ᠥᠪᠥᠷ ᠮᠣᠩᠭᠤᠯ ᠠᠳᠠᠯ ᠦᠢᠯᠡᠰ ᠴᠣᠭᠴᠠᠯᠠᠭᠴᠢᠳ ᠲᠤ 50 ᠲᠦᠮᠡᠨ ᠲᠥᠭᠦᠷᠢᠭ ᠤᠨ ᠵᠢᠭᠡᠯᠡᠯᠭᠡ ᠣᠯᠭᠤᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2016/3/11
     ᠡᠨᠡ ᠵᠢᠯ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠠᠳᠠᠯ ᠦᠢᠯᠡᠰ ᠴᠣᠭᠴᠠᠯᠠᠬᠤ ᠪᠡᠯᠡ ᠲᠤᠬᠢᠷᠠᠭᠤᠯᠭ᠎ᠠ ᠎ ᠶᠢ ᠰᠢᠯᠤᠭᠤᠳᠬᠠᠬᠤ ᠲᠥᠯᠥᠪᠯᠡᠭᠡ ᠶᠢ ᠬᠡᠷᠡᠭᠵᠢᠭᠦᠯᠵᠦ᠂ ᠠᠳᠠᠯ ᠦᠢᠯᠡᠰ ᠴᠣᠭᠴᠠᠯᠠᠬᠤ ᠳᠤ ᠲᠣᠬᠢᠷᠠᠭᠤᠯᠭ᠎ᠠ ᠬᠦᠴᠢᠷᠲᠡᠢ ᠪᠠᠶᠢᠬᠤ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠬᠦ ᠪᠣᠯᠣᠨ᠎ᠠ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠳᠠᠯ ᠦᠢᠯᠡᠰ ᠴᠣᠭᠴᠠᠯᠠᠬᠤ ᠪᠠᠷ ᠳᠠᠩᠰᠠᠯᠠᠭᠤᠯᠤᠭᠰᠠᠨ ᠠᠵᠢᠯ ᠠᠯᠳᠠᠭᠰᠠᠳ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ᠂ ᠠᠵᠢᠯ ᠤᠯᠬᠤ ᠳᠤ ᠬᠦᠴᠢᠷᠲᠡᠶ ᠬᠥᠮᠦᠰ᠂ ᠴᠡᠷᠢᠭ ᠠᠴᠠ ᠬᠠᠯᠠᠭᠳᠠᠭᠰᠠᠨ ᠪᠤᠶᠤ ᠴᠡᠷᠢᠭ ᠠᠴᠠ ᠪᠠᠭᠤᠭᠰᠠᠳ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠬᠥᠳᠡᠯᠮᠦᠷᠢ ᠪᠠᠷ ᠬᠥᠮᠦᠵᠢᠭᠦᠯᠬᠦ ᠪᠠᠷ ᠰᠤᠯᠠᠯᠠᠭᠳᠠᠭᠰᠠᠳ᠂ ᠮᠠᠯᠴᠢᠨ ᠲᠠᠷᠢᠶᠠᠴᠢᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠬᠤᠳᠠ ᠬᠥᠳᠡᠭᠡ ᠶᠢᠨ ᠬᠥᠳᠡᠯᠮᠦᠷᠢᠴᠢᠳ ᠴᠥᠮ 2 ᠵᠢᠯ ᠤᠨ ᠬᠤᠭᠤᠴᠠᠭ᠎ᠠ ᠲᠠᠢ ᠵᠢᠭᠡᠯᠡᠯᠭᠡ ᠪᠠᠷ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠬᠦᠷᠲᠡᠵᠦ ᠪᠣᠯᠤᠨ᠎ᠠ᠃ ᠡᠭᠦᠨ ᠳᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠤᠨ ᠵᠢᠭᠡᠯᠡᠯᠭᠡ ᠶᠢ ᠬᠠᠮᠤᠭ ᠶᠡᠭᠡ ᠳᠡᠭᠡᠨ 50 ᠲᠦᠮᠡᠨ ᠲᠥᠭᠦᠷᠢᠭ ᠢᠶᠠᠷ︔ ᠪᠤᠰᠤᠳ ᠬᠥᠮᠦᠰ ᠤᠨ ᠵᠢᠭᠡᠯᠡᠯᠭᠡ ᠶᠢ ᠬᠠᠮᠤᠭ ᠶᠡᠭᠡ ᠳᠡᠭᠡᠨ 10 ᠲᠦᠮᠡᠨ ᠲᠥᠭᠦᠷᠢᠭ ᠢᠶᠠᠷ ᠨᠢᠭᠡᠳᠦᠯᠲᠡᠶ ᠲᠣᠬᠢᠷᠠᠭᠤᠯᠵᠤ︔ ᠠᠵᠢᠯ ᠣᠯᠭᠤᠬᠤ ᠬᠥᠮᠦᠨ ᠤ ᠲᠤᠭ᠎ᠠ ᠶᠢ ᠨᠡᠮᠡᠭᠳᠡᠭᠦᠯᠬᠦ ᠶᠢ ᠳᠠᠶᠢᠴᠢᠯᠠᠭᠰᠠᠨ ᠠᠳᠠᠯ ᠦᠢᠯᠡᠰ ᠴᠣᠭᠴᠠᠯᠠᠬᠤ ᠲᠦᠷᠦᠯ ᠵᠦᠢᠯ ᠪᠠ ᠵᠢᠭᠡᠯᠡᠯᠭᠡ ᠶᠢᠨ ᠳᠠᠭᠠᠭᠠᠯᠲᠠ ᠶᠢᠨ ᠰᠠᠭᠤᠷᠢ ᠮᠥᠩᠭᠦ᠂ ᠬᠦᠦ ᠮᠥᠩᠭᠦ ᠶᠢ ᠨᠢ ᠬᠥᠨᠳᠡᠯᠡᠨ ᠠᠴᠠ ᠲᠥᠯᠥᠬᠦ ᠪᠡᠯᠡ ᠮᠥᠩᠭᠦ ᠬᠦᠷᠦᠯᠴᠡᠭᠡ ᠲᠠᠢ ᠭᠠᠵᠠᠷ ᠣᠷᠣᠨ ᠤ ᠵᠢᠭᠡᠯᠡᠯᠭᠡ ᠶᠢ ᠬᠠᠮᠤᠭ ᠶᠡᠭᠡ ᠳᠡᠭᠡᠨ 30 ᠲᠦᠮᠡᠨ ᠲᠥᠭᠦᠷᠢᠭ ᠬᠦᠷᠲᠡᠯ᠎ᠡ ᠳᠡᠭᠡᠭᠰᠢᠯᠡᠭᠦᠯᠬᠦ ᠪᠣᠯᠤᠨ᠎ᠠ᠃      ᠥᠪᠥᠷ ᠮᠣᠩᠭᠤᠯ ᠡᠯ᠎ᠡ ᠭᠠᠵᠠᠷ ᠲᠤ ᠠᠳᠠᠯ ᠦᠢᠯᠡᠰ ᠴᠣᠭᠴᠠᠯᠠᠬᠤ ᠵᠢᠭᠡᠯᠡᠯᠭᠡ ᠲᠠᠯᠪᠢᠬᠤ ᠴᠤᠪᠤᠷᠠᠯ ᠢ ᠰᠢᠯᠢᠳᠡᠭᠵᠢᠭᠦᠯᠵᠦ᠂ ᠵᠢᠭᠡᠯᠡᠯᠭᠡ ᠣᠯᠭᠤᠬᠤ ᠬᠢᠨᠠᠨ ᠬᠠᠷᠭᠤᠭᠤᠯᠤᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ ᠣᠷᠣᠯᠠᠨ ᠲᠥᠯᠥᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠠᠭᠠᠭᠠᠯᠲᠠ ᠶᠢᠨ ᠰᠠᠭᠤᠷᠢ ᠮᠥᠩᠭᠦ ᠶᠢᠨ ᠨᠠᠶᠢᠳᠠᠪᠤᠷᠢ ᠦᠭᠡᠢ ᠠᠪᠤᠴᠠᠭ᠎ᠠ ᠶᠢᠨ ᠬᠢᠨᠠᠵᠤ ᠬᠠᠷᠭᠤᠭᠤᠯᠤᠨ ᠤᠰᠠᠳᠬᠠᠬᠤ ᠠᠷᠭ᠎ᠠ ᠶᠢ ᠲᠡᠭᠦᠯᠳᠡᠷᠵᠢᠭᠦᠯᠵᠦ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠭᠡᠳᠡᠷᠭᠦ ᠳᠠᠭᠠᠭᠠᠯᠲᠠ ᠬᠠᠩᠭᠠᠬᠤ ᠶᠢᠨ ᠬᠤᠷᠢᠶ᠎ᠠ ᠴᠡᠭᠡᠷ ᠢ ᠤᠯᠠᠮ ᠨᠢᠭᠡ ᠠᠯᠬᠤᠮ ᠪᠠᠭᠠᠰᠬᠠᠵᠤ᠂ ᠰᠥᠷᠬᠦ ᠳᠠᠭᠠᠭᠠᠯᠲᠠ ᠬᠢᠬᠦ ᠬᠦᠷᠢᠶ᠎ᠡ ᠬᠡᠪᠴᠢᠶ᠎ᠡ ᠶᠢ ᠥᠷᠭᠡᠳᠬᠡᠬᠦ ᠬᠡᠷᠡᠭᠲᠡᠢ ᠭᠡᠵᠦ ᠱᠠᠭᠠᠷᠳᠠᠵᠠᠢ᠃ ᠣᠳᠣᠬᠠᠨ ᠳᠤ᠂ ᠥᠪᠥᠷ ᠮᠣᠩᠭᠤᠯ ᠤᠨ ᠨᠥᠬᠦᠴᠡᠯ ᠪᠦᠬᠦᠢ ᠠᠶᠢᠮᠠᠭ ᠬᠤᠳᠠ ᠠᠳᠠᠯ ᠦᠢᠯᠡᠰ ᠴᠣᠭᠴᠠᠯᠠᠬᠤ ᠲᠡᠮᠳᠡᠭᠲᠦ᠂ ᠰᠢᠨ᠎ᠡ ᠶᠢ ᠡᠭᠦᠳᠬᠦ ᠲᠡᠮᠳᠡᠭᠲᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠳᠠᠯ ᠦᠢᠯᠡᠰ ᠴᠣᠭᠴᠠᠯᠠᠭᠴᠢᠳ ᠲᠤ ᠠᠳᠠᠯ ᠦᠢᠯᠡᠰ ᠪᠤᠰᠬᠠᠬᠤ ᠦᠢᠯᠡᠴᠢᠯᠡᠭᠡᠨ ᠬᠠᠩᠭᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠣᠷᠤᠭᠤᠯᠤᠯᠲᠠ ᠶᠢᠨ ᠥᠪᠡᠷ ᠤᠨ ᠥᠷᠳᠡᠭ ᠢ ᠪᠠᠭᠤᠷᠠᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠤᠷᠰᠢᠯᠴᠠᠭ᠎ᠠ ᠶᠢ ᠠᠬᠢᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠵᠣᠷᠢᠭᠵᠢᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号