ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠬᠤᠷᠠᠯ ᠭᠤᠷᠪᠠᠳᠤᠭᠠᠷ ᠪᠦᠬᠦᠳᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2016/3/14
     3 ᠳ᠋ᠤᠭᠠᠷ ᠰᠠᠷ᠎ᠠ ᠶᠢᠨ 13᠎ ᠤ ᠡᠳᠦᠷ ᠤᠨ ᠦᠳᠡ ᠶᠢᠨ ᠡᠮᠦᠨᠡᠬᠢ 9 ᠴᠠᠭ ᠲᠤ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠬᠤᠷᠠᠯ ᠠᠷᠠᠳ ᠤᠨ ᠶᠡᠭᠡ ᠬᠤᠷᠠᠯ ᠤᠨ ᠲᠢᠩᠬᠢᠮ ᠳᠤ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠢ ᠬᠤᠷᠠᠯᠳᠤᠭᠤᠯᠵᠤ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ ᠵᠧᠤ ᠴᠢᠶᠠᠩ ᠤᠨ  ᠬᠢᠭᠰᠡᠨ ᠮᠡᠳᠡᠭᠦᠯᠦᠯᠲᠡ ᠶᠢ ᠰᠣᠨᠣᠰᠴᠤ᠂  ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠲᠤᠬᠠᠢ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠭᠴᠢ ᠳᠠᠷᠤᠭ᠎ᠠ ᠼᠤᠤ ᠵᠢᠶᠠᠨ ᠮᠢᠩ ᠤᠨ ᠬᠢᠭᠰᠡᠨ ᠮᠡᠳᠡᠭᠦᠯᠦᠯᠲᠡ ᠶᠢ ᠰᠤᠨᠤᠰᠪᠠ᠃      ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ 2015 ᠣᠨ ᠳᠤ᠂ ᠠᠷᠠᠳ ᠤᠨ ᠳᠡᠭᠡᠳᠦ ᠰᠢᠭᠦᠬᠦ ᠬᠤᠷᠢᠶ᠎ᠠ ᠦᠨᠳᠦᠰᠦᠨ ᠬᠠᠤᠯᠢ ᠪᠤᠯᠤᠨ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ 15985 ᠬᠡᠷᠡᠭ ᠢ ᠬᠦᠯᠢᠶᠡᠨ ᠠᠪᠴᠤ᠂ 14135 ᠬᠡᠷᠡᠭ ᠢ ᠰᠢᠭᠦᠨ ᠲᠠᠰᠤᠯᠵᠤ᠂ 2014 ᠣᠨ ᠤ ᠬᠢ ᠠᠴᠠ ᠲᠤᠰ ᠪᠦᠷᠢ 42.6% ᠪᠠ 43%᠎ ᠪᠠᠷ ᠨᠡᠮᠡᠭᠳᠡᠭᠰᠡᠨ ᠪᠠᠶᠢᠨ᠎ᠠ︔ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠰᠢᠭᠦᠬᠦ ᠬᠤᠷᠢᠶ᠎ᠠ 1951.1 ᠲᠦᠮᠡᠨ ᠬᠡᠷᠡᠭ ᠢ ᠬᠦᠯᠢᠶᠡᠨ ᠠᠪᠴᠤ᠂ 1671.4 ᠲᠦᠮᠡᠨ ᠬᠡᠷᠡᠭ ᠢ ᠰᠢᠭᠦᠨ ᠲᠠᠰᠤᠯᠠᠭᠰᠠᠨ ᠪᠦᠭᠡᠳ ᠭᠦᠢᠴᠡᠳᠬᠡᠨ ᠳᠠᠭᠤᠰᠬᠠᠵᠤ᠂ ᠬᠡᠷᠡᠭ ᠳᠠᠭᠤᠰᠬᠠᠭᠰᠠᠨ ᠬᠠᠷᠠᠯᠲᠠ ᠶᠢᠨ ᠲᠤᠭ᠎ᠠ 4 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠬᠤ ᠪᠠᠷ ᠳᠠᠮᠵᠢᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠷᠮᠠᠶᠢᠨ ᠦᠢᠯᠡᠴᠢᠯᠡᠭᠰᠡᠨ ᠪᠦᠭᠡᠳ ᠲᠡᠭᠦᠨ ᠢ ᠪᠠᠲᠤᠯᠠᠭᠰᠠᠨ ᠪᠠᠶᠢᠨ᠎ᠠ ᠬᠡᠪᠡ᠃      ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠨᠤᠭᠤᠳ ᠠᠮᠤᠷ ᠲᠠᠶᠢᠪᠤᠩ ᠳᠤᠮᠳᠠᠳᠤ ᠤᠯᠤᠰ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠳᠭᠡᠵᠤ᠂ ᠡᠬᠢ ᠡᠭᠦᠰᠦᠯ ᠠᠴᠠ ᠨᠢ ᠵᠠᠰᠠᠬᠤ ᠶᠢ ᠲᠦᠯᠬᠢᠨ ᠠᠬᠢᠭᠤᠯᠵᠤ᠂ ᠡᠯ᠎ᠡ ᠲᠦᠷᠦᠯ ᠤᠨ ᠡᠷᠡᠭᠦᠦ ᠶᠢᠨ ᠶᠠᠯᠠᠲᠤ ᠠᠵᠢᠯᠯᠠᠭ᠎ᠠ ᠬᠢᠭᠰᠡᠨ ᠰᠡᠵᠢᠭᠯᠡᠯᠲᠡᠶ ᠬᠥᠮᠦᠨ ᠢ ᠨᠡᠶᠢᠲᠡ 873148᠎ ᠶᠢ ᠵᠦᠪᠰᠢᠶᠡᠷᠡᠨ ᠪᠠᠷᠢᠪᠴᠢᠯᠠᠵᠤ᠂ 1390933 ᠬᠥᠮᠦᠨ ᠳᠤ ᠠᠯᠪᠠᠨ ᠵᠠᠭᠠᠯᠳᠤᠯᠭ᠎ᠠ ᠬᠢᠪᠡ︔ ᠢᠯᠵᠠᠷᠠᠯ ᠢ ᠡᠰᠡᠷᠭᠦᠴᠡᠬᠦ ᠲᠡᠮᠡᠴᠡᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ︽ᠪᠠᠷᠰ︾ ︽ᠢᠯᠠᠭ᠎ᠠ︾᠎ ᠶᠢ ᠬᠠᠮᠲᠤ ᠳᠤᠨᠢ ᠴᠣᠬᠢᠵᠤ᠂ ᠵᠠᠯᠬᠠᠭᠠᠨ ᠰᠢᠳᠭᠡᠬᠦ ᠪᠠ ᠤᠷᠢᠳᠴᠢᠯᠠᠨ ᠰᠡᠷᠭᠡᠶᠢᠯᠡᠬᠦ ᠶᠢ ᠬᠠᠮᠲᠤ ᠳᠤᠨᠢ ᠠᠳᠬᠤᠬᠤ ᠶᠢ ᠪᠠᠷᠢᠮᠲᠠᠯᠠᠪᠠ᠃ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠨᠤᠭᠤᠳ 54249 ᠬᠥᠮᠦᠨ ᠤ ᠡᠷᠬᠡ ᠲᠤᠰᠢᠶᠠᠯ ᠢᠶᠠᠨ ᠠᠰᠢᠭᠯᠠᠨ ᠦᠢᠯᠡᠳᠦᠭᠰᠡᠨ ᠨᠡᠶᠢᠲᠡ 40834 ᠶᠠᠯᠠᠲᠤ ᠬᠡᠷᠡᠭ ᠢ ᠳᠠᠩᠰᠠᠯᠠᠨ ᠪᠠᠶᠢᠴᠠᠭᠠᠪᠠ︔ ᠵᠠᠭᠠᠯᠳᠤᠬᠤ ᠠᠵᠢᠯᠯᠠᠭ᠎ᠠ ᠳᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠢᠨᠠᠯᠲᠠ ᠲᠠᠯᠪᠢᠬᠤ ᠪᠠᠶᠢᠴᠠᠭᠠᠬᠤ ᠪᠠᠶᠢᠭᠤᠯᠭ᠎ᠠ 14509 ᠬᠡᠷᠡᠭ ᠢ ᠳᠠᠩᠰᠠᠯᠠᠵᠤ᠂ 18196 ᠬᠥᠮᠦᠨ ᠢ ᠨᠡᠬᠡᠮᠵᠢᠯᠡᠨ ᠪᠠᠷᠢᠪᠴᠢᠯᠠᠵᠤ᠂ 23722 ᠬᠥᠮᠦᠨ ᠢ ᠨᠡᠬᠡᠮᠵᠢᠯᠡᠨ ᠵᠠᠭᠠᠯᠳᠤᠪᠠ ᠬᠡᠪᠡ᠃      ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠤᠷᠤᠯᠴᠠᠭᠰᠠᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号