3 ᠳ᠋ᠤᠭᠠᠷ ᠰᠠᠷ᠎ᠠ ᠶᠢᠨ 11 ᠤ ᠡᠳᠦᠷ᠂ ᠪᠦᠬᠦ ᠤᠷᠤᠨ ᠤ ᠲᠤᠭ᠎ᠠ ᠪᠦᠷᠢᠳᠭᠡᠯ ᠤᠨ ᠠᠵᠢᠯ ᠤᠨ ᠬᠤᠷᠠᠯ | ᠬᠦᠬᠡᠬᠤᠳᠠ ᠳᠤ ᠬᠤᠷᠠᠯᠳᠤᠵᠤ᠂ ᠪᠦᠬᠦ ᠤᠯᠤᠰ ᠤᠨ ᠲᠤᠭ᠎ᠠ ᠪᠦᠷᠢᠳᠭᠡᠯ ᠤᠨ ᠠᠵᠢᠯ ᠤᠨ ᠬᠤᠷᠠᠯ ᠤᠨ ᠵᠤᠷᠢᠭ | ᠰᠠᠨᠠᠭ᠎ᠠ ᠵᠢᠴᠢ ᠲᠦᠪ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ | ᠪᠠᠶᠢᠷᠢᠯᠠᠭᠤᠯᠤᠯᠳᠠ ᠪᠠ ᠱᠠᠭᠠᠷᠳᠠᠯᠭ᠎ᠠ ᠶᠢ ᠤᠯᠠᠮᠵᠢᠯᠠᠨ ᠲᠤᠤᠱᠯᠠᠭᠤᠯᠵᠤ᠂ 2015 ᠤᠨ ᠤ ᠠᠵᠢᠯ ᠢᠶᠠᠨ ᠳ᠋ᠦᠩᠨᠡᠵᠦ᠂ | 2016 ᠤᠨ ᠤ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠠᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠪᠡᠷᠳᠡᠭᠡᠨ ᠵᠠᠰᠠᠬᠤ | ᠤᠷᠤᠨ ᠤ ᠲᠡᠳ᠋ ᠲᠡᠷᠢᠭᠦᠯᠡᠭᠴᠢ ᠹᠦ᠋ ᠲᠠᠢ ᠽᠧᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠳᠠᠬᠢ ᠰᠤᠳᠤᠯᠤᠨ ᠪᠠᠶᠢᠴᠠᠭᠠᠬᠤ ᠶᠡᠷᠦᠩᠭᠡᠢ ᠠᠩᠭᠢ ᠶᠢᠨ | ᠤᠳᠤᠷᠢᠳᠤᠯᠭ᠎ᠠ ᠶᠢᠨ ᠺᠠᠳ᠋ᠷ ᠪᠤᠯᠣᠨ ᠭᠠᠵᠠᠷ ᠭᠡᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ | ᠣᠷᠣᠯᠴᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠦᠩᠭᠡᠷᠡᠭᠰᠡᠨ ᠨᠢᠭᠡ ᠵᠢᠯ ᠳᠤ᠂ ᠪᠦᠬᠦ ᠤᠷᠤᠨ ᠤ ᠲᠤᠭ᠎ᠠ | ᠪᠦᠷᠢᠳᠭᠡᠯ ᠪᠠ ᠪᠠᠶᠢᠴᠠᠭᠠᠯᠳᠠ ᠶᠢᠨ ᠰᠠᠯᠠᠭ᠎ᠠ ᠮᠦᠴᠢᠷ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ | ᠤᠨ ᠤᠷᠳᠤᠨ ᠤ ᠭᠤᠤᠯ ᠠᠵᠢᠯ ᠤᠨ ᠲᠤᠭᠤᠷᠢᠨ ᠳᠤ᠂ ᠪᠠᠶᠢᠴᠠᠭᠠᠨ ᠰᠤᠳᠤᠯᠤᠯᠳᠠ ᠬᠢᠬᠦ᠂ ᠬᠢᠨᠠᠨ ᠬᠡᠮᠵᠢᠵᠦ | ᠰᠡᠷᠡᠮᠵᠢᠯᠡᠭᠦᠯᠬᠦ᠂ ᠵᠠᠳᠠᠯᠵᠤ ᠰᠤᠳᠤᠯᠤᠨ ᠮᠠᠭᠠᠳᠯᠠᠬᠤ ᠵᠡᠷᠭᠡ ᠠᠵᠢᠯ ᠢ ᠨᠠᠷᠢᠨ ᠬᠢᠨᠠᠮᠠᠭᠠᠢ ᠦᠷᠨᠢᠭᠦᠯᠵᠦ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠦᠷᠦ ᠶᠢᠨ ᠪᠤᠳᠤᠯᠭ᠎ᠠ ᠶᠢ ᠤᠨᠢᠨ | ᠲᠡᠭᠡᠷ᠎ᠠ ᠨᠢ ᠬᠡᠷᠡᠭᠵᠢᠭᠦᠯᠵᠦ᠂ ᠠᠵᠤ ᠠᠬᠤᠢ ᠲᠤᠭᠳᠠᠭᠤᠨ ᠤ ᠲᠤᠮᠳᠠ ᠠᠬᠢᠯᠳᠠ ᠲᠠᠢ᠂ ᠲᠤᠭᠳᠠᠭᠤᠨ ᠤ ᠲᠤᠮᠳᠠ | ᠰᠠᠶᠢᠵᠢᠷᠠᠯᠳᠠ ᠲᠠᠢ ᠪᠠᠶᠢᠬᠤ ᠶᠢ ᠪᠡᠶᠡᠯᠡᠭᠦᠯᠵᠦ᠂ ︽12· 5︾ ᠶᠢᠨ ᠲᠥᠯᠥᠪᠵᠢᠭᠦᠯᠭᠡ ᠶᠢᠨ ᠡᠴᠤᠰ ᠤᠨ ᠵᠢᠯ | ᠤᠨ ᠵᠢᠱᠢᠭᠰᠡᠨ ᠬᠠᠷᠠᠯᠳᠠ ᠶᠢ ᠪᠡᠶᠡᠯᠡᠭᠦᠯᠬᠦ ᠳᠤ ᠢᠳᠡᠪᠬᠢᠳᠡᠢ ᠬᠤᠪᠢ ᠨᠡᠮᠡᠷᠢ ᠦᠵᠡᠭᠦᠯᠵᠡᠢ ᠬᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ︽13· 5︾ ᠶᠢᠨ ᠬᠤᠭᠤᠴᠠᠭᠠᠨ ᠳᠤ᠂ ᠠᠵᠤ ᠠᠬᠤᠢ ᠶᠢᠨ | ᠬᠦᠭᠵᠢᠯᠳᠡ ᠶᠢᠨ ᠰᠢᠨ᠎ᠠ ᠬᠡᠪ ᠪᠠᠶᠢᠳᠠᠯ ᠳᠤ ᠴᠢᠭᠯᠡᠭᠦᠯᠦᠨ᠂ ᠡᠯ᠎ᠠ ᠱᠠᠳᠤᠨ ᠤ ᠲᠤᠭ᠎ᠠ ᠪᠦᠷᠢᠳᠭᠡᠯ ᠪᠠ | ᠪᠠᠶᠢᠴᠠᠭᠠᠯᠳᠠ ᠶᠢᠨ ᠰᠠᠯᠠᠭ᠎ᠠ ᠮᠦᠴᠢᠷ ᠤᠯᠤᠰ ᠪᠤᠯᠤᠨ ᠦᠪᠡᠷᠳᠡᠭᠡᠨ ᠵᠠᠰᠠᠬᠤ ᠤᠷᠤᠨ ᠤ ᠰᠢᠨ᠎ᠠ ᠪᠠᠶᠢᠷᠢᠯᠠᠭᠤᠯᠤᠯᠳᠠ | ᠰᠢᠨ᠎ᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠳᠤ ᠦᠶ᠎ᠠ ᠶᠢᠨ ᠲᠤᠭ᠎ᠠ | ᠪᠦᠷᠢᠳᠭᠡᠯ ᠤᠨ ᠲᠤᠭᠳᠠᠴᠠ ᠶᠢ ᠲᠦᠷᠭᠡᠳᠭᠡᠨ ᠪᠠᠶᠢᠭᠤᠯᠬᠤ ᠶᠡᠷᠦᠩᠬᠡᠢ ᠬᠠᠷᠠᠯᠳᠠ ᠶᠢᠨ ᠲᠤᠭᠤᠷᠢᠨ ᠳᠤ᠂ ᠤᠯᠤᠰ | ᠤᠨ ᠲᠤᠭᠳᠠᠭᠠᠭᠰᠠᠨ ︽ᠨᠢᠭᠡ ᠣᠨᠣᠯᠵᠢᠬᠤᠨ ᠢ ᠱᠤᠭᠤᠵᠤ᠂ ᠬᠤᠶᠠᠷ ᠶᠡᠭᠡ ᠲᠠᠯ᠎ᠠ ᠲᠠᠢ ᠵᠤᠬᠢᠴᠠᠨ᠂ ᠭᠤᠷᠪᠠᠨ | ᠬᠤᠪᠢᠷᠠᠯᠳᠠ ᠶᠢ ᠠᠬᠢᠭᠤᠯᠤᠨ᠂ ᠲᠦᠷᠪᠡᠨ ᠲᠡᠭᠡᠭᠰᠢᠯᠡᠯᠳᠡ ᠶᠢ ᠪᠡᠶᠡᠯᠡᠭᠦᠯᠬᠦ︾ ᠠᠵᠢᠯ ᠤᠨ ᠰᠡᠳᠭᠢᠴᠡ ᠶᠢ | ᠭᠦᠨᠵᠡᠭᠡᠢ ᠲᠤᠤᠱᠯᠠᠭᠤᠯᠬᠤ ᠬᠡᠷᠡᠭᠳᠡᠢ᠃ ᠤᠳᠤᠬᠠᠨ ᠤ ᠲᠤᠭ᠎ᠠ ᠪᠦᠷᠢᠳᠭᠡᠯ ᠪᠠ ᠪᠠᠶᠢᠴᠠᠭᠠᠯᠳᠠ ᠶᠢᠨ ᠲᠦᠷᠢᠮ᠂ | ᠴᠢᠳᠠᠪᠤᠷᠢ᠂ ᠠᠷᠭ᠎ᠠ ᠪᠠ ᠠᠪᠴᠠᠯ ᠵᠡᠷᠭᠡ ᠲᠠᠯ᠎ᠠ ᠳᠤ ᠤᠷᠤᠰᠢᠵᠤ ᠪᠠᠶᠢᠭ᠎ᠠ ᠪᠠᠭᠤᠷᠠᠢ ᠭᠤᠭᠴᠤᠭ᠎ᠠ ᠳᠤ ᠴᠢᠭᠯᠡᠭᠦᠯᠦᠨ᠂ | ᠲᠤᠭ᠎ᠠ ᠪᠦᠷᠢᠳᠭᠡᠯ ᠤᠨ ᠦᠭᠡᠷᠡᠴᠢᠯᠡᠯᠳᠡ ᠪᠠ ᠰᠢᠨ᠎ᠠ ᠶᠢ ᠡᠭᠦᠳᠬᠦ ᠶᠢ ᠲᠦᠷᠭᠡᠳᠭᠡᠨ ᠠᠬᠢᠭᠤᠯᠵᠤ᠂ ᠰᠢᠨ᠎ᠠ ᠠᠵᠤ | ᠦᠢᠯᠡᠰ ᠤᠨ ᠪᠠᠶᠢᠳᠠᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠳᠡᠢ᠃ ᠤᠯᠤᠰ ᠲᠦᠷᠦ ᠶᠢ ᠡᠷᠬᠢᠮᠯᠡᠬᠦ᠂ ᠨᠠᠮᠴᠢ | ᠴᠢᠨᠠᠷ ᠢ ᠡᠷᠬᠢᠮᠯᠡᠬᠦ᠂ ᠵᠠᠷᠴᠢᠮ ᠢ ᠡᠷᠬᠢᠮᠯᠡᠬᠦ ᠦᠨᠳᠦᠷᠴᠡ ᠳᠤ ᠵᠤᠭᠰᠤᠵᠤ᠂ ᠶᠠᠰᠤ ᠴᠢᠨᠠᠷ ᠤᠨ ᠤᠬᠠᠮᠰᠠᠷ ᠢᠶᠠᠨ | ᠴᠢᠩᠭᠠᠳᠬᠠᠨ᠂ ᠲᠤᠭ᠎ᠠ ᠪᠠᠷᠢᠮᠳᠠ ᠶᠢᠨ ᠦᠨᠡᠨ᠂ ᠨᠠᠶᠢᠳᠠᠪᠤᠷᠢᠳᠠᠢ᠂ ᠴᠢᠬᠤᠯᠠᠳᠠᠢ ᠪᠠᠶᠢᠬᠤ ᠶᠢ ᠪᠠᠳᠤᠯᠠᠬᠤ ᠬᠡᠷᠡᠭᠳᠡᠢ᠃ | ᠲᠤᠭ᠎ᠠ ᠪᠦᠷᠢᠳᠭᠡᠯ ᠤᠨ ᠵᠠᠳᠠᠯᠬᠤ ᠪᠠ ᠵᠢᠱᠢᠨ ᠮᠠᠭᠠᠳᠯᠠᠬᠤ ᠲᠦᠪᠰᠢᠨ ᠢ ᠲᠡᠭᠡᠭᠰᠢᠯᠡᠭᠦᠯᠵᠦ᠂ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠰᠠᠶᠢᠨ ︽ᠵᠠᠳᠠᠯᠤᠭᠴᠢ︾ ᠪᠠ ᠵᠦᠪᠯᠡᠨ ᠲᠤᠰᠠᠯᠠᠭᠴᠢ ᠪᠤᠯᠵᠤ᠂ ᠲᠤᠭ᠎ᠠ ᠪᠦᠷᠢᠳᠭᠡᠯ ᠤᠨ | ᠦᠢᠯᠡᠴᠢᠯᠡᠭᠡ ᠶᠢᠨ ᠴᠢᠭᠯᠡᠭᠦᠯᠦᠯᠳᠦ ᠴᠢᠨᠠᠷ ᠪᠤᠯᠤᠨ ᠪᠦᠳᠦᠮᠵᠢᠳᠦ ᠴᠢᠨᠠᠷ ᠢ ᠴᠢᠷᠮᠠᠶᠢᠨ ᠲᠡᠭᠡᠭᠰᠢᠯᠡᠭᠦᠯᠬᠦ ᠬᠡᠷᠡᠭᠳᠡᠢ | ᠬᠡᠵᠠᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠤᠭ᠎ᠠ | ᠪᠦᠷᠢᠳᠭᠡᠯ ᠪᠠ ᠪᠠᠶᠢᠴᠠᠭᠠᠯᠳᠠ ᠶᠢᠨ ᠠᠵᠢᠯ ᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠦᠨᠡᠨᠬᠦ ᠰᠠᠶᠢᠳᠤᠷ | ᠠᠳᠬᠤᠬᠤ ᠬᠡᠷᠡᠭᠳᠡᠢ᠃ ᠨᠠᠮ ᠤᠨ ᠤᠳᠤᠷᠢᠳᠤᠯᠭ᠎ᠠ ᠲᠤᠤᠷᠠᠬᠢ ᠲᠤᠭ᠎ᠠ ᠪᠦᠷᠢᠳᠭᠡᠯ ᠤᠨ ᠦᠭᠡᠷᠡᠴᠢᠯᠡᠯᠳᠡ ᠶᠢᠨ ᠠᠵᠢᠯ | ᠤᠨ ᠪᠠᠶᠢᠭᠤᠯᠤᠮᠵᠢ ᠲᠤᠭᠳᠠᠴᠠ ᠶᠢ ᠲᠡᠭᠦᠯᠳᠡᠷᠵᠢᠭᠦᠯᠵᠦ᠂ ᠲᠤᠭ᠎ᠠ ᠪᠦᠷᠢᠳᠭᠡᠯ ᠪᠠ ᠪᠠᠶᠢᠴᠠᠭᠠᠯᠳᠠ ᠶᠢᠨ ᠡᠩᠨᠡᠭᠡ ᠶᠢᠨ | ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠶᠡᠭᠡ ᠲᠠᠯ᠎ᠠ ᠶᠢᠨ | ᠤᠬᠠᠮᠰᠠᠷ ᠢᠶᠠᠨ ᠴᠢᠩᠭᠠᠳᠬᠠᠵᠤ᠂ ᠵᠤᠬᠢᠴᠠᠯᠴᠠᠨ ᠬᠤᠷᠰᠢᠬᠤ ᠶᠢ ᠴᠢᠩᠭᠠᠳᠬᠠᠵᠤ᠂ ᠰᠠᠯᠠᠭ᠎ᠠ ᠮᠦᠴᠢᠷ ᠤᠨ ᠲᠤᠭ᠎ᠠ | ᠪᠦᠷᠢᠳᠭᠡᠯ ᠪᠤᠯᠤᠨ ᠪᠠᠶᠢᠴᠠᠭᠠᠯᠳᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠳᠡᠢ᠃ ᠪᠦᠬᠦ ᠤᠷᠤᠨ | ᠤ ᠲᠤᠭ᠎ᠠ ᠪᠦᠷᠢᠳᠭᠡᠯ ᠪᠤᠯᠤᠨ ᠪᠠᠶᠢᠴᠠᠭᠠᠯᠳᠠ ᠶᠢᠨ ᠦᠭᠡᠷᠡᠴᠢᠯᠡᠯᠳᠡ ᠬᠦᠭᠵᠢᠯᠳᠡ ᠶᠢ ᠶᠡᠬᠡᠪᠡᠷ ᠠᠬᠢᠭᠤᠯᠵᠤ᠂ ︽ | 13· 5︾ ᠶᠢᠨ ᠲᠥᠯᠥᠪᠵᠢᠭᠦᠯᠭᠡ ᠶᠢᠨ ᠡᠬᠢᠯᠡᠯᠳᠡ ᠶᠢᠨ ᠵᠢᠯ ᠤᠨ ᠠᠮᠵᠢᠯᠳᠠ ᠶᠢ ᠤᠯᠬᠤ ᠳᠤ ᠬᠦᠴᠦᠨ | ᠨᠡᠮᠡᠷᠢᠯᠡᠬᠦ ᠬᠡᠷᠡᠭᠳᠡᠢ ᠬᠡᠵᠠᠢ᠃ |