ᠯᠢ ᠺᠧ ᠴᠢᠶᠠᠩ᠄ ᠡᠷᠡᠭᠦᠯ ᠮᠡᠨᠳᠦ ᠨᠢ ᠪᠠᠰᠠ ᠦᠢᠯᠡᠳᠪᠦᠷᠢᠯᠡᠯ ᠤᠨ ᠬᠦᠴᠦᠨ ᠮᠦᠨ
ᠨᠡᠶᠢᠲᠡᠯᠡᠭᠰᠡᠨ ᠴᠠᠭ᠄
2016/3/10
     【ᠯᠢ ᠺᠧ ᠴᠢᠶᠠᠩ᠄ ᠡᠷᠡᠭᠦᠯ ᠮᠡᠨᠳᠦ ᠨᠢ ᠪᠠᠰᠠ ᠦᠢᠯᠡᠳᠪᠦᠷᠢᠯᠡᠯ ᠤᠨ ᠬᠦᠴᠦᠨ ᠮᠦᠨ】 ᠯᠢ ᠺᠧ ᠴᠢᠶᠠᠩ 9᠎ ᠤ ᠡᠳᠦᠷ ᠭᠤᠸᠠᠩᠳᠦ᠋ᠩ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ᠂ ᠵᠥᠩ ᠨᠠᠨ ᠱᠠᠨ ᠲᠦᠯᠦᠭᠡᠯᠡᠭᠴᠢ ᠪᠤᠬᠢᠷ ᠮᠠᠨᠠᠨ ᠠᠴᠠ ᠡᠷᠡᠭᠦᠯ ᠮᠡᠨᠳᠦ ᠳᠤ ᠬᠤᠣᠷ ᠬᠥᠨᠥᠭᠡᠯ ᠤᠴᠠᠷᠠᠭᠤᠯᠬᠤ ᠶᠢ ᠤᠶᠤᠨᠴᠢ ᠪᠠᠷ ᠲᠠᠨᠢᠬᠤ ᠬᠡᠷᠡᠭᠲᠡᠢ ᠭᠡᠵᠦ ᠳᠤᠷᠠᠳᠤᠭᠰᠠᠨ ᠤ ᠬᠠᠮᠲᠤ ᠮᠠᠨ ᠤ ᠤᠯᠤᠰ ᠤᠨ ᠠᠭᠠᠷ ᠮᠠᠨᠳᠠᠯ ᠤᠨ ᠴᠡᠪᠡᠷᠰᠢᠯ ᠤᠨ ᠪᠠᠭᠠᠵᠢ ᠶᠢᠨ ᠶᠠᠰᠤ ᠴᠢᠨᠠᠷ ᠤᠨ ᠪᠠᠷᠢᠮᠵᠢᠶ᠎ᠠ ᠲᠣᠭᠲᠠᠭᠠᠬᠤ ᠬᠡᠷᠡᠭᠲᠡᠢ ᠭᠡᠰᠡᠨ ᠰᠠᠨᠠᠭᠤᠯᠭ᠎ᠠ ᠶᠢ ᠳᠤᠷᠠᠳᠪᠠ᠃ ᠶᠡᠷᠦᠩᠬᠡᠶ ᠰᠠᠶᠢᠳ ᠬᠡᠯᠡᠭᠰᠡᠨ ᠨᠢ᠂ ᠠᠷᠠᠳ ᠤᠨ ᠠᠮᠢᠳᠤᠷᠠᠯ ᠳᠤ ᠰᠡᠳᠬᠢᠯ ᠲᠠᠯᠪᠢᠬᠤ ᠳᠠᠭᠠᠨ ᠠᠵᠢᠯ ᠣᠯᠭᠤᠯᠲᠠ ᠶᠢ ᠪᠠᠲᠤᠯᠠᠬᠤ᠂ ᠣᠷᠣᠯᠭ᠎ᠠ ᠶᠢ ᠨᠢ ᠨᠡᠮᠡᠭᠳᠡᠭᠦᠯᠬᠦ ᠪᠠᠷ ᠪᠠᠷᠠᠬᠤ ᠦᠬᠡᠢ ᠪᠠᠰᠠ ᠣᠷᠴᠢᠨ ᠲᠤᠭᠤᠷᠢᠨ ᠤ ᠬᠠᠮᠠᠭᠠᠯᠠᠯᠲᠠ ᠶᠢ ᠲᠦᠯᠬᠢᠨ ᠠᠬᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠢ᠃ ᠡᠷᠡᠭᠦᠯ ᠮᠡᠨᠳᠦ ᠨᠢ ᠴᠦ ᠦᠢᠯᠡᠳᠪᠦᠷᠢᠯᠡᠯ ᠤᠨ ᠬᠦᠴᠦᠨ ᠮᠥᠨ᠃ ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ ᠪᠣᠯ ᠲᠣᠮᠣ ᠠᠵᠤ ᠦᠢᠯᠡᠰ ᠮᠦᠨ᠂ ᠦᠵᠡᠬᠦ ᠳᠤ ᠬᠠᠰᠤᠬᠤ ᠦᠢᠯᠡᠳᠦᠯ ᠪᠤᠯᠪᠠᠴᠤ᠂ ᠰᠠᠶᠢᠲᠤᠷ ᠬᠢᠬᠦ ᠶᠤᠮ ᠪᠤᠯ ᠦᠨᠡᠨ ᠳᠡᠭᠡᠨ ᠨᠡᠮᠡᠬᠦ ᠦᠢᠯᠡᠳᠦᠯ ᠪᠤᠯᠤᠨ᠎ᠠ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号