠨ ᠳᠤ ᠶᠠᠮᠠᠷ ᠶᠠᠮᠠᠷ ᠪᠡᠯᠡᠳᠬᠡᠮᠵᠢ ᠨᠦᠭᠦᠳ ᠪᠠᠶᠢᠬᠤ᠂ ᠬᠡᠦᠬᠡᠳ ᠤᠨ ᠰᠤᠷᠭᠠᠭᠤᠯᠢ | ᠣᠶᠢᠷᠠᠬᠠᠨᠤᠤ︖ ᠬᠦᠳᠡᠯᠭᠡᠭᠡᠨ ᠤ ᠲᠠᠯᠠᠪᠤᠷ ᠬᠠᠮᠢᠭ᠎ᠠ ᠪᠠᠷ ᠪᠠᠶᠢᠬᠤ᠂ ᠪᠥᠵᠢᠭ ᠦᠰᠦᠷᠴᠦ ᠪᠣᠯᠣᠨ᠎ᠠ ᠤᠤ᠂ ᠠᠯᠢ | ᠬᠡᠰᠡᠭ ᠢᠶᠠᠷ ᠣᠶᠢᠵᠢᠭᠤᠯᠤᠭᠠᠳ ᠰᠡᠯᠡᠭᠦᠴᠡᠨ ᠠᠯᠬᠤᠵᠤ ᠪᠣᠯᠬᠤ ᠵᠡᠷᠭᠡ᠂ ᠠᠷᠠᠳ ᠣᠯᠠᠨ ᠤ ᠰᠡᠳᠬᠢᠯ ᠲᠠᠯᠪᠢᠵᠤ | ᠪᠠᠶᠢᠭ᠎ᠠ ᠨᠢ ᠮᠥᠨ ᠴᠦ ᠪᠢᠳᠠᠨ ᠤ ᠲᠥᠯᠥᠪᠵᠢᠭᠦᠯᠭᠡ ᠶᠢᠨ ᠠᠩᠬᠠᠷᠬᠤ ᠲᠠᠯᠪᠢᠵᠤ ᠪᠠᠶᠢᠭ᠎ᠠ ᠵᠦᠢᠯ ᠪᠣᠯᠣᠨ᠎ᠠ᠃ | ᠲᠥᠯᠥᠪᠵᠢᠭᠦᠯᠭᠡ ᠪᠣᠯᠣᠨ ᠲᠥᠯᠥᠪᠯᠡᠭᠡ ᠨᠢ ᠵᠠᠷᠢᠮ ᠲᠠᠯ᠎ᠠ ᠪᠠᠷ ᠠᠳᠠᠯᠢᠪᠲᠤᠷ ᠪᠠᠶᠢᠳᠠᠭ᠃ ᠪᠢᠳᠠᠨ ᠤ ᠶᠠᠮᠠᠷᠪᠠ | ᠠᠵᠢᠯ ᠪᠦᠷ ᠲᠥᠯᠥᠪᠯᠡᠭᠡ ᠲᠠᠢ ᠶᠤᠮ᠂ ᠤᠷᠢᠳᠠᠪᠠᠷ ᠶᠠᠭᠤ ᠬᠢᠬᠦ᠂ ᠳᠠᠷᠠᠭ᠎ᠠ ᠨᠢ ᠶᠠᠭᠤ ᠬᠢᠬᠦ᠂ ᠶᠠᠭᠠᠬᠢᠵᠤ ᠬᠢᠬᠦ︖ | ᠨᠢᠭᠡᠨ ᠬᠤᠳᠠ ᠳᠤ ᠠᠪᠴᠤ ᠬᠡᠯᠡᠪᠡᠯ ᠲᠡᠭᠦᠨ ᠤ ᠬᠥᠭᠵᠢᠯᠲᠡ ᠶᠢᠨ ᠲᠥᠯᠥᠪᠵᠢᠭᠦᠯᠭᠡ ᠶᠢ ᠳᠠᠷᠤᠢ ᠲᠥᠯᠥᠪᠵᠢᠭᠦᠯᠭᠡ | ᠭᠡᠨ᠎ᠡ᠂ ᠲᠥᠯᠥᠪᠵᠢᠭᠦᠯᠬᠦ ᠳᠡᠭᠡᠨ᠂ ᠪᠢᠳᠡ ᠤᠷᠢᠳᠠᠪᠠᠷ ᠮᠠᠨ ᠤ ᠬᠤᠳᠠ ᠪᠣᠯ ᠶᠠᠮᠠᠷ ᠶᠠᠩᠵᠤ ᠲᠠᠢ᠂ ᠶᠠᠮᠠᠷ | ᠣᠨᠴᠠᠯᠢᠭ ᠲᠠᠢ ᠪᠠᠶᠢᠬᠤ ᠶᠢ ᠵᠠᠳᠠᠯᠵᠤ᠂ ᠳᠠᠷᠠᠭ᠎ᠠ ᠨᠢ ᠬᠡᠷᠬᠢᠨ ᠬᠦᠭᠵᠢᠭᠦᠯᠬᠦ᠂ ᠶᠠᠮᠠᠷ ᠶᠠᠩᠵᠤ ᠲᠠᠢ ᠬᠦᠭᠵᠢᠭᠦᠯᠬᠦ ᠶᠢ | ᠲᠥᠯᠥᠪᠵᠢᠭᠦᠯᠦᠨ᠎ᠡ᠃ | ᠨᠢᠭᠡᠨ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠨᠢ ᠪᠢᠳᠡᠨ ᠳᠤ ᠯᠣᠲᠣ ᠶᠡᠭᠡ ᠡᠳ᠋ ᠪᠠᠶᠠᠯᠢᠭ ᠢ | ᠠᠪᠴᠢᠷᠠᠳᠠᠭ᠂ 2002 ᠣᠨ ᠳᠤ᠂ ᠪᠢᠳᠠ ᠤᠯᠠᠭᠠᠨᠬᠠᠳᠠ ᠬᠤᠲᠠ ᠶᠢᠨ ᠶᠡᠷᠦᠩᠬᠡᠶ ᠲᠥᠯᠥᠪᠵᠢᠭᠦᠯᠭᠡ ᠶᠢ ᠵᠠᠰᠠᠵᠤ | ᠨᠠᠶᠢᠷᠠᠭᠤᠯᠵᠤ᠂ ᠬᠤᠳᠠ ᠶᠢᠨ ᠵᠢᠷᠤᠭ ᠲᠥᠯᠥᠪᠯᠡᠭᠡ ᠶᠢ ᠥᠷᠭᠡᠳᠬᠡᠵᠦ᠂ ᠪᠠᠷᠠᠭᠤᠨᠰᠢ ᠰᠢᠯᠵᠢᠵᠦ ᠤᠮᠠᠷᠠᠰᠢ | ᠥᠷᠭᠡᠳᠬᠡᠬᠦ ᠬᠤᠳᠠ ᠶᠢᠨ ᠬᠥᠭᠵᠢᠯᠲᠡ ᠶᠢᠨ ᠰᠡᠳᠬᠢᠮᠵᠢ᠂ ᠨᠠᠢᠮᠠᠨ ᠠᠶᠢᠯ ᠲᠤᠰᠬᠤᠨ ᠢ ᠨᠡᠶᠢᠯᠡᠭᠦᠯᠦᠨ ᠮᠠᠨ ᠤ | ᠬᠤᠳᠠ ᠶᠢᠨ ᠰᠢᠨ᠎ᠡ ᠲᠣᠭᠤᠷᠢᠭ ᠪᠣᠯᠭᠠᠬᠤ ᠪᠠᠷ ᠲᠣᠭᠲᠠᠵᠤ᠂ ᠠᠷᠪᠠᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ | ᠨᠠᠢᠮᠠᠨ ᠠᠶᠢᠯ ᠲᠤᠰᠬᠤᠨ ᠨᠡᠶᠢᠯᠡᠬᠦ ᠶᠢ ᠨᠢᠭᠡᠨᠲᠡ ᠲᠥᠯᠥᠪᠯᠡᠭᠡ ᠶᠣᠰᠣᠭᠠᠷ ᠪᠡᠶᠡᠯᠡᠭᠦᠯᠵᠦ᠂ ᠲᠥᠪ ᠬᠤᠳᠠ ᠴᠤ | ᠬᠠᠷᠠᠶᠢᠯᠲᠠ ᠮᠠᠶ᠋ᠢᠭ ᠤᠨ ᠬᠥᠭᠵᠢᠯᠲᠡ ᠶᠢ ᠪᠡᠶᠡᠯᠡᠭᠦᠯᠦᠨ᠂ ᠲᠥᠯᠥᠪᠵᠢᠭᠦᠯᠭᠡ ᠨᠢ ᠯᠤᠲᠤ ᠶᠡᠭᠡ ᠬᠥᠲᠥᠯᠥᠨ | ᠳᠠᠭᠠᠭᠤᠯᠬᠤ ᠪᠠ ᠲᠣᠬᠢᠷᠠᠭᠤᠯᠤᠨ ᠡᠵᠡᠮᠳᠡᠬᠦ ᠦᠢᠯᠡᠳᠦᠯ ᠪᠠᠳᠠᠷᠠᠭᠤᠯᠵᠠᠢ ᠭᠡᠵᠦ ᠬᠡᠯᠡᠵᠦ ᠪᠣᠯᠬᠤ ᠶᠤᠮ᠃ 2012 | ᠣᠨ ᠤ ᠶᠡᠷᠦᠩᠬᠡᠶ ᠲᠥᠯᠥᠪᠵᠢᠭᠦᠯᠭᠡ ᠳᠤ ᠪᠢᠳᠡ ᠰᠢᠶᠤᠤ ᠰᠢᠨ ᠳ᠋ᠢ ᠶᠢ᠂ ᠴᠧᠨ ᠶᠢᠩ ᠽᠢ ᠲᠠᠢ ᠨᠡᠶᠢᠯᠡᠭᠦᠯᠦᠨ᠂ | ᠡᠯ᠎ᠡ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠲᠡᠭᠦᠯᠳᠡᠷᠵᠢᠭᠦᠯᠵᠦ᠂ ᠬᠤᠳᠠ ᠶᠢᠨ ᠬᠡᠪᠴᠢᠶ᠎ᠡ ᠶᠢ | ᠥᠷᠭᠡᠳᠬᠡᠭᠡᠳ ᠬᠤᠲᠠ ᠶᠢᠨ ᠪᠠᠶᠢᠷᠢᠰᠢᠯ ᠢ ᠨᠡᠩ ᠵᠦᠢ ᠵᠣᠬᠢᠰᠲᠠᠶ ᠪᠣᠯᠭᠠᠵᠠᠢ᠃ ᠮᠢᠨᠦ ᠪᠣᠳᠣᠬᠤ ᠪᠠᠷ᠂ | ᠢᠷᠡᠭᠡᠳᠦᠶ ᠶᠢᠨ ᠠᠷᠪᠠᠨ ᠬᠡᠳᠦᠨ ᠵᠢᠯ ᠳᠤ᠂ ᠡᠨᠡᠬᠦ ᠲᠥᠯᠥᠪᠵᠢᠭᠦᠯᠭᠡ ᠶᠢᠨ ᠶᠣᠰᠣᠭᠠᠷ ᠶᠠᠪᠤᠭᠳᠠᠪᠠᠯ᠂ ᠮᠠᠨ ᠤ | ᠬᠤᠲᠠ ᠶᠢᠨ ᠡᠯ᠎ᠡ ᠲᠠᠯ᠎ᠠ ᠪᠠᠷ ᠴᠥᠮ ᠤᠯᠠᠮ ᠲᠡᠭᠦᠯᠳᠡᠷᠵᠢᠭᠦᠯᠬᠦ ᠪᠣᠯᠣᠨ᠎ᠠ᠃ | ᠬᠥᠲᠥᠯᠥᠭᠴᠢ᠄ | ᠪᠢᠳᠠᠨ ᠰᠠᠶ᠋ᠢ ᠶᠡᠷᠦᠩᠬᠡᠶ ᠲᠥᠯᠥᠪᠵᠢᠭᠦᠯᠭᠡ ᠶᠢᠨ ᠲᠣᠬᠠᠢ ᠶᠠᠷᠢᠵᠠᠢ᠂ ᠲᠡᠭᠡᠪᠡᠯ ᠲᠠ ᠪᠢᠳᠡᠨ ᠳᠤ ᠶᠠᠭᠤ ᠶᠢ | ᠬᠤᠳᠠ ᠶᠢᠨ ᠶᠡᠷᠦᠩᠬᠡᠶ ᠲᠥᠯᠥᠪᠵᠢᠭᠦᠯᠭᠡ ᠭᠡᠰᠡᠨ ᠢ ᠶᠠᠷᠢᠭᠠᠳ ᠦᠭᠭᠦᠨ᠎ᠡ ᠤᠤ︖ | ᠵᠠᠩ ᠶᠢᠨ ᠳ᠋ᠦᠩ᠄ | ᠬᠤᠳᠠ ᠶᠢᠨ ᠶᠡᠷᠦᠩᠬᠡᠶ ᠲᠥᠯᠥᠪᠵᠢᠭᠦᠯᠭᠡ ᠨᠢ ᠬᠤᠲᠠ ᠶᠢᠨ ᠬᠡᠪᠴᠢᠶ᠎ᠡ ᠳᠠᠬᠢ ᠬᠤᠲᠠ ᠬᠥᠳᠡᠭᠡ ᠶᠢᠨ | ᠲᠥᠯᠥᠪᠵᠢᠭᠦᠯᠭᠡ ᠪᠠ ᠬᠤᠳᠠ ᠶᠢᠨ ᠲᠥᠯᠥᠪᠵᠢᠭᠦᠯᠭᠡ ᠶᠢ ᠬᠠᠮᠤᠷᠴᠤ᠂ ᠬᠤᠳᠠ ᠶᠢ ᠢᠯᠡᠷᠡᠭᠦᠯᠬᠦ ᠪᠠᠷ ᠪᠠᠷᠠᠬᠤ ᠦᠭᠡᠢ᠂ | ᠰᠢᠶᠠᠩ ᠪᠠᠯᠭᠠᠰᠤ ᠪᠣᠯᠤᠨ ᠭᠠᠴᠠᠭ᠎ᠠ ᠲᠤᠰᠬᠤᠨ ᠢ ᠴᠤ ᠢᠯᠡᠷᠡᠭᠦᠯᠵᠦ ᠪᠠᠶᠢᠳᠠᠭ᠃ ᠡᠶᠢᠮᠦ ᠠᠴᠠ᠂ ᠬᠤᠳᠠ | ᠬᠥᠳᠡᠭᠡ ᠶᠢᠨ ᠲᠥᠯᠥᠪᠵᠢᠭᠦᠯᠭᠡ ᠪᠣᠯ ᠵᠣᠬᠢᠬᠤ ᠬᠤᠭᠤᠴᠠᠭᠠᠨ ᠤ ᠳᠤᠲᠤᠷᠠᠬᠢ ᠬᠤᠲᠠ ᠬᠥᠳᠡᠭᠡ ᠶᠢᠨ ᠠᠵᠤ ᠠᠬᠤᠶ | ᠪᠠ ᠨᠡᠶᠢᠭᠡᠮ ᠤᠨ ᠬᠥᠭᠵᠢᠯᠲᠡ᠂ ᠭᠠᠵᠠᠷ ᠰᠢᠷᠣᠶ ᠶᠢᠨ ᠠᠰᠢᠭᠯᠠᠯᠲᠠ᠂ ᠣᠷᠣᠨ ᠵᠠᠶ ᠶᠢᠨ ᠪᠠᠶᠢᠷᠢᠰᠢᠭᠤᠯᠤᠯ ᠬᠢᠭᠡᠳ | ᠬᠥᠭᠵᠢᠯᠲᠡ ᠪᠦᠲᠦᠭᠡᠨ ᠪᠠᠶᠢᠭᠤᠯᠤᠯᠲᠠ ᠶᠢ ᠶᠡᠷᠦᠩᠬᠡᠶᠢᠯᠡᠨ ᠪᠠᠶᠢᠷᠢᠯᠠᠭᠤᠯᠵᠤ᠂ ᠪᠣᠳᠠᠲᠠᠶ ᠲᠤᠬᠢᠷᠠᠭᠤᠯᠬᠤ ᠪᠠ | ᠬᠠᠮᠢᠶᠠᠷᠤᠯᠲᠠ ᠶᠢ ᠶᠠᠪᠤᠭᠤᠯᠳᠠᠭ᠃ ᠬᠤᠳᠠ ᠬᠥᠳᠡᠭᠡ ᠶᠢᠨ ᠲᠥᠯᠥᠪᠵᠢᠭᠦᠯᠭᠡ ᠪᠣᠯ ᠬᠤᠳᠠ ᠬᠥᠳᠡᠭᠡ ᠶᠢᠨ ᠪᠥᠳᠥᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢᠨ ᠦᠨᠳᠦᠰᠦᠨ ᠡᠰᠢ ᠪᠠᠷᠢᠮᠲᠠ᠂ ᠬᠤᠲᠠ ᠬᠥᠳᠡᠭᠡ ᠶᠢᠨ ᠭᠠᠵᠠᠷ ᠰᠢᠷᠣᠶ ᠪᠠ | ᠣᠷᠣᠨ ᠵᠠᠶ ᠶᠢᠨ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠬᠤ ᠪᠠᠲᠤᠯᠠᠭ᠎ᠠ᠂ ᠡᠯ᠎ᠡ ᠵᠦᠢᠯ ᠤᠨ ᠪᠦᠳᠦᠭᠡᠠ | ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠬᠢᠬᠦ ᠤᠷᠢᠲᠠᠯ ᠪᠠ ᠰᠠᠭᠤᠷᠢ ᠪᠤᠯᠤᠨ᠎ᠠ᠃ ︽ᠬᠤᠳᠠ ᠬᠥᠳᠡᠭᠡ ᠶᠢᠨ | ᠲᠥᠯᠥᠪᠵᠢᠭᠦᠯᠭᠡ ᠶᠢᠨ ᠬᠠᠤᠯᠢ︾ ᠶᠢᠨ ᠲᠣᠭᠲᠠᠭᠠᠯ ᠢ ᠦᠨᠳᠦᠰᠦᠯᠡᠪᠡᠯ᠂ ᠮᠠᠨ ᠤ ᠤᠯᠤᠰ ᠤᠨ ᠬᠤᠳᠠ ᠬᠥᠳᠡᠭᠡ ᠶᠢᠨ | ᠲᠥᠯᠥᠪᠵᠢᠭᠦᠯᠭᠡ ᠶᠢᠨ ᠲᠤᠭᠲᠠᠯᠴᠠᠭ᠎ᠠ ᠪᠣᠯ ᠬᠤᠳᠠ ᠪᠠᠯᠭᠠᠰᠤᠨ ᠤ ᠲᠤᠭᠲᠠᠯᠴᠠᠭ᠎ᠠ ᠶᠢᠨ ᠲᠥᠯᠥᠪᠵᠢᠭᠦᠯᠭᠡ᠂ | ᠬᠤᠳᠠ ᠶᠢᠨ ᠲᠥᠯᠥᠪᠵᠢᠭᠦᠯᠭᠡ᠂ ᠪᠠᠯᠭᠠᠰᠤᠨ ᠤ ᠲᠥᠯᠥᠪᠵᠢᠭᠦᠯᠭᠡ᠂ ᠰᠢᠶᠠᠩ ᠤᠨ ᠲᠥᠯᠥᠪᠵᠢᠭᠦᠯᠭᠡ ᠪᠣᠯᠤᠨ ᠠᠶᠢᠯ | ᠲᠣᠰᠬᠤᠨ ᠤ ᠲᠥᠯᠥᠪᠵᠢᠭᠦᠯᠭᠡ ᠪᠠᠷ ᠪᠦᠷᠢᠯᠳᠦᠨ᠎ᠡ᠃ | ᠬᠤᠳᠠ ᠶᠢᠨ ᠶᠡᠷᠦᠩᠬᠡᠶ ᠲᠥᠯᠥᠪᠵᠢᠭᠦᠯᠭᠡ ᠪᠣᠯ ᠵᠣᠬᠢᠬᠤ ᠬᠤᠭᠤᠴᠠᠭᠠᠨ ᠤ ᠳᠤᠲᠤᠷᠠᠬᠢ ᠬᠤᠳᠠ ᠶᠢᠨ | ᠬᠥᠭᠵᠢᠯᠲᠡ ᠶᠢᠨ ᠬᠠᠷᠠᠯᠲᠠ᠂ ᠬᠥᠭᠵᠢᠯᠲᠡ ᠶᠢᠨ ᠬᠡᠪᠴᠢᠶ᠎ᠡ᠂ ᠭᠠᠵᠠᠷ ᠰᠢᠷᠣᠶ ᠶᠢᠨ ᠠᠰᠢᠭᠯᠠᠯᠲᠠ᠂ ᠣᠷᠣᠨ ᠵᠠᠶ ᠶᠢᠨ | ᠪᠠᠶᠢᠷᠢᠰᠢᠭᠤᠯᠤᠯ ᠬᠢᠭᠡᠳ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠪᠠᠶᠢᠷᠢᠯᠠᠭᠤᠯᠤᠯᠲᠠ ᠪᠣᠯᠤᠨ | ᠬᠡᠷᠡᠭᠵᠢᠭᠦᠯᠬᠦ ᠠᠷᠭ᠎ᠠ ᠬᠡᠮᠵᠢᠶ᠎ᠡ᠂ ᠬᠤᠳᠠ ᠶᠢᠨ ᠪᠦᠳᠦᠭᠡᠨ ᠪᠠᠶᠢᠭᠤᠯᠤᠯᠲᠠ ᠶᠢ ᠬᠥᠲᠥᠯᠥᠨ ᠵᠢᠯᠣᠭᠤᠳᠬᠤ ᠪᠠ | ᠲᠣᠬᠢᠷᠠᠭᠤᠯᠤᠨ ᠡᠵᠡᠮᠳᠡᠵᠦ᠂ ᠬᠤᠲᠠ ᠶᠢᠨ ᠤᠷᠤᠨ ᠵᠠᠢ ᠶᠢᠨ ᠡᠬᠢ ᠪᠠᠶᠠᠯᠢᠭ ᠢ ᠬᠠᠮᠠᠭᠠᠯᠠᠵᠤ ᠬᠠᠮᠢᠶᠠᠷᠬᠤ ᠴᠢᠬᠤᠯᠠ | ᠦᠨᠳᠦᠰᠦᠯᠡᠯ ᠪᠠ ᠠᠷᠭ᠎ᠠ ᠪᠠᠷᠢᠯ ᠪᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠪᠡᠭᠡᠵᠢᠩ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠪᠠᠶᠢᠴᠠᠭᠠᠨ ᠦᠵᠡᠬᠦ ᠳᠡᠭᠡᠨ ᠵᠢᠭᠠᠭᠰᠠᠨ ᠨᠢ᠂ ︽ᠬᠤᠳᠠ ᠶᠢᠨ ᠲᠥᠯᠥᠪᠵᠢᠭᠦᠯᠭᠡ ᠨᠢ ᠬᠤᠲᠠ ᠶᠢᠨ | ᠬᠥᠭᠵᠢᠯᠲᠡ ᠶᠢᠨ ᠳᠤᠮᠳᠠ ᠴᠢᠬᠤᠯᠠ ᠬᠦᠲᠦᠯᠦᠨ ᠳᠠᠭᠠᠭᠤᠯᠬᠤ ᠦᠢᠯᠡᠳᠦᠯ ᠦᠵᠡᠭᠦᠯᠵᠦ ᠪᠠᠶᠢᠳᠠᠭ᠂ ᠨᠢᠭᠡ | ᠬᠤᠲᠠ ᠶᠢ ᠪᠠᠶᠢᠴᠠᠭᠠᠨ ᠦᠵᠡᠬᠦ ᠳᠤ ᠶᠠᠭᠤᠨ ᠤ ᠡᠮᠦᠨ᠎ᠡ ᠲᠦᠯᠦᠪᠵᠢᠭᠦᠯᠭᠡ ᠶᠢ ᠨᠢ ᠦᠵᠡᠬᠦ ᠬᠡᠷᠡᠭᠲᠡᠢ᠂ | ᠲᠦᠯᠦᠪᠵᠢᠭᠦᠯᠭᠡ ᠨᠢ ᠰᠢᠨᠵᠢᠯᠡᠬᠦ ᠤᠬᠠᠭᠠᠨᠴᠢ ᠪᠠᠶᠢᠬᠤ ᠪᠤᠯ ᠬᠠᠮᠤᠭ ᠤᠨ ᠶᠡᠭᠡ ᠦᠷ᠎ᠡ ᠠᠰᠢᠭ᠂ ᠲᠥᠯᠥᠪᠵᠢᠭᠦᠯᠭᠡ | ᠨᠢ ᠠᠯᠳᠠᠭ᠎ᠠ ᠪᠤᠷᠤᠭᠤ ᠲᠠᠢ ᠪᠤᠯ ᠬᠠᠮᠤᠭ ᠤᠨ ᠶᠡᠭᠡ ᠪᠦᠷᠢᠯᠭᠡᠨ ᠰᠦᠢᠳᠬᠡᠯ᠂ ᠲᠥᠯᠥᠪᠵᠢᠭᠦᠯᠭᠡ ᠶᠢ ᠳᠡᠩᠰᠡᠯᠭᠡᠬᠦ | ᠪᠣᠯ ᠬᠠᠮᠤᠭ ᠤᠨ ᠶᠡᠭᠡ ᠴᠡᠭᠡᠷᠯᠡᠯ ᠮᠦᠨ︾ ᠭᠡᠪᠡ᠃ | ᠬᠤᠳᠠ ᠶᠢᠨ ᠲᠥᠯᠥᠪᠵᠢᠭᠦᠯᠭᠡ ᠶᠢᠨ ᠦᠢᠯᠡᠳᠦᠯ ᠪᠣᠯ ᠵᠠᠰᠠᠭ ᠤᠨ ᠣᠷᠳᠣᠨ ᠠᠴᠠ ᠬᠤᠲᠠ ᠶᠢᠨ | ᠢᠷᠡᠭᠡᠳᠦᠶ ᠶᠢᠨ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ ᠡᠳᠡᠭᠡᠷ ᠬᠠᠷᠠᠯᠲᠠ ᠶᠢ ᠪᠡᠶᠡᠯᠡᠭᠦᠯᠬᠦ ᠠᠷᠭ᠎ᠠ ᠵᠠᠮ᠂ | ᠠᠯᠬᠤᠮ ᠳᠠᠷᠠᠭ᠎ᠠ ᠪᠠ ᠠᠵᠢᠯᠯᠠᠭᠠᠨ ᠤ ᠬᠥᠲᠥᠯᠪᠦᠷᠢ ᠵᠢᠴᠢ ᠬᠤᠲᠠ ᠶᠢᠨ ᠤᠷᠤᠨ ᠵᠠᠢ᠂ ᠢᠯᠠᠩᠭᠤᠶ᠎ᠠ ᠭᠠᠵᠠᠷ | ᠰᠢᠷᠣᠶ ᠶᠢᠨ ᠡᠬᠢ ᠪᠠᠶᠠᠯᠢᠭ ᠤᠨ ᠲᠣᠭᠢᠷᠠᠭᠤᠯᠣᠯᠳᠠ ᠶᠢ ᠲᠤᠭᠲᠠᠭᠠᠵᠤ᠂ ᠢᠷᠡᠭᠡᠳᠦᠶ ᠳᠤ ᠬᠤᠲᠠ ᠶᠢᠨ ᠬᠥᠭᠵᠢᠯᠲᠡ ᠶᠢ | ᠵᠢᠯᠣᠭᠤᠳᠤᠨ ᠡᠵᠡᠮᠳᠡᠬᠦ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ | ᠬᠥᠲᠥᠯᠥᠭᠴᠢ᠄ | ᠬᠤᠳᠠ ᠶᠢᠨ ᠶᠡᠷᠦᠩᠬᠡᠶ ᠲᠥᠯᠥᠪᠵᠢᠭᠦᠯᠭᠡ ᠶᠢ ᠰᠠᠶᠢᠲᠤᠷ ᠬᠢᠶ᠎ᠡ ᠭᠡᠪᠡᠯ ᠡᠷᠬᠡᠪᠰᠢ ᠲᠤᠰ ᠪᠡᠶ᠎ᠡ ᠶᠢᠨ | ᠪᠠᠶᠢᠳᠠᠯ ᠢᠶᠠᠨ ᠤᠷᠢᠳᠠᠪᠠᠷ ᠲᠤᠳᠤᠷᠬᠠᠢ ᠪᠤᠯᠭᠠᠵᠤ᠂ ᠮᠠᠨ ᠤ ᠪᠠᠶᠢᠳᠠᠯ ᠢᠶᠠᠨ ᠮᠡᠳᠡᠬᠦ ᠬᠡᠷᠡᠭᠲᠡᠢ᠂ ᠤᠯᠠᠭᠠᠨᠬᠠᠳᠠ | ᠬᠥᠭᠵᠢᠯᠲᠡ ᠶᠢᠨ ᠲᠠᠯ᠎ᠠ ᠪᠠᠷ ᠶᠠᠮᠠᠷ ᠶᠠᠮᠠᠷ ᠳᠠᠪᠠᠭᠤᠯᠢᠭ ᠲᠠᠯ᠎ᠠ ᠲᠠᠢ ᠪᠤᠢ︖ | ᠵᠠᠩ ᠶᠢᠨ ᠳ᠋ᠦᠩ᠄ | ᠤᠯᠠᠭᠠᠨᠬᠠᠳᠠ ᠬᠤᠲᠠ ᠨᠢ ᠦᠪᠦᠷ ᠮᠣᠩᠭᠤᠯ ᠡᠾᠧᠪᠸᠢ ᠯᠢᠶᠣᠤᠨᠢᠩ ᠲᠠᠢ ᠬᠦᠷᠰᠢᠯᠡᠵᠦ᠂ ᠥᠪᠥᠷ ᠮᠣᠩᠭᠤᠯ | ᠬᠢᠭᠡᠳ ᠪᠡᠭᠡᠵᠢᠩ ᠲᠢᠶᠠᠨᠵᠢᠨ ᠡᠾᠧᠪᠸᠢ᠂ ᠯᠢᠶᠣᠤᠨᠢᠩ ᠤᠨ ᠳᠤᠮᠳᠠᠳᠤ ᠡᠮᠦᠨᠡᠲᠦ ᠶᠢᠨ ᠬᠤᠲᠠ ᠪᠠᠯᠭᠠᠰᠤ ᠶᠢᠨ | ᠲᠥᠪᠯᠡᠷᠡᠯ ᠪᠣᠯᠤᠨ ᠪᠦᠸᠧᠬᠠᠢ ᠲᠠᠩᠭᠢᠰ ᠳᠠᠭᠠᠤ ᠣᠷᠣᠨ ᠤ ᠡᠯ᠎ᠡ ᠭᠠᠷᠠᠮ ᠲᠠᠢ ᠬᠠᠷᠢᠯᠴᠠᠬᠤ ᠴᠢᠬᠤᠯᠠ | ᠵᠠᠩᠭᠢᠯᠠᠭ᠎ᠠ ᠶᠢᠨ ᠬᠦᠢᠰᠦ ᠪᠤᠯᠤᠨ᠎ᠠ᠂ ᠭᠡᠪᠡᠴᠦ ᠡᠨᠡ ᠬᠦ ᠳᠠᠪᠠᠭᠤᠯᠢᠭ ᠲᠠᠯ᠎ᠠ ᠪᠠᠨ ᠣᠳᠣᠬᠠᠨ ᠳᠤ ᠪᠠᠰᠠ ᠪᠦᠷᠢᠨ | ᠪᠠᠳᠠᠷᠠᠭᠤᠯᠵᠤ ᠴᠢᠳᠠᠭ᠎ᠠ ᠦᠭᠡᠢ ᠪᠠᠶᠢᠭᠰᠠᠭᠠᠷ᠃ ᠤᠯᠠᠭᠠᠨᠬᠠᠳᠠ ᠪᠣᠯ ᠲᠠᠷᠢᠶᠠᠯᠠᠩ ᠮᠠᠯ ᠠᠵᠤ ᠠᠬᠤᠶ ᠰᠣᠯᠪᠢᠴᠠᠭᠰᠠᠨ | ᠭᠠᠵᠠᠷ ᠣᠷᠣᠨ᠂ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠡᠯᠪᠡᠭ ᠳᠡᠯᠪᠡᠭ᠂ ᠲᠠᠷᠢᠶᠠᠯᠠᠩ ᠮᠠᠯ ᠠᠵᠤ | ᠠᠬᠤᠶ ᠶᠢᠨ ᠪᠦᠲᠦᠭᠡᠭᠳᠡᠬᠦᠨ ᠤ ᠲᠥᠷᠥᠯ ᠵᠦᠢᠯ ᠣᠯᠠᠨ᠂ ᠬᠤᠯᠪᠣᠭᠳᠠᠯ ᠪᠦᠬᠦᠢ ᠠᠵᠤ ᠦᠢᠯᠡᠳᠪᠦᠷᠢ ᠶᠢᠨ | ᠬᠥᠭᠵᠢᠯᠲᠡ ᠲᠤ ᠲᠠᠪᠴᠠᠩ ᠬᠠᠩᠭᠠᠪᠠ᠃ ᠤᠯᠠᠭᠠᠨᠬᠠᠳᠠ ᠬᠤᠲᠠ ᠶᠢᠨ ᠬᠡᠪᠴᠢᠶᠡᠨ ᠤ ᠳᠣᠲᠣᠷ᠎ᠠ ᠥᠩᠭᠡᠲᠦ | ᠲᠡᠮᠦᠷᠯᠢᠭ ᠤᠨ ᠡᠬᠢ ᠪᠠᠶᠠᠯᠢᠭ ᠡᠯᠪᠡᠭ ᠳᠡᠯᠪᠡᠭ᠂ ᠥᠪᠥᠷ ᠮᠣᠩᠭᠤᠯ ᠤᠨ ︽ᠶᠡᠭᠡ ᠬᠢᠩᠭᠠᠨ ᠳᠠᠪᠠᠭᠠᠨ ᠤ ᠡᠩᠭᠡᠷ ᠲᠠᠢ | ᠲᠡᠮᠦᠷᠯᠢᠭ ᠤᠨ ᠠᠭᠤᠷᠬᠠᠶ ᠶᠢᠨ ᠭᠠᠷᠭᠠᠯᠲᠠ ᠶᠢ ᠪᠦᠬᠦ ᠲᠠᠯ᠎ᠠ ᠪᠠᠷ ᠨᠡᠭᠡᠭᠡᠨ ᠠᠰᠢᠭᠯᠠᠬᠤ ᠠᠵᠤ ᠦᠢᠯᠡᠳᠪᠦᠷᠢ ᠶᠢᠨ | ᠰᠠᠭᠤᠷᠢᠨ ᠭᠠᠵᠠᠷ︾ ᠤᠨ ᠭᠤᠣᠯ ᠣᠷᠣᠨ ᠪᠣᠯᠤᠨ᠎ᠠ᠃ ᠵᠢᠭᠤᠯᠴᠢᠯᠠᠯ ᠤᠨ ᠡᠬᠢ ᠪᠠᠶᠠᠯᠢᠭ ᠥᠨᠢᠷ ᠪᠠᠶᠠᠯᠢᠭ᠂ ᠥᠪᠥᠷ | ᠮᠣᠩᠭᠤᠯ ᠤᠨ ᠵᠢᠭᠤᠯᠴᠢᠯᠠᠯ ᠤᠨ ᠡᠬᠢ ᠪᠠᠶᠠᠯᠢᠭ ᠤᠨ ᠶᠡᠭᠡ ᠬᠤᠳᠠ᠂ ᠪᠠᠶᠢᠭᠠᠯᠢ ᠬᠢᠭᠡᠳ ᠬᠥᠮᠦᠨ ᠨᠡᠶᠢᠭᠡᠮ ᠤᠨ | ᠦᠵᠡᠮᠵᠢ ᠶᠢᠨ ᠡᠬᠢ ᠪᠠᠶᠠᠯᠢᠭ ᠲᠤᠶᠠᠭᠠᠷᠠᠨ ᠲᠠᠷᠬᠠᠬᠤ ᠮᠦᠷᠲᠡᠭᠡᠨ ᠡᠬᠢ ᠪᠠᠶᠠᠯᠢᠭ ᠤᠨ ᠨᠡᠶᠢᠲᠡᠯᠢᠭ ᠴᠢᠨᠠᠷ ᠪᠠ | ᠥᠪᠡᠷᠮᠢᠴᠡ ᠴᠢᠨᠠᠷ ᠢ ᠴᠢᠩᠭ᠎ᠠ ᠬᠠᠳᠠᠭᠠᠯᠠᠭᠰᠠᠨ ᠣᠨᠴᠠᠯᠢᠭ ᠲᠠᠢ ᠶᠤᠮ᠃ ᠤᠯᠠᠭᠠᠨᠬᠠᠳᠠ ᠶᠢᠨ ᠲᠡᠦᠬᠡ ᠰᠣᠶᠣᠯ | ᠡᠯᠪᠡᠭ ᠨᠥᠭᠡᠴᠡ ᠲᠠᠢ᠂ ᠥᠪ ᠪᠠᠶᠠᠯᠢᠭ ᠡᠯᠪᠡᠭ᠂ ᠣᠳᠣᠬᠠᠨ ᠳᠤ ᠪᠦᠬᠦ ᠤᠯᠤᠰ ᠤᠨ ᠬᠠᠭᠤᠴᠢ ᠰᠤᠳᠤᠯᠤᠯ ᠤᠨ | ᠰᠣᠶᠣᠯ ᠤᠨ ᠨᠡᠷᠡᠶᠢᠳᠦᠯ ᠢᠶᠠᠷ ᠬᠠᠮᠤᠭ ᠤᠨ ᠣᠯᠠᠨ ᠲᠤᠰᠬᠠᠶ ᠣᠷᠣᠨ ᠤ ᠳᠡᠰ ᠤᠨ ᠬᠤᠲᠠ ᠪᠤᠯᠤᠨ᠎ᠠ᠃ ᠡᠳᠡᠭᠡᠷ | ᠨᠥᠬᠦᠴᠡᠯ ᠨᠢ ᠤᠯᠠᠭᠠᠨᠬᠠᠳᠠ ᠶᠢᠨ ᠢᠷᠡᠭᠡᠳᠦᠶ ᠶᠢᠨ ᠬᠥᠭᠵᠢᠯᠲᠡ ᠳᠤ ᠥᠷᠭᠡᠨ ᠠᠭᠤᠳᠠᠮ ᠳᠡᠭᠡᠭᠰᠢᠯᠡᠭᠦᠯᠬᠦ ᠪᠣᠯᠤᠮᠵᠢ | ᠣᠯᠭᠤᠭᠰᠠᠨ ᠪᠠᠶᠢᠨ᠎ᠠ᠃ | ᠬᠥᠲᠥᠯᠥᠭᠴᠢ᠄ | ᠬᠤᠲᠠ ᠶᠢᠨ ᠰᠢᠨ᠎ᠡ ᠶᠡᠷᠦᠩᠬᠡᠶ ᠲᠥᠯᠥᠪᠵᠢᠭᠦᠯᠭᠡ ᠳᠤᠲᠤᠷᠠᠬᠢ ᠤᠯᠠᠭᠠᠨᠬᠠᠳᠠ ᠬᠤᠲᠠ ᠶᠢᠨ ᠬᠥᠭᠵᠢᠯᠲᠡ ᠶᠢᠨ | ᠬᠠᠷᠠᠯᠲᠠ ᠨᠢ ᠶᠠᠮᠠᠷᠬᠠᠨ ᠰᠢᠤ ᠪᠤᠢ︖ | ᠵᠠᠩ ᠶᠢᠨ ᠳ᠋ᠦᠩ᠄ | ᠬᠤᠳᠠ ᠶᠢᠨ ᠰᠢᠨ᠎ᠡ ᠶᠡᠷᠦᠩᠬᠡᠶ ᠲᠥᠯᠥᠪᠵᠢᠭᠦᠯᠭᠡ ᠨᠢ ᠤᠯᠠᠭᠠᠨᠬᠠᠳᠠ ᠶᠢ ᠥᠪᠥᠷ ᠮᠣᠩᠭᠤᠯ ᠤᠨ ᠵᠡᠭᠦᠨ | ᠪᠡᠶ᠎ᠡ ᠵᠢᠨᠣᠷᠣᠨ ᠪᠦᠰᠡ ᠶᠢᠨ ᠴᠢᠨᠠᠷᠲᠠᠶ ᠭᠤᠣᠯ ᠬᠤᠳᠠ᠂ ᠥᠩᠭᠡᠲᠦ ᠲᠡᠮᠦᠷᠯᠢᠭ᠂ ᠡᠨᠧᠷᠭᠢ ᠬᠢᠮᠢ ᠶᠢᠨ ᠠᠵᠤ | ᠦᠢᠯᠡᠳᠪᠦᠷᠢ᠂ ᠠᠷᠠᠯᠵᠢᠶ᠎ᠠ ᠬᠤᠳᠠᠯᠳᠤᠭ᠎ᠠ ᠪᠠ ᠰᠣᠶᠣᠯ ᠵᠢᠭᠤᠯᠴᠢᠯᠠᠯ ᠤᠨ ᠣᠨᠴᠠᠯᠢᠭ ᠲᠠᠢ᠂ ᠠᠮᠢ ᠠᠬᠤᠶ ᠨᠢ | ᠰᠠᠭᠤᠷᠢᠰᠢᠬᠤ ᠳᠤ ᠲᠣᠬᠢᠷᠠᠮᠵᠢᠲᠠᠶ ᠰᠣᠶᠣᠯ ᠤᠨ ᠨᠡᠷᠡᠲᠦ ᠬᠤᠲᠠ ᠪᠣᠯᠭᠠᠨ ᠪᠦᠳᠦᠭᠡᠨ ᠪᠠᠶᠢᠭᠤᠯᠤᠨ᠎ᠠ᠃ ᠡᠭᠦᠨ ᠳᠤ | ︽ᠣᠷᠣᠨ ᠪᠦᠰᠡ ᠶᠢᠨ ᠴᠢᠨᠠᠷᠲᠠᠶ ᠭᠤᠤᠯ ᠬᠤᠲᠠ᠂ ᠦᠪᠡᠷᠮᠢᠴᠡ ᠣᠨᠴᠠᠯᠢᠭ ᠲᠠᠢ᠂ ᠠᠮᠢ ᠠᠬᠤᠶ ᠨᠢ | ᠰᠠᠭᠤᠷᠢᠰᠢᠬᠤ ᠳᠤ ᠲᠣᠬᠢᠷᠠᠮᠵᠢᠲᠠᠶ ᠰᠣᠶᠣᠯ ᠤᠨ ᠨᠡᠷᠡᠲᠦ ᠬᠤᠲᠠ︾ ᠭᠡᠬᠦ ᠭᠤᠷᠪᠠᠨ ᠵᠠᠩᠭᠢᠯᠠᠭ᠎ᠠ ᠶᠢᠨ ᠦᠭᠡ ᠲᠠᠢ᠃ | ᠣᠷᠣᠨ ᠪᠦᠰᠡ ᠶᠢᠨ ᠴᠢᠨᠠᠷᠲᠠᠶ ᠲᠥᠪ ᠬᠤᠳᠠ ᠭᠡᠳᠡᠭ ᠨᠢ ᠤᠯᠠᠭᠠᠨᠬᠠᠳᠠ ᠬᠤᠲᠠ ᠶᠢᠨ ᠦᠪᠦᠷ ᠮᠤᠩᠭᠤᠯ ᠤᠨ ᠵᠡᠭᠦᠨ | ᠪᠡᠶ᠎ᠡ ᠶᠢᠨ ᠭᠠᠵᠠᠷ ᠣᠷᠣᠨ ᠳᠠᠬᠢ ᠪᠠᠶᠢᠷᠢ ᠰᠠᠭᠤᠷᠢ ᠶᠢ ᠵᠢᠭᠠᠵᠤ᠂ ᠦᠪᠡᠷᠮᠢᠴᠡ ᠣᠨᠴᠠᠯᠢᠭ ᠭᠡᠳᠡᠭ ᠨᠢ ᠮᠠᠨ ᠤ ᠠᠵᠤ | ᠠᠬᠤᠶ ᠶᠢᠨ ᠬᠥᠭᠵᠢᠯᠲᠡ ᠶᠢᠨ ᠭᠤᠣᠯᠳᠠᠯᠭ᠎ᠠ᠂ ᠥᠭᠡᠷ᠎ᠡ ᠪᠠᠷ ᠬᠡᠯᠡᠪᠡᠯ ᠮᠠᠨ ᠤ ᠬᠤᠲᠠ ᠶᠢᠨ ᠬᠥᠭᠵᠢᠯᠲᠡ ᠶᠢᠨ | ᠣᠨᠴᠠᠯᠢᠭ ᠪᠦᠬᠦᠢ ᠠᠵᠤ ᠦᠢᠯᠡᠰ ᠢ ᠵᠢᠭᠠᠨ᠎ᠠ᠂ ᠠᠮᠢ ᠠᠬᠤᠶ ᠨᠢ ᠰᠠᠭᠤᠷᠢᠰᠢᠬᠤ ᠳᠤ ᠲᠣᠬᠢᠷᠠᠮᠵᠢᠲᠠᠶ ᠰᠣᠶᠣᠯ ᠤᠨ | ᠨᠡᠷᠡᠲᠦ ᠬᠤᠲᠠ ᠭᠡᠳᠡᠭ ᠨᠢ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠪᠠ ᠬᠤᠲᠠ ᠶᠢᠨ ᠬᠢᠷᠢ | ᠲᠦᠪᠰᠢᠨ ᠪᠠᠷ ᠳᠠᠮᠵᠢᠭᠤᠯᠵᠤ ᠮᠠᠨ ᠤ ᠬᠤᠳᠠ ᠶᠢᠨ ᠵᠥᠭᠡᠯᠡᠨ ᠬᠦᠴᠦᠨ ᠢᠶᠠᠨ ᠳᠡᠭᠡᠭᠰᠢᠯᠡᠭᠦᠯᠬᠦ ᠶᠢ ᠬᠡᠯᠡᠵᠦ ᠪᠠᠶᠢᠨ᠎ᠠ᠃ | ᠬᠥᠲᠥᠯᠥᠭᠴᠢ᠄ | ᠤᠯᠠᠭᠠᠨᠬᠠᠳᠠ ᠬᠤᠲᠠ ᠶᠢᠨ ᠶᠡᠷᠦᠩᠬᠡᠶ ᠲᠥᠯᠥᠪᠵᠢᠭᠦᠯᠭᠡ ᠨᠢ ᠬᠤᠲᠠ ᠶᠢᠨ ᠬᠡᠪᠴᠢᠶ᠎ᠡ ᠶᠢᠨ ᠲᠤᠭᠲᠠᠯᠴᠠᠭ᠎ᠠ | ᠪᠠ ᠭᠤᠣᠯ ᠬᠤᠳᠠ ᠪᠤᠯᠬᠤ ᠬᠤᠶᠠᠷ ᠲᠠᠯ᠎ᠠ ᠶᠢ ᠪᠠᠭᠲᠠᠭᠠᠭᠰᠠᠨ ᠪᠠᠶᠢᠨ᠎ᠠ᠂ ᠲᠡᠭᠡᠭᠡᠪᠡᠯ ᠲᠠ ᠤᠯᠠᠨ ᠳᠤ ᠳᠥᠭᠦᠮᠬᠡᠨ | ᠲᠠᠨᠢᠯᠴᠠᠭᠤᠯᠵᠤ ᠥᠭᠭᠦᠨ᠎ᠡ ᠤᠤ︖ | ᠵᠠᠩ ᠶᠢᠨ ᠳ᠋ᠦᠩ᠄ | ᠬᠤᠲᠠ ᠶᠢᠨ ᠬᠡᠪᠴᠢᠶᠠᠨ ᠤ ᠳᠠᠪᠬᠤᠷᠭ᠎ᠠ ᠳᠤ᠂ ᠪᠢᠳᠡ ᠡᠩ ᠲᠡᠷᠢᠭᠦᠨ ᠳᠤ ᠠᠮᠢ ᠠᠬᠤᠢ ᠣᠷᠴᠢᠨ | ᠲᠣᠭᠤᠷᠢᠨ ᠢ ᠬᠠᠮᠠᠭᠠᠯᠠᠬᠤ᠂ ᠵᠣᠬᠢᠬᠤ ᠬᠡᠮᠵᠢᠶ᠎ᠡ ᠪᠠᠷ ᠲᠥᠪᠯᠡᠷᠡᠭᠦᠯᠦᠨ ᠬᠦᠭᠵᠢᠭᠦᠯᠵᠦ᠂ ᠦᠪᠡᠷᠮᠢᠴᠡ ᠣᠨᠴᠠᠯᠢᠭᠲᠤ | ᠬᠤᠲᠠ ᠪᠠᠯᠭᠠᠰᠤᠵᠢᠯᠲᠠ ᠶᠢᠨ ᠵᠠᠮ ᠢᠶᠠᠷ ᠵᠠᠮᠨᠠᠨ᠎ᠠ ᠭᠡᠵᠡᠢ᠃ ︽ᠨᠢᠭᠡ ᠲᠡᠩᠭᠡᠯᠢᠭ ᠬᠤᠶᠠᠷ ᠪᠦᠰᠡ᠂ ᠭᠤᠣᠯ ᠳᠡᠳ᠋ | ᠭᠤᠷᠪᠠᠨ ᠲᠥᠪ︾ ᠤᠨ ᠬᠤᠲᠠ ᠪᠠᠯᠭᠠᠰᠤ ᠶᠢᠨ ᠣᠷᠤᠨ ᠵᠠᠢ ᠶᠢᠨ ᠪᠦᠲᠦᠴᠡ ᠶᠢ ᠲᠣᠭᠲᠠᠭᠠᠪᠠ᠃ ︽ᠨᠢᠭᠡ | ᠲᠡᠩᠭᠡᠯᠢᠭ︾ ᠭᠡᠳᠡᠭ ᠨᠢ 303 ᠨᠣᠮᠧᠷᠲᠥ ᠤᠯᠤᠰ ᠤᠨ ᠵᠠᠰᠠᠮᠠᠯ ᠵᠠᠮ᠂ ᠤᠯᠠᠭᠠᠨᠬᠠᠳᠠ ᠠᠴᠠ ᠳ᠋ᠠᠪᠠᠨ ᠬᠦᠷᠬᠦ | ᠳᠡᠭᠡᠳᠦ ᠬᠤᠷᠳᠤ ᠶᠢᠨ ᠵᠠᠰᠠᠮᠠᠯ ᠵᠠᠮ᠂ ᠶᠡᠭᠡ ᠪᠠᠶᠢᠰᠢᠩ ︵ᠵᠢᠶᠠᠨ ᠫᠢᠩ ᠰᠢᠶᠠᠨ︶ ᠠᠴᠠ ᠤᠯᠠᠭᠠᠨᠬᠠᠳᠠ ᠬᠦᠷᠬᠦ | ᠲᠡᠮᠦᠷ ᠵᠠᠮ ᠵᠡᠷᠭᠡ ᠵᠠᠮ ᠳᠠᠭᠠᠤ ᠪᠠᠶᠢᠭ᠎ᠠ ᠲᠢᠶᠠᠨ ᠢ ᠪᠠᠯᠭᠠᠰᠤ᠂ ᠫᠢᠩ ᠵᠦᠸᠠᠩ ᠪᠠᠯᠭᠠᠰᠤ᠂ ᠭᠤᠣᠯ ᠬᠤᠲᠠ ᠶᠢᠨ | ᠲᠤᠭᠤᠷᠢᠭ᠂ ᠪᠣᠷᠤ ᠬᠤᠲᠠ᠂ ᠳ᠋ᠠᠪᠠᠨ ᠪᠠᠯᠭᠠᠰᠤ᠂ ᠯᠢᠨᠰᠢ ᠪᠠᠯᠭᠠᠰᠤ᠂ ᠪᠢᠷᠠᠭᠤ ᠪᠠᠯᠭᠠᠰᠤ ᠵᠡᠷᠭᠡ ᠭᠤᠣᠯᠳᠠᠯᠭ᠎ᠠ ᠲᠠᠢ | ᠬᠤᠲᠠ ᠪᠠᠯᠭᠠᠰᠤ ᠶᠢ ᠬᠤᠯᠪᠤᠨ ᠬᠦᠭᠵᠢᠯᠲᠡ ᠶᠢᠨ ᠲᠡᠩᠭᠡᠯᠢᠭ ᠪᠣᠯᠭᠠᠬᠤ ᠶᠢ ᠵᠢᠭᠠᠨ᠎ᠠ︔ ︽ᠬᠤᠶᠠᠷ ᠪᠦᠰᠡ︾ ᠶᠢᠨ | ᠳᠣᠲᠤᠷᠠᠬᠢ ︽ᠨᠢᠭᠡ ᠪᠦᠰᠡ︾ ᠭᠡᠳᠡᠭ ᠨᠢ ᠬᠤᠶᠢᠲᠤ ᠪᠡᠶ᠎ᠡ ᠶᠢᠨ ᠲᠥᠩᠯᠢᠶᠣᠣ ᠠᠴᠠ ᠵᠢᠨᠢᠩ ᠬᠦᠷᠬᠦ ᠲᠡᠮᠦᠷ ᠵᠠᠮ | ᠪᠠ ᠮᠤᠵᠢ ᠶᠢᠨ ᠳᠡᠰ ᠤᠨ ᠳᠡᠭᠡᠳᠦ ᠬᠤᠷᠳᠤ ᠶᠢᠨ ᠵᠠᠮ ᠳᠠᠭᠠᠤ ᠪᠠᠶᠢᠭ᠎ᠠ ᠪᠢᠷᠠᠭᠤ ᠪᠠᠯᠭᠠᠰᠤ᠂ ᠯᠢᠨᠰᠢ ᠪᠠᠯᠭᠠᠰᠤ᠂ | ᠳ᠋ᠠᠪᠠᠨ ᠪᠠᠯᠭᠠᠰᠤ᠂ ᠯᠢᠨᠳᠥᠩ ᠪᠠᠯᠭᠠᠰᠤ ᠪᠠ ᠴᠢᠪᠠᠭ᠎ᠠ ᠪᠠᠯᠭᠠᠰᠤ ᠵᠡᠷᠭᠡ ᠲᠠᠪᠤᠨ ᠬᠤᠰᠢᠭᠤ ᠰᠢᠶᠠᠨ ᠪᠠᠶᠢᠭ᠎ᠠ | ᠪᠠᠯᠭᠠᠰᠤ ᠶᠢ ᠬᠤᠯᠪᠤᠨ ᠪᠦᠷᠢᠯᠳᠦᠭᠰᠡᠨ ᠬᠤᠶᠢᠲᠤ ᠪᠡᠶ᠎ᠡ ᠶᠢᠨ ᠬᠦᠭᠵᠢᠯᠲᠡ ᠶᠢᠨ ᠪᠦᠰᠡ ᠶᠢ ᠵᠢᠭᠠᠨ᠎ᠠ︔ ᠨᠦᠭᠦᠭᠡ ︽ | ᠨᠢᠭᠡ ᠪᠦᠰᠡ︾ ᠭᠡᠳᠡᠭ ᠨᠢ ᠡᠮᠦᠨᠡᠲᠦ ᠪᠡᠶ᠎ᠡ ᠶᠢᠨ ᠲᠥᠩᠯᠢᠶᠣᠣ ᠠᠴᠠ ᠪᠡᠭᠡᠵᠢᠩ ᠬᠦᠷᠬᠦ ᠲᠡᠮᠦᠷ ᠵᠠᠮ᠂ | ᠤᠯᠠᠭᠠᠨᠬᠠᠳᠠ ᠠᠴᠠ ᠴᠧᠩᠳᠧ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ᠂ ᠤᠯᠠᠭᠠᠨᠬᠠᠳᠠ ᠠᠴᠠ ᠲᠥᠩᠯᠢᠶᠣᠣ | ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠳᠠᠬᠢ ᠶᠢᠨ ᠱᠠᠨ ᠪᠠᠯᠭᠠᠰᠤ᠂ ᠭᠤᠣᠯ ᠬᠤᠲᠠ ᠶᠢᠨ ᠲᠤᠭᠤᠷᠢᠭ ᠪᠠ ᠰᠢᠨ | ᠬᠤᠢ ᠪᠠᠯᠭᠠᠰᠤ ᠶᠢ ᠬᠤᠯᠪᠤᠨ ᠪᠦᠷᠢᠯᠳᠦᠭᠰᠡᠨ ᠡᠮᠦᠨᠡᠲᠦ ᠪᠡᠶ᠎ᠡ ᠶᠢᠨ ᠬᠦᠭᠵᠢᠯᠲᠡ ᠶᠢᠨ ᠪᠦᠰᠡ ᠶᠢ ᠵᠢᠭᠠᠨ᠎ᠠ᠃ ︽ | ᠭᠤᠣᠯ ᠳᠡᠳ᠋ ᠭᠤᠷᠪᠠᠨ ᠲᠥᠪ︾ ᠨᠢ ᠨᠢᠭᠡ ᠬᠤᠲᠠ ᠶᠢᠨ ᠬᠡᠪᠴᠢᠶᠡᠨ ᠤ ᠲᠥᠪ ᠳᠠᠷᠤᠢ ᠤᠯᠠᠭᠠᠨᠬᠠᠳᠠ ᠶᠢᠨ ᠭᠤᠣᠯ | ᠬᠤᠲᠠ᠂ ᠬᠤᠲᠠ ᠶᠢᠨ ᠬᠡᠪᠴᠢᠶᠡᠨ ᠤ ᠬᠤᠶᠠᠷ ᠳᠡᠳ᠋ ᠲᠥᠪ ᠨᠢ ᠳᠠᠷᠤᠢ ᠬᠤᠶᠢᠲᠤ ᠪᠡᠶ᠎ᠡ ᠶᠢᠨ ᠳ᠋ᠠᠪᠠᠨ ᠪᠠᠯᠭᠠᠰᠤ ᠪᠠ | ᠡᠮᠦᠨᠡᠲᠦ ᠪᠡᠶ᠎ᠡ ᠶᠢᠨ ᠲᠢᠶᠠᠨ ᠢ ᠪᠠᠯᠭᠠᠰᠤ ᠶᠢ ᠬᠡᠯᠡᠨ᠎ᠡ᠃ ᠪᠣᠰᠤᠳ ᠬᠤᠲᠠ ᠪᠠᠯᠭᠠᠰᠤ ᠶᠢᠨ ᠲᠦᠯᠦᠪᠵᠢᠭᠦᠯᠭᠡ ᠨᠢ | ᠦᠷᠭᠡᠨ ᠠᠭᠤᠳᠠᠮ ᠮᠠᠯᠵᠢᠬᠤ ᠲᠠᠷᠢᠶᠠᠯᠠᠬᠤ ᠤᠷᠤᠨ ᠳᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ | ᠪᠠᠷ ᠭᠤᠣᠯᠯᠠᠵᠤ᠂ ᠲᠥᠯᠦᠪᠵᠢᠭᠦᠯᠭᠡ ᠳᠤ ᠬᠤᠲᠠ ᠪᠠᠯᠭᠠᠰᠤ ᠶᠢᠨ ᠬᠡᠪᠴᠢᠶᠡᠨ ᠤ ᠵᠡᠷᠭᠡ ᠳᠡᠰ ᠶᠢᠨ ᠪᠦᠲᠦᠴᠡ ᠪᠠ | ᠬᠤᠲᠠ ᠪᠠᠯᠭᠠᠰᠤ ᠶᠢᠨ ᠡᠭᠦᠷᠭᠡ ᠴᠢᠳᠠᠪᠤᠷᠢ ᠶᠢᠨ ᠪᠦᠲᠦᠴᠡ ᠶᠢ ᠵᠣᠬᠢᠬᠤ ᠬᠡᠮᠵᠢᠶ᠎ᠡ ᠪᠠᠷ ᠲᠡᠭᠦᠯᠳᠡᠷᠵᠢᠭᠦᠯᠪᠡ᠃ ᠡᠬᠢ | ᠪᠠᠶᠠᠯᠢᠭ ᠤᠨ ᠬᠢᠵᠠᠭᠠᠷᠯᠠᠯ ᠠᠴᠠ ᠪᠣᠯᠵᠤ᠂ ᠦᠨᠳᠦᠷ ᠬᠤᠷᠤᠭᠳᠠᠯᠲᠤ ᠠᠵᠤ ᠦᠢᠯᠡᠰ ᠤᠨ ᠬᠦᠭᠵᠢᠯᠲᠡ ᠶᠢ ᠴᠢᠩᠭ᠎ᠠ | ᠬᠢᠵᠠᠭᠠᠷᠯᠠᠪᠠ᠃ | ᠭᠤᠣᠯ ᠬᠤᠳᠠ ᠶᠢᠨ ᠲᠣᠭᠤᠷᠢᠭ ᠨᠢ ︽ᠭᠤᠣᠯ ᠳᠠᠭᠠᠤ ᠪᠦᠭᠡᠮᠡᠨᠡᠷᠡᠭᠦᠯᠬᠦ ᠮᠠᠶ᠋ᠢᠭ ᠢᠶᠠᠷ ᠬᠦᠭᠵᠢᠭᠦᠯᠬᠦ︾ | ᠲᠥᠯᠥᠪᠵᠢᠭᠦᠯᠭᠡ ᠶᠢᠨ ᠣᠨᠤᠯᠵᠢᠬᠤᠨ ᠢ ᠤᠯᠠᠮᠵᠢᠯᠠᠵᠤ᠂ ᠲᠥᠷᠦᠭᠦᠴᠢ ᠶᠢᠨ ᠲᠥᠯᠥᠪᠵᠢᠭᠦᠯᠭᠡ ᠶᠢᠨ ︽ᠭᠤᠣᠯ | ᠳᠠᠭᠠᠤ ᠳᠥᠷᠪᠡᠨ ᠬᠡᠰᠡᠭ᠂ ᠭᠠᠳᠠᠷ ᠲᠠᠯ᠎ᠠ ᠳᠤ ᠭᠤᠷᠪᠠᠨ ᠴᠢᠭ᠋︾ ᠢᠶᠠᠷ ᠪᠠᠶᠢᠭᠤᠯᠬᠤ ᠣᠷᠤᠨ ᠵᠠᠢ ᠶᠢᠨ | ᠪᠦᠲᠦᠴᠡ ᠶᠢᠨ ᠰᠠᠭᠤᠷᠢᠨ ᠳᠡᠭᠡᠷ᠎ᠡ ︽ᠳᠤᠮᠳᠠ ᠬᠡᠰᠡᠭ ᠲᠤ ᠵᠢᠷᠭᠤᠭᠠᠨ ᠲᠣᠭᠤᠷᠢᠭ᠂ ᠭᠠᠳᠠᠷ ᠲᠠᠯ᠎ᠠ ᠳᠤ ᠭᠤᠷᠪᠠᠨ | ᠪᠦᠭᠡᠮᠨᠡᠷᠡᠯ᠂ ᠭᠤᠣᠯ ᠳᠠᠭᠠᠤ ᠤᠯᠠᠨ ᠲᠥᠪ︾ ᠲᠠᠢ ᠪᠠᠶᠢᠬᠤ ᠬᠤᠳᠠ ᠶᠢᠨ ᠣᠷᠣᠨ ᠵᠠᠶ ᠶᠢᠨ ᠪᠦᠲᠦᠴᠡ ᠶᠢ | ᠪᠦᠷᠢᠯᠳᠦᠭᠦᠯᠦᠭᠰᠡᠨ ᠪᠦᠭᠡᠳ ᠪᠠᠰᠠ ᠭᠤᠣᠯ ᠬᠤᠳᠠ ᠶᠢᠨ ᠲᠣᠭᠤᠷᠢᠭ ᠤᠨ ᠠᠭᠤᠯᠠ ᠤᠰᠤᠨ ᠤ ᠡᠯᠧᠮᠧᠨ᠋ᠲ ᠤᠨ | ᠲᠠᠷᠬᠠᠯᠲᠠ ᠶᠢᠨ ᠣᠨᠴᠠᠯᠢᠭ ᠲᠠᠢ ᠤᠶᠠᠯᠳᠤᠭᠤᠯᠵᠤ᠂ ︽ᠨᠣᠭᠤᠭᠠᠨ ᠵᠢᠭᠢᠷᠢᠭ + ᠬᠤᠩᠬᠢᠯ + ᠲᠣᠯᠪᠤᠵᠠᠭᠤᠯᠤᠨ︾ | ᠠᠮᠢ ᠠᠬᠤᠶᠢᠵᠢᠭᠰᠠᠨ ᠵᠦᠯᠭᠡᠲᠦ ᠭᠠᠵᠠᠷ ᠤᠨ ᠰᠢᠰᠲ᠋ᠧᠮ ᠤᠨ ᠪᠠᠶᠢᠷᠢᠰᠢᠯ ᠪᠠ ᠠᠭᠤᠯᠠ ᠤᠰᠤ ᠲᠠᠢ ᠬᠤᠲᠠ ᠶᠢᠨ | ᠦᠪᠡᠷᠮᠢᠴᠡ ᠣᠨᠴᠠᠯᠢᠭ ᠢᠶᠠᠷ ᠳᠣᠪᠤᠶᠢᠮ᠎ᠠ ᠦᠵᠡᠮᠵᠢᠲᠦ ᠰᠢᠰᠲ᠋ᠧᠮ ᠢ ᠲᠥᠯᠦᠪᠵᠢᠭᠦᠯᠦᠨ ᠪᠦᠷᠢᠯᠳᠦᠭᠦᠯᠵᠦ᠂ | ᠬᠤᠲᠠ ᠶᠢᠨ ᠠᠷᠠᠳ ᠲᠦᠮᠡᠨ ᠳᠤ ᠤᠷᠤᠰᠢᠨ ᠰᠠᠭᠤᠵᠤ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ | ᠦᠢᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ | ᠬᠥᠲᠥᠯᠥᠭᠴᠢ᠄ | ᠤᠳᠤ ︽ᠣᠷᠣᠰᠢᠨ ᠰᠠᠭᠤᠬᠤ ᠳᠤ ᠲᠣᠬᠢᠷᠠᠮᠵᠢᠲᠠᠶ ᠬᠤᠳᠠ︾ ᠭᠡᠰᠡᠨ ᠦᠭᠡ ᠨᠡᠯᠢᠶᠡᠳ ᠰᠥᠷᠬᠡᠢ | ᠳᠡᠯᠭᠡᠷᠡᠵᠦ ᠪᠠᠶᠢᠨ᠎ᠠ᠂ ᠮᠠᠨ ᠤ ᠤᠶᠢᠯᠭᠠᠭᠰᠠᠨ ᠢᠶᠠᠷ᠂ ᠤᠯᠠᠭᠠᠨᠬᠠᠳᠠ ᠪᠣᠯ ᠳᠠᠷᠤᠶ ᠣᠷᠣᠰᠢᠨ ᠰᠠᠭᠤᠬᠤ ᠳᠤ | ᠲᠣᠬᠢᠷᠠᠮᠵᠢᠲᠠᠶ ᠬᠤᠳᠠ ᠮᠦᠨ᠂ ᠤᠯᠠᠭᠠᠨᠬᠠᠳᠠ ᠳᠤ ᠠᠮᠢᠳᠤᠷᠠᠪᠠᠯ᠂ ᠣᠭᠲᠠᠷᠭᠤᠢ ᠨᠢ ᠴᠡᠩᠬᠡᠷ᠂ ᠲᠠᠯ᠎ᠠ ᠨᠢ | ᠨᠣᠭᠤᠭᠠᠨ᠂ ᠤᠰᠤ ᠨᠢ ᠲᠤᠩᠭᠠᠯᠠᠭ᠂ ᠠᠮᠢᠳᠤᠷᠠᠯ ᠤᠨ ᠳᠠᠷᠤᠯᠲᠠ ᠪᠠᠭ᠎ᠠ ᠭᠡᠨ᠎ᠡ᠃ ᠬᠡᠯᠡᠯᠭᠡᠨ ᠦᠭᠡᠢ ᠡᠨᠡ ᠨᠢ | ᠵᠥᠪᠬᠡᠨ ᠨᠢᠭᠡ ᠬᠡᠰᠡᠭ ᠬᠥᠮᠦᠰ ᠤᠨ ᠬᠤᠪᠢ ᠬᠥᠮᠦᠨ ᠤ ᠲᠥᠷᠥᠭᠳᠡᠯ ᠪᠣᠯᠤᠨ᠎ᠠ᠂ ᠬᠡᠷᠪᠡ ᠬᠤᠳᠠ ᠬᠥᠳᠡᠭᠡ ᠶᠢᠨ | ᠲᠥᠯᠥᠪᠵᠢᠭᠦᠯᠭᠡ ᠶᠢᠨ ᠡᠭᠦᠳᠡᠨ ᠠᠴᠠ ᠠᠪᠴᠤ ᠦᠵᠡᠪᠡᠯ᠂ ᠲᠠᠨ ᠤ ᠦᠵᠡᠬᠦ ᠪᠠᠷ ᠶᠠᠮᠠᠷ ᠬᠡᠮᠵᠢᠶᠡᠨ ᠳᠤ ᠬᠦᠷᠪᠡᠯ ︽ | ᠣᠷᠣᠰᠢᠨ ᠰᠠᠭᠤᠬᠤ ᠳᠤ ᠲᠣᠬᠢᠷᠠᠮᠵᠢᠲᠠᠶ ᠬᠤᠳᠠ︾ ᠪᠣᠯᠵᠤ ᠴᠢᠳᠠᠬᠤ ᠪᠤᠢ︖ | ᠵᠠᠩ ᠶᠢᠨ ᠳ᠋ᠦᠩ᠄ | ᠬᠤᠳᠠ ᠶᠢᠨ ᠲᠤᠬᠠᠶ ᠲᠠᠨᠢᠯᠲᠠ ᠶᠢᠨ ᠭᠦᠨᠵᠡᠭᠡᠶᠢᠷᠡᠬᠦ ᠶᠢ ᠳᠠᠭᠠᠯᠳᠤᠨ᠂ ᠤᠯᠤᠰ ᠠᠴᠠ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠠᠯᠢ ᠤᠯᠠᠨ ᠬᠠᠷᠠᠯᠲᠠ ᠶᠢ ᠳᠤᠷᠠᠳᠪᠠ᠃ ᠭᠡᠪᠡᠴᠦ ᠡᠴᠦᠰ ᠤᠨ ᠵᠣᠭᠰᠤᠴᠠ ᠠᠴᠠ ᠨᠢ ᠬᠠᠷᠠᠪᠠᠯ᠂ | ᠣᠷᠣᠰᠢᠨ ᠰᠠᠭᠤᠬᠤ ᠳᠤ ᠲᠣᠬᠢᠷᠠᠮᠵᠢᠲᠠᠶ ᠪᠠᠶᠢᠬᠤ ᠬᠡᠷᠡᠭᠲᠡᠢ ᠭᠡᠵᠦ ᠪᠢ ᠦᠵᠡᠨ᠎ᠠ᠂ ︽ᠠᠭᠤᠯᠠ ᠬᠠᠷᠠᠭᠳᠠᠨ᠂ | ᠤᠰᠤ ᠦᠵᠡᠭᠳᠡᠵᠦ᠂ ᠨᠤᠲᠤᠭ ᠤᠰᠤ ᠬᠤᠨᠤᠭᠰᠢᠭᠰᠠᠨ ︾ ᠪᠠᠶᠢᠪᠠᠯ ᠳᠠᠷᠤᠢ ᠣᠷᠣᠰᠢᠨ ᠰᠠᠭᠤᠬᠤ ᠳᠤ ᠲᠣᠬᠢᠷᠠᠮᠵᠢᠲᠠᠶ | ᠬᠤᠳᠠ ᠪᠣᠯᠤᠨ᠎ᠠ᠃ | ᠥᠭᠡᠷᠡᠴᠢᠯᠡᠯᠲᠡ ᠨᠡᠬᠡᠬᠡᠯᠲᠡ ᠶᠢᠨ 30 ᠵᠢᠯ ᠤᠨ ᠲᠤᠷᠰᠢ᠂ ᠤᠯᠠᠭᠠᠨᠬᠠᠳᠠ ᠬᠤᠲᠠ ᠮᠠᠰᠢ ᠲᠦᠷᠭᠡᠨ | ᠬᠦᠭᠵᠢᠵᠡᠢ᠂ ᠵᠡᠭᠦᠨ ᠪᠠᠷᠠᠭᠤᠨ ᠭᠤᠣᠯ ᠤᠨ ᠬᠤᠭᠤᠷᠤᠨᠳᠤᠬᠢ ᠨᠢᠭᠡᠨ ᠵᠢᠵᠢᠭᠬᠡᠨ ᠬᠤᠲᠠ ᠪᠠᠶᠢᠭᠰᠠᠨ ᠠᠴᠠ ᠶᠡᠷᠦᠩᠬᠡᠶ | ᠲᠥᠯᠥᠪᠵᠢᠭᠦᠯᠭᠡ ᠪᠠᠨ ᠬᠡᠳᠦᠨᠲᠡ ᠵᠠᠰᠠᠪᠤᠷᠢ ᠣᠷᠤᠭᠤᠯᠵᠦ᠂ ᠬᠤᠳᠠ ᠶᠢᠨ ᠬᠡᠳᠦ ᠤᠳᠠᠭ᠎ᠠ ᠶᠢᠨ ᠳᠠᠪᠠᠯᠲᠠ ᠶᠢ | ᠪᠡᠶᠡᠯᠡᠭᠦᠯᠬᠦ ᠪᠠᠷ ᠳᠠᠮᠵᠢᠭᠠᠳ᠂ ᠢᠯᠠᠩᠭᠤᠶ᠎ᠠ 2002 ᠣᠨ ᠪᠠ 2012 ᠣᠨ ᠤ ᠬᠤᠶᠠᠷ ᠰᠢᠨᠡᠳᠬᠡᠯᠲᠡ ᠶᠢ | ᠦᠩᠭᠡᠷᠡᠭᠡᠭᠡᠳ᠂ ᠬᠤᠳᠠ ᠨᠢ ᠯᠤᠲᠤ ᠶᠡᠭᠡ ᠬᠤᠪᠢᠷᠠᠯᠲᠠ ᠭᠠᠷᠤᠭᠰᠠᠨ ᠪᠠᠶᠢᠨ᠎ᠠ᠃ ᠭᠡᠪᠡᠴᠦ ᠬᠤᠳᠠ ᠶᠢᠨ ᠲᠦᠷᠭᠡᠨ | ᠬᠥᠭᠵᠢᠯᠲᠡ ᠨᠢ ᠪᠠᠰᠠ ᠮᠠᠰᠢ ᠤᠯᠠᠨ ᠰᠦᠷᠬᠡᠤ ᠨᠥᠯᠥᠭᠡ ᠠᠪᠴᠢᠷᠠᠪᠠ᠂ ᠵᠢᠱᠢᠶᠡᠯᠡᠪᠡᠯ ᠬᠤᠳᠠ ᠪᠠᠷ ᠤᠷᠤᠰᠬᠤ | ᠭᠤᠣᠯ ᠤᠨ ᠤᠷᠤᠰᠬᠠᠯ ᠲᠠᠰᠤᠷᠠᠵᠤ᠂ ᠬᠠᠭᠤᠴᠢᠨ ᠬᠤᠲᠠ ᠶᠢᠨ ᠲᠣᠭᠤᠷᠢᠭ ᠨᠢ ᠤᠯᠠᠮ ᠠᠴᠠ ᠤᠯᠠᠮ ᠰᠢᠬᠠᠭᠤ | ᠪᠣᠯᠵᠤ᠂ ᠨᠣᠭᠤᠭᠠᠨ ᠭᠠᠵᠠᠷ ᠬᠠᠷᠢᠴᠠᠩᠭᠤᠶ ᠪᠠᠷ ᠴᠥᠬᠡᠷᠡᠨ᠂ ᠰᠠᠭᠤᠭᠠᠯᠢ ᠠᠷᠠᠳ ᠤᠨ ᠠᠵᠢᠯᠯᠠᠭᠠᠨ ᠤ ᠣᠷᠣᠨ ᠵᠠᠶ | ᠢᠯᠡᠳᠲᠡ ᠬᠦᠷᠦᠯᠴᠡᠬᠦ ᠦᠭᠡᠢ᠂ ᠵᠠᠮ ᠬᠠᠷᠢᠯᠴᠠᠭ᠎ᠠ ᠴᠦ ᠲᠦᠭᠵᠢᠷᠡᠬᠦ ᠪᠣᠯᠪᠠ᠂ ᠡᠳᠡᠭᠡᠷ ᠨᠢ ᠴᠥᠮ ᠮᠠᠨ ᠤ | ᠬᠦᠰᠡᠯ ᠲᠠᠢ ᠡᠰᠡᠷᠭᠦ ᠲᠡᠰᠡᠷᠭᠦ ᠶᠤᠮ᠃ ᠣᠳᠣᠬᠠᠨ ᠳᠤ᠂ ᠤᠯᠤᠰ ᠤᠨ ᠠᠵᠤ ᠠᠬᠤᠶ ᠶᠢᠨ ᠨᠡᠮᠡᠭᠳᠡᠯ ᠤᠨ ᠬᠤᠷᠳᠤᠴᠠ | ᠤᠯᠠᠮ ᠬᠤᠷᠳᠤᠨ ᠪᠣᠯᠤᠭᠰᠠᠨ ᠪᠣᠯᠬᠤᠷ᠂ ᠪᠢᠳᠡ ᠪᠠᠰᠠ ᠠᠵᠠ ᠲᠣᠬᠢᠶᠠᠯ ᠢ ᠠᠳᠬᠤᠨ ᠵᠣᠬᠢᠴᠠᠩᠭᠤᠶ | ᠲᠤᠬᠢᠷᠠᠭᠤᠯᠤᠯᠲᠠ ᠬᠢᠬᠦ ᠬᠡᠷᠡᠭᠲᠡᠶ ᠶᠤᠮ᠃ | ᠣᠷᠣᠰᠢᠨ ᠰᠠᠭᠤᠬᠤ ᠳᠤ ᠲᠣᠬᠢᠷᠠᠮᠵᠢᠲᠠᠶ ᠬᠤᠳᠠ ᠭᠡᠳᠡᠭ ᠢ ᠲᠦᠬᠦᠮ ᠢᠶᠠᠷ ᠬᠡᠯᠡᠪᠡᠯ ᠬᠤᠶᠠᠷ ᠲᠠᠯ᠎ᠠ ᠪᠠᠭᠲᠠᠨ᠎ᠠ᠂ | ︽ᠠᠵᠢᠯᠯᠠᠬᠤ ᠳᠤ ᠲᠣᠬᠢᠷᠠᠮᠵᠢᠲᠠᠶ᠂ ᠰᠠᠭᠤᠬᠤ ᠳᠤ ᠲᠣᠬᠢᠷᠠᠮᠵᠢᠲᠠᠶ︾ ᠪᠠᠶᠢᠬᠤ ᠪᠣᠯᠤᠨ᠎ᠠ᠂ ᠠᠵᠢᠯᠯᠠᠬᠤ ᠳᠤ | ᠲᠣᠬᠢᠷᠠᠮᠵᠢᠲᠠᠶ ᠪᠠᠶᠢᠬᠤ ᠪᠣᠯ ᠬᠤᠳᠡ ᠶᠢᠨ ᠠᠵᠤ ᠠᠬᠤᠶ ᠶᠢᠨ ᠴᠢᠳᠠᠪᠤᠷᠢ ᠶᠢᠨ ᠢᠯᠡᠷᠡᠯ ᠪᠣᠯᠬᠤᠷ᠂ ᠠᠵᠢᠯ | ᠣᠯᠭᠤᠯᠲᠠ ᠨᠢ ᠬᠦᠷᠦᠯᠴᠡᠬᠦᠶᠢᠴᠡ᠂ ᠰᠠᠭᠤᠭᠠᠯᠢ ᠠᠷᠠᠳ ᠤᠨ ᠠᠵᠢᠯ ᠤᠯᠬᠤ ᠬᠡᠷᠡᠭᠴᠡᠭᠡ ᠶᠢ ᠬᠠᠩᠭᠠᠵᠦ ᠳᠡᠶᠢᠯᠬᠦ | ᠬᠡᠷᠡᠭᠲᠡᠢ᠃ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠨᠥᠬᠦᠴᠡᠯ ᠢ ᠶᠡᠷᠦ ᠳᠡᠭᠡᠨ ᠬᠠᠲᠠᠭᠤ | ᠣᠷᠴᠢᠨ ᠲᠣᠭᠤᠷᠢᠨ ᠪᠠ ᠵᠥᠭᠡᠯᠡᠨ ᠣᠷᠴᠢᠨ ᠲᠣᠭᠤᠷᠢᠨ ᠭᠡᠵᠦ ᠬᠤᠪᠢᠶᠠᠨ᠎ᠠ᠂ ᠵᠥᠭᠡᠯᠡᠨ ᠣᠷᠴᠢᠨ ᠲᠣᠭᠤᠷᠢᠨ ᠪᠣᠯ | ᠬᠤᠳᠠ ᠶᠢᠨ ᠬᠠᠮᠢᠶᠠᠷᠤᠯᠲᠠ ᠶᠢᠨ ᠠᠵᠢᠯᠯᠠᠭᠠᠨ ᠤ ᠲᠠᠯ᠎ᠠ ᠪᠠᠷ ᠬᠢ ᠬᠡᠯᠡᠨ᠎ᠡ᠂ ᠬᠠᠲᠠᠭᠤ ᠣᠷᠴᠢᠨ ᠲᠣᠭᠤᠷᠢᠨ ᠢ ᠪᠠᠰᠠ | ᠵᠣᠬᠢᠶᠠᠮᠠᠯ ᠣᠷᠴᠢᠨ ᠲᠣᠭᠤᠷᠢᠨ ᠪᠠ ᠪᠠᠶᠢᠭᠠᠯᠢ ᠶᠢᠨ ᠣᠷᠴᠢᠨ ᠲᠣᠭᠤᠷᠢᠨ ᠭᠡᠵᠦ ᠬᠤᠶᠠᠷ ᠬᠤᠪᠢᠶᠠᠵᠤ᠂ | ᠪᠠᠶᠢᠭᠠᠯᠢ ᠶᠢᠨ ᠣᠷᠴᠢᠨ ᠲᠣᠭᠤᠷᠢᠨ ᠨᠢ ᠮᠠᠰᠢ ᠤᠶᠢᠯᠭᠠᠮᠵᠢᠲᠠᠢ ᠪᠠᠶᠢᠳᠠᠭ᠂ ᠳᠠᠷᠤᠶ ᠬᠤᠳᠠ ᠶᠢᠨ ᠪᠠᠶᠢᠭᠠᠯᠢ ᠶᠢᠨ | ᠠᠭᠤᠯᠠ ᠤᠰᠤᠨ ᠤ ᠣᠨᠴᠠᠯᠢᠭ ᠪᠣᠯᠤᠨ᠎ᠠ᠃ ᠵᠣᠬᠢᠶᠠᠮᠠᠯ ᠣᠷᠴᠢᠨ ᠲᠣᠭᠤᠶᠢᠨ ᠨᠢ ᠶᠡᠷᠦᠩᠬᠡᠶ ᠳᠡᠭᠡᠨ ᠬᠥᠮᠦᠨ ᠳᠤ | ᠲᠣᠬᠢᠷᠠᠭᠤᠯᠤᠭᠰᠠᠨ ᠡᠯ᠎ᠡ ᠵᠦᠢᠯ ᠤᠨ ᠬᠤᠳᠠ ᠶᠢᠨ ᠶᠠᠪᠤᠳᠠᠯ ᠤᠨ ᠪᠡᠯᠡᠳᠬᠡᠮᠵᠢ᠂ ᠨᠡᠶᠢᠲᠡ ᠶᠢᠨ ᠠᠰᠠᠷᠠᠮᠵᠢ ᠶᠢᠨ | ᠪᠡᠯᠡᠳᠬᠡᠮᠵᠢ ᠶᠢ ᠵᠢᠭᠠᠵᠤ᠂ ᠵᠠᠰᠠᠭ ᠤᠨ ᠣᠷᠳᠣᠨ ᠤ ᠲᠥᠯᠥᠪᠵᠢᠭᠦᠯᠵᠦ ᠪᠥᠳᠥᠭᠡᠨ ᠪᠠᠶᠢᠭᠤᠯᠬᠤ ᠴᠢᠳᠠᠪᠤᠷᠢ ᠶᠢ | ᠢᠯᠡᠷᠡᠭᠦᠯᠦᠨ᠎ᠡ᠃ ᠠᠵᠢᠯᠯᠠᠬᠤ ᠳᠤ ᠲᠣᠬᠢᠷᠠᠮᠵᠢᠲᠠᠶ ᠪᠠᠶᠢᠬᠤ ᠭᠡᠳᠡᠭ ᠪᠣᠯ᠂ ᠮᠠᠨ ᠤ ᠲᠦᠯᠦᠪᠵᠢᠭᠦᠯᠭᠡ ᠳᠤ | ᠳᠤᠷᠠᠳᠤᠭᠰᠠᠨ ᠠᠵᠤ ᠦᠢᠯᠡᠰ ᠪᠠ ᠬᠤᠲᠠ ᠶᠢ ᠠᠭᠤᠰᠤᠯᠴᠠᠭᠤᠯᠤᠨ ᠬᠦᠭᠵᠢᠭᠦᠯᠬᠦ ᠣᠨᠤᠯᠵᠢᠬᠤᠨ ᠪᠣᠯᠤᠨ᠎ᠠ᠃ | ᠣᠳᠣᠬᠢ ᠬᠤᠳᠠ ᠶᠢᠨ ᠠᠵᠤ ᠦᠢᠯᠡᠰ ᠤᠨ ᠣᠷᠣᠨ ᠵᠠᠶ ᠶᠢᠨ ᠪᠠᠶᠢᠷᠢᠰᠢᠯ ᠢ ᠵᠡᠭᠦᠨ ᠪᠡᠶ᠎ᠡ ᠶᠢᠨ ᠣᠨᠴᠠᠯᠢᠭ ᠲᠠᠢ | ᠤᠶᠠᠯᠳᠤᠭᠤᠯᠤᠨ᠂ ᠬᠤᠳᠠ ᠶᠢᠨ ᠪᠠᠷᠠᠭᠤᠨ ᠪᠡᠶ᠎ᠡ ᠶᠢᠨ ᠠᠵᠤ ᠦᠢᠯᠡᠰ ᠤᠨ ᠲᠤᠯᠭᠠᠭᠤᠷᠯᠠᠯ ᠢ ᠲᠦᠯᠦᠪᠵᠢᠭᠦᠯᠦᠨ | ᠴᠢᠩᠭᠠᠳᠬᠠᠨ᠎ᠠ᠃ ᠲᠥᠯᠥᠪᠵᠢᠭᠦᠯᠭᠡ ᠨᠢ ᠤᠯᠠᠭᠠᠨᠬᠠᠳᠠ ᠶᠢᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ᠂ | ᠰᠦᠩ ᠱᠠᠨ ᠮᠡᠳᠡᠭᠡ ᠵᠠᠩᠭᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠬᠦᠷᠢᠶᠡᠯᠡᠩ᠂ ᠴᠧᠨ ᠶᠢᠩᠽᠢ ᠶᠢᠨ ᠰᠣᠶᠣᠯ ᠪᠠ ᠬᠤᠳᠠ ᠶᠢᠨ | ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ᠂ ᠣᠷᠣᠨ ᠪᠦᠰᠡ ᠶᠢᠨ ᠴᠢᠨᠠᠷᠲᠠᠶ ᠠᠷᠠᠯᠵᠢᠶ᠎ᠠ ᠬᠤᠳᠠᠯᠳᠤᠭᠠᠨ ᠤ | ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠬᠤᠳᠠᠯᠳᠤᠭᠠᠨ ᠤ ᠶᠠᠪᠤᠳᠠᠯ ᠤᠨ ᠠᠯᠪᠠᠨ ᠲᠣᠭᠤᠷᠢᠭ᠂ ᠬᠤᠶᠢᠲᠤ | ᠪᠡᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠬᠤᠲᠠ ᠶᠢ ᠪᠦᠲᠦᠭᠡᠨ ᠪᠠᠶᠢᠭᠤᠯᠬᠤ ᠪᠠᠷ ᠳᠠᠮᠵᠢᠨ᠂ ᠠᠵᠤ ᠦᠢᠯᠡᠰ ᠪᠠ | ᠬᠤᠲᠠ ᠶᠢᠨ ᠠᠭᠤᠰᠤᠯᠴᠢᠨ ᠬᠥᠭᠵᠢᠬᠦ ᠶᠢ ᠠᠬᠢᠭᠤᠯᠵᠤ᠂ ᠬᠤᠳᠠ ᠶᠢᠨ ᠬᠦᠮᠦᠰ ᠲᠤ ᠬᠦᠷᠦᠯᠴᠡᠬᠦᠶᠢᠴᠡ ᠠᠵᠢᠯ | ᠣᠯᠭᠤᠯᠲᠠ ᠶᠢ ᠬᠠᠩᠭᠠᠨ᠎ᠠ᠃ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠤ ᠲᠤᠬᠠᠶ ᠭᠡᠪᠡᠯ᠂ | ᠲᠥᠯᠥᠪᠵᠢᠭᠦᠯᠭᠡ ᠶᠢᠨ ᠡᠭᠦᠰᠦᠯᠲᠡ ᠨᠢ ᠳᠠᠷᠤᠢ ᠬᠤᠳᠠ ᠶᠢᠨ ︽ᠭᠤᠷᠪᠠᠨ ᠠᠭᠤᠯᠠ᠂ ᠲᠠᠪᠤᠨ ᠭᠤᠣᠯ︾ ᠤᠨ | ᠪᠠᠶᠢᠭᠠᠯᠢ ᠶᠢᠨ ᠪᠠᠶᠢᠷᠢᠰᠢᠯ ᠢ ᠶᠠᠭᠤᠨ ᠤ ᠡᠮᠦᠨ᠎ᠡ ᠬᠠᠮᠠᠭᠠᠯᠠᠬᠤ ᠪᠠ ᠤᠯᠠᠮᠵᠢᠯᠠᠬᠤ ᠪᠣᠯᠤᠨ᠎ᠠ᠃ ︽ᠭᠤᠷᠪᠠᠨ ᠠᠭᠤᠯᠠ︾ | ᠪᠣᠯ ᠬᠤᠳᠠ ᠶᠢᠨ ᠨᠣᠭᠤᠭᠠᠨ ᠵᠢᠭᠢᠷᠢᠭ᠂ ᠮᠦᠨᠴᠦ ᠬᠤᠳᠠ ᠶᠢᠨ ᠲᠡᠭᠦᠷᠬᠡ ᠶᠢᠨ ᠴᠡᠴᠡᠷᠯᠢᠭ ᠪᠣᠯᠬᠤᠷ᠂ ᠬᠤᠳᠠ ᠶᠢᠨ | ᠠᠷᠠᠳ ᠲᠤ ᠰᠠᠶᠢᠨ ᠰᠠᠶᠢᠬᠠᠨ ᠵᠤᠭᠠᠴᠠᠯ ᠰᠡᠯᠡᠭᠦᠴᠡᠯ ᠤᠨ ᠭᠠᠵᠠᠷ ᠬᠠᠩᠭᠠᠵᠤ ᠪᠣᠯᠤᠨ᠎ᠠ᠃ ︽ᠲᠠᠪᠤᠨ ᠭᠤᠣᠯ︾ | ᠬᠤᠲᠠ ᠶᠢ ᠨᠡᠪᠲᠡᠯᠦᠨ ᠤᠷᠤᠰᠴᠤ᠂ ᠬᠤᠳᠠ ᠶᠢᠨ ᠴᠢᠬᠤᠯᠠ ᠴᠢᠳᠠᠪᠤᠷᠢᠲᠤ ᠣᠷᠣᠨ ᠢ ᠵᠠᠯᠭᠠᠭᠤᠯᠬᠤ ᠪᠣᠯᠬᠤᠷ᠂ | ᠲᠥᠯᠥᠪᠵᠢᠭᠦᠯᠭᠡ ᠨᠢ ᠬᠦᠪᠡᠭᠡ ᠳᠠᠭᠠᠤ ᠨᠣᠭᠤᠭᠠᠷᠠᠭᠤᠯᠤᠯᠲᠠ ᠶᠢ ᠴᠢᠩᠭᠠᠳᠬᠠᠵᠤ᠂ ᠦᠷᠭᠦᠯᠵᠢᠯᠡᠭᠰᠡᠨ ᠴᠢᠨᠠᠷ ᠪᠦᠬᠦᠢ | ᠬᠤᠳᠠ ᠶᠢᠨ ᠠᠮᠢ ᠠᠬᠤᠶ ᠶᠢᠨ ᠦᠵᠡᠮᠵᠢᠲᠦ ᠨᠣᠭᠤᠭᠠᠨ ᠭᠤᠳᠤᠮᠵᠢ ᠶᠢ ᠪᠦᠷᠢᠯᠳᠦᠭᠦᠯᠦᠨ᠂ ᠬᠤᠲᠠ ᠳᠣᠲᠤᠷᠠᠬᠢ | ᠬᠠᠮᠤᠭ ᠤᠨ ᠴᠢᠬᠤᠯᠠ ᠰᠡᠯᠡᠭᠦᠴᠡᠯ᠂ ᠠᠵᠢᠯᠯᠠᠭᠠᠨ ᠤ ᠲᠠᠯᠠᠪᠤᠷ ᠪᠣᠯᠭᠠᠨ᠎ᠠ᠃ | ᠡᠳᠡᠭᠡᠷ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠦᠷ᠎ᠡ ᠠᠰᠢᠭ ᠤᠨ ᠰᠠᠶᠢᠨ ᠮᠠᠭᠤ ᠨᠢ ᠬᠤᠳᠠ ᠶᠢᠨ | ᠠᠷᠠᠳ ᠤᠨ ᠠᠵᠢᠯ ᠰᠤᠷᠤᠯᠭ᠎ᠠ ᠠᠮᠢᠳᠤᠷᠠᠯ ᠤᠨ ᠲᠠᠭᠠᠯᠠᠮᠵᠢ ᠶᠢᠨ ᠬᠡᠮᠵᠢᠶ᠎ᠡ ᠳᠡᠭᠡᠷ᠎ᠡ ᠢᠯᠡᠷᠡᠵᠦ ᠪᠠᠶᠢᠳᠠᠭ᠃ | ᠲᠥᠯᠥᠪᠵᠢᠭᠦᠯᠭᠡ ᠳᠤ ᠡᠳᠡᠭᠡᠷ ᠭᠦᠢᠴᠡᠳᠬᠡᠯ ᠲᠤᠭ᠎ᠠ ᠶᠢ ᠬᠡᠮᠵᠢᠶᠡᠯᠡᠵᠤ᠂ ᠪᠦᠷᠢᠨ ᠭᠦᠢᠴᠡᠳ ᠴᠢᠨᠠᠷ ᠰᠠᠶᠢᠲᠠᠶ | ᠪᠠᠶᠢᠬᠤ ᠶᠢ ᠪᠡᠶᠡᠯᠡᠭᠦᠯᠬᠦ ᠪᠣᠯᠣᠨ᠎ᠠ᠃ ᠤᠯᠤᠰ ᠠᠴᠠ ᠠᠯᠪᠠᠳᠠᠯᠭ᠎ᠠ ᠶᠢᠨ ᠴᠢᠨᠠᠷᠲᠠᠶ ᠮᠠᠰᠢ ᠤᠯᠠᠨ ᠠᠭᠤᠯᠭ᠎ᠠ ᠶᠢ | ᠲᠣᠭᠲᠠᠭᠠᠪᠠ᠂ ᠵᠢᠱᠢᠶᠡᠯᠡᠪᠡᠯ ᠵᠠᠮ ᠬᠠᠷᠢᠯᠴᠠᠭ᠎ᠠ᠂ ᠬᠤᠳᠠ ᠶᠢᠨ ᠶᠠᠪᠤᠳᠠᠯ ᠤᠨ ᠪᠡᠯᠡᠳᠬᠡᠮᠵᠢ᠂ ᠰᠣᠶᠣᠯ ᠴᠡᠩᠭᠡᠯ ᠤᠨ | ᠲᠥᠬᠦᠭᠡᠷᠦᠮᠵᠢ᠂ ᠴᠡᠴᠡᠷᠯᠢᠭ ᠤᠨ ᠨᠣᠭᠤᠭᠠᠷᠠᠭᠤᠯᠤᠯᠲᠠ ᠵᠡᠷᠭᠡ ᠠᠭᠤᠯᠭ᠎ᠠ ᠨᠤᠭᠤᠳ ᠪᠣᠯ ᠴᠥᠮ ᠣᠷᠣᠰᠢᠨ | ᠰᠠᠭᠤᠬᠤ ᠳᠤ ᠲᠣᠬᠢᠷᠠᠮᠵᠢᠲᠠᠶ ᠬᠤᠳᠠ ᠶᠢ ᠴᠣᠭᠴᠠᠯᠠᠬᠤ ᠪᠠᠲᠤᠯᠠᠭ᠎ᠠ ᠪᠣᠯᠣᠨ᠎ᠠ᠃ | ᠬᠡᠯᠡᠯᠭᠡᠨ ᠦᠭᠡᠢ᠂ ︽ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ︾ ᠶᠢᠨ ᠱᠠᠭᠠᠷᠳᠠᠯᠭ᠎ᠠ ᠳᠤ ᠪᠠᠰᠠ | ᠮᠠᠰᠢ ᠤᠯᠡᠠ ᠪᠤᠰᠤᠳ ᠭᠦᠨᠵᠡᠭᠡᠶ ᠠᠭᠤᠯᠭ᠎ᠠ ᠨᠤᠭᠤᠳ ᠱᠠᠭᠠᠷᠳᠠᠭᠳᠠᠨ᠎ᠠ᠂ ᠵᠢᠱᠢᠶᠡᠯᠡᠪᠡᠯ ᠬᠤᠳᠠ ᠶᠢᠨ ᠰᠣᠶᠣᠯ ᠢ | ᠠᠭᠤᠳᠠᠯᠠᠬᠤ᠂ ᠪᠠᠶᠢᠭᠠᠯᠢ ᠶᠢᠨ ᠠᠭᠤᠯᠠ ᠤᠰᠤᠨ ᠤ ᠪᠦᠲᠦᠴᠡ ᠮᠠᠶ᠋ᠢᠭ ᠢ ᠬᠠᠮᠠᠭᠠᠯᠠᠵᠤ ᠨᠡᠭᠡᠭᠡᠨ ᠠᠰᠢᠭᠯᠠᠬᠤ᠂ | ᠬᠤᠲᠠ ᠶᠢᠨ ᠡᠷᠲᠡᠨ ᠤ ᠪᠠᠷᠢᠯᠭ᠎ᠠ ᠶᠢ ᠬᠠᠮᠠᠭᠠᠯᠠᠬᠤ ᠭᠡᠬᠦ ᠮᠡᠲᠦ᠃ | ᠬᠥᠲᠥᠯᠥᠭᠴᠢ᠄ | ᠤᠯᠠᠭᠠᠨᠬᠠᠳᠠ ᠬᠤᠳᠠ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ ᠮᠠᠰᠢ | ᠤᠯᠠᠨ ᠠᠵᠢᠯ ᠬᠢᠪᠡ᠂ ᠤᠯᠠᠭᠠᠨᠬᠠᠳᠠ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠪᠦᠳᠦᠭᠡᠨ | ᠪᠠᠶᠢᠭᠤᠯᠤᠯᠲᠠ ᠳᠤ ᠶᠠᠮᠠᠷ ᠶᠠᠮᠠᠷ ᠠᠮᠵᠢᠯᠲᠠ ᠣᠯᠤᠭᠰᠠᠨ ᠢ ᠳᠥᠭᠦᠮᠬᠡᠨ ᠲᠠᠨᠢᠯᠴᠠᠭᠤᠯᠤᠭᠠᠳ ᠥᠭᠭᠦᠨ᠎ᠡ ᠦᠦ︖ | ᠵᠠᠩ ᠶᠢᠨ ᠳ᠋ᠦᠩ᠄ | ᠤᠯᠠᠭᠠᠨᠬᠠᠳᠠ ᠬᠤᠲᠠ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ | ᠶᠡᠷᠦ ᠠᠴᠠ ᠴᠥᠬᠦᠷᠡᠰᠢ ᠦᠭᠡᠢ ᠴᠢᠷᠮᠠᠶᠢᠭᠰᠠᠭᠠᠷ ᠢᠷᠡᠪᠡ᠃ 1978 ᠣᠨ ᠳᠤ᠂ ᠤᠯᠠᠭᠠᠨᠬᠠᠳᠠ ᠬᠤᠲᠠ ︽ | ᠭᠤᠷᠪᠠᠨ ᠤᠮᠠᠷᠠᠲᠤ︾ ᠶᠢᠨ ᠬᠠᠯᠬᠠᠪᠴᠢ ᠤᠢ ᠶᠢᠨ ᠢᠨᠵᠧᠨᠧᠷᠢᠩ ᠢ ᠡᠬᠢᠯᠡᠵᠦ ᠬᠡᠷᠡᠭᠵᠢᠭᠦᠯᠪᠡ᠂ ᠭᠤᠴᠢᠨ ᠵᠢᠯ ᠤᠨ | ᠲᠠᠰᠤᠷᠠᠯᠲᠠ ᠦᠭᠡᠢ ᠴᠢᠷᠮᠠᠶᠢᠯᠭ᠎ᠠ ᠪᠠᠷ ᠳᠠᠮᠵᠢᠨ᠂ ᠬᠠᠳᠠᠭᠠᠯᠠᠭᠰᠠᠨ ᠣᠶᠢᠵᠢᠭᠤᠯᠤᠭᠰᠠᠨ ᠲᠠᠯᠠᠪᠠᠢ 3 ᠲᠠᠬᠢᠨ ᠢᠯᠡᠭᠦᠦ | ᠪᠠᠷ ᠨᠡᠮᠡᠭᠳᠡᠭᠰᠡᠨ᠂ ᠤᠯᠤᠰ ᠤᠨ ᠣᠢ ᠰᠢᠭᠤᠶᠢᠲᠤ ᠬᠤᠲᠠ ᠶᠢ ᠡᠭᠦᠳᠦᠨ ᠪᠠᠶᠢᠭᠤᠯᠬᠤ ᠳᠤ ᠰᠠᠶᠢᠨ ᠰᠠᠶᠢᠬᠠᠨ | ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ 2013 ᠣᠨ ᠳᠤ᠂ ᠪᠦᠬᠦ ᠤᠯᠤᠰ ᠤᠨ ᠨᠣᠭᠤᠭᠠᠷᠠᠭᠤᠯᠬᠤ ᠺᠣᠮᠢᠰ᠂ | ᠤᠢ ᠰᠢᠭᠤᠶ ᠶᠢᠨ ᠲᠣᠪᠴᠢᠶ᠎ᠠ ᠨᠢ ᠮᠠᠨ ᠤ ᠬᠤᠳᠠ ᠶᠢ ᠤᠯᠤᠰ ᠤᠨ ᠣᠢ ᠰᠢᠭᠤᠶᠢᠲᠤ ᠬᠤᠲᠠ ᠪᠠᠷ ᠦᠨᠡᠯᠡᠨ | ᠲᠣᠭᠲᠠᠭᠠᠪᠠ᠃ 2012 ᠣᠨ ᠳᠤ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠠᠮᠢ ᠠᠬᠤᠶ ᠶᠢᠨ | ᠬᠠᠮᠠᠭᠠᠯᠠᠯᠲᠠ ᠬᠢᠭᠡᠳ ᠬᠤᠲᠠ ᠶᠢᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠨᠢ ᠥᠪᠡᠷᠲᠡᠭᠡᠨ ᠵᠠᠰᠠᠬᠤ | ᠣᠷᠣᠨ ᠤ ᠬᠥᠮᠦᠨ ᠠᠷᠠᠳ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠦᠯᠢᠭᠡᠷ ᠳᠠᠭᠤᠷᠢᠶᠠᠯ ᠤᠨ ᠱᠠᠩᠨᠠᠯ | ᠣᠯᠵᠠᠶ᠃ | ᠬᠥᠲᠥᠯᠥᠭᠴᠢ᠄ | ᠣᠳᠣᠬᠠᠨ ᠳᠤ᠂ ᠤᠯᠠᠭᠠᠨᠬᠠᠳᠠ ᠬᠤᠲᠠ ᠶᠢᠨ ᠠᠷᠠᠳ ᠤᠳ ᠰᠢᠨ᠎ᠡ ᠬᠠᠭᠤᠴᠢᠨ ᠬᠤᠲᠠ ᠶᠢᠨ ᠲᠣᠭᠤᠷᠢᠭ ᠤᠨ | ᠵᠥᠷᠢᠶ᠎ᠡ ᠨᠡᠯᠢᠶᠡᠳ ᠶᠡᠭᠡ ᠪᠠᠶᠢᠬᠤ ᠶᠢ ᠨᠡᠶᠢᠳᠡᠮ ᠲᠤᠰᠬᠠᠵᠤ᠂ ᠰᠢᠨ᠎ᠡ ᠬᠤᠲᠠ ᠲᠣᠭᠤᠷᠢᠭ ᠤᠨ ᠣᠷᠴᠢᠨ | ᠲᠣᠭᠤᠷᠢᠨ ᠨᠢ ᠭᠤᠶᠢᠳᠠ ᠰᠠᠶᠢᠬᠠᠨ᠂ ᠬᠠᠭᠤᠴᠢᠨ ᠬᠤᠲᠠ ᠲᠤᠭᠤᠷᠢᠭ ᠤᠨ ᠣᠷᠴᠢᠨ ᠲᠣᠭᠤᠷᠢᠨ ᠨᠢ ᠪᠤᠵᠠᠷ ᠪᠣᠬᠢᠷ | ᠭᠡᠵᠦ ᠪᠠᠶᠢᠨ᠎ᠠ᠂ ᠨᠢᠭᠡᠨ ᠬᠤᠲᠠ ᠳᠣᠲᠣᠷ᠎ᠠ ᠬᠤᠭᠤᠷᠣᠨᠳᠤ ᠪᠠᠨ ᠡᠶᠢᠮᠦ ᠶᠡᠭᠡ ᠵᠥᠷᠢᠶ᠎ᠡ ᠲᠠᠢ ᠪᠠᠶᠢᠭ᠎ᠠ ᠶᠢ ᠲᠠ | ᠶᠠᠭᠠᠬᠢᠵᠤ ᠦᠵᠡᠵᠦ ᠪᠠᠶᠢᠬᠤ ᠪᠤᠢ︖ ᠶᠠᠭᠠᠬᠢᠵᠤ ᠰᠢᠢᠳᠪᠦᠷᠢᠯᠡᠬᠦ ᠪᠤᠢ︖ | ᠵᠠᠩ ᠶᠢᠨ ᠳ᠋ᠦᠩ᠄ | ᠡᠩ ᠲᠡᠷᠢᠭᠦᠨ ᠳᠤ᠂ ᠡᠨᠡ ᠠᠰᠠᠭᠤᠳᠠᠯ ᠦᠨᠡᠬᠡᠷ ᠣᠷᠣᠰᠢᠵᠤ ᠪᠠᠶᠢᠬᠤ ᠶᠢ ᠵᠥᠪᠰᠢᠶᠡᠷᠡᠬᠦ ᠬᠡᠷᠡᠭᠲᠡᠢ᠂ | ᠥᠩᠭᠡᠷᠡᠭᠰᠡᠨ ᠳᠤ ᠴᠥᠮ ᠠᠯᠤᠰ ᠢ ᠬᠠᠷᠠᠭᠰᠠᠭᠠᠷ ᠢᠷᠡᠪᠡ᠂ ᠪᠢᠳᠡ ᠤᠳᠦ ︽ᠡᠷᠭᠢᠵᠦ ᠬᠠᠷᠠᠬᠤ︾ ᠴᠢᠬᠤᠯᠠ ᠲᠠᠢ᠂ | ᠰᠢᠨ᠎ᠡ ᠲᠣᠭᠤᠷᠢᠭ ᠢ ᠨᠡᠭᠡᠭᠡᠬᠦ ᠶᠢᠨ ᠬᠠᠮᠲᠤ᠂ ᠬᠠᠭᠤᠴᠢᠨ ᠬᠤᠲᠠ ᠲᠣᠭᠤᠷᠢᠭ ᠤᠨ ᠥᠭᠡᠷᠡᠴᠢᠯᠡᠯᠲᠡ ᠶᠢ ᠴᠦ | ᠲᠦᠷᠭᠡᠳᠬᠡᠵᠦ᠂ ᠮᠠᠨ ᠤ ᠠᠷᠤ ᠳᠠᠬᠢ ᠮᠠᠰᠢ ᠤᠯᠠᠨ ︽ᠪᠤᠵᠠᠷ ᠮᠠᠭᠤᠬᠠᠢ︾ ᠶᠠᠭᠤᠮ᠎ᠠ ᠤᠳ ᠢᠶᠠᠨ ᠣᠯᠵᠤ ᠦᠵᠡᠵᠦ᠂ | ᠠᠳᠠᠯᠢᠬᠠᠨ ᠢᠶᠠᠷ ᠴᠢᠬᠤᠯᠠᠴᠢᠯᠠᠨ ᠦᠵᠡᠵᠦ ᠵᠠᠰᠠᠬᠤ ᠬᠡᠷᠡᠭᠲᠡᠢ᠃ | ᠬᠤᠶᠠᠳᠤᠭᠠᠷ ᠲᠤ᠂ ᠪᠢᠳᠡᠨ ᠤ ᠮᠡᠳᠡᠭᠡᠵᠢ ᠪᠠᠷ᠂ ᠬᠠᠭᠤᠴᠢᠨ ᠬᠤᠲᠠ ᠲᠤᠭᠤᠷᠢᠭ ᠤᠨ ᠥᠭᠡᠷᠡᠴᠢᠯᠡᠯᠲᠡ ᠨᠢ | ᠨᠡᠩ ᠬᠦᠴᠢᠷ᠂ ᠬᠡᠷᠡᠭᠰᠡᠬᠦ ᠪᠡᠯᠡ ᠮᠥᠩᠭᠦ ᠨᠢ ᠴᠦ ᠨᠡᠩ ᠶᠡᠭᠡ᠂ ᠨᠣᠭᠤᠭᠠᠷᠠᠭᠤᠯᠬᠤ᠂ ᠲᠡᠷᠭᠡᠨ ᠵᠣᠭᠰᠣᠭᠠᠯ᠂ | ᠠᠭᠤᠳᠠᠮ ᠲᠠᠯᠠᠪᠠᠢ᠂ ᠰᠣᠶᠣᠯ ᠴᠡᠩᠭᠡᠯ ᠤᠨ ᠲᠥᠬᠦᠭᠡᠷᠦᠮᠵᠢ ᠨᠦᠭᠦᠳ ᠪᠦᠷ ᠬᠤᠲᠠ ᠶᠢᠨ ᠣᠷᠣᠨ ᠵᠠᠢ ᠶᠢ ᠡᠵᠡᠯᠡᠨ᠎ᠡ᠂ | ᠭᠡᠲᠡᠯ᠎ᠡ ᠬᠠᠭᠤᠴᠢᠨ ᠲᠤᠭᠤᠷᠢᠭ ᠨᠢ ᠰᠢᠬᠠᠭᠤ᠂ ᠠᠯᠢ ᠠᠯᠢᠨ ᠢ ᠨᠢ ᠴᠤ ᠬᠥᠳᠡᠯᠭᠡᠬᠦ ᠳᠤ ᠪᠡᠷᠬᠡ ᠪᠣᠯᠬᠤᠷ᠂ ᠡᠯ᠎ᠡ | ᠲᠠᠯ᠎ᠠ ᠶᠢᠨ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠨᠢᠭᠡᠳᠦᠭᠦᠯᠬᠦ ᠳᠤ ᠬᠦᠴᠢᠷᠲᠡᠶ ᠪᠠᠶᠢᠵᠦ᠂ ᠬᠠᠭᠤᠴᠢᠨ | ᠬᠤᠲᠠ ᠶᠢᠨ ᠲᠣᠭᠤᠷᠢᠭ ᠢ ᠥᠭᠡᠷᠡᠴᠢᠯᠡᠬᠦ ᠳᠤ ᠣᠯᠠᠨ ᠬᠦᠴᠢᠷ ᠲᠠᠢ ᠪᠣᠯᠬᠤᠷ᠂ ︽ᠭᠠᠵᠠᠷ ᠰᠢᠷᠣᠶ ᠶᠢᠨ ᠡᠳ᠋ ᠤᠨ | ᠵᠠᠰᠠᠭ︾ ᠤᠨ ᠡᠴᠦᠰᠯᠡᠬᠦ ᠶᠢ ᠳᠠᠭᠠᠯᠳᠤᠨ ᠬᠠᠭᠤᠴᠢᠨ ᠬᠤᠲᠠ ᠶᠢᠨ ᠲᠣᠭᠤᠷᠢᠭ ᠢ ᠥᠭᠡᠷᠡᠴᠢᠯᠡᠬᠦ ᠠᠵᠢᠯ ᠴᠦ ᠨᠡᠩ | ᠢᠯᠡᠭᠦᠦ ᠬᠦᠴᠢᠷ ᠲᠠᠢ ᠪᠣᠯᠪᠠ᠃ ᠭᠡᠪᠡᠴᠦ ᠡᠨᠡ ᠠᠵᠢᠯ ᠢ ᠡᠷᠬᠡᠪᠰᠢ ᠬᠢᠬᠦ ᠬᠡᠷᠡᠭᠲᠡᠶ᠂ ᠤᠯᠡᠠ ᠲᠦᠮᠡᠨ ᠤ ᠲᠤᠯᠭᠠᠮ᠎ᠠ | ᠶᠠᠪᠤᠳᠠᠯ ᠢ ᠪᠡᠶᠡᠯᠡᠭᠦᠯᠬᠦ ᠳᠤ᠂ ︽ᠬᠡᠷᠬᠢᠨ ᠣᠯᠵᠤ ᠠᠯᠳᠠᠬᠤ ᠶᠢ ᠬᠥᠭᠡᠭᠡᠴᠡᠯᠳᠦᠵᠦ ᠪᠣᠯᠤᠮᠤᠶ︾᠃ | ᠭᠤᠷᠪᠠᠳᠤᠭᠠᠷ ᠲᠤ᠂ ᠤᠢᠢᠷ᠎ᠠ ᠶᠢᠨ ᠬᠡᠳᠦᠨ ᠵᠢᠯ ᠳᠤ᠂ ᠪᠢᠳᠡ ᠪᠠᠰᠠ ᠡᠳᠦᠶ ᠲᠡᠳᠦᠶ ᠠᠷᠭ᠎ᠠ ᠪᠣᠳᠣᠵᠣ᠂ | ᠡᠳᠦᠶ ᠲᠡᠳᠦᠶ ᠠᠵᠢᠯ ᠬᠢᠵᠡᠶ᠃ ᠵᠢᠱᠢᠶᠡᠯᠡᠪᠡᠯ ︽ᠬᠤᠲᠠ ᠶᠢ ᠤᠬᠤᠷᠢᠭᠤᠯᠤᠨ ᠭᠤᠷᠪᠠ ᠶᠢ ᠣᠷᠣᠭᠤᠯᠬᠤ︾᠂ ᠠᠵᠤ | ᠠᠬᠤᠶᠢᠯᠠᠯ ᠢ ᠬᠦᠷᠢᠶᠡᠯᠡᠩ ᠳᠤ ᠣᠷᠣᠭᠤᠯᠬᠤ᠂ ᠬᠠᠭᠤᠴᠢᠨ ᠬᠤᠲᠠ ᠶᠢᠨ ᠲᠣᠭᠤᠷᠢᠭ ᠵᠣᠬᠢᠬᠤ ᠣᠷᠣᠨ ᠵᠠᠶ ᠭᠠᠷᠭᠠᠨ | ᠤᠯᠠᠨ ᠨᠡᠶᠢᠲᠡ ᠶᠢᠨ ᠲᠥᠬᠦᠭᠡᠷᠦᠮᠵᠢ ᠲᠣᠬᠢᠷᠠᠭᠤᠯᠪᠠ︔ ᠬᠠᠭᠤᠴᠢᠨ ᠬᠤᠲᠠ ᠶᠢᠨ ᠲᠣᠭᠤᠷᠢᠭ ᠤᠨ ᠶᠡᠷᠦᠩᠬᠡᠶᠢᠯᠡᠭᠰᠡᠨ | ᠵᠠᠮ ᠬᠠᠷᠢᠯᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠠᠭᠤᠴᠢᠨ ᠬᠤᠲᠠ ᠲᠣᠭᠤᠷᠢᠭ ᠤᠨ ᠵᠠᠮ ᠢ | ᠶᠡᠷᠦᠩᠬᠡᠶᠢᠯᠡᠨ ᠴᠡᠭᠴᠡᠯᠡᠨ ᠵᠠᠰᠠᠪᠠ︔ ᠦᠵᠡᠮᠵᠢ ᠶᠢᠨ ᠣᠷᠣᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ | ᠵᠠᠷᠢᠮ ᠬᠤᠳᠠ ᠶᠢᠨ ᠶᠠᠪᠤᠳᠠᠯ ᠤᠨ ᠪᠡᠯᠡᠳᠬᠡᠮᠵᠢ ᠶᠢ ᠨᠥᠬᠦᠪᠥᠷᠢᠯᠡᠨ ᠲᠡᠭᠦᠯᠳᠡᠷᠵᠢᠭᠦᠯᠪᠠ᠃ ᠬᠠᠭᠤᠴᠢᠨ ᠬᠤᠲᠠ | ᠲᠣᠭᠤᠷᠢᠭ ᠢᠯᠠᠩᠭᠤᠶ᠎ᠠ ᠲᠡᠦᠬᠡᠨ ᠦᠨ᠎ᠡ ᠴᠠᠨ᠎ᠠ ᠲᠠᠢ ᠭᠠᠵᠠᠷ ᠤᠳ ᠢ ᠠᠭᠤᠳᠠᠯᠠᠨ ᠮᠠᠯᠲᠠᠵᠤ᠂ ᠬᠠᠮᠠᠭᠠᠯᠠᠪᠠ᠃ | ᠡᠳᠡᠭᠡᠷ ᠠᠵᠢᠯ ᠤᠳ ᠤᠨ ᠦᠷ᠎ᠡ ᠠᠰᠢᠭ ᠨᠢ ᠤᠯᠠᠮ ᠠᠴᠠ ᠮᠡᠳᠡᠭᠳᠡᠵᠦ ᠪᠠᠶᠢᠭ᠎ᠠ ᠪᠣᠯᠬᠤᠷ᠂ ᠬᠤᠳᠠ ᠶᠢᠨ | ᠠᠷᠠᠳ ᠤᠳ ᠪᠡᠶ᠎ᠡ ᠪᠠᠷ ᠢᠶᠠᠨ ᠰᠡᠷᠡᠵᠦ ᠮᠡᠳᠡᠬᠦ ᠶᠤᠮ᠃ | ᠬᠥᠲᠥᠯᠥᠭᠴᠢ᠄ | ᠬᠤᠳᠠ ᠶᠢᠨ ᠶᠡᠷᠦᠩᠬᠡᠶ ᠲᠥᠯᠥᠪᠵᠢᠭᠦᠯᠭᠡ ᠶᠢᠨ ᠬᠤᠯᠪᠣᠭᠳᠠᠯ ᠪᠦᠬᠦᠢ ᠠᠭᠤᠯᠭ᠎ᠠ ᠶᠢ ᠡᠶᠢᠮᠦ ᠤᠯᠠᠨ | ᠤᠶᠢᠯᠠᠭᠠᠯ᠎ᠠ᠂ ᠡᠩ ᠤᠨ ᠬᠤᠳᠠ ᠶᠢᠨ ᠠᠷᠠᠳ ᠪᠣᠯᠣᠭᠰᠠᠨ ᠪᠢᠳᠡ ᠬᠤᠳᠠ ᠬᠥᠳᠡᠭᠡ ᠶᠢᠨ ᠲᠥᠯᠥᠪᠵᠢᠭᠦᠯᠭᠡ ᠳᠤ | ᠣᠷᠣᠯᠴᠠᠵᠤ ᠪᠣᠯᠣᠨ᠎ᠠ ᠦᠦ︖ ᠦᠭᠡᠢ ᠦᠦ︖ ᠤᠯᠠᠭᠠᠨᠬᠠᠳᠠ ᠬᠤᠲᠠ ᠶᠢᠨ ᠬᠤᠳᠠ ᠬᠥᠳᠡᠭᠡ ᠶᠢᠨ | ᠲᠥᠯᠥᠪᠵᠢᠭᠦᠯᠭᠡ ᠶᠢᠨ ᠬᠠᠮᠢᠶᠠᠷᠤᠯᠲᠠ ᠨᠡᠷᠡᠨ ᠭᠡᠷᠡᠯᠲᠦ ᠢᠯᠡ ᠲᠣᠳᠣ ᠪᠠᠶᠢᠬᠤ ᠶᠢ ᠬᠡᠷᠬᠢᠨ ᠪᠡᠶᠡᠯᠡᠭᠦᠯᠦᠭᠰᠡᠨ ᠭᠡᠳᠡᠭ | ᠪᠣᠯ ᠤᠯᠡᠠ ᠤ ᠨᠡᠯᠢᠶᠡᠳ ᠳᠤᠷ᠎ᠠ ᠪᠠᠬ᠎ᠠ ᠲᠠᠢ ᠶᠠᠪᠤᠳᠠᠯ ᠪᠣᠯᠣᠨ᠎ᠠ᠃ | ᠵᠠᠩ ᠶᠢᠨ ᠳ᠋ᠥᠩ᠄ | ᠶᠠᠷᠢᠶᠠᠨ ᠦᠭᠡᠢ ᠪᠣᠯᠣᠨ᠎ᠠ᠃ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢ ᠬᠡᠷᠬᠢᠨ | ᠨᠠᠷᠠᠨ ᠬᠡᠷᠡᠯᠲᠦ ᠢᠯᠡ ᠲᠣᠳᠣ ᠪᠠᠶᠢᠯᠭᠠᠬᠤ ᠲᠣᠬᠠᠢ ᠪᠢᠳᠡ ᠠᠯᠢ ᠣᠯᠠᠨ ᠴᠢᠷᠮᠠᠶᠢᠯᠭ᠎ᠠ ᠭᠠᠷᠭᠠᠭᠰᠠᠨ ᠪᠠᠶᠢᠨ᠎ᠠ᠃ | ᠶᠠᠭᠤᠨ ᠤ ᠡᠮᠦᠨ᠎ᠡ᠂ ᠬᠤᠲᠠ ᠶᠢᠨ ᠶᠡᠷᠤᠩᠭᠡᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠯ᠎ᠠ ᠪᠠᠷ᠂ | ᠬᠤᠲᠠ ᠶᠢᠨ ᠰᠢᠨ᠎ᠡ ᠶᠡᠷᠤᠩᠭᠡᠢ ᠲᠥᠯᠥᠪᠵᠢᠭᠦᠯᠭᠡ ᠨᠢ ᠲᠤᠰᠬᠠᠢ ᠮᠡᠷᠭᠡᠵᠢᠯᠲᠡᠨ᠂ ᠣᠯᠠᠨ ᠨᠡᠶᠢᠲᠡ᠂ ᠵᠠᠰᠠᠭ ᠤᠨ | ᠣᠷᠳᠣᠨ ᠤ ᠰᠠᠯᠠᠭ᠎ᠠ ᠮᠦᠴᠢᠷ ᠤᠨ ᠬᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠥᠷᠭᠡᠨ ᠢᠶᠠᠷ | ᠣᠷᠣᠯᠴᠠᠬᠤ ᠶᠢ ᠴᠢᠩᠭᠠᠳᠬᠠᠵᠤ᠂ ᠬᠤᠲᠠ ᠶᠢᠨ ᠭᠤᠣᠯ ᠠᠰᠠᠭᠤᠳᠠᠯ ᠳᠤ ᠴᠢᠭᠯᠡᠭᠦᠯᠦᠨ ᠰᠣᠳᠣᠯᠭᠠᠨ ᠤ ᠲᠣᠰᠬᠠᠢ | ᠰᠡᠳᠦᠪ ᠢ ᠲᠣᠭᠲᠠᠭᠠᠬᠤ ᠶᠢᠨ ᠬᠠᠮᠲᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠠᠪᠤᠴᠠ ᠳᠤᠮᠳᠠ ᠣᠯᠠᠨ | ᠨᠡᠶᠢᠲᠡ ᠶᠢᠨ ᠪᠠᠶᠢᠴᠠᠭᠠᠯᠲᠠ ᠶᠢ ᠥᠷᠭᠡᠨ ᠳᠡᠯᠭᠡᠷ ᠬᠢᠵᠦ᠂ ᠣᠯᠠᠨ ᠲᠥᠮᠡᠨ ᠠᠴᠠ ᠰᠠᠨᠠᠯ ᠬᠤᠷᠢᠶᠠᠪᠠ᠃ | ᠤᠯᠠᠮᠵᠢᠯᠠᠯᠲᠤ ᠲᠥᠯᠥᠪᠵᠢᠭᠦᠯᠭᠡ ᠶᠢᠨ ᠬᠢᠨᠠᠨ ᠪᠠᠶᠢᠴᠠᠭᠠᠯᠲᠠ ᠪᠣᠯᠣᠨ ᠨᠡᠶᠢᠲᠡ ᠳᠤ ᠵᠠᠷᠯᠠᠬᠤ ᠶᠠᠪᠤᠴᠠ ᠶᠢᠨ ᠰᠠᠭᠤᠷᠢᠨ | ᠳᠡᠭᠡᠷ᠎ᠡ᠂ ᠲᠥᠯᠥᠪᠵᠢᠭᠦᠯᠭᠡ ᠨᠢ ᠪᠠᠰᠠ ᠬᠥᠲᠥᠯᠪᠦᠷᠢ ᠶᠢᠨ ᠲᠣᠪᠴᠢ ᠶᠢᠨ ᠣᠷᠢᠳᠴᠢᠯᠠᠨ ᠪᠠᠶᠢᠴᠠᠭᠠᠬᠤ ᠪᠠ | ᠠᠮᠵᠢᠯᠲᠠ ᠪᠥᠲᠥᠮᠵᠢ ᠶᠢ ᠤᠷᠢᠳᠴᠢᠯᠠᠨ ᠪᠠᠶᠢᠴᠠᠭᠠᠬᠤ ᠭᠤᠭᠴᠤᠭ᠎ᠠ ᠶᠢ ᠨᠡᠮᠡᠵᠦ᠂ ᠲᠥᠯᠥᠪᠵᠢᠭᠦᠯᠭᠡ ᠶᠢᠨ ᠠᠮᠵᠢᠯᠲᠠ | ᠪᠥᠲᠥᠮᠵᠢ ᠶᠢᠨ ᠶᠠᠰᠤ ᠴᠢᠨᠠᠷ ᠢ ᠪᠠᠲᠤᠯᠠᠪᠠ᠃ ᠲᠥᠯᠥᠪᠵᠢᠭᠦᠯᠭᠡ ᠳᠤ ᠰᠠᠯᠠᠭ᠎ᠠ ᠮᠦᠴᠢᠷ ᠤᠨ ᠥᠷᠭᠡᠨ ᠳᠡᠯᠭᠡᠷ | ᠭᠦᠨᠵᠡᠭᠡᠢ ᠣᠷᠣᠯᠴᠠᠯᠭ᠎ᠠ ᠶᠢ ᠥᠷᠨᠢᠭᠦᠯᠵᠦ᠂ ᠰᠠᠯᠠᠭ᠎ᠠ ᠮᠦᠴᠢᠷ ᠤᠨ ᠵᠣᠬᠢᠴᠠᠭᠤᠯᠬᠤ ᠬᠤᠷᠠᠯ ᠢ ᠣᠷᠢᠳ ᠬᠤᠵᠢᠳ | 40 ᠭᠠᠷᠤᠢ ᠤᠳᠠᠭ᠎ᠠ ᠬᠤᠷᠠᠯᠳᠤᠭᠤᠯᠵᠤ᠂ ᠡᠯ᠎ᠡ ᠰᠠᠯᠠᠭ᠎ᠠ ᠮᠦᠴᠢᠷ ᠤᠨ ᠬᠥᠭᠵᠢᠯᠲᠡ ᠶᠢᠨ ᠲᠥᠯᠥᠪᠯᠡᠭᠡ ᠶᠢ ᠲᠤᠰ | ᠲᠥᠯᠥᠪᠵᠢᠭᠦᠯᠭᠡ ᠯᠦᠭᠡ ᠭᠦᠢᠴᠡᠳ ᠵᠣᠯᠭᠠᠯᠳᠤᠭᠤᠯᠤᠨ ᠵᠣᠬᠢᠴᠠᠭᠤᠯᠵᠤ᠂ ᠲᠥᠯᠥᠪᠵᠢᠭᠦᠯᠭᠡ ᠶᠢᠨ ᠬᠡᠷᠡᠭᠵᠢᠭᠦᠯᠵᠦ | ᠪᠣᠯᠬᠤᠶᠢᠴᠠ ᠴᠢᠨᠠᠷ ᠢ ᠲᠦᠢᠯ ᠤᠨ ᠶᠡᠭᠡᠪᠡᠷ ᠳᠡᠭᠡᠭᠰᠢᠯᠡᠭᠦᠯᠪᠡ᠃ | ᠳᠠᠷᠠᠭᠠᠯᠠᠪᠠᠯ᠂ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠪᠣᠳᠠᠲᠠᠶ ᠬᠠᠮᠢᠶᠠᠷᠤᠯᠲᠠ ᠶᠢᠨ ᠲᠠᠯ᠎ᠠ ᠪᠠᠷ᠂ | ᠵᠢᠷᠤᠮᠵᠢᠭᠤᠨ ᠪᠥᠭᠡᠳ ᠢᠯᠡ ᠲᠣᠳᠣ ᠪᠠᠶᠢᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠪᠡ᠃ | ᠲᠥᠯᠥᠪᠵᠢᠭᠦᠯᠭᠡ ᠶᠢᠨ ᠲᠥᠰᠦᠯ ᠢ ᠨᠠᠶᠢᠷᠠᠭᠤᠯᠤᠨ ᠵᠣᠬᠢᠶᠠᠵᠤ ᠬᠢᠨᠠᠨ ᠵᠥᠪᠰᠢᠶᠡᠷᠡᠬᠦ ᠲᠠᠯ᠎ᠠ ᠪᠠᠷ᠂ ᠮᠠᠨ ᠤ ᠬᠤᠲᠠ ︽ | ᠭᠤᠷᠪᠠᠨ ᠱᠠᠲᠤ ᠪᠠᠷ ᠬᠢᠨᠠᠨ ᠵᠥᠪᠰᠢᠶᠡᠷᠡᠬᠦ︾ ᠳᠡᠭᠡᠷ᠎ᠡ ︽ᠰᠠᠨᠠᠯ ᠬᠤᠷᠢᠶᠠᠬᠤ︾ ᠶᠢ ᠨᠡᠮᠡᠬᠦ ᠶᠣᠰᠤᠭᠠᠷ ᠬᠡᠷᠡᠭᠵᠢᠭᠦᠯᠪᠡ᠃ | ᠲᠥᠷᠥᠯ ᠵᠦᠢᠯ ᠨᠢᠭᠡᠪᠦᠷᠢ ᠶᠢᠨ ᠲᠥᠯᠥᠪᠵᠢᠭᠦᠯᠭᠡ ᠶᠢᠨ ᠲᠥᠰᠦᠯ ᠳᠤ ᠲᠥᠷᠥᠯ ᠵᠦᠢᠯ ᠤᠨ ᠪᠠᠶᠢᠭ᠎ᠠ ᠭᠠᠵᠠᠷ ᠤᠨ | ᠵᠠᠰᠠᠭ ᠤᠨ ᠣᠷᠳᠣᠨ ᠪᠤᠶᠤ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠪᠣᠳᠠᠲᠠᠶ ᠰᠠᠨᠠᠯ ᠳᠤᠷᠠᠳᠴᠤ᠂ | ᠬᠤᠳᠠ ᠶᠢᠨ ᠲᠥᠯᠥᠪᠵᠢᠭᠦᠯᠭᠡ ᠶᠢᠨ ᠲᠣᠪᠴᠢᠶ᠎ᠡ ᠠᠴᠠ ᠦᠵᠡᠮᠵᠢ ᠶᠢᠨ ᠺᠣᠮᠢᠰ ᠢ ᠵᠣᠬᠢᠶᠠᠨ ᠪᠠᠶᠢᠭᠤᠯᠤᠨ ᠠᠩᠬ᠎ᠠ | ᠬᠢᠨᠠᠭᠤᠯᠤᠭᠰᠠᠨ ᠤ ᠲᠠᠷᠠᠭ᠎ᠠ᠂ ᠵᠠᠰᠠᠭ ᠤᠨ ᠣᠷᠳᠣᠨ ᠤ ᠲᠥᠷᠥᠯ ᠵᠦᠢᠯ ᠢ ᠬᠢᠨᠠᠨ ᠪᠠᠶᠢᠴᠠᠭᠠᠬᠤ ᠺᠣᠮᠢᠰ ᠲᠤ | ᠲᠤᠰᠢᠶᠠᠵᠤ ᠬᠢᠨᠠᠨ ᠪᠠᠶᠢᠴᠠᠭᠠᠯᠭᠠᠭᠠᠳ᠂ ᠬᠤᠲᠠ ᠶᠢᠨ ᠲᠥᠯᠥᠪᠵᠢᠭᠦᠯᠭᠡ ᠶᠢᠨ ᠺᠣᠮᠢᠰ ᠲᠤ ᠮᠡᠳᠡᠭᠦᠯᠵᠦ ᠬᠢᠨᠠᠨ | ᠲᠣᠭᠲᠠᠭᠠᠯᠭᠠᠪᠠ᠃ ᠡᠭᠦᠨ ᠤ ᠬᠠᠮᠲᠤ᠂ ᠲᠥᠯᠥᠪᠵᠢᠭᠦᠯᠭᠡ ᠶᠢᠨ ᠲᠥᠷᠥᠯ ᠵᠦᠢᠯ ᠨᠢᠭᠡᠪᠦᠷᠢ ᠶᠢ ᠬᠠᠤᠯᠢ ᠪᠠᠷ | ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠬᠢᠨᠠᠨ ᠪᠠᠶᠢᠴᠠᠭᠠᠵᠤ ᠵᠥᠪᠰᠢᠶᠡᠷᠡᠭᠰᠡᠨ ᠤ ᠲᠡᠷᠠᠭ᠎ᠠ ᠪᠠ ᠵᠠᠰᠠᠭ | ᠵᠠᠬᠢᠷᠭᠠᠨ ᠤ ᠵᠥᠪᠰᠢᠶᠡᠷᠡᠯ ᠤᠨ ᠭᠠᠷᠲᠠᠮ ᠢ ᠭᠦᠢᠴᠡᠳᠬᠡᠬᠦ ᠠᠴᠠ ᠡᠮᠦᠨ᠎ᠡ᠂ ᠴᠥᠮ ᠨᠡᠶᠢᠭᠡᠮ ᠨᠡᠶᠢᠲᠡ ᠳᠤ | ᠥᠷᠭᠡᠨ ᠢᠶᠠᠷ ᠨᠡᠶᠢᠲᠡᠯᠡᠵᠦ᠂ ᠰᠠᠨᠠᠯ ᠬᠤᠷᠢᠶᠠᠪᠠ᠃ | ᠲᠥᠯᠥᠪᠵᠢᠭᠦᠯᠭᠡ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠠᠯ᠎ᠠ ᠪᠠᠷ᠂ ᠪᠢᠳᠡ ︽ᠨᠡᠷᠡᠨ ᠭᠡᠷᠡᠯᠲᠦ | ᠲᠥᠯᠥᠪᠵᠢᠭᠦᠯᠭᠡ︾ ᠶᠢᠨ ᠢᠨᠵᠧᠨᠧᠷᠢᠩ ᠢ ᠤᠯᠠᠮ ᠨᠢᠭᠡ ᠠᠯᠬᠤᠮ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠪᠣᠯᠣᠨ ᠭᠦᠢᠴᠡᠳᠬᠡᠬᠦ ᠳᠡᠰ ᠳᠠᠷᠠᠭᠠᠯᠠᠯ ᠳᠤ ᠵᠠᠰᠠᠪᠤᠷᠢ | ᠣᠷᠤᠭᠤᠯᠤᠨ ᠵᠢᠷᠤᠮᠵᠢᠭᠤᠯᠵᠤ᠂ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠵᠦᠢᠯᠡᠰ ᠢ ᠴᠦᠮ ᠬᠤᠳᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠲᠠᠩᠬᠢᠮ ᠳᠤ ᠣᠷᠤᠭᠤᠯᠵᠤ᠂ ︽ᠨᠢᠭᠡ ᠦᠷᠳᠡᠭᠡᠯᠢᠭ︾ ᠦᠢᠯᠡᠴᠢᠯᠡᠭᠡ ᠶᠢ | ᠪᠡᠶᠡᠯᠡᠭᠦᠯᠪᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠵᠢᠷᠤᠮᠵᠢᠭᠤᠯᠵᠤ᠂ | ᠬᠢᠨᠠᠨ ᠵᠥᠪᠰᠢᠶᠡᠷᠡᠬᠦ ᠤᠷᠢᠳᠠᠴᠢ ᠨᠥᠬᠦᠴᠡᠯ ᠢ ᠪᠠᠭᠠᠰᠬᠠᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢᠨ ᠲᠥᠯᠦᠭᠡ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠦᠪᠰᠢᠶᠡᠷᠡᠭᠦᠯᠦᠭᠡᠳ᠂ | ᠰᠤᠷᠭᠠᠨ ᠬᠥᠮᠦᠵᠢᠯ᠂ ᠤᠯᠤᠰ ᠤᠨ ᠭᠠᠵᠠᠷ ᠰᠢᠷᠣᠶ᠂ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ᠂ | ᠣᠷᠴᠢᠨ ᠲᠣᠭᠤᠷᠢᠨ ᠢ ᠬᠠᠮᠠᠭᠠᠯᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠳᠠᠩᠰᠠ ᠡᠪᠬᠡᠮᠡᠯ᠂ ᠭᠠᠯ | ᠤᠨᠲᠠᠷᠠᠭᠠᠬᠤ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠶᠢᠨ ᠲᠥᠯᠥᠪᠵᠢᠭᠦᠯᠭᠡ ᠶᠢᠨ ᠤᠷᠢᠳᠠᠴᠢ ᠨᠥᠬᠦᠴᠡᠯ ᠢ | ᠬᠦᠴᠦᠨ ᠦᠭᠡᠢ ᠪᠣᠯᠭᠠᠵᠤ᠂ ᠠᠵᠢᠯ ᠤᠨ ᠦᠷ᠎ᠡ ᠪᠥᠲᠦᠮᠵᠢ ᠪᠠᠨ ᠳᠡᠭᠡᠭᠰᠢᠯᠡᠭᠦᠯᠦᠭᠰᠡᠨ ᠪᠠᠶᠢᠨ᠎ᠠ᠃ ᠤᠢᠢᠷ᠎ᠠ ᠶᠢᠨ | ᠵᠢᠯ ᠤᠳ ᠲᠤ᠂ ᠪᠢᠳᠠ ᠪᠠᠰᠠ ᠬᠡᠰᠡᠭ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠣᠨ ᠦᠨᠳᠦᠰᠦᠨ ᠱᠠᠲᠤᠨ ᠤ ᠺᠠᠳ᠋ᠷ | ᠣᠯᠠᠨ ᠲᠦᠮᠡᠨ ᠤ ᠲᠥᠯᠥᠭᠡᠯᠡᠭᠴᠢ ᠵᠡᠷᠭᠡ ᠬᠥᠮᠦᠰ ᠢ ᠤᠷᠢᠨ ᠮᠠᠨ ᠤ ᠲᠣᠪᠴᠢᠶ᠎ᠡ ᠶᠢᠨ ᠲᠥᠯᠥᠪᠵᠢᠭᠦᠯᠭᠡ ᠶᠢᠨ | ᠳᠦᠷᠦᠯ ᠵᠦᠢᠯ ᠢ ᠬᠢᠨᠠᠨ ᠪᠠᠶᠢᠴᠠᠭᠠᠬᠤ ᠬᠤᠷᠠᠯᠳᠤᠭᠠᠨ ᠳᠤ ᠣᠷᠣᠯᠴᠠᠭᠤᠯᠵᠤ᠂ ᠰᠠᠨᠠᠯ ᠪᠠ ᠰᠠᠨᠠᠭᠤᠯᠭ᠎ᠠ | ᠭᠠᠷᠭᠠᠭᠤᠯᠵᠤ᠂ ᠬᠤᠷᠠᠯ ᠤᠨ ᠪᠦᠬᠦ ᠶᠠᠪᠤᠴᠠ ᠳᠤ ᠬᠢᠨᠠᠯᠲᠠ ᠲᠠᠯᠪᠢᠭᠤᠯᠵᠤ᠂ ᠲᠥᠯᠥᠪᠵᠢᠭᠦᠯᠭᠡ ᠶᠢᠨ ᠲᠥᠷᠥᠯ | ᠵᠦᠢᠯ ᠤᠨ ᠬᠢᠨᠠᠨ ᠪᠠᠶᠢᠴᠠᠭᠠᠬᠤ ᠠᠵᠢᠯ ᠤᠨ ᠢᠯᠡ ᠲᠣᠳᠣ ᠪᠠᠶᠢᠯᠭᠠᠬᠤ ᠬᠡᠮᠵᠢᠶ᠎ᠡ ᠶᠢ ᠨᠡᠮᠡᠭᠳᠡᠭᠦᠯᠪᠡ᠃ ᠪᠢᠳᠡ ᠬᠢᠨᠠᠨ | ᠵᠥᠪᠰᠢᠶᠡᠷᠡᠬᠦ᠂ ᠬᠠᠮᠢᠶᠠᠷᠬᠤ᠂ ᠰᠢᠯᠭᠠᠨ ᠠᠪᠬᠤ ᠶᠢ ᠬᠠᠷᠢᠯᠴᠠᠨ ᠰᠠᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠡᠯ᠎ᠡ | ᠵᠠᠩᠭᠢᠯᠠᠭ᠎ᠠ ᠶᠢᠨ ︽ᠰᠢᠯᠭᠠᠬᠤ︾ ᠴᠢᠳᠠᠮᠵᠢ ᠶᠢ ᠴᠢᠩᠭᠠᠷᠠᠭᠤᠯᠤᠨ᠂ ᠲᠥᠯᠥᠪᠵᠢᠭᠦᠯᠭᠡ ᠶᠢᠨ | ᠨᠠᠶᠢᠳᠠᠪᠤᠷᠢᠵᠢᠭᠤᠯᠤᠯᠲᠠ ᠶᠢᠨ ᠬᠤᠪᠢᠷᠠᠬᠤ ᠦᠭᠡᠶ ᠪᠠᠶᠢᠬᠤ ᠶᠢ ᠪᠠᠲᠤᠯᠠᠵᠤ᠂ ᠡᠯ᠎ᠡ ᠵᠦᠢᠯ ᠤᠨ ᠲᠥᠯᠥᠪᠵᠢᠭᠦᠯᠭᠡ ᠶᠢᠨ | ᠬᠢᠨᠠᠨ ᠵᠥᠪᠰᠢᠶᠡᠷᠡᠬᠦ ᠠᠵᠢᠯ ᠢ ᠨᠡᠯᠢᠶᠡᠳ ᠰᠠᠶᠢᠨ ᠪᠡᠶᠡᠯᠡᠭᠦᠯᠪᠡ᠃ | ᠬᠥᠲᠥᠯᠥᠭᠴᠢ᠄ | ᠲᠠᠨ ᠳᠤ ᠲᠣᠩ ᠶᠡᠭᠡ ᠲᠠᠯᠠᠷᠬᠠᠯ᠎ᠠ᠃ ᠤᠢᠢᠷ᠎ᠠ ᠶᠢᠨ ᠵᠢᠯ ᠤᠳ ᠲᠤ᠂ ᠪᠢᠳᠡ ᠤᠯᠠᠭᠠᠨᠬᠠᠳᠠ ᠬᠤᠳᠠ ᠶᠢᠨ | ᠳᠦᠷᠰᠦ ᠪᠠᠶᠢᠳᠠᠯ ᠳᠤ ᠯᠤᠲᠤ ᠶᠡᠭᠡ ᠬᠤᠪᠢᠷᠠᠯᠲᠠ ᠭᠠᠷᠤᠭᠰᠠᠨ ᠢ ᠣᠯᠵᠤ ᠦᠵᠡᠪᠡ᠂ ᠬᠤᠲᠠ ᠶᠢᠨ | ᠪᠠᠶᠢᠷᠢᠯᠠᠭᠤᠯᠤᠯᠲᠠ ᠡᠳᠦᠷ ᠢᠷᠡᠬᠦᠶ᠎ᠡ ᠵᠦᠢ ᠵᠣᠬᠢᠰᠲᠠᠶ ᠪᠣᠯᠵᠤ᠂ ᠬᠤᠳᠠ ᠶᠢᠨ ᠴᠢᠳᠠᠮᠵᠢ ᠴᠦ ᠲᠠᠰᠤᠷᠠᠯᠲᠠ ᠦᠭᠡᠢ | ᠲᠡᠭᠦᠯᠳᠡᠷᠵᠢᠪᠡ᠂ ᠵᠠᠩ ᠳᠠᠷᠤᠭ᠎ᠠ ᠶᠢᠨ ᠲᠠᠨᠢᠯᠴᠠᠭᠤᠯᠭ᠎ᠠ ᠪᠠᠷ ᠳᠠᠮᠵᠢᠭᠤᠯᠤᠨ᠂ ᠪᠢᠳᠡ ᠪᠠᠰᠠ ᠬᠤᠲᠠ ᠶᠢᠨ | ᠲᠥᠯᠥᠪᠵᠢᠭᠦᠯᠭᠡ ᠠᠴᠠ ᠬᠥᠲᠥᠯᠥᠨ ᠵᠢᠯᠣᠭᠤᠳᠴᠤ ᠲᠣᠬᠢᠷᠠᠭᠤᠯᠤᠨ ᠡᠵᠡᠮᠳᠡᠬᠦ ᠪᠠ ᠠᠬᠢᠭᠤᠯᠬᠤ ᠦᠢᠯᠡᠳᠦᠯ | ᠦᠵᠡᠭᠦᠯᠬᠦ ᠨᠢ ᠤᠯᠠᠮ ᠠᠴᠠ ᠤᠯᠠᠮ ᠮᠡᠳᠡᠭᠳᠡᠬᠦ᠋ᠢᠴᠡ ᠪᠣᠯᠣᠭᠰᠠᠨ ᠢ ᠮᠡᠳᠡᠵᠦ᠂ ᠲᠥᠯᠥᠪᠵᠢᠭᠦᠯᠭᠡ ᠶᠢᠨ ᠲᠤᠬᠠᠶ ᠮᠠᠰᠢ | ᠤᠯᠠᠨ ᠮᠡᠳᠡᠯᠭᠡ ᠶᠢ ᠣᠶᠢᠯᠠᠭᠠᠪᠠ᠂ ᠵᠠᠩ ᠲᠣᠪᠴᠢᠶᠠᠨ ᠳᠠᠷᠤᠭ᠎ᠠ ᠳᠤ ᠳᠠᠬᠢᠨᠲᠠ ᠲᠠᠯᠠᠷᠬᠠᠵᠤ ᠪᠠᠶᠢᠨ᠎ᠠ᠃ | ᠰᠦᠯᠵᠢᠶᠡᠨ ᠠᠨᠳᠠ ᠨᠠᠷ ᠡ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠪᠠᠶᠠᠷᠲᠠᠶ︕ | |