ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠨᠢᠬᠦᠯᠡᠰᠦᠩᠬᠦᠢ ᠶᠢᠨ ᠬᠠᠤᠯᠢ ︵ᠡᠬᠡ ᠲᠦᠰᠤᠯ ︶᠎ ᠶᠢ ᠲᠤᠭᠤᠢᠢᠯᠠᠩ ᠬᠤᠪᠢᠶᠠᠵᠤ ᠶᠠᠷᠢᠯᠴᠠᠪᠠ
ᠨᠡᠶᠢᠲᠡᠯᠡᠭᠰᠡᠨ ᠴᠠᠭ᠄
2016/3/11
      3 ᠳ᠋ᠤᠭᠠᠷ ᠰᠠᠷ᠎ᠠ ᠶᠢᠨ 10᠎ ᠤ ᠦᠲᠠ ᠶᠢᠨ ᠡᠮᠤᠨ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠲᠤᠭᠠᠷ ᠬᠤᠭᠤᠴᠠᠭᠠᠨ ᠤ ᠬᠤᠷᠢᠶ᠎ᠠ ᠶᠢᠨ ᠲᠦᠷᠪᠠᠲᠤᠬᠡᠷ ᠬᠤᠷᠠᠯ ᠳᠤ ᠤᠷᠤᠯᠴᠠᠵᠤ ᠪᠠᠶᠢᠭ᠎ᠠ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠦᠪᠠᠷ ᠦᠪᠠᠷ ᠤᠨ ᠡᠲᠠᠬᠡᠳ ᠢᠯᠭᠠᠯ ᠤᠨ ᠲᠤᠭᠤᠢᠢᠯᠠᠩ ᠳᠠᠭᠠᠨ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠨᠢᠬᠦᠯᠡᠰᠦᠩᠬᠦᠢ ᠶᠢᠨ ᠬᠠᠤᠯᠢ ︵ᠡᠬᠡ ᠲᠦᠰᠤᠯ︶︾᠎ ᠶᠢ ᠶᠠᠷᠢᠯᠴᠠᠪᠠ᠃        ᠦᠪᠠᠷᠲᠠᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠸᠠ ᠶᠠ ᠫᠢᠡᠭ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠰᠤᠶᠤᠯ ᠲᠠᠤᠬᠡ ᠪᠠ ᠰᠤᠷᠤᠯᠴᠠᠯᠭ᠎ᠠ ᠶᠢᠨ ᠵᠦᠪᠯᠡᠯ ᠤᠨ ᠲᠡᠳ᠋ ᠡᠷᠬᠢᠯᠡᠭᠴᠢ ᠴᠸᠠ ᠭᠤᠸᠠᠩ ᠯᠢᠨ ᠶᠠᠷᠢᠯᠴᠠᠬᠤ ᠳᠤ ᠤᠷᠤᠯᠴᠠᠵᠠᠢ᠃ ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠨᠢᠬᠡᠲᠤᠮᠠᠯ ᠹᠷᠤᠨᠲ ᠤᠨ ᠬᠡᠯᠲᠠᠰ ᠤᠨ ᠲᠠᠷᠤᠭ᠎ᠠ ᠪᠦ᠋ ᠰᠢᠶᠤᠤ ᠯᠢᠨ ᠶᠠᠷᠢᠯᠴᠠᠬᠤ ᠳᠤ ᠰᠤᠯᠠ ᠤᠷᠤᠯᠴᠠᠪᠠ᠃ ᠦᠪᠠᠷᠲᠠᠬᠡᠨ ᠵᠠᠰᠠᠬᠤ ᠤᠷᠤᠨ ᠤ ᠲᠠᠳ᠋ ᠲᠠᠷᠢᠬᠦᠯᠡᠭᠴᠢ ᠯᠢᠤ ᠰᠢᠨ ᠯᠧ᠂ ᠦᠪᠠᠷᠲᠠᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠠᠳ᠋ ᠲᠠᠷᠢᠬᠦᠯᠡᠭᠴᠢ ᠳ᠋ᠦᠡᠭ ᠾᠸᠡᠭ ᠢᠤᠢ᠂ ᠵᠸᠡᠭ ᠹᠦ᠋ ᠲᠢᠶᠠᠨ᠂ ᠨᠢᠤ ᠭᠤᠸᠠᠩ ᠮᠢᠩ᠂ ᠴᠸᠠ ᠢᠤᠢ ᠨᠠᠷ ᠶᠠᠷᠢᠯᠴᠠᠬᠤ ᠳᠤ ᠤᠷᠤᠯᠴᠠᠵᠠᠢ᠃      ᠬᠡᠰᠢᠬᠦᠳ ᠦᠵᠡᠭᠰᠡᠨ ᠨᠢ᠂ ᠨᠢᠬᠦᠯᠡᠰᠦᠩᠬᠦᠢ ᠶᠢᠨ ᠬᠠᠤᠯᠢ ᠪᠤᠯ ᠨᠡᠶᠢᠭᠡᠮ ᠤᠨ ᠬᠦᠷᠢᠶᠡᠨ ᠳᠠᠬᠢ ᠴᠢᠬᠤᠯᠠ ᠬᠠᠣᠯᠢ ᠳᠣᠭᠳᠠᠭᠠᠯᠳᠠ᠂ ᠨᠢᠭᠦᠯᠡᠰᠦᠩᠭᠦᠢ ᠶᠢᠨ ᠳᠦᠷᠢᠮ ᠤᠨ ᠪᠠᠶᠢᠭᠤᠯᠣᠯᠳᠠ ᠶᠢᠨ ᠰᠠᠭᠤᠷᠢ ᠴᠢᠨᠠᠷ ᠪᠠ ᠶᠠᠷᠦᠩᠬᠡᠶᠢᠯᠡᠭᠰᠡᠨ ᠴᠢᠨᠠᠷ ᠲᠠᠢ ᠬᠠᠤᠯᠢ ᠴᠠᠭᠠᠵᠠ ᠪᠣᠯᠣᠨ᠎ᠠ᠃ ᠳᠡᠭᠦᠨ ᠳᠤ ᠮᠠᠨ ᠤ ᠤᠯᠤᠰ ᠤᠨ ᠨᠢᠬᠦᠯᠡᠰᠦᠩᠬᠦᠢ ᠶᠢᠨ ᠬᠦᠷᠢᠶᠠᠨ ᠳᠠᠬᠢ ᠡᠯ᠎ᠠ ᠭᠤᠤᠯ ᠲᠠᠯ᠎ᠠ ᠶᠢ ᠪᠠᠭᠲᠠᠭᠠᠨ ᠠᠭᠤᠯᠵᠤ᠂ ᠬᠤᠶᠢᠰᠢᠲᠠ ᠶᠢᠨ ᠨᠢᠬᠦᠯᠡᠰᠦᠩᠬᠦᠢ ᠶᠢᠨ ᠬᠦᠷᠢᠶᠠᠨ ᠤ ᠡᠯ᠎ᠠ ᠳᠠᠯ᠎ᠠ ᠶᠢ ᠬᠠᠮᠣᠷᠴᠣ᠂ ᠬᠤᠶᠢᠰᠢᠳᠠ ᠶᠢᠨ ᠨᠢᠭᠦᠯᠡᠰᠦᠩᠭᠦᠢ ᠶᠢᠨ ᠬᠦᠷᠢᠶᠡᠨ ᠤ ᠬᠤᠯᠪᠤᠭᠲᠠᠯ ᠪᠦᠬᠦᠢ ᠬᠠᠤᠯᠢ ᠴᠠᠭᠠᠵᠠ ᠬᠠᠤᠯᠢ ᠲᠤᠭᠲᠠᠭᠠᠯ᠂ ᠴᠢᠨᠠᠭᠰᠢᠯᠠᠭᠠᠳ ᠰᠠᠯᠠᠭ᠎ᠠ ᠮᠦᠴᠢᠷ ᠤᠨ ᠲᠦᠷᠢᠮ ᠲᠤᠭᠲᠠᠭᠠᠯ ᠲᠤᠭᠲᠠᠭᠠᠬᠤ ᠳᠤ ᠰᠠᠭᠤᠷᠢ ᠴᠢᠨᠠᠷ ᠲᠠᠢ ᠦᠢᠯᠡᠲᠤᠯ ᠦᠵᠡᠬᠦᠯᠬᠦ ᠪᠣᠯᠣᠨ᠎ᠠ᠃ ᠨᠢᠬᠦᠯᠡᠰᠦᠩᠬᠦᠢ ᠶᠢᠨ ᠬᠠᠤᠯᠢ ᠶᠢ ᠳᠣᠭᠳᠠᠭᠠᠬᠤ ᠨᠢ᠂ ᠮᠠᠨ ᠤ ᠣᠯᠣᠰ ᠤᠨ ᠨᠢᠭᠦᠯᠡᠰᠦᠩᠭᠦᠢ ᠶᠢᠨ ᠦᠢᠯᠡᠰ ᠤᠨ ᠳᠦᠷᠢᠮ ᠤᠨ ᠰᠢᠨ᠎ᠡ ᠶᠢ ᠡᠭᠦᠳᠬᠦ᠂ ᠨᠢᠭᠦᠯᠡᠰᠦᠩᠭᠦᠢ ᠶᠢᠨ ᠠᠵᠢᠯᠯᠠᠭ᠎ᠠ ᠶᠢ ᠵᠢᠷᠣᠮᠵᠢᠭᠤᠯᠬᠤ᠂ ᠨᠢᠭᠦᠯᠡᠰᠦᠩᠭᠦᠢ ᠶᠢᠨ ᠦᠢᠯᠡᠰ ᠤᠨ ᠬᠦᠭᠵᠢᠯᠳᠡ ᠶᠢ ᠠᠬᠢᠭᠤᠯᠬᠤ ᠳᠤ ᠴᠦᠮ ᠴᠢᠬᠤᠯᠠ ᠠᠴᠢ ᠬᠤᠯᠪᠣᠭᠳᠠᠯ ᠲᠠᠢ ᠭᠡᠵᠡᠢ᠃      ᠶᠠᠷᠢᠯᠴᠠᠬᠤ ᠲᠤᠮᠲᠠ᠂ ᠬᠡᠰᠢᠬᠦᠳ ᠨᠢᠬᠦᠯᠡᠰᠦᠩᠬᠦᠢ ᠶᠢᠨ ᠬᠠᠤᠯᠢ ᠶᠢᠨ ᠪᠦᠷᠬᠦᠬᠦ ᠬᠡᠪᠴᠢᠶ᠎ᠠ ᠶᠢ ᠴᠢᠨᠠᠭᠰᠢᠲᠠ ᠦᠷᠬᠡᠳᠬᠡᠬᠦ᠂ ᠪᠠᠯᠡᠭᠯᠡᠨ ᠬᠦᠷᠬᠡᠭᠰᠡᠨ ᠬᠦᠮᠤᠰ ᠤᠨ ᠬᠠᠤᠯᠢ ᠶᠤᠰᠤᠨ ᠤ ᠡᠷᠬᠡ ᠠᠰᠢᠭ ᠢ ᠬᠦᠢᠴᠡᠳ ᠬᠦᠨᠲᠤᠳᠭᠡᠬᠦ᠂ ᠨᠢᠬᠦᠯᠡᠰᠦᠩᠬᠦᠢ ᠶᠢᠨ ᠵᠤᠬᠢᠶᠠᠨ ᠪᠠᠶᠢᠭᠤᠯᠤᠯᠲᠠ ᠶᠢᠨ ᠲᠠᠬᠡᠲᠤ ᠲᠠᠰ ᠤᠨ ᠬᠠᠮᠢᠶᠠᠷᠤᠭᠴᠢ ᠶᠢᠨ ᠬᠦᠯᠤᠰᠤ ᠤᠯᠭᠤᠮᠵᠢ ᠶᠢ ᠢᠯᠠ ᠪᠤᠯᠭᠠᠬᠤ᠂ ᠨᠢᠭᠦᠯᠡᠰᠦᠩᠭᠦᠢ ᠶᠢᠨ ᠦᠢᠯᠡᠰ ᠵᠢᠴᠢ ᠪᠡᠯᠡᠭᠯᠡᠨ ᠲᠠᠮᠵᠢᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠤᠷᠢᠯᠠᠬᠦ᠂ ᠨᠠᠪᠴᠢᠨ ᠲᠠᠮᠠᠬᠢᠨ ᠤ ᠦᠢᠯᠡᠰ ᠨᠢᠬᠦᠯᠡᠰᠦᠩᠬᠦᠢ ᠶᠢᠨ ᠨᠠᠷ᠎ᠠ ᠪᠠᠷ ᠪᠠᠯᠡᠭᠯᠡᠨ ᠬᠦᠷᠬᠡᠬᠦ ᠶᠢ ᠴᠠᠭᠠᠵᠠᠯᠠᠬᠤ ᠵᠡᠷᠬᠡ ᠲᠠᠯ᠎ᠠ ᠪᠠᠷ ᠨᠢᠬᠦᠯᠡᠰᠦᠩᠬᠦᠢ ᠶᠢᠨ ᠬᠠᠤᠯᠢ ᠶᠢᠨ ᠲᠦᠰᠤᠯ ᠳᠤ ᠵᠠᠰᠠᠪᠤᠷᠢ ᠤᠷᠤᠭᠤᠯᠬᠤ ᠰᠠᠨᠠᠯ ᠳᠣᠷᠠᠳᠴᠠᠢ᠃ ᠬᠡᠰᠢᠬᠦᠳ ᠢᠯᠡᠳᠬᠡᠭᠰᠡᠨ ᠨᠢ᠂ ᠨᠢᠬᠦᠯᠡᠰᠦᠩᠬᠦᠢ ᠶᠢᠨ ᠬᠠᠤᠯᠢ ᠶᠢᠨ ᠨᠡᠶᠢᠳᠡᠯᠡᠭᠲᠠᠬᠦ ᠶᠢ ᠲᠠᠭᠠᠯᠲᠤᠨ ᠠᠯᠪᠠᠲᠠᠯᠭ᠎ᠠ ᠶᠢᠨ ᠴᠢᠨᠠᠷᠲᠠᠢ ᠬᠠᠤᠯᠢ ᠴᠠᠭᠠᠵᠠ ᠶᠢᠨ ᠤᠷᠴᠢᠨ ᠲᠤᠭᠤᠷᠢᠨ ᠶᠠᠪᠤᠬᠤ ᠲᠤᠲᠤᠮ ᠰᠠᠶᠢᠵᠢᠷᠠᠵᠤ᠂ ᠪᠦᠬᠦ ᠨᠠᠶᠢᠬᠡᠮ ᠤᠨ ᠨᠢᠬᠦᠯᠡᠰᠦᠩᠬᠦᠢ ᠶᠢᠨ ᠦᠢᠯᠡᠰ ᠲᠤ ᠤᠷᠤᠯᠴᠠᠬᠤ ᠬᠠᠯᠠᠭᠤᠨ ᠰᠡᠳᠬᠢᠯᠬᠡ ᠴᠦ ᠶᠠᠪᠤᠬᠤ ᠲᠤᠲᠤᠮ ᠦᠨᠳᠦᠷ ᠪᠣᠯᠬᠤ ᠪᠣᠯᠣᠨ᠎ᠠ ᠬᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号