3 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠠᠷᠪᠠᠨ ᠬᠤᠶᠠᠳᠤᠭᠠᠷ ᠬᠤᠭᠤᠴᠠᠭᠠᠨ ᠤ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ | ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠪᠥᠬᠦ ᠪᠦᠯᠬᠦᠮ ᠤᠨ ᠬᠤᠷᠠᠯ ᠬᠢᠪᠡ᠂ | ᠬᠤᠷᠠᠯ ᠳᠤ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠢ ᠴᠢᠯᠤᠭᠡᠲᠡᠢ ᠣᠷᠣᠯᠴᠠᠭᠤᠯᠪᠠ᠃ ︽ᠠᠷᠠᠳ ᠤᠨ | ᠡᠳᠦᠷ ᠤᠨ ᠰᠣᠨᠢᠨ︾᠂ ᠰᠢᠨᠬᠤᠸᠠ ᠬᠤᠷᠢᠶ᠎ᠠ᠂ ᠲᠥᠪ ᠤᠨ ᠠᠷᠠᠳ ᠤᠨ ᠷᠠᠳᠢᠤ᠋ ᠨᠡᠪᠲᠡᠷᠡᠭᠦᠯᠭᠡ ᠶᠢᠨ ᠬᠤᠷᠢᠶ᠎ᠠ᠂ | ᠲᠥᠪ ᠤᠨ ᠲᠧᠯᠸᠢᠰ ᠬᠤᠷᠢᠶ᠎ᠠ᠂ ᠰᠢᠶᠠᠩᠭᠠᠩ ᠤᠨ ︽ᠳ᠋ᠠ ᠬᠥᠩ ᠪᠦᠦ ᠰᠣᠨᠢᠨ︾ ᠪᠠ ᠷᠥᠲ᠋ᠧᠷᠰ ᠬᠤᠷᠢᠶ᠎ᠠ᠂ ︽ | ᠸᠤᠯ ᠵᠡᠭᠡᠯᠢ ᠶᠢᠨ ᠡᠳᠦᠷ ᠤᠨ ᠰᠣᠨᠢᠨ︾᠂ ᠶᠠᠫᠣᠨ ᠤ ᠨᠢᠭᠡᠳᠦᠭᠰᠡᠨ ᠴᠢᠮᠡᠭᠡᠯᠡᠯ ᠤᠨ ᠬᠤᠷᠢᠶ᠎ᠠ ᠵᠡᠷᠭᠡ ᠤᠯᠤᠰ ᠤᠨ | ᠳᠣᠲᠣᠭᠠᠳᠤ ᠭᠠᠳᠠᠭᠠᠳᠤ ᠶᠢᠨ 38 ᠵᠠᠭᠤᠴᠢᠯᠠᠭᠤᠷ ᠤᠨ ᠰᠤᠷᠪᠤᠯᠵᠢᠯᠠᠭᠴᠢ ᠨᠢᠭᠡ ᠲᠠᠩᠬᠢᠮ ᠳᠤ ᠴᠤᠭᠯᠠᠷᠠᠵᠤ᠂ | ᠥᠪᠥᠷ ᠮᠣᠩᠭᠤᠯ ᠳᠤ ᠶᠢᠰᠤᠨ ᠠᠰᠠᠭᠤᠯᠲᠠ ᠲᠠᠯᠪᠢᠪᠠ᠂ ᠲᠥᠯᠥᠭᠡᠯᠡᠭᠴᠢᠳ ᠠᠴᠠ ᠡᠯ᠎ᠡ ᠵᠠᠭᠤᠴᠢᠯᠠᠭᠤᠷ ᠤᠨ ᠬᠢᠨ ᠳᠤ | ᠂ ᠪᠦᠬᠦ ᠤᠯᠤᠰ ᠤᠨ ᠠᠷᠠᠳ ᠲᠦᠮᠡᠨ ᠳᠤ᠂ ᠪᠦᠬᠦ ᠳᠡᠯᠡᠬᠡᠶ ᠳᠤ ᠬᠠᠷᠢᠭᠤᠯᠲᠠ ᠥᠭᠭᠦᠭᠰᠡᠨ ᠪᠠᠶᠢᠨ᠎ᠠ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠤᠷ | ︽ᠠᠵᠤ ᠠᠬᠤᠶ ᠶᠢᠨ ᠡᠳᠦᠷ ᠤᠨ ᠰᠣᠨᠢᠨ︾ ᠤ ᠰᠤᠷᠪᠤᠯᠵᠢᠯᠠᠭᠴᠢ ᠶᠢᠨ ᠳᠤᠷᠠᠳᠤᠭᠰᠠᠨ ︽13·5︾ ᠶᠢᠨ | ᠬᠤᠭᠤᠴᠠᠭᠠᠨ ᠳᠠᠬᠢ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠶᠢᠨ ᠲᠤᠬᠠᠢ ᠠᠰᠠᠭᠤᠯᠲᠠ ᠶᠢ | ᠬᠠᠷᠢᠭᠤᠯᠬᠤ ᠳᠠᠭᠠᠨ ᠬᠡᠯᠡᠭᠰᠡᠨ ᠨᠢ᠄ ︽ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠠᠴᠠ ︿13·5﹀ ᠶᠢᠨ ᠲᠥᠯᠥᠪᠵᠢᠭᠦᠯᠭᠡ ᠶᠢᠨ ᠬᠥᠲᠥᠯᠪᠦᠷᠢ ᠶᠢ ᠲᠣᠭᠲᠠᠭᠠᠵᠤ᠂ | ᠵᠢᠷᠭᠤᠭᠠᠨ ᠲᠠᠯ᠎ᠠ ᠶᠢᠨ ᠬᠠᠷᠠᠯᠲᠠ ᠵᠢᠴᠢ ᠬᠥᠭᠵᠢᠯᠲᠡ ᠶᠢᠨ ᠭᠤᠣᠯᠳᠠᠯᠭ᠎ᠠ ᠲᠠᠢ ︿ᠵᠢᠷᠭᠤᠭᠠᠨ ᠲᠠᠯ᠎ᠠ ᠪᠠᠷ ᠬᠦᠴᠦᠯᠡᠬᠦ﹀ | ᠶᠢ ᠲᠣᠭᠲᠠᠭᠠᠵᠤ᠂ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠶᠢᠨ ᠵᠠᠯᠭᠠᠭᠤᠷ ᠢᠶᠠᠨ ᠰᠣᠯᠢᠭᠠᠳ | ᠬᠤᠷᠳᠤᠴᠠ ᠪᠠᠨ ᠠᠯᠲᠠᠬᠤ ᠦᠭᠡᠢ ᠪᠠᠶᠢᠬᠤ ᠶᠢ ᠪᠠᠲᠤᠯᠠᠨ᠎ᠠ︾ ᠭᠡᠵᠡᠢ᠃ | |