ᠨᠢᠳᠤᠨᠤᠨ ᠲᠠᠷᠢᠶᠠᠯᠠᠩ ᠤᠨ ᠳᠠᠭᠠᠳᠬᠠᠯ ᠤᠨ ᠲᠥᠯᠥᠪᠦᠷᠢ ᠶᠢ 17.86 ᠳ᠋ᠦᠩᠰᠢᠭᠤᠷ ᠲᠥᠭᠦᠷᠢᠭ ᠲᠥᠯᠥᠪᠡ
ᠨᠡᠶᠢᠲᠡᠯᠡᠭᠰᠡᠨ ᠴᠠᠭ᠄
2016/3/14
      ᠮᠠᠨ ᠤ ᠣᠷᠣᠨ ᠪᠣᠯ ᠮᠠᠯ ᠲᠠᠷᠢᠶᠠᠯᠠᠩ ᠤᠨ ᠲᠤᠮᠤ ᠣᠷᠣᠨ ᠶᠤᠮ᠂ ᠪᠠᠰᠠ ᠴᠤ ᠤᠮᠠᠷᠠᠲᠤ ᠣᠷᠣᠨ ᠤ ᠨᠡᠶᠢᠲᠡᠯᠢᠭ ᠭᠠᠩ ᠬᠠᠭᠤᠷᠠᠶ ᠣᠷᠣᠨ ᠪᠣᠯᠬᠤᠷ᠂ ᠮᠠᠯ ᠰᠦᠷᠦᠭ ᠪᠣᠯᠤᠨ ᠲᠠᠷᠢᠮᠠᠯ ᠤᠨ ᠳᠠᠭᠠᠳᠬᠠᠯ ᠣᠷᠣᠭᠤᠯᠬᠤ ᠨᠢ ᠨᠡᠩ ᠴᠢᠬᠤᠯᠠ ᠶᠤᠮ᠃ ᠪᠦᠷᠢᠳᠬᠡᠯ ᠢ ᠦᠨᠳᠦᠰᠦᠯᠡᠪᠡᠯ᠂ 2015 ᠣᠨ ᠪᠣᠯᠬᠤ ᠳᠤ᠂ ᠪᠥᠬᠦ ᠣᠷᠣᠨ ᠤ ᠲᠠᠷᠢᠶᠠᠯᠠᠩ ᠤᠨ ᠳᠠᠭᠠᠳᠬᠠᠯ ᠤᠨ ᠲᠥᠯᠥᠪᠦᠷᠢ ᠨᠡᠶᠢᠳᠡ 17.86 ᠳ᠋ᠦᠩᠰᠢᠭᠤᠷ ᠲᠥᠭᠦᠷᠢᠭ ᠪᠠᠶᠢᠵᠤ᠂  246.28 ᠲᠦᠮᠡᠨ ᠡᠷᠦᠬᠡ ︵ᠤᠳᠠᠭ᠎ᠠ︶ ᠲᠠᠷᠢᠶᠠᠴᠢᠨ ᠠᠰᠢᠭ ᠬᠦᠷᠲᠡᠵᠦ᠂ ᠡᠷᠦᠬᠡ ᠪᠦᠷᠢ ᠶᠢᠨ ᠳᠤᠮᠳᠠᠴᠢ ᠲᠥᠯᠥᠪᠦᠷᠢ 725 ᠲᠥᠭᠦᠷᠢᠭ ᠲᠤ ᠬᠦᠷᠴᠦ᠂ ᠪᠠᠷᠤᠭ ᠪᠥᠬᠦ ᠣᠷᠣᠨ ᠤ ᠪᠠᠶᠢᠩᠭᠤ ᠰᠠᠭᠤᠭ᠎ᠠ ᠮᠠᠯᠴᠢᠨ ᠲᠠᠷᠢᠶᠠᠴᠢᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢᠨ 7.26%᠎ ᠶᠢ ᠡᠵᠡᠯᠡᠪᠡ᠃      ᠲᠠᠷᠢᠶᠠᠯᠠᠩ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠡᠳᠦᠷ ᠢᠷᠡᠬᠦᠶ᠎ᠡ ᠥᠷᠭᠡᠵᠢᠵᠦ᠂ ᠳᠠᠭᠠᠳᠬᠠᠯ ᠤᠨ ᠬᠠᠷᠢᠭᠤᠴᠠᠯᠭ᠎ᠠ ᠶᠢᠨ ᠬᠡᠪᠴᠢᠶ᠎ᠡ ᠥᠷᠭᠡᠳᠬᠡᠵᠦ᠂ ᠦᠨᠳᠦᠰᠦᠨ ᠱᠠᠲᠤᠨ ᠤ ᠦᠢᠯᠡᠴᠢᠯᠡᠭᠡᠨ ᠤ ᠲᠣᠣᠷ ᠰᠦᠯᠵᠢᠶ᠎ᠡ ᠤᠯᠠᠮ ᠲᠡᠭᠦᠯᠳᠡᠷᠵᠢᠪᠡ᠃ 2015 ᠣᠨ ᠳᠤ᠂ ᠮᠠᠨ ᠤ ᠣᠷᠣᠨ ᠤ ᠳᠠᠭᠠᠳᠬᠠᠯ ᠳᠤ ᠣᠷᠣᠯᠴᠠᠭᠰᠠᠨ 12 ᠲᠥᠷᠥᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠂ ᠡᠭᠦᠨ ᠤ ᠳᠣᠲᠣᠷ᠎ᠠ ᠲᠥᠮᠥᠰᠥ ᠪᠠ ᠲᠠᠸᠠᠷ ᠤᠨ ᠪᠤᠳᠠ ᠮᠣᠳᠣᠨ ᠤᠢ ᠶᠢᠨ ᠢᠯᠡᠳᠬᠡᠮᠵᠢ ᠶᠢᠨ ᠬᠠᠷᠢᠴᠠᠯ 100 %᠎ ᠳᠤ ᠬᠦᠷᠪᠡ︔ ᠲᠠᠯ᠎ᠠ ᠨᠤᠲᠤᠭ ᠤᠨ ᠮᠠᠯᠵᠢᠬᠤ ᠣᠷᠣᠨ ᠤ ᠦᠬᠡᠷ᠂ ᠬᠤᠨᠢ ᠶᠢᠨ ᠴᠠᠭ ᠠᠭᠤᠷ ᠢᠯᠡᠳᠬᠡᠭᠴᠢ ᠶᠢᠨ ᠳᠠᠭᠠᠳᠬᠠᠯ ᠤᠨ ᠲᠤᠷᠰᠢᠯᠲᠠ ᠬᠢᠪᠡ᠃ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠡᠳ᠋ ᠤᠨ ᠶᠠᠪᠤᠳᠠᠯ ᠤᠨ ᠳᠠᠭᠠᠳᠬᠠᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠰᠢᠯᠢ ᠶᠢᠨ ᠭᠤᠣᠯ ᠠᠶᠢᠮᠠᠭ ᠤᠨ 2 ᠮᠠᠯᠵᠢᠯ ᠤᠨ ᠲᠠᠯᠠᠪᠠᠢ ᠶᠢᠨ 20 ᠲᠦᠮᠡᠨ ᠲᠣᠯᠣᠭᠠᠢ ᠠᠯᠠᠰᠢᠨ ᠬᠤᠨᠢ ᠳᠤ 2500 ᠲᠦᠮᠡᠨ ᠲᠥᠭᠦᠷᠢᠭ ᠤᠨ ᠴᠠᠭ ᠠᠭᠤᠷ ᠤᠨ ᠢᠯᠡᠳᠬᠡᠭᠴᠢ ᠳᠠᠭᠠᠳᠬᠠᠯ ᠤᠨ ᠪᠠᠲᠤᠯᠠᠭ᠎ᠠ ᠬᠠᠩᠭᠠᠵᠤ᠂ ᠮᠠᠨ ᠤ ᠤᠯᠤᠰ ᠤᠨ ᠲᠠᠯ᠎ᠠ ᠨᠤᠲᠤᠭ ᠤᠨ ᠮᠠᠯᠵᠢᠬᠤ ᠣᠷᠣᠨ ᠤ ᠴᠠᠭ ᠠᠭᠤᠷ ᠤᠨ ᠢᠯᠡᠳᠭᠡᠭᠴᠢ ᠳᠠᠭᠠᠳᠬᠠᠯ ᠤᠨ ᠪᠦᠲᠦᠭᠡᠭᠳᠡᠬᠦᠨ ᠤ ᠬᠤᠭᠤᠰᠣᠨ ᠢ ᠨᠥᠬᠦᠪᠦᠷᠢᠯᠡᠪᠡ︔ ᠲᠥᠮᠥᠰᠥ ᠶᠢᠨ ᠬᠠᠷᠠᠯᠲᠠᠲᠤ ᠦᠨ᠎ᠡ ᠶᠢᠨ ᠳᠠᠭᠠᠳᠬᠠᠯ ᠤᠨ ᠲᠤᠷᠰᠢᠯᠲᠠ ᠶᠢ ᠡᠬᠢᠯᠡᠭᠦᠯᠵᠦ᠂ 1.16 ᠲᠦᠮᠡᠨ ᠮᠦ ᠲᠥᠮᠥᠰᠥ ᠳᠤ 1990.89 ᠲᠦᠮᠡᠨ ᠲᠥᠭᠦᠷᠢᠭ ᠤᠨ ᠠᠶᠤᠯ ᠲᠦᠭᠰᠢᠭᠦᠷᠢ ᠶᠢᠨ ᠪᠠᠲᠤᠯᠠᠭ᠎ᠠ ᠬᠠᠩᠭᠠᠪᠠ᠂ ᠭᠠᠮᠰᠢᠭ ᠤᠨ ᠬᠤᠬᠢᠷᠠᠯ ᠢ ᠨᠥᠬᠦᠪᠥᠷᠢᠯᠡᠬᠦ ᠪᠠ ᠵᠠᠬ᠎ᠠ ᠳᠡᠯᠭᠡᠭᠦᠷ ᠤᠨ ᠦᠨ᠎ᠡ ᠬᠡᠯᠪᠡᠯᠵᠡᠯ ᠤᠨ ᠬᠤᠬᠢᠷᠠᠯ ᠢ ᠨᠥᠬᠦᠨ ᠲᠦ᠋ᠯᠦᠬᠦ ᠳᠠᠪᠬᠤᠷ ᠪᠠᠲᠤᠯᠠᠭ᠎ᠠ ᠶᠢᠨ ᠰᠢᠰᠲ᠋ᠧᠮᠵᠢ ᠶᠢ ᠪᠤᠢ ᠪᠣᠯᠭᠠᠵᠤ᠂ ︽ᠲᠥᠮᠥᠰᠥ ᠶᠢᠨ ᠦᠨ᠎ᠡ ᠬᠢᠮᠳᠠᠷᠠᠭᠠᠳ ᠲᠠᠷᠢᠶᠠᠴᠢᠳ ᠢ ᠬᠤᠬᠢᠷᠠᠭᠤᠯᠬᠤ︾ ᠠᠰᠠᠭᠤᠳᠠᠯ ᠢ ᠰᠢᠢᠳᠪᠦᠷᠢᠯᠡᠪᠡ︔ ᠦᠵᠦᠮ᠂ ᠠᠮᠲᠠᠲᠤ ᠬᠡᠮᠬᠡ᠂ ᠲᠥᠪᠡᠳ ᠬᠠᠰᠢ᠂ ᠵᠠᠳᠠᠭᠠᠶ ᠭᠠᠵᠠᠷ ᠤᠨ ᠢᠳᠡᠰᠢᠨ ᠨᠣᠭᠤᠭ᠎ᠠ ᠵᠡᠷᠭᠡ ᠥᠪᠡᠷᠲᠡᠭᠡᠨ ᠵᠠᠰᠠᠬᠤ ᠣᠷᠣᠨ ᠤ ᠣᠨᠴᠠᠯᠢᠭ ᠪᠦᠬᠦᠢ ᠲᠦᠷᠦᠯ ᠵᠦᠢᠯ ᠢ ᠣᠷᠣᠨ ᠨᠤᠲᠤᠭ ᠤᠨ ᠡᠳ᠋ ᠤᠨ ᠵᠠᠰᠠᠭ ᠠᠴᠠ ᠨᠥᠬᠦᠪᠥᠷᠢ ᠥᠭᠬᠦ ᠲᠤᠷᠰᠢᠯᠲᠠ ᠳᠤ ᠣᠷᠣᠭᠤᠯᠪᠡ᠃ ᠨᠥᠬᠦᠪᠥᠷᠢ ᠶᠢᠨ ᠬᠠᠷᠢᠴᠠᠯ ᠨᠢ ᠬᠠᠮᠤᠭ ᠶᠡᠭᠡ ᠳᠡᠭᠡᠨ 90 %᠎ ᠳᠤ ᠬᠦᠷᠪᠡ᠃ ᠣᠳᠣᠬᠠᠨ ᠪᠣᠯᠲᠠᠯ᠎ᠠ ᠣᠨᠴᠠᠯᠢᠭ ᠪᠦᠬᠦᠢ ᠲᠠᠷᠢᠮᠠᠯ ᠢ 10.64 ᠲᠦᠮᠡᠨ ᠮᠦ ᠳᠠᠭᠠᠭᠠᠴᠢᠯᠠᠵᠤ᠂ ᠡᠳ᠋ ᠤᠨ ᠵᠠᠰᠠᠭ ᠠᠴᠠ 360 ᠲᠦᠮᠡᠨ ᠲᠥᠭᠦᠷᠢᠭ ᠤᠨ ᠨᠥᠬᠦᠪᠦᠷᠢ ᠮᠥᠩᠭᠦ ᠣᠯᠭᠤᠵᠤ᠂ 5385.44 ᠲᠦᠮᠡᠨ ᠲᠥᠭᠦᠷᠢᠭ ᠤᠨ ᠠᠶᠤᠯ ᠲᠦᠭᠰᠢᠭᠦᠷᠢ ᠶᠢᠨ ᠪᠠᠲᠤᠯᠠᠭ᠎ᠠ ᠬᠠᠩᠭᠠᠵᠤ᠂ 3900 ᠲᠠᠷᠢᠶᠠᠴᠢᠨ ᠡᠷᠦᠬᠡ ᠳᠤ ᠠᠰᠢᠭ ᠬᠦᠷᠲᠡᠭᠡᠪᠡ᠃      ᠡᠭᠦᠨ ᠠᠴᠠ ᠭᠠᠳᠠᠨ᠎ᠠ᠂ ᠮᠠᠨ ᠤ ᠣᠷᠣᠨ ᠪᠠᠰᠠ ᠲᠠᠷᠢᠶᠠᠯᠠᠩ ᠤᠨ ᠳᠠᠭᠠᠳᠬᠠᠯ ᠤᠨ ᠲᠤᠰᠬᠠᠶ ᠪᠡᠯᠡ ᠮᠥᠩᠭᠦ ᠶᠢᠨ ᠬᠥᠮᠥᠷᠭᠡ ᠪᠠᠶᠢᠭᠤᠯᠪᠠ᠃ 2015 ᠣᠨ ᠤ ᠪᠦᠬᠦ ᠣᠷᠣᠨ ᠤ ᠳᠠᠭᠠᠳᠬᠠᠯ ᠤᠨ ᠦᠢᠯᠡᠰ ᠲᠠᠷᠢᠵᠤ ᠲᠡᠵᠢᠭᠡᠬᠦ ᠦᠢᠯᠡᠰ ᠤᠨ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠪᠡᠯᠡ ᠮᠥᠩᠭᠦ ᠶᠢ 9782.1 ᠲᠦᠮᠡᠨ ᠲᠥᠭᠦᠷᠢᠭ ᠣᠷᠣᠭᠤᠯᠪᠠ᠃ ᠪᠦᠬᠦ ᠵᠢᠯ ᠤᠨ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠪᠡᠯᠡ ᠮᠥᠩᠭᠦ ᠶᠢᠨ ᠣᠷᠣᠭᠤᠯᠤᠯᠲᠠ ᠨᠢ 2007 ᠣᠨ ᠤ ᠲᠦᠷᠦ ᠶᠢᠨ ᠪᠤᠳᠤᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠢ ᠪᠠᠶᠢᠭᠤᠯᠤᠭᠰᠠᠨ ᠠᠴᠠ ᠨᠠᠰᠢ ᠵᠢᠯ ᠳᠠᠷᠠᠭᠠᠯᠠᠭᠰᠠᠨ ᠣᠷᠣᠭᠤᠯᠤᠯᠲᠠ ᠶᠢᠨ ᠨᠡᠶᠢᠯᠡᠪᠦᠷᠢ ᠠᠴᠠ ᠳᠡᠭᠡᠭᠦᠷ ᠪᠠᠶᠢᠵᠤ᠂ ᠪᠡᠯᠡ ᠮᠥᠩᠭᠦ ᠶᠢ ᠭᠤᠣᠯᠳᠠᠭᠤ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠡᠪᠡᠳᠴᠢᠨ ᠬᠤᠷᠣᠬᠠᠶ ᠶᠢ ᠨᠢᠭᠡᠳᠦᠯᠲᠡᠶ ᠪᠠᠷ ᠰᠡᠷᠭᠡᠶᠢᠯᠡᠨ ᠨᠢᠭᠡᠳᠦᠯᠲᠡᠶ ᠪᠠᠷ ᠵᠠᠰᠠᠬᠤ᠂ ᠲᠤᠮᠤ ᠳᠤᠮᠳᠠ ᠬᠡᠯᠪᠡᠷᠢ ᠶᠢᠨ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠠᠵᠢᠯ ᠢ ᠳᠡᠮᠵᠢᠬᠦ ᠳᠤ ᠬᠡᠷᠡᠭᠯᠡᠵᠦ᠂ ᠬᠥᠳᠡᠭᠡ ᠠᠵᠤ ᠠᠬᠤᠶ ᠶᠢᠨ ᠦᠢᠯᠡᠳᠪᠦᠷᠢᠯᠡᠯ ᠤᠨ ᠨᠥᠬᠦᠴᠡᠯ ᠢ ᠶᠡᠭᠡ ᠪᠠᠷ ᠰᠠᠶᠢᠵᠢᠷᠠᠭᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号