ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠬᠠᠪᠤᠷ ᠤᠨ ᠪᠤᠭᠤᠳᠠᠶ ᠪᠠᠨ ᠲᠠᠷᠢᠵᠤ ᠥᠪᠥᠷ ᠮᠣᠩᠭᠤᠯ ᠤᠨ ᠬᠠᠪᠤᠷ ᠤᠨ ᠲᠠᠷᠢᠶᠠᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2016/3/10
    3 ᠳ᠋ᠤᠭᠠᠷ ᠰᠠᠷ᠎ᠠ ᠶᠢᠨ 7᠎ ᠤ ᠡᠳᠦᠷ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠬᠠᠪᠤᠷ ᠤᠨ ᠪᠤᠭᠤᠳᠠᠶ ᠪᠠᠨ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤ ᠶᠢᠨ ᠯᠢᠶᠠᠨ ᠽᠧᠩ ᠭᠠᠴᠠᠭ᠎ᠠ ᠠᠴᠠ ᠡᠬᠢᠯᠡᠨ ᠲᠠᠷᠢᠵᠤ ᠂ ᠪᠦᠬᠦ ᠣᠷᠣᠨ ᠤ ᠬᠠᠪᠤᠷ ᠤᠨ ᠲᠠᠷᠢᠶᠠᠯᠠᠭ᠎ᠠ ᠶᠢ ᠡᠬᠢᠯᠡᠭᠦᠯᠪᠡ᠃ ᠡᠨᠡ ᠵᠢᠯ᠂ ᠪᠠᠶᠠᠨᠨᠠᠭᠤᠷ ᠬᠤᠳᠠ ᠶᠢᠨ ᠠᠮᠤ ᠪᠤᠳᠠᠭ᠎ᠠ ᠲᠠᠷᠢᠬᠤ ᠲᠠᠯᠠᠪᠠᠢ 500 ᠲᠦᠮᠡᠨ ᠮᠦ ᠣᠷᠴᠢᠮ ᠪᠠᠶᠢᠵᠤ᠂150 ᠲᠦᠮᠡᠨ ᠮᠦ ᠪᠤᠭᠤᠳᠠᠶ ᠲᠠᠷᠢᠬᠤ ᠪᠠᠷ ᠲᠥᠯᠥᠪᠯᠡᠵᠦ ᠪᠣᠢ᠃ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ᠂ ᠪᠠᠶᠠᠨᠨᠠᠭᠤᠷ ᠬᠤᠳᠠ ᠶᠢᠨ ᠲᠠᠷᠢᠶᠠᠯᠠᠩ ᠤᠨ ᠰᠠᠯᠠᠭ᠎ᠠ ᠮᠥᠴᠢᠷ ᠪᠦᠬᠦ ᠬᠤᠲᠠ ᠶᠢᠨ ᠬᠡᠪᠴᠢᠶᠡᠨ ᠳᠤ ᠲᠦᠮᠡᠨ ᠲᠠᠷᠢᠶᠠᠴᠢᠳ ᠤᠨ ᠲᠠᠷᠢᠬᠤ ᠬᠠᠨᠳᠤᠯᠭ᠎ᠠ ᠶᠢᠨ ᠲᠤᠬᠠᠶ ᠪᠠᠶᠢᠴᠠᠭᠠᠯᠲᠠ ᠬᠢᠵᠦ᠂ 2015 ᠣᠨ ᠤ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠪᠠ ᠦᠨ᠎ᠡ ᠬᠠᠩᠰᠢ ᠶᠢᠨ ᠬᠥᠳᠡᠯᠦᠯ ᠬᠠᠨᠳᠤᠰᠢ ᠶᠢ ᠦᠨᠳᠦᠰᠦᠯᠡᠨ᠂ ᠴᠢᠨᠠᠷ ᠰᠠᠶᠢᠲᠠᠶ᠂ ᠣᠨᠴᠠᠯᠢᠭ ᠪᠦᠬᠦᠢ᠂ ᠲᠤᠰᠬᠠᠶ ᠬᠡᠷᠡᠭᠯᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠬᠦ᠂ ᠡᠩ ᠤᠨ ᠬᠢ ᠵᠤᠷᠰᠢᠯ ᠤᠨ ᠬᠢ ᠪᠠᠭᠠᠰᠬᠠᠵᠤ᠂ ᠲᠠᠷᠢᠮᠠᠯ ᠤᠨ ᠵᠦᠢᠯ ᠤᠨ ︽ᠭᠤᠷᠪᠠ ᠶᠢ ᠨᠡᠮᠡᠭᠳᠡᠭᠦᠯᠬᠦ ᠭᠤᠷᠪᠠ ᠶᠢ ᠪᠠᠭᠠᠰᠬᠠᠬᠤ︾ ᠲᠤᠬᠠᠶ ᠵᠢᠯᠣᠭᠤᠳᠬᠤ ᠰᠠᠨᠠᠯ ᠳᠤᠷᠠᠳᠴᠤ᠂ ᠵᠠᠬ᠎ᠠ ᠳᠡᠯᠭᠡᠭᠦᠷ ᠲᠤ ᠳᠤᠲᠠᠭᠳᠠᠵᠤ ᠪᠠᠶᠢᠭ᠎ᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠨᠡᠮᠡᠭᠳᠡᠭᠦᠯᠵᠦ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠲᠧᠭᠨᠢᠭ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃      ᠪᠠᠶᠠᠨᠨᠠᠭᠤᠷ ᠬᠤᠳᠠ ᠶᠢᠨ ᠬᠥᠳᠡᠭᠡ ᠠᠵᠤ ᠠᠬᠤᠶ ᠶᠢᠨ ᠰᠠᠯᠠᠭ᠎ᠠ ᠮᠥᠴᠢᠷ ᠲᠤᠰᠬᠠᠶᠢᠯᠠᠨ ᠬᠠᠪᠤᠷ ᠤᠨ  ᠲᠠᠷᠢᠶᠠᠯᠠᠭ᠎ᠠ ᠶᠢᠨ ᠠᠬᠤᠢ ᠲᠠᠯᠠᠪᠠᠢ ᠶᠢᠨ ᠬᠤᠷᠠᠯ ᠬᠤᠷᠠᠯᠳᠤᠭᠤᠯᠵᠤ᠂ ᠲᠠᠷᠢᠶᠠᠴᠢᠳ ᠢ ᠲᠣᠭᠤᠷᠢᠨ ᠦᠵᠡᠭᠦᠯᠵᠦ ᠰᠤᠷᠤᠯᠴᠠᠭᠤᠯᠪᠠ᠃ ᠲᠠᠷᠢᠶᠠᠯᠠᠩ᠂ ᠬᠥᠳᠡᠭᠡ ᠠᠵᠤ ᠠᠬᠤᠶ ᠶᠢᠨ ᠮᠠᠰᠢᠨ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠯᠠᠭ᠎ᠠ ᠮᠥᠴᠢᠷ ᠪᠣᠯᠤᠨ ᠨᠡᠷᠡᠲᠦ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠴᠤ ᠤᠬᠠᠭᠤᠯᠬᠤ ᠬᠠᠭᠤᠳᠠᠰᠤ ᠲᠠᠷᠬᠠᠭᠠᠬᠤ᠂ ᠳᠡᠯᠭᠡᠨ ᠦᠵᠡᠭᠦᠯᠬᠦ ᠲᠠᠪᠴᠠᠩ ᠪᠠᠶᠢᠭᠤᠯᠬᠤ᠂ ᠳᠡᠯᠭᠡᠨ ᠦᠵᠡᠭᠦᠯᠬᠦ ᠰᠠᠮᠪᠠᠷ᠎ᠠ ᠭᠠᠷᠭᠠᠬᠤ ᠵᠡᠷᠭᠡ ᠬᠡᠯᠪᠡᠷᠢ ᠪᠠᠷ ᠭᠠᠴᠠᠭᠠᠨ ᠤ ᠠᠷᠠᠳ ᠲᠤ ᠰᠢᠨ᠎ᠡ ᠤᠢᠢᠯᠡᠳᠭᠦᠨ ᠪᠠ ᠰᠢᠨ᠎ᠡ ᠲᠠᠷᠢᠬᠤ ᠮᠡᠷᠭᠡᠵᠢᠯ ᠢ ᠲᠠᠨᠢᠯᠴᠠᠭᠤᠯᠪᠠ᠃ ᠡᠯ᠎ᠡ ᠱᠠᠲᠤᠨ ᠤ ᠲᠠᠷᠢᠶᠠᠯᠠᠩ ᠤᠨ ᠰᠠᠯᠠᠭ᠎ᠠ ᠮᠥᠴᠢᠷ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠲᠠᠷᠢᠶᠠᠯᠠᠩ ᠤᠨ ᠬᠡᠷᠡᠭᠰᠡᠯ ᠢ ᠤᠷᠢᠳᠴᠢᠯᠠᠨ ᠨᠥᠭᠡᠴᠡᠯᠡᠨ ᠪᠡᠯᠡᠳᠬᠡᠵᠦ᠂ ᠪᠦᠬᠦ ᠬᠤᠳᠠ ᠡᠯ᠎ᠡ ᠵᠦᠢᠯ ᠤᠨ ᠲᠠᠷᠢᠮᠠᠯ ᠤᠨ ᠦᠷ᠎ᠡ ᠶᠢ 3000 ᠭᠠᠷᠤᠢ ᠲᠦᠮᠡ ᠵᠢᠩ᠂ ᠬᠢᠮᠢ ᠶᠢᠨ ᠪᠤᠷᠳᠤᠭᠤᠷ 8 ᠲᠦᠮᠡᠨ ᠲᠣᠨ ᠣᠷᠴᠢᠮ᠂ ᠰᠦᠯᠢᠶᠣᠣ 1.8 ᠲᠦᠮᠡᠨ ᠲᠣᠨ ᠣᠷᠣᠭᠤᠯᠦᠨ ᠠᠪᠴᠢᠷᠠᠵᠤ᠂ ᠬᠠᠪᠤᠷ ᠤᠨ ᠲᠠᠷᠢᠶᠠᠯᠠᠭ᠎ᠠ ᠶᠢᠨ ᠬᠦᠷᠦᠯᠴᠡᠬᠦ᠋ᠢᠴᠡ ᠬᠠᠩᠭᠠᠯᠲᠠ ᠶᠢ ᠦᠨᠡᠨᠬᠦ ᠪᠠᠲᠤᠯᠠᠵᠤ ᠪᠣᠢ᠃ ᠣᠶᠢᠯᠠᠭᠠᠭᠰᠠᠨ ᠢᠶᠠᠷ᠂ ᠪᠠᠶᠠᠨᠨᠠᠭᠤᠷ ᠬᠤᠲᠠ ᠶᠢᠨ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠬᠡᠷᠡᠭᠰᠡᠬᠦ ᠪᠡᠯᠡ ᠮᠥᠩᠭᠦ 50 ᠳ᠋ᠦᠩᠰᠢᠭᠤᠷ ᠲᠥᠭᠦᠷᠢᠭ᠂ ᠡᠭᠦᠨ ᠳᠤ 25 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠮᠥᠩᠭᠦ ᠬᠡᠷᠡᠭᠰᠡᠨ᠎ᠡ᠃ ᠣᠳᠣᠬᠠᠨ ᠳᠤ᠂ ᠨᠢᠭᠡᠨᠲᠡ15.3 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠪᠤᠰᠤᠳ ᠢ ᠨᠢ ᠶᠠᠭ ᠲᠠᠯᠪᠢᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号