ᠮᠠᠨ ᠤ ᠣᠷᠣᠨ ᠰᠤᠷᠤᠭᠴᠢ ᠡᠯᠰᠡᠬᠦ ᠰᠯᠭᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠬᠦᠨᠵᠡᠬᠡᠶᠢᠷᠡᠬᠦᠯᠬᠦ | ᠬᠠᠮᠢᠶ᠎ᠠ ᠪᠦᠬᠦᠢ ᠬᠡᠷᠡᠭᠵᠢᠭᠦᠯᠬᠦ ᠲᠥᠰᠦᠯ ᠢ ᠣᠶᠢᠷ᠎ᠠ ᠳᠤ ᠰᠤᠷᠭᠠᠨ ᠬᠥᠮᠦᠵᠢᠯ ᠤᠨ ᠶᠠᠮᠤᠨ ᠢᠶᠠᠷ ᠵᠦᠪᠰᠢᠶᠡᠷᠡᠭᠦᠯᠦᠨ | ᠳᠠᠩᠰᠠᠯᠠᠭᠤᠯᠤᠭᠰᠠᠨ ᠪᠠᠶᠢᠨ᠎ᠠ᠃ ᠰᠤᠷᠭᠠᠨ ᠬᠥᠮᠦᠵᠢᠯ ᠤᠨ ᠶᠠᠮᠤᠨ ᠲᠤᠲᠤᠷᠬᠠᠶᠢᠯᠠᠭᠰᠠᠨ ᠨᠢ᠂ ᠮᠠᠨ ᠤ ᠣᠷᠣᠨ | ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ 2018 | ᠣᠨ ᠠᠴᠠ ᠡᠬᠢᠯᠡᠬᠦᠯᠬᠦ ᠬᠡᠷᠡᠭᠲᠠᠢ ᠬᠡᠵᠠᠢ᠃ | ᠣᠶᠢᠯᠠᠭᠠᠭᠰᠠᠨ ᠢᠶᠠᠷ᠂ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠷᠤᠭᠴᠢ ᠡᠯᠰᠡᠬᠦ ᠰᠢᠯᠭᠠᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠯᠢ ᠤᠯᠠᠨ ᠲᠦᠬᠦᠷ ᠪᠢᠴᠢᠭ ᠮᠠᠲ᠋ᠧᠷᠢᠶᠠᠯ ᠢ ᠪᠦᠷᠢᠨᠰᠢᠬᠦᠯᠦᠨ ᠨᠡᠶᠢᠲᠡᠯᠡᠵᠤ᠂ | ᠠᠩᠬ᠎ᠠ ᠵᠡᠷᠭᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ | ᠪᠣᠯᠤᠨ ᠶᠡᠷᠦᠩᠬᠡᠶ ᠬᠡᠪ ᠴᠢᠨᠠᠷ ᠤᠨ ᠦᠨᠡᠯᠡᠯᠲᠡ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠡᠬᠢᠯᠡᠭᠦᠯᠦᠨ ᠬᠡᠷᠡᠭᠵᠢᠬᠦᠯᠬᠦ | ᠪᠠᠷ ᠪᠠᠶᠢᠨ᠎ᠠ ᠃ ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠶᠢ ᠵᠢᠯᠤᠭᠤᠳᠴᠤ ᠪᠠᠶᠢᠭᠠᠳ ᠪᠣᠳᠠᠲᠠᠶ | ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ ᠴᠢᠬᠤᠯᠠ ᠶᠡᠭᠡ ᠥᠭᠡᠷᠡᠴᠢᠯᠡᠯᠲᠡ ᠶᠢᠨ ᠲᠥᠰᠦᠯ ᠢ ᠬᠢᠨᠠᠨ ᠪᠠᠶᠢᠴᠠᠭᠠᠵᠤ | ᠳᠠᠩᠰᠠᠯᠠᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠡᠭᠡᠭᠰᠢ ᠳᠤᠷᠤᠭᠰᠢ | ᠵᠠᠯᠭᠠᠯᠳᠤᠭᠤᠯᠬᠤ ᠶᠢ ᠰᠠᠶᠢᠲᠤᠷ ᠠᠳᠬᠤᠬᠤ ᠪᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ | ᠬᠤᠪᠢᠶᠠᠨ ᠰᠢᠯᠭᠠᠬᠤ ᠶᠢ ᠲᠦᠯᠬᠢᠨ ᠠᠬᠢᠭᠤᠯᠵᠤ᠂ ︽ᠰᠣᠶᠣᠯ ᠤᠨ ᠬᠡᠪ ᠴᠢᠨᠠᠷ + ᠠᠵᠢᠯ ᠮᠡᠷᠭᠡᠵᠢᠯ ᠤᠨ ᠤᠷ᠎ᠠ | ᠴᠢᠳᠠᠪᠤᠷᠢ︾ ᠶᠢᠨ ᠰᠢᠯᠭᠠᠯᠲᠠ ᠶᠢᠨ ᠦᠨᠡᠯᠡᠯᠲᠡ ᠶᠢᠨ ᠠᠷᠭ᠎ᠠ ᠮᠠᠶ᠋ᠢᠭ ᠢ ᠪᠦᠷᠢᠨᠰᠢᠬᠦᠯᠵᠤ᠂ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠤᠷᠭᠠᠭᠤᠯᠢ | ᠳᠡᠪᠰᠢᠬᠦ ᠰᠢᠯᠭᠠᠯᠲᠠ ᠶᠢᠨ ᠠᠷᠭ᠎ᠠ ᠶᠢ ᠰᠤᠳᠤᠯᠤᠨ ᠲᠣᠭᠲᠠᠭᠠᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠲᠥᠷᠥᠯ ᠬᠤᠪᠢᠶᠠᠨ ᠰᠢᠯᠭᠠᠬᠤ ᠡᠯᠰᠡᠬᠦ ᠬᠠᠷᠢᠴᠠᠯ ᠢ ᠤᠯᠠᠮ ᠨᠢᠭᠡ ᠠᠯᠬᠤᠮ ᠥᠷᠭᠡᠳᠬᠡᠵᠦ᠂ 2016 ᠣᠨ ᠳᠤ | 50% ᠳᠤ ᠣᠶᠢᠷᠠᠲᠤᠭᠤᠯᠬᠤ ᠪᠤᠶᠤ ᠬᠦᠷᠦᠬᠦᠯᠬᠦ ᠪᠠᠷ ᠴᠢᠷᠮᠠᠶᠢᠨ᠎ᠠ᠃ ᠡᠯ᠎ᠡ ᠭᠠᠵᠠᠷ ᠤᠨ ᠬᠢᠨ ᠢ ᠵᠢᠯᠤᠭᠤᠳᠴᠤ | ᠪᠠᠶᠢᠭᠠᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠯᠭᠠᠬᠤ ᠦᠭᠡᠢ ᠪᠠᠷ ᠤᠶᠢᠷ᠎ᠠ ᠬᠠᠪᠢ ᠶᠢᠨ | ᠰᠤᠷᠭᠠᠭᠤᠯᠢ ᠳᠤ ᠳᠡᠪᠰᠢᠬᠦᠯᠬᠦ᠂ ᠵᠢᠱᠢᠶ᠎ᠡ ᠦᠵᠡᠭᠦᠯᠬᠦ ᠴᠢᠨᠠᠷᠲᠠᠶ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠪᠣᠯᠤᠨ ᠰᠢᠯᠢᠳᠡᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ︽ᠠᠰ ᠲᠤᠨᠢ ᠡᠯᠰᠡᠬᠦ︾ ᠵᠡᠷᠭᠡ | ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠷᠢᠨᠰᠢᠬᠦᠯᠭᠦ ᠪᠠ ᠨᠠᠶᠢᠳᠠᠪᠤᠷᠢᠵᠢᠭᠤᠯᠤᠨ᠎ᠠ᠃ ᠵᠢᠱᠢᠶ᠎ᠡ ᠦᠵᠡᠭᠦᠯᠬᠦ | ᠴᠢᠨᠠᠷᠲᠠᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠵᠢᠩᠬᠢᠨᠢ ᠠᠩᠭᠢ ᠶᠢᠨ ᠳᠡᠭᠡᠳᠦ | ᠰᠤᠷᠭᠠᠭᠤᠯᠢ ᠨᠤᠭᠤᠳ ᠬᠠᠮᠲᠤᠷᠠᠨ ᠬᠡᠷᠡᠭᠯᠡᠭᠡᠨ ᠤ ᠬᠡᠯᠪᠡᠷᠢ ᠶᠢᠨ ᠵᠢᠩᠬᠢᠨᠢ ᠠᠩᠬᠢ ᠶᠢᠨ ᠰᠤᠷᠭᠠᠨ ᠬᠥᠮᠦᠵᠢᠯ ᠢ | ᠲᠤᠷᠰᠢᠨ ᠡᠷᠬᠢᠯᠡᠬᠦ ᠠᠷᠭ᠎ᠠ ᠪᠤᠯᠤᠨ ᠠᠷᠭ᠎ᠠ ᠵᠠᠮ ᠢ ᠦᠷᠭᠦᠯᠵᠢᠯᠡᠨ ᠬᠠᠶᠢᠨ ᠰᠦᠪᠡᠭᠴᠢᠯᠡᠬᠦ ᠪᠠ ᠪᠦᠷᠢᠨᠰᠢᠬᠦᠯᠦᠨ᠎ᠡ᠃ | ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢ ᠡᠯᠰᠡᠬᠦ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ | ᠲᠣᠭᠲᠠᠭᠠᠯ ᠠᠴᠠ ᠵᠥᠷᠢᠴᠡᠨ ᠰᠤᠷᠤᠭᠴᠢ ᠡᠯᠰᠡᠬᠦ ᠡᠯ᠎ᠡ ᠵᠦᠢᠯ ᠤᠨ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ | ᠪᠠᠰᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠠᠴᠠ᠂ ᠮᠠᠨ ᠤ ᠣᠷᠣᠨ ᠤ 2018 | ᠣᠨ ᠳᠤ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠡᠬᠢᠯᠡᠭᠦᠯᠬᠦ ᠪᠠᠷ ᠲᠤᠲᠤᠷᠬᠠᠢ ᠲᠤᠭᠲᠠᠭᠠᠪᠠ᠂ ᠥᠭᠡᠷ᠎ᠡ ᠪᠠᠷ ᠬᠡᠯᠡᠪᠡᠯ 2018 ᠣᠨ ᠤ ᠰᠢᠨ᠎ᠡ ᠪᠠᠷ ᠥᠨᠳᠥᠷ | ᠳᠤᠮᠳᠠᠳᠤ ᠶᠢᠨ ᠨᠢᠭᠡᠳᠦᠭᠡᠷ ᠣᠨ ᠳᠤ ᠳᠡᠪᠰᠢᠬᠦ ᠰᠤᠷᠤᠭᠴᠢ ᠠᠴᠠ ᠡᠬᠢᠯᠡᠨ ᠬᠡᠷᠡᠭᠵᠢᠬᠦᠯᠬᠦ ᠪᠤᠯᠤᠨ᠎ᠠ᠃ ᠮᠠᠨ ᠤ | ᠣᠷᠣᠨ ᠤ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠲᠥᠰᠦᠯ ᠢ | 2021 ᠤᠨ ᠠᠴᠠ ᠡᠬᠢᠯᠡᠨ ᠵᠢᠩᠬᠢᠨᠢ ᠪᠠᠷ ᠬᠡᠷᠡᠭᠵᠢᠬᠦᠯᠵᠤ᠂ ᠮᠠᠨ ᠤ ᠣᠷᠣᠨ ᠤ ᠳᠡᠭᠡᠳᠦ ᠰᠤᠷᠭᠠᠭᠤᠯᠢ ᠳᠤ | ᠰᠤᠷᠤᠭᠴᠢ ᠡᠯᠰᠡᠬᠦ ᠰᠢᠯᠭᠠᠯᠲᠠ ᠨᠢ ︽ᠬᠥᠳᠡᠯᠦᠩᠭᠦᠶ ᠪᠠᠷ ᠨᠡᠷ᠎ᠡ ᠵᠢᠭᠰᠠᠭᠠᠨ ᠣᠷᠣᠨ ᠪᠠᠶᠢᠷᠢ ᠶᠢ ᠤᠨᠤᠪᠴᠢᠲᠠᠢ | ᠲᠤᠭᠲᠠᠭᠠᠬᠤ︾ ᠰᠦᠯᠵᠢᠶᠡᠨ ᠳᠡᠭᠡᠷ᠎ᠡ ᠡᠯᠰᠡᠬᠦ ᠵᠠᠭᠪᠤᠷᠰᠢᠯ ᠢ ᠦᠷᠭᠦᠯᠵᠢᠯᠡᠨ ᠬᠡᠷᠡᠭᠵᠢᠬᠦᠯᠬᠦ ᠪᠤᠯᠤᠨ᠎ᠠ᠃ |