ᠯᠢ ᠺᠧ ᠴᠢᠶᠠᠩ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ ︽ᠲᠦᠮᠡᠨ ᠭᠠᠵᠠᠷ ᠤᠨ ᠠᠶᠠᠨ ᠳᠠᠶᠢᠨ ᠤ ᠵᠢᠷᠤᠭ︾᠎ ᠠᠴᠠ ︽ᠵᠠᠭᠤᠨ ᠭᠠᠵᠠᠷ︾ ᠪᠤᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2016/3/10
     【ᠯᠢ ᠺᠧ ᠴᠢᠶᠠᠩ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ ︽ᠲᠦᠮᠡᠨ ᠭᠠᠵᠠᠷ ᠤᠨ ᠠᠶᠠᠨ ᠳᠠᠶᠢᠨ ᠤ ᠵᠢᠷᠤᠭ︾᠎ ᠠᠴᠠ ︽ᠵᠠᠭᠤᠨ ᠭᠠᠵᠠᠷ︾ ᠪᠤᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ 】ᠨᠢᠳᠤᠨᠤᠨ ᠭᠤᠸᠠᠩᠳᠦ᠋ᠩ ᠮᠤᠵᠢ ᠶᠢ ᠰᠢᠨᠵᠢᠯᠡᠨ ᠪᠠᠶᠢᠴᠠᠭᠠᠬᠤ ᠳᠠᠭᠠᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ︽ᠲᠦᠮᠡᠨ ᠭᠠᠵᠠᠷ ᠤᠨ ᠠᠶᠠᠨ ᠳᠠᠶᠢᠨ ᠤ ᠵᠢᠷᠤᠭ︾᠎ ᠢ ᠦᠯᠦ ᠵᠦᠪᠰᠢᠶᠡᠷᠡᠭᠰᠡᠨ ᠳᠠᠷᠠᠭ᠎ᠠ᠂ ᠯᠢ ᠺᠧ ᠴᠢᠶᠠᠩ 9᠎ ᠤ ᠡᠳᠦᠷ ᠭᠤᠸᠠᠩᠳᠦ᠋ᠩ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠡᠨᠡ ᠬᠦ ᠣᠷᠳᠣ ᠪᠠᠷ ᠢᠶᠠᠨ 4 ᠮᠧᠲᠷ᠂ ᠴᠤᠪᠤᠷᠠᠯ ᠢ ᠭᠦᠢᠴᠡᠳᠬᠡᠬᠦ ᠳᠤ 799 ᠡᠳᠦᠷ ᠬᠡᠷᠡᠭᠰᠡᠬᠦ ᠬᠢᠨᠠᠨ ᠵᠦᠪᠰᠢᠶᠡᠷᠡᠯ ᠤᠨ ᠵᠢᠷᠤᠭ ᠢ ᠳᠠᠬᠢᠨᠲᠠ ᠳᠤᠷᠠᠳᠪᠠ᠃ ᠵᠠᠷᠢᠮ ᠲᠥᠯᠥᠭᠡᠯᠡᠭᠴᠢ ᠬᠡᠯᠡᠭᠰᠡᠨ ᠨᠢ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠᠷ ᠳᠠᠮᠵᠢᠭᠠᠳ᠂ ︽ᠲᠦᠮᠡᠨ ᠭᠠᠵᠠᠷ︾᠎ ᠢ ᠨᠢᠭᠡᠨᠲᠡ ︽ᠮᠢᠩᠭᠠᠨ ᠭᠠᠵᠠᠷ︾ ᠪᠤᠯᠭᠠᠪᠠ ᠭᠡᠵᠡᠢ᠃ ᠶᠡᠷᠦᠩᠬᠡᠶ ᠰᠠᠶᠢᠳ ᠬᠡᠯᠡᠭᠰᠡᠨ ᠨᠢ᠂ ᠥᠭᠡᠷᠡᠴᠢᠯᠡᠯᠲᠡ ᠪᠠᠰᠠ ᠨᠡᠯᠢᠶᠡᠳ ᠶᠡᠭᠡ ᠣᠷᠣᠨ ᠵᠠᠶ ᠲᠠᠢ ᠪᠠᠶᠢᠨ᠎ᠠ᠂ ᠬᠤᠵᠢᠮ ᠤᠯᠠᠮ ᠨᠢᠭᠡ ᠠᠯᠬᠤᠮ ᠬᠠᠰᠤᠵᠤ ︽ᠵᠠᠭᠤᠨ ᠭᠠᠵᠠᠷ︾᠂ ᠴᠢᠨᠠᠭᠰᠢᠯᠠᠪᠠᠯ ᠨᠡᠩ ᠣᠬᠤᠷ ᠪᠤᠯᠭᠠᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号