︽ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠦᠨ᠎ᠠ ᠬᠠᠩᠰᠢ ᠶᠢᠨ | ᠲᠤᠭᠳᠠᠴᠠ ᠶᠢᠨ ᠦᠬᠡᠷᠡᠴᠢᠯᠡᠯᠳᠡ ᠶᠢ ᠠᠬᠢᠭᠤᠯᠬᠤ ᠲᠤᠬᠠᠢ ᠰᠠᠨᠠᠯ ᠤᠳ︾ ︵ᠲᠦᠪ ᠠᠴᠠ ᠲᠠᠷᠬᠠᠭᠠᠬᠰᠠᠨ 中发 | ︹2015︺ 28 ᠳ᠋ᠤᠭᠠᠷ ᠲᠤᠭᠠᠳᠤ︶ ᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠨ᠎ᠠ | ᠬᠠᠩᠰᠢ ᠶᠢᠨ ᠦᠬᠡᠷᠡᠴᠢᠯᠡᠯᠳᠡ ᠶᠢᠨ ᠬᠦᠨᠵᠡᠭᠡᠶᠢᠷᠡᠨ ᠬᠦᠭᠵᠢᠬᠦ ᠶᠢ ᠠᠬᠢᠭᠤᠯᠵᠤ᠂ ᠭᠤᠤᠯ ᠨᠢ ᠵᠠᠬ᠎ᠠ ᠲᠡᠯᠬᠡᠬᠦᠷ ᠢᠶᠠᠷ | ᠲᠤᠭᠲᠠᠭᠠᠯᠭᠠᠬᠤ ᠦᠨ᠎ᠠ ᠬᠠᠩᠰᠢ ᠶᠢᠨ ᠲᠤᠭᠳᠠᠴᠠ ᠶᠢ ᠲᠦᠷᠭᠡᠳᠬᠡᠨ ᠲᠡᠬᠦᠯᠳᠡᠷᠵᠢᠬᠦᠯᠬᠦ ᠶᠢᠨ ᠲᠦᠯᠦᠬᠡ᠂ | ᠦᠪᠡᠷᠲᠡᠭᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠤᠷᠠᠬᠢ ᠬᠡᠷᠡᠭᠵᠢᠬᠦᠯᠬᠦ ᠰᠠᠨᠠᠯ ᠢ ᠲᠤᠷᠠᠳᠪᠠ᠃ | | ᠨᠢᠬᠡ᠂ ᠶᠡᠷᠦᠩᠬᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠨᠠᠮ ᠤᠨ | ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ | ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠨᠠᠮ ᠤᠨ ᠲᠦᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠤᠰᠤᠭᠠᠷ᠂ ᠠᠵᠦ | ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠤᠬᠢᠴᠠᠬᠤ ᠪᠠ ᠬᠦᠳᠦᠯᠦᠨ | ᠲᠠᠭᠠᠭᠤᠯᠵᠤ᠂ ᠵᠠᠬ᠎ᠠ ᠲᠡᠯᠬᠡᠬᠦᠷ ᠤᠨ ᠡᠬᠢ ᠪᠠᠶᠠᠯᠢᠬ ᠤᠨ ᠲᠤᠬᠢᠷᠠᠭᠤᠯᠤᠯᠳᠠ ᠲᠤᠮᠳᠠᠬᠢ ᠰᠢᠢᠳᠪᠦᠷᠢᠯᠡᠭᠴᠢ ᠴᠢᠨᠠᠷᠳᠠᠢ | ᠦᠢᠯᠡᠳᠦᠯ ᠢ ᠪᠠᠳᠠᠷᠠᠭᠤᠯᠬᠤ ᠪᠠ ᠵᠠᠰᠠᠬ ᠤᠨ ᠤᠷᠳᠤᠨ ᠤ ᠦᠢᠯᠡᠳᠦᠯ ᠢ ᠨᠡᠩ ᠰᠠᠶᠢᠳᠤᠷ ᠪᠠᠳᠠᠷᠠᠭᠤᠯᠬᠤ ᠶᠢᠨ | ᠲᠤᠭᠤᠷᠢᠨ ᠳᠤ᠂ ᠦᠨ᠎ᠠ ᠬᠠᠩᠰᠢ ᠶᠢᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠦ᠂ | ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠦᠨ᠎ᠠ ᠬᠠᠩᠰᠢ ᠪᠦᠷᠢᠯᠳᠦᠬᠦ ᠲᠤᠬᠳᠠᠴᠠ ᠶᠢ ᠲᠡᠬᠦᠯᠳᠡᠷᠵᠢᠬᠦᠯᠦᠨ᠂ | ᠵᠠᠰᠠᠬ ᠤᠨ ᠤᠷᠳᠤᠨ ᠠᠴᠠ ᠦᠨ᠎ᠠ ᠬᠠᠩᠰᠢ ᠶᠢ ᠲᠤᠭᠲᠠᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠤ᠂ ᠵᠠᠬ᠎ᠠ | ᠲᠡᠯᠬᠡᠬᠦᠷ ᠤᠨ ᠦᠨ᠎ᠠ ᠬᠠᠩᠰᠢ ᠶᠢᠨ ᠬᠢᠨᠠᠨ ᠬᠠᠮᠢᠶᠠᠷᠤᠯᠳᠠ ᠪᠠ ᠭᠠᠭᠴᠠᠭᠠᠷ ᠡᠵᠡᠮᠰᠢᠯ ᠢ ᠡᠰᠡᠷᠬᠦᠴᠡᠬᠦ ᠬᠠᠤᠯᠢ | ᠬᠡᠷᠡᠭᠵᠢᠬᠦᠯᠦᠯᠳᠡ ᠶᠢ ᠴᠢᠩᠭᠠᠳᠬᠠᠨ᠂ ᠠᠵᠦ ᠠᠬᠤᠢ ᠨᠡᠶᠢᠬᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠳᠤ | ᠰᠠᠶᠢᠨ ᠰᠠᠶᠢᠬᠠᠨ ᠦᠨ᠎ᠡ ᠬᠠᠩᠰᠢ ᠶᠢᠨ ᠤᠷᠴᠢᠨ ᠲᠤᠭᠤᠷᠢᠨ ᠢ ᠡᠭᠦᠳᠦᠨ᠎ᠠ᠃ | ︵ᠬᠤᠶᠠᠷ︶ ᠦᠨᠳᠦᠰᠦᠨ ᠵᠠᠷᠴᠢᠮ | — ᠵᠠᠬ᠎ᠠ ᠲᠡᠯᠬᠡᠬᠦᠷ ᠢᠶᠠᠷ ᠲᠤᠭᠳᠠᠭᠠᠯᠭᠠᠬᠤ ᠶᠢ ᠪᠠᠷᠢᠮᠳᠠᠯᠠᠨ᠎ᠠ᠃ ᠵᠠᠰᠠᠬ ᠤᠨ ᠤᠷᠳᠤᠨ ᠪᠠ ᠵᠠᠬ᠎ᠠ | ᠲᠡᠯᠬᠡᠬᠦᠷ ᠤᠨ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠨ᠂ ᠵᠠᠰᠠᠬ ᠢ ᠴᠤᠮᠬᠠᠳᠬᠠᠨ ᠡᠷᠬᠡ ᠶᠢ ᠲᠤᠷᠤᠬᠰᠢ | ᠲᠠᠯᠪᠢᠬᠤ ᠶᠢ ᠬᠦᠨᠵᠡᠬᠡᠢ ᠠᠬᠢᠭᠤᠯᠵᠦ᠂ ᠵᠠᠬ᠎ᠠ ᠲᠡᠯᠬᠡᠬᠦᠷ ᠢᠶᠠᠷ ᠪᠦᠷᠢᠯᠳᠦᠵᠦ ᠪᠤᠯᠬᠤ ᠦᠨ᠎ᠠ ᠬᠠᠩᠰᠢ ᠶᠢ ᠪᠦᠷ ᠵᠠᠬ᠎ᠠ | ᠲᠡᠯᠬᠡᠬᠦᠷ ᠲᠤ᠋ ᠲᠤᠰᠢᠶᠠᠨ᠂ ᠵᠠᠰᠠᠬ ᠤᠨ ᠤᠷᠳᠤᠨ ᠠᠴᠠ ᠵᠦᠢ ᠵᠤᠬᠢᠰ ᠦᠬᠡᠢ ᠪᠠᠷ ᠭᠠᠷ ᠲᠦᠷᠦᠬᠦ ᠦᠬᠡᠢ᠃ ᠤᠯᠤᠰ | ᠤᠨ ᠨᠢᠬᠡᠳᠦᠯᠳᠡᠢ ᠪᠠᠶᠢᠷᠢᠯᠠᠭᠤᠯᠤᠯᠳᠠ ᠶᠤᠰᠤᠭᠠᠷ᠂ ᠤᠰᠤ᠂ ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠢ ᠬᠡᠢ᠂ | ᠴᠠᠬᠢᠯᠭᠠᠨ ᠬᠦᠴᠦ᠂ ᠵᠠᠮ ᠬᠠᠷᠢᠯᠴᠠᠭ᠎ᠠ ᠲᠡᠬᠡᠬᠡᠪᠦᠷᠢ᠂ ᠡᠮ ᠡᠮᠨᠡᠯᠬᠡ᠂ ᠰᠤᠷᠭᠠᠨ ᠬᠦᠮᠦᠵᠢᠯ᠂ ᠤᠷᠴᠢᠨ ᠲᠤᠭᠤᠷᠢᠨ | ᠵᠡᠷᠭᠡ ᠬᠦᠷᠢᠶ᠎ᠠ ᠴᠠᠷᠠᠭ᠎ᠠ ᠶᠢᠨ ᠦᠨ᠎ᠠ ᠬᠠᠩᠰᠢ ᠶᠢᠨ ᠦᠬᠡᠷᠡᠴᠢᠯᠡᠯᠳᠡ ᠶᠢ ᠨᠠᠶᠢᠳᠠᠪᠤᠷᠢᠵᠢᠭᠤᠯᠤᠨ᠂ ᠦᠷᠢᠰᠦᠯᠳᠦᠬᠦ | ᠴᠢᠨᠠᠷᠳᠠᠢ ᠭᠤᠬᠴᠤᠭᠠᠨ ᠤ ᠦᠨ᠎ᠠ ᠬᠠᠩᠰᠢ ᠶᠢ ᠴᠢᠯᠦᠬᠡᠳᠡᠢ ᠲᠠᠯᠪᠢᠵᠦ᠂ ᠵᠠᠬ᠎ᠠ ᠲᠡᠯᠬᠡᠬᠦᠷ ᠤᠨᠦᠨᠠ ᠬᠠᠩᠰᠢ ᠶᠢ | ᠲᠣᠭᠲᠠᠭᠠᠬᠤ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ | — ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠳᠠᠯᠠᠨ᠎ᠠ᠃ ᠬᠠᠤᠯᠢᠵᠢᠯ᠂ ᠡᠷᠭᠡ ᠲᠡᠭᠰᠢ᠂ | ᠬᠠᠷᠢᠭᠤᠴᠠᠯᠭ᠎ᠠ ᠶᠢᠨ ᠤᠬᠠᠮᠰᠠᠷ ᠢ ᠴᠢᠨᠠᠬᠰᠢᠳᠠ ᠴᠢᠩᠭᠠᠷᠠᠭᠤᠯᠤᠨ᠂ ᠠᠵᠦ ᠠᠬᠤᠢᠢᠯᠠᠯ ᠤᠨ ᠪᠡᠶ᠎ᠠ ᠪᠠᠨ ᠲᠠᠭᠠᠭᠠᠨ | ᠦᠨ᠎ᠠ ᠬᠠᠩᠰᠢ ᠶᠢ ᠲᠤᠭᠲᠠᠭᠠᠬᠤ ᠡᠷᠬᠡ᠂ ᠬᠡᠷᠡᠭᠯᠡᠭᠴᠢᠳ ᠤᠨ ᠴᠢᠯᠦᠬᠡᠳᠡᠢ ᠪᠠᠷ ᠰᠤᠩᠭᠤᠬᠤ ᠡᠷᠬᠡ ᠶᠢ | ᠬᠦᠨᠳᠦᠳᠬᠡᠵᠦ᠂ ᠬᠡᠷᠡᠭ ᠶᠠᠪᠤᠳᠠᠯ ᠤᠨ ᠲᠤᠮᠳᠠᠬᠢ ᠪᠠ ᠬᠤᠶᠢᠨᠠᠬᠢ ᠭᠤᠬᠴᠤᠭᠠᠨ ᠤ ᠬᠢᠨᠠᠨ ᠬᠠᠮᠢᠶᠠᠷᠤᠯᠳᠠ ᠶᠢ | ᠴᠢᠩᠭᠠᠳᠬᠠᠨ᠂ ᠦᠨ᠎ᠠ ᠬᠠᠩᠰᠢ ᠶᠢᠨ ᠦᠢᠯᠡᠴᠢᠯᠡᠭᠡ ᠶᠢ ᠰᠢᠯᠢᠳᠡᠭᠵᠢᠬᠦᠯᠵᠦ᠂ ᠲᠠᠸᠠᠷ ᠪᠠ ᠦᠢᠯᠡᠳᠪᠦᠷᠢᠯᠡᠯ ᠤᠨ | ᠡᠯᠧᠮᠧᠨ᠋ᠲ ᠤᠨ ᠴᠢᠯᠦᠬᠡᠳᠡᠢ ᠪᠠᠷ ᠰᠢᠯᠵᠢᠬᠦ᠂ ᠡᠷᠬᠡ ᠲᠡᠭᠰᠢ ᠰᠤᠯᠢᠯᠴᠠᠬᠤ ᠶᠢ ᠠᠬᠢᠭᠤᠯᠤᠨ᠎ᠠ᠃ ᠵᠠᠰᠠᠬ ᠤᠨ | ᠤᠷᠳᠤᠨ ᠠᠴᠠ ᠦᠨ᠎ᠠ ᠬᠠᠩᠰᠢ ᠶᠢ ᠲᠤᠭᠲᠠᠭᠠᠬᠤ ᠬᠦᠷᠢᠶ᠎ᠠ ᠴᠠᠷᠠᠭ᠎ᠠ ᠳᠤ᠂ ᠡᠷᠭᠡᠪᠰᠢ ᠵᠠᠰᠠᠬ ᠤᠨ ᠤᠷᠳᠤᠨ ᠠᠴᠠ | ᠦᠨ᠎ᠠ ᠬᠠᠩᠰᠢ ᠶᠢ ᠲᠤᠭᠳᠠᠭᠠᠬᠤ ᠠᠵᠢᠯᠯᠠᠭ᠎ᠠ ᠶᠢ ᠴᠢᠩᠭ᠎ᠠ ᠲᠦᠷᠢᠮᠵᠢᠬᠦᠯᠦᠨ᠂ ᠨᠢᠬᠳᠠ ᠬᠠᠮᠢᠶᠠᠷᠤᠨ ᠰᠠᠶᠢᠳᠤᠷ | ᠬᠠᠮᠢᠶᠠᠷᠴᠤ ᠲᠤᠤᠱᠳᠠᠢ ᠬᠠᠮᠢᠶᠠᠷᠤᠨ᠎ᠠ︔ ᠡᠵᠡᠩᠨᠡᠭᠴᠢ ᠶᠢᠨ ᠪᠡᠶ᠎ᠠ ᠪᠠᠨ ᠲᠠᠭᠠᠭᠠᠨ ᠦᠨ᠎ᠠ ᠬᠠᠩᠰᠢ ᠶᠢ ᠲᠤᠬᠲᠠᠭᠠᠬᠤ | ᠬᠦᠷᠢᠶ᠎ᠠ ᠴᠠᠷᠠᠭ᠎ᠠ ᠳᠤ ᠲᠦᠷᠢᠮ ᠢ ᠲᠡᠭᠦᠯᠳᠡᠷᠵᠢᠭᠦᠯᠬᠦ᠂ ᠬᠠᠤᠯᠢ ᠬᠡᠷᠡᠭᠵᠢᠬᠦᠯᠦᠯᠳᠡ ᠶᠢ ᠴᠢᠩᠭᠠᠳᠬᠠᠬᠤ ᠪᠠᠷ ᠲᠠᠮᠵᠢᠵᠦ | ᠂ ᠵᠠᠬ᠎ᠠ ᠲᠡᠯᠬᠡᠬᠦᠷ ᠤᠨ ᠡᠮᠬᠢ ᠲᠢᠭᠯᠢᠮ ᠢ ᠬᠠᠮᠠᠭᠠᠯᠠᠨ᠂ ᠡᠷᠬᠡ ᠲᠡᠭᠰᠢ ᠦᠷᠢᠰᠦᠯᠳᠦᠬᠦ ᠶᠢ ᠪᠠᠲᠤᠯᠠᠨ ᠠᠬᠢᠭᠤᠯᠵᠦ᠂ | ᠤᠳᠤ ᠦᠶ᠎ᠠ ᠶᠢᠨ ᠵᠠᠬ᠎ᠠ ᠲᠡᠯᠬᠡᠬᠦᠷ ᠤᠨ ᠰᠢᠰᠲ᠋ᠧᠮ ᠤᠨ ᠪᠦᠲᠦᠬᠡᠨ ᠪᠠᠶᠢᠭᠤᠯᠤᠯᠳᠠ ᠶᠢ ᠠᠬᠢᠭᠤᠯᠤᠨ᠎ᠠ᠃ | — ᠦᠬᠡᠷᠡᠴᠢᠯᠡᠯᠳᠡ ᠶᠢᠨ ᠰᠢᠨ᠎ᠠ ᠶᠢ ᠡᠬᠦᠳᠬᠦ ᠶᠢ ᠪᠠᠷᠢᠮᠳᠠᠯᠠᠨ᠎ᠠ᠃ ᠦᠨ᠎ᠠ ᠬᠠᠩᠰᠢ ᠪᠦᠷᠢᠯᠳᠦᠬᠦ | ᠲᠤᠬᠳᠠᠴᠠ᠂ ᠲᠤᠬᠢᠷᠠᠭᠤᠯᠭ᠎ᠠ ᠡᠵᠡᠮᠳᠡᠯ ᠤᠨ ᠰᠢᠰᠲ᠋ᠧᠮ᠂ ᠬᠢᠨᠠᠨ ᠬᠠᠮᠢᠶᠠᠷᠤᠯᠳᠠ ᠶᠢᠨ ᠠᠷᠭ᠎ᠠ ᠬᠡᠯᠪᠡᠷᠢ ᠶᠢᠨ | ᠲᠠᠯ᠎ᠠ ᠪᠠᠷ ᠬᠠᠶᠢᠨ ᠰᠦᠪᠡᠭᠴᠢᠯᠡᠵᠦ ᠰᠢᠨ᠎ᠠ ᠶᠢ ᠡᠬᠦᠳᠴᠤ᠂ ᠦᠨᠳᠦᠰᠦᠨ ᠱᠠᠳᠤ ᠪᠠ ᠤᠯᠠᠨ ᠲᠦᠮᠡᠨ ᠤ ᠬᠠᠮᠤᠬ | ᠠᠩᠬ᠎ᠠ ᠡᠭᠦᠳᠬᠦ ᠵᠤᠷᠢᠬ ᠰᠠᠨᠠᠭ᠎ᠠ ᠶᠢ ᠬᠦᠨᠳᠦᠳᠬᠡᠨ᠂ ᠦᠨ᠎ᠠ ᠬᠠᠩᠰᠢ ᠶᠢᠨ ᠬᠠᠮᠢᠶᠠᠷᠤᠯᠳᠠ ᠶᠢ ᠦᠨ᠎ᠠ ᠬᠠᠩᠰᠢ ᠶᠢ | ᠰᠢᠭᠤᠳ ᠲᠤᠭᠳᠠᠭᠠᠬᠤ ᠠᠴᠠ ᠦᠨ᠎ᠠ ᠬᠠᠩᠰᠢ ᠶᠢᠨ ᠠᠵᠢᠯᠯᠠᠭ᠎ᠠ ᠶᠢ ᠲᠦᠷᠢᠮᠵᠢᠬᠦᠯᠬᠦ᠂ ᠰᠠᠶᠢᠨ ᠰᠠᠶᠢᠬᠠᠨ ᠦᠨ᠎ᠠ | ᠬᠠᠩᠰᠢ ᠶᠢᠨ ᠤᠷᠴᠢᠨ ᠲᠤᠭᠤᠷᠢᠨ ᠢ ᠡᠬᠦᠳᠬᠦ᠂ ᠬᠤᠷᠸ᠎ᠠ ᠲᠤᠬᠢᠷᠠᠭᠤᠯᠭ᠎ᠠ ᠡᠵᠡᠮᠳᠡᠯ ᠳᠤ ᠦᠢᠯᠡᠴᠢᠯᠡᠬᠦ ᠪᠤᠯᠵᠦ | ᠬᠤᠪᠢᠷᠠᠬᠤ ᠶᠢ ᠠᠬᠢᠭᠤᠯᠤᠨ᠎ᠠ᠃ ᠦᠨ᠎ᠠ ᠬᠠᠩᠰᠢ ᠶᠢᠨ ᠬᠦᠰᠢᠬᠦᠷᠬᠡ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ | ᠠᠵᠦ ᠠᠬᠤᠢ ᠶᠢᠨ ᠬᠡᠯᠪᠡᠷᠢ ᠪᠠᠨ ᠬᠤᠪᠢᠷᠠᠭᠤᠯᠵᠦ ᠲᠡᠰ ᠲᠡᠪᠰᠢᠬᠦ ᠪᠠ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠬ | ᠢ ᠨᠡᠮᠡᠭᠳᠡᠬᠦᠯᠬᠦ ᠶᠢ ᠠᠬᠢᠭᠤᠯᠤᠨ᠎ᠠ᠃ | — ᠯᠠᠪᠳᠠᠭᠤᠨ ᠪᠤᠯᠭᠤᠮᠵᠢᠳᠠᠢ ᠠᠬᠢᠭᠤᠯᠬᠤ ᠶᠢ ᠪᠠᠷᠢᠮᠳᠠᠯᠠᠨ᠎ᠠ᠃ ᠦᠨ᠎ᠠ ᠬᠠᠩᠰᠢ ᠶᠢᠨ ᠦᠬᠡᠷᠡᠴᠢᠯᠡᠯᠳᠡ ᠶᠢ | ᠡᠳ᠋ ᠤᠨ ᠵᠠᠰᠠᠬ ᠭᠠᠶᠢᠯᠢ᠂ ᠤᠷᠤᠯᠭ᠎ᠠ ᠶᠢᠨ ᠬᠤᠪᠢᠶᠠᠷᠢᠯᠠᠯᠳᠠ᠂ ᠠᠵᠢᠯ ᠲᠦᠷᠦᠯ ᠤᠨ ᠬᠠᠮᠢᠶᠠᠷᠤᠯᠳᠠ ᠶᠢᠨ | ᠪᠠᠶᠢᠭᠤᠯᠤᠮᠵᠢ ᠵᠡᠷᠭᠡ ᠶᠢᠨ ᠦᠬᠡᠷᠡᠴᠢᠯᠡᠯᠳᠡ ᠲᠠᠢ ᠬᠠᠷᠢᠯᠴᠠᠨ ᠵᠤᠬᠢᠴᠠᠭᠤᠯᠵᠦ᠂ ᠦᠨᠳᠦᠰᠤᠨ ᠱᠠᠭᠠᠷᠳᠠᠯᠭ᠎ᠠ ᠬᠢᠬᠡᠳ | ᠦᠨᠳᠦᠰᠦᠨ ᠪᠤᠰᠤ ᠱᠠᠭᠠᠷᠳᠠᠯᠭ᠎ᠠ ᠶᠢ ᠵᠦᠢ ᠵᠤᠬᠢᠰᠳᠠᠢ ᠢᠯᠭᠠᠵᠦ᠂ ᠠᠵᠢᠯ ᠲᠦᠷᠦᠯ ᠤᠨ ᠲᠡᠭᠡᠲᠤ ᠲᠤᠤᠷᠠᠳᠤ ᠬᠡᠰᠡᠭ | ᠂ ᠠᠵᠦ ᠠᠬᠤᠢᠢᠯᠠᠯ ᠤᠨ ᠬᠦᠭᠵᠢᠯᠳᠡ ᠪᠠ ᠠᠷᠠᠳ ᠤᠨ ᠠᠮᠢᠳᠤᠷᠠᠯ ᠤᠨ ᠪᠠᠲᠤᠯᠠᠪᠤᠷᠢ᠂ ᠠᠵᠦ ᠠᠬᠤᠢᠢᠯᠠᠯ ᠤᠨ ᠦᠷ᠎ᠠ | ᠠᠰᠢᠬ ᠪᠠ ᠨᠡᠶᠢᠬᠡᠮ ᠤᠨ ᠡᠷᠬᠡ ᠲᠡᠭᠰᠢ᠂ ᠠᠵᠦ ᠠᠬᠤᠢ ᠶᠢᠨ ᠬᠦᠭᠵᠢᠯᠳᠡ ᠪᠠ ᠤᠷᠴᠢᠨ ᠲᠤᠭᠤᠷᠢᠨ ᠤ | ᠬᠠᠮᠠᠭᠠᠯᠠᠯᠳᠠ ᠵᠡᠷᠭᠡ ᠶᠢᠨ ᠬᠠᠷᠢᠴᠠᠭ᠎ᠠ ᠶᠢ ᠨᠢᠬᠡᠳᠦᠯᠳᠡᠢ ᠲᠦᠯᠦᠪᠵᠢᠬᠦᠯᠦᠨ ᠨᠡᠶᠢᠳᠡ ᠳᠤᠨᠢ ᠬᠠᠷᠠᠭᠠᠯᠵᠠᠵᠦ᠂ ᠴᠠᠬ | ᠲᠤᠬᠢᠶᠠᠯ᠂ ᠠᠶᠢᠵᠠᠮ ᠪᠠ ᠬᠦᠴᠦᠯᠡᠴᠡ ᠶᠢ ᠰᠠᠶᠢᠳᠤᠷ ᠡᠵᠡᠮᠳᠡᠨ᠂ ᠡᠯ᠎ᠠ ᠲᠦᠷᠦᠯ ᠤᠨ ᠲᠦᠭᠰᠢᠬᠦᠷᠢ ᠶᠢ ᠦᠨᠠᠨᠬᠦ | ᠰᠡᠷᠭᠡᠶᠢᠯᠡᠵᠦ᠂ ᠲᠤᠭᠳᠠᠭᠤᠨ ᠡᠮᠬᠢ ᠲᠢᠭᠯᠢᠮ ᠲᠠᠢ ᠪᠠᠶᠢᠬᠤ ᠶᠢ ᠪᠠᠲᠤᠯᠠᠨ᠎ᠠ᠃ | ︵ᠭᠤᠷᠪᠠ︶ ᠭᠤᠤᠯ ᠬᠠᠷᠠᠯᠳᠠ᠃ 2017 ᠤᠨ ᠪᠤᠯᠳᠠᠯ᠎ᠠ᠂ ᠦᠷᠢᠰᠦᠯᠳᠦᠬᠦ ᠴᠢᠨᠠᠷᠳᠠᠢ ᠬᠦᠷᠢᠶ᠎ᠠ ᠴᠠᠷᠠᠭ᠎ᠠ | ᠪᠠ ᠭᠤᠬᠴᠤᠭ᠎ᠠ ᠶᠢᠨ ᠦᠨ᠎ᠠ ᠬᠠᠩᠰᠢ ᠶᠢ ᠦᠨᠳᠦᠰᠦᠨ ᠳᠡᠭᠡᠨ ᠴᠢᠯᠦᠬᠡᠳᠡᠢ ᠲᠠᠯᠪᠢᠵᠦ᠂ ᠵᠠᠰᠠᠬ ᠤᠨ ᠤᠷᠳᠤᠨ ᠠᠴᠠ | ᠦᠨ᠎ᠠ ᠬᠠᠩᠰᠢ ᠶᠢ ᠲᠤᠭᠳᠠᠭᠠᠬᠤ ᠬᠦᠷᠢᠶ᠎ᠠ ᠬᠡᠪᠴᠢᠶ᠎ᠠ ᠶᠢ ᠭᠤᠤᠯᠳᠠᠭᠤ ᠬᠦᠨᠳᠦ ᠴᠢᠬᠤᠯᠠ ᠤᠯᠠᠨ ᠨᠡᠶᠢᠳᠡ ᠶᠢᠨ | ᠠᠵᠢᠯ ᠦᠢᠯᠡᠰ᠂ ᠨᠡᠶᠢᠳᠡ ᠶᠢᠨ ᠠᠰᠠᠷᠠᠮᠵᠢ ᠶᠢᠨ ᠦᠢᠯᠡᠴᠢᠯᠡᠭᠡ᠂ ᠰᠦᠯᠵᠢᠶᠡᠵᠢᠭᠰᠡᠨ ᠬᠡᠯᠪᠡᠷᠢ ᠶᠢᠨ ᠠᠶᠠᠨᠳᠠᠭᠠᠨ ᠤ | ᠭᠠᠭᠴᠠᠭᠠᠷ ᠡᠵᠡᠮᠰᠢᠯ ᠤᠨ ᠭᠤᠬᠴᠤᠭ᠎ᠠ ᠳᠤ ᠬᠢᠵᠠᠭᠠᠷᠯᠠᠨ᠎ᠠ᠃ 2020 ᠤᠨ ᠪᠤᠯᠳᠠᠯ᠎ᠠ᠂ ᠵᠠᠬ᠎ᠠ ᠲᠡᠯᠬᠡᠬᠦᠷ ᠠᠴᠠ | ᠦᠨ᠎ᠠ ᠬᠠᠩᠰᠢ ᠶᠢ ᠲᠤᠭᠲᠠᠭᠠᠬᠤ ᠲᠤᠬᠳᠠᠴᠠ ᠶᠢ ᠦᠨᠳᠦᠰᠦᠨ ᠳᠡᠭᠡᠨ ᠲᠡᠬᠦᠯᠳᠡᠷᠵᠢᠬᠦᠯᠦᠨ᠂ ᠰᠢᠨᠵᠢᠯᠡᠬᠦ ᠤᠬᠠᠭᠠᠨᠴᠢ | ᠂ ᠲᠦᠷᠢᠮᠵᠢᠭᠰᠡᠨ᠂ ᠢᠯᠡ ᠦᠨ᠎ᠠ ᠬᠠᠩᠰᠢ ᠶᠢᠨ ᠬᠢᠨᠠᠨ ᠬᠠᠮᠢᠶᠠᠷᠤᠯᠳᠠ ᠶᠢᠨ ᠲᠦᠷᠢᠮ ᠪᠠ ᠭᠠᠭᠴᠠᠭᠠᠷ ᠡᠵᠡᠮᠰᠢᠯ ᠢ | ᠡᠰᠡᠷᠬᠦᠴᠡᠬᠦ ᠬᠠᠤᠯᠢ ᠬᠡᠷᠡᠭᠵᠢᠬᠦᠯᠦᠯᠳᠡ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠦ᠂ ᠦᠨ᠎ᠠ ᠬᠠᠩᠰᠢ ᠶᠢᠨ | ᠲᠤᠬᠢᠷᠠᠭᠤᠯᠭ᠎ᠠ ᠡᠵᠡᠮᠳᠡᠯ ᠤᠨ ᠲᠤᠬᠳᠠᠴᠠ ᠶᠢ ᠦᠨᠳᠦᠰᠦᠨ ᠳᠡᠭᠡᠨ ᠪᠠᠶᠢᠭᠤᠯᠤᠨ ᠲᠡᠭᠦᠯᠳᠡᠷᠵᠢᠭᠦᠯᠦᠨ᠎ᠠ᠃ | ᠬᠤᠶᠠᠷ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ | ︵ᠲᠦᠷᠪᠡ︶ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠠ ᠬᠠᠩᠰᠢ ᠪᠦᠷᠢᠯᠳᠦᠬᠦ | ᠲᠤᠬᠳᠠᠴᠠ ᠶᠢ ᠲᠡᠬᠦᠯᠳᠡᠷᠵᠢᠬᠦᠯᠦᠨ᠎ᠠ᠃ ᠵᠠᠬ᠎ᠠ ᠲᠡᠯᠬᠡᠬᠦᠷ ᠤᠨ ᠦᠨ᠎ᠠ ᠬᠠᠩᠰᠢ ᠪᠦᠷᠢᠯᠳᠦᠬᠦ ᠦᠢᠯᠡᠳᠦᠯ ᠢ | ᠪᠠᠳᠠᠷᠠᠭᠤᠯᠬᠤ ᠶᠢ ᠠᠩᠬᠠᠷᠤᠨ ᠴᠢᠬᠤᠯᠠᠴᠢᠯᠠᠵᠦ᠂ ᠲᠠᠷᠢᠶᠠᠯᠠᠩ ᠤᠨ ᠪᠦᠲᠦᠭᠡᠭᠳᠡᠬᠦᠨ ᠤ ᠦᠨ᠎ᠠ ᠬᠠᠩᠰᠢ ᠶᠢ | ᠭᠤᠤᠯ ᠨᠢ ᠵᠠᠬ᠎ᠠ ᠲᠡᠯᠬᠡᠬᠦᠷ ᠢᠶᠠᠷ ᠲᠤᠭᠲᠠᠭᠠᠯᠭᠠᠨ᠎ᠠ᠃ ᠡᠷᠳᠡᠨᠢ ᠰᠢᠰᠢ ᠶᠢ ᠬᠤᠳᠠᠯᠳᠤᠨ ᠠᠪᠴᠤ ᠨᠦᠬᠡᠴᠡᠯᠡᠬᠦ | ᠲᠦᠷᠢᠮ ᠢ ᠲᠡᠬᠦᠯᠳᠡᠷᠵᠢᠬᠦᠯᠦᠨ᠂ ᠤᠯᠤᠰ ᠤᠨ ᠰᠢᠷ᠎ᠠ ᠪᠤᠷᠴᠠᠬ ᠤᠨ ᠬᠠᠷᠠᠯᠳᠠᠳᠤ ᠦᠨ᠎ᠠ ᠬᠠᠩᠰᠢ ᠶᠢᠨ | ᠦᠬᠡᠷᠡᠴᠢᠯᠡᠯᠳᠡ ᠶᠢᠨ ᠲᠤᠷᠰᠢᠯᠳᠠ ᠶᠢᠨ ᠴᠢᠬ ᠤᠨ ᠠᠵᠢᠯ ᠢ ᠦᠷᠬᠦᠯᠵᠢᠯᠡᠨ ᠬᠡᠷᠡᠭᠵᠢᠬᠦᠯᠵᠦ᠂ ᠲᠠᠷᠢᠮᠠᠯ ᠤᠨ | ᠲᠠᠯᠠᠪᠠᠢ ᠶᠢᠨ ᠪᠠᠶᠢᠴᠠᠭᠠᠯᠳᠠ ᠪᠠ ᠨᠦᠬᠦᠪᠦᠷᠢ ᠶᠢ ᠪᠠᠭᠤᠯᠭᠠᠬᠤ ᠠᠷᠭ᠎ᠠ ᠶᠢ ᠲᠡᠬᠦᠯᠳᠡᠷᠵᠢᠬᠦᠯᠦᠨ᠎ᠠ᠃ ᠦᠬᠡᠷ ᠬᠤᠨᠢᠨ | ᠮᠢᠬ᠎ᠠ᠂ ᠲᠦᠬᠦᠬᠡᠢ ᠰᠦ᠂ ᠲᠦᠮᠦᠰᠦ ᠵᠡᠷᠭᠡ ᠤᠨᠴᠠᠯᠢᠬᠳᠤ ᠮᠠᠯ ᠤᠨ ᠠᠰᠢᠬ ᠰᠢᠮ᠎ᠠ ᠲᠠᠷᠢᠶᠠᠯᠠᠩ ᠤᠨ | ᠪᠦᠲᠦᠭᠡᠭᠳᠡᠬᠦᠨ ᠤ ᠬᠠᠷᠠᠯᠳᠠᠳᠤ ᠦᠨ᠎ᠠ ᠬᠠᠩᠰᠢ ᠶᠢᠨ ᠲᠠᠭᠠᠳᠬᠠᠯ ᠵᠡᠷᠭᠡ ᠦᠨ᠎ᠠ ᠬᠠᠩᠰᠢ ᠶᠢᠨ ᠬᠠᠮᠠᠭᠠᠯᠠᠯᠳᠠ ᠶᠢᠨ | ᠲᠤᠭᠳᠠᠴᠠ ᠶᠢ ᠰᠤᠳᠤᠯᠤᠨ ᠰᠦᠪᠡᠭᠴᠢᠯᠡᠵᠦ ᠲᠤᠬᠳᠠᠭᠠᠨ᠂ ᠵᠠᠬ᠎ᠠ ᠲᠡᠯᠬᠡᠬᠦᠷ ᠤᠨ ᠦᠨ᠎ᠠ ᠬᠠᠩᠰᠢ ᠶᠢᠨ | ᠲᠦᠭᠰᠢᠬᠦᠷᠢ ᠶᠢ ᠦᠬᠡᠶᠢᠰᠬᠡᠨ᠂ ᠮᠠᠯᠴᠢᠨ ᠲᠠᠷᠢᠶᠠᠴᠢᠨ ᠤ ᠵᠦᠢ ᠵᠤᠬᠢᠰᠳᠠᠢ ᠠᠰᠢᠭ ᠣᠷᠣᠯᠭ᠎ᠠ ᠶᠢ ᠪᠠᠲᠤᠯᠠᠵᠦ᠂ ᠮᠠᠯ | ᠠᠵᠦ ᠠᠬᠤᠢ ᠲᠠᠷᠢᠶᠠᠯᠠᠩ ᠦᠢᠯᠡᠳᠪᠦᠷᠢᠯᠡᠯ ᠤᠨ ᠦᠷᠬᠦᠯᠵᠢᠯᠡᠨ ᠬᠦᠭᠵᠢᠬᠦ ᠶᠢ ᠠᠬᠢᠭᠤᠯᠤᠨ᠎ᠠ᠃ ᠴᠢᠬᠤᠯᠠ ᠪᠦᠬᠦᠢ | ᠮᠠᠯ ᠤᠨ ᠠᠰᠢᠭ ᠰᠢᠮ᠎ᠠ ᠳᠠᠷᠢᠶᠠᠯᠠᠩ ᠤᠨ ᠪᠦᠳᠦᠭᠡᠭᠳᠡᠭᠦᠨ ᠤ ᠦᠪᠡᠷ ᠤᠨ ᠦᠷᠳᠡᠭ ᠤᠨ ᠪᠠᠶᠢᠴᠠᠭᠠᠯᠳᠠ ᠪᠠ ᠦᠨ᠎ᠠ | ᠬᠠᠩᠰᠢ ᠶᠢᠨ ᠬᠢᠨᠠᠨ ᠬᠡᠮᠵᠢᠯᠳᠡ ᠶᠢ ᠴᠢᠩᠭᠠᠳᠬᠠᠵᠤ᠂ ᠦᠪᠡᠷᠳᠡᠭᠡᠨ ᠵᠠᠰᠠᠬᠤ ᠤᠷᠤᠨ ᠤ ᠭᠤᠤᠯ ᠪᠤᠯᠬᠤ ᠠᠮᠤ | ᠪᠤᠳᠠᠭᠠᠨ ᠤ ᠡᠭᠦᠯᠳᠡᠷ ᠬᠢᠭᠡᠳ ᠮᠠᠯ ᠤᠨ ᠠᠰᠢᠭ ᠰᠢᠮ᠎ᠠ ᠶᠢ ᠦᠷᠳᠡᠭ ᠤᠨ ᠪᠠᠶᠢᠴᠠᠭᠠᠯᠳᠠ ᠪᠠ ᠦᠨ᠎ᠠ ᠬᠠᠩᠰᠢ ᠶᠢᠨ | ᠬᠢᠨᠠᠨ ᠬᠡᠮᠵᠢᠯᠳᠡ ᠶᠢᠨ ᠬᠦᠷᠢᠶ᠎ᠠ ᠴᠠᠷᠠᠭ᠎ᠠ ᠳᠤ ᠤᠷᠤᠭᠤᠯᠵᠤ᠂ ᠮᠠᠯ ᠤᠨ ᠠᠰᠢᠭ ᠰᠢᠮ᠎ᠠ ᠳᠠᠷᠢᠶᠠᠯᠠᠩ ᠤᠨ | ᠪᠦᠳᠦᠭᠡᠭᠳᠡᠭᠦᠨ ᠤ ᠦᠷᠳᠡᠭ ᠤᠨ ᠪᠠᠶᠢᠴᠠᠭᠠᠯᠳᠠ ᠪᠠ ᠦᠨ᠎ᠠ ᠬᠠᠩᠰᠢ ᠶᠢᠨ ᠬᠢᠨᠠᠨ ᠬᠡᠮᠵᠢᠯᠳᠡ ᠶᠢᠨ ᠠᠵᠢᠯ ᠤᠨ | ᠵᠢᠷᠤᠮᠵᠢᠭᠤᠯᠤᠯ ᠪᠤᠯᠤᠨ ᠪᠠᠷᠢᠮᠵᠢᠶ᠎ᠠ ᠶᠢ ᠳᠡᠭᠦᠯᠳᠡᠷᠵᠢᠭᠦᠯᠵᠤ᠂ ᠮᠠᠯ ᠤᠨ ᠠᠰᠢᠭ ᠰᠢᠮ᠎ᠠ ᠳᠠᠷᠢᠶᠠᠯᠠᠩ ᠤᠨ | ᠪᠦᠳᠦᠭᠡᠭᠳᠡᠭᠦᠨ ᠤ ᠦᠷᠳᠡᠭ ᠤᠨ ᠪᠠᠶᠢᠴᠠᠭᠠᠯᠳᠠ ᠪᠠ ᠦᠨ᠎ᠠ ᠬᠠᠩᠰᠢ ᠶᠢᠨ ᠬᠢᠨᠠᠨ ᠬᠡᠮᠵᠢᠯᠳᠡ ᠶᠢᠨ ᠦᠢᠯᠡᠳᠦᠯ | ᠴᠢᠳᠠᠪᠬᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠤ᠂ ᠵᠠᠰᠠᠭ ᠤᠨ ᠤᠷᠳᠤᠨ ᠠᠴᠠ ᠮᠠᠯ ᠤᠨ ᠠᠰᠢᠭ ᠰᠢᠮ᠎ᠠ | ᠳᠠᠷᠢᠶᠠᠯᠠᠩ ᠤᠨ ᠪᠦᠳᠦᠭᠡᠭᠳᠡᠭᠦᠨ ᠤ ᠬᠤᠷᠸ᠎ᠠ ᠳᠤᠬᠢᠷᠠᠭᠤᠯᠭ᠎ᠠ ᠶᠢᠨ ᠲᠦᠷᠦ ᠶᠢᠨ ᠪᠤᠳᠤᠯᠭ᠎ᠠ ᠳᠤᠭᠳᠠᠭᠠᠬᠤ ᠳᠤ | ᠴᠢᠬᠤᠯᠠ ᠪᠦᠬᠦᠢ ᠳᠤᠯᠭᠠᠭᠤᠷᠢᠯᠠᠯ ᠬᠠᠩᠭᠠᠨ᠎ᠠ᠃ | ︵ᠳᠠᠪᠤ︶ ᠡᠨᠧᠷᠬᠢ ᠶᠢᠨ ᠦᠨ᠎ᠠ ᠬᠠᠩᠰᠢ ᠶᠢᠨ ᠦᠭᠡᠷᠡᠴᠢᠯᠡᠯᠳᠡ ᠶᠢ ᠠᠬᠢᠭᠤᠯᠤᠨ᠎ᠠ᠃ ︽ᠳᠤᠮᠳᠠᠬᠢ ᠶᠢ ᠨᠢ | ᠬᠠᠮᠢᠶᠠᠷᠴᠦ᠂ ᠬᠤᠶᠠᠷ ᠳᠠᠯ᠎ᠠ ᠶᠢ ᠨᠢ ᠰᠤᠯᠠ ᠳᠠᠯᠪᠢᠬᠤ︾ ᠶᠡᠷᠦᠩᠬᠡᠢ ᠰᠡᠳᠬᠢᠴᠡ ᠶᠤᠰᠤᠭᠠᠷ᠂ ᠴᠠᠬᠢᠯᠭᠠᠨ ᠬᠦᠴᠦᠨ᠂ | ᠪᠠᠶᠢᠭᠠᠯᠢ ᠶᠢᠨ ᠰᠢᠳᠠᠮᠠᠬᠠᠢ ᠬᠡᠢ ᠵᠡᠷᠭᠡ ᠡᠨᠧᠷᠬᠢ ᠶᠢᠨ ᠦᠨ᠎ᠠ ᠬᠠᠩᠰᠢ ᠶᠢᠨ ᠦᠭᠡᠷᠡᠴᠢᠯᠡᠯᠳᠡ ᠶᠢ ᠭᠤᠤᠯᠳᠠᠯᠭ᠎ᠠ ᠲᠠᠢ | ᠠᠬᠢᠭᠤᠯᠵᠤ᠂ ᠭᠤᠤᠯᠳᠠᠭᠤ ᠵᠠᠬ᠎ᠠ ᠳᠡᠯᠭᠡᠭᠦᠷ ᠢᠶᠠᠷ ᠡᠨᠧᠷᠬᠢ ᠶᠢᠨ ᠦᠨ᠎ᠠ ᠬᠠᠩᠰᠢ ᠶᠢ ᠳᠤᠭᠳᠠᠭᠠᠯᠭᠠᠬᠤ | ᠳᠤᠭᠳᠠᠴᠠ ᠶᠢ ᠪᠠᠶᠢᠭᠤᠯᠤᠨ᠎ᠠ᠃ ᠦᠪᠦᠷ ᠮᠤᠩᠭᠤᠯ ᠤᠨ ᠪᠠᠷᠠᠭᠤᠨ ᠪᠡᠶ᠎ᠠ᠂ ᠦᠪᠦᠷ ᠮᠤᠩᠭᠤᠯ ᠤᠨ ᠵᠡᠭᠦᠨ ᠪᠡᠶ᠎ᠠ ᠶᠢᠨ | ᠴᠠᠬᠢᠯᠭᠠᠨ ᠳᠤᠤᠷ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠴᠡᠬᠢᠯᠭᠠᠨ ᠤ ᠬᠡᠮᠵᠢᠶ᠎ᠠ ᠶᠢ | ᠦᠷᠭᠡᠳᠭᠡᠵᠤ᠂ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠶᠢ ᠤᠷᠤᠯᠴᠠᠭᠤᠯᠵᠤ | ᠪᠠᠶᠢᠭᠰᠨᠨ ᠠᠴᠠ ᠪᠠᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠵᠡᠷᠭᠡ ᠰᠢᠨ᠎ᠠ ᠡᠨᠧᠷᠬᠢ ᠶᠢ | ᠤᠷᠤᠯᠴᠠᠭᠤᠯᠵᠤ᠂ ᠵᠠᠬ᠎ᠠ ᠳᠡᠯᠭᠡᠭᠦᠷ ᠢᠶᠠᠷ ᠦᠨ᠎ᠠ ᠬᠠᠩᠰᠢ ᠳᠤᠭᠳᠠᠭᠠᠯᠭᠠᠬᠤ ᠬᠤᠪᠢ ᠶᠢ ᠨᠢ ᠨᠡᠮᠡᠭᠳᠡᠭᠦᠯᠦᠨ᠎ᠠ᠃ | ᠦᠪᠦᠷ ᠮᠤᠩᠭᠤᠯ ᠤᠨ ᠪᠠᠷᠠᠭᠤᠨ ᠪᠡᠶ᠎ᠠ ᠶᠢᠨ ᠴᠠᠬᠢᠯᠭᠠᠨ ᠳᠤᠤᠷ ᠤᠨ ᠭᠠᠳᠠᠭᠰᠢ ᠴᠠᠬᠢᠯᠭᠠᠨ ᠬᠦᠷᠭᠡᠭᠦ ᠴᠠᠬᠢᠯᠭᠠᠨ ᠤ | ᠦᠨ᠎ᠠ ᠬᠠᠩᠰᠢ ᠶᠢᠨ ᠦᠭᠡᠷᠡᠴᠢᠯᠡᠯᠳᠡ ᠶᠢᠨ ᠳᠤᠷᠰᠢᠯᠳᠠ ᠶᠢᠨ ᠴᠢᠬ ᠤᠨ ᠲᠦᠷᠦ ᠶᠢᠨ ᠪᠤᠳᠤᠯᠭ᠎ᠠ ᠶᠢ | ᠳᠡᠭᠦᠯᠳᠡᠷᠵᠢᠭᠦᠯᠵᠤ᠂ ᠰᠢᠨᠵᠢᠯᠡᠭᠦ ᠤᠬᠠᠭᠠᠨᠴᠢ ᠪᠠᠷ ᠬᠢᠨᠠᠨ ᠬᠠᠮᠢᠶᠠᠷᠬᠤ ᠲᠦᠷᠢᠮ ᠢ ᠪᠠᠶᠢᠭᠤᠯᠵᠤ᠂ ᠬᠡᠷᠡᠭ ᠶᠠᠪᠤᠳᠠᠯ | ᠤᠨ ᠳᠤᠮᠳᠠᠬᠢ ᠭᠤᠬᠴᠤᠭ᠎ᠠ᠂ ᠬᠡᠷᠡᠭ ᠶᠠᠪᠤᠳᠠᠯ ᠤᠨ ᠰᠡᠭᠦᠯᠴᠢ ᠶᠢᠨ ᠭᠤᠬᠴᠤᠭ᠎ᠠ ᠶᠢᠨ ᠬᠢᠨᠠᠯᠳᠠ ᠬᠠᠮᠢᠶᠠᠷᠤᠯᠳᠠ ᠶᠢ | ᠴᠢᠩᠭᠠᠳᠬᠠᠨ᠎ᠠ᠃ ᠦᠪᠦᠷ ᠮᠤᠩᠭᠤᠯ ᠤᠨ ᠵᠡᠭᠦᠨ ᠪᠡᠶ᠎ᠠ ᠶᠢᠨ ᠴᠠᠬᠢᠯᠭᠠᠨ ᠳᠤᠤᠷ ᠲᠤ ᠠᠳᠠᠯᠢ ᠲᠤᠤᠷ ᠠᠳᠠᠯᠢ ᠦᠨ᠎ᠠ | ᠬᠠᠩᠰᠢ ᠲᠠᠢ ᠪᠠᠶᠢᠬᠤ ᠶᠢ ᠨᠠᠶᠢᠳᠠᠪᠤᠷᠢᠵᠢᠭᠤᠯᠤᠨ ᠠᠬᠢᠭᠤᠯᠤᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠤᠷᠤᠯᠭ᠎ᠠ ᠶᠢᠨ ᠲᠦᠪᠰᠢᠨ ᠪᠠ ᠴᠠᠬᠢᠯᠭᠠᠨ ᠬᠡᠷᠡᠭᠯᠡᠭᠦ ᠬᠡᠷᠡᠭᠴᠡᠭᠡ ᠶᠢ ᠳᠠᠬᠢᠨᠳᠠ ᠰᠢᠨ᠎ᠠ ᠪᠠᠷ ᠬᠡᠮᠵᠢᠨ ᠪᠤᠳᠤᠵᠤ | ᠴᠠᠬᠢᠯᠭᠠᠨ ᠤ ᠬᠡᠮᠵᠢᠶ᠎ᠠ ᠶᠢ ᠳᠡᠰ ᠬᠤᠪᠢᠶᠠᠵᠤ᠂ ᠱᠠᠳᠤᠴᠢ ᠴᠢᠨᠠᠷᠳᠠᠢ ᠴᠠᠬᠢᠯᠭᠠᠨ ᠤ ᠦᠨ᠎ᠠ ᠬᠠᠩᠰᠢ ᠶᠢᠨ ᠲᠦᠷᠦ ᠶᠢᠨ | ᠪᠤᠳᠤᠯᠭ᠎ᠠ ᠶᠢ ᠴᠢᠨᠠᠭᠰᠢᠳᠠ ᠳᠡᠭᠦᠯᠳᠡᠷᠵᠢᠭᠦᠯᠦᠨ᠎ᠠ᠃ ᠤᠷᠤᠨ ᠤ ᠳᠤᠳᠤᠷᠠᠬᠢ ᠪᠠᠶᠢᠭᠠᠯᠢ ᠶᠢᠨ ᠰᠢᠳᠠᠮᠠᠬᠠᠢ ᠬᠡᠢ ᠶᠢᠨ | ᠬᠤᠭᠤᠯᠠᠢ ᠶᠢᠨ ᠬᠡᠢ ᠳᠠᠮᠵᠢᠭᠤᠯᠬᠤ ᠦᠨ᠎ᠠ ᠬᠠᠩᠰᠢ ᠶᠢ ᠵᠤᠬᠢᠰᠳᠠᠢ ᠳᠤᠭᠳᠠᠭᠠᠬᠤ ᠪᠠ ᠳᠤᠬᠢᠷᠠᠭᠤᠯᠤᠯᠳᠠ ᠬᠢᠵᠤ᠂ | ᠰᠠᠭᠤᠭᠠᠯᠢ ᠠᠷᠠᠳ ᠤᠨ ᠪᠤᠰᠤ ᠪᠠᠶᠢᠭᠠᠯᠢ ᠶᠢᠨ ᠰᠢᠳᠠᠮᠠᠬᠠᠢ ᠬᠡᠢ ᠬᠡᠷᠡᠭᠯᠡᠭᠦ ᠦᠨ᠎ᠠ ᠬᠠᠩᠰᠢ ᠶᠢ ᠠᠯᠬᠤᠮ ᠠᠯᠬᠤᠮ ᠢᠶᠠᠷ | ᠴᠢᠯᠦᠭᠡᠳᠠᠢ ᠲᠠᠯᠪᠢᠨ᠎ᠠ᠃ ᠱᠠᠳᠤᠴᠢ ᠴᠢᠨᠠᠷᠳᠠᠢ ᠤᠰᠤᠨ ᠤ ᠦᠨ᠎ᠠ ᠬᠠᠩᠰᠢ᠂ ᠱᠠᠳᠤᠴᠢ ᠴᠢᠨᠠᠷᠳᠠᠢ ᠪᠠᠶᠢᠭᠠᠯᠢ ᠶᠢᠨ | ᠰᠢᠳᠠᠮᠠᠬᠠᠢ ᠬᠡᠢ ᠶᠢᠨ ᠦᠨ᠎ᠠ ᠬᠠᠩᠰᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠤᠳᠠ | ᠪᠠᠶᠢᠭᠤᠯᠤᠬᠰᠠᠨ ᠬᠤᠳᠠ ᠵᠢᠴᠢ ᠬᠤᠭᠤᠯᠠᠶᠢᠳᠤ ᠪᠠᠶᠢᠭᠠᠯᠢ ᠶᠢᠨ ᠰᠢᠳᠠᠮᠠᠬᠠᠢ ᠭᠡᠢ ᠨᠡᠪᠳᠡᠷᠡᠭᠰᠡᠨ ᠬᠤᠳᠠ ᠳᠤ ᠰᠠᠭᠤᠭᠠᠯᠢ | ᠠᠷᠠᠳ ᠤᠰᠤ ᠬᠡᠷᠡᠭᠯᠡᠭᠦ᠂ ᠪᠠᠶᠢᠭᠠᠯᠢ ᠶᠢᠨ ᠰᠢᠳᠠᠮᠠᠬᠠᠢ ᠬᠡᠢ ᠬᠡᠷᠡᠭᠯᠡᠭᠦ ᠱᠠᠳᠤᠴᠢ ᠴᠢᠨᠠᠷᠳᠠᠢ ᠦᠨ᠎ᠠ ᠬᠠᠩᠰᠢ ᠶᠢ | ᠬᠡᠷᠡᠭᠵᠢᠭᠦᠯᠦᠨ᠎ᠠ᠃ | ︵ᠵᠢᠷᠭᠤᠭ᠎ᠠ︶ ᠤᠷᠴᠢᠨ ᠳᠤᠭᠤᠷᠢᠨ ᠤ ᠦᠢᠯᠡᠴᠢᠯᠡᠭᠡᠨ ᠤ ᠦᠨ᠎ᠠ ᠬᠠᠩᠰᠢ ᠶᠢᠨ ᠲᠦᠷᠦ ᠶᠢᠨ ᠪᠤᠳᠤᠯᠭ᠎ᠠ ᠶᠢ | ᠳᠡᠭᠦᠯᠳᠡᠷᠵᠢᠭᠦᠯᠦᠨ᠎ᠠ᠃ ᠪᠤᠬᠢᠷ ᠤᠰᠤ ᠶᠢ ᠰᠢᠢᠳᠪᠦᠷᠢᠯᠡᠭᠦ ᠲᠦᠭᠦᠭᠡᠷᠦᠮᠵᠢ ᠪᠤᠯᠤᠨ ᠪᠤᠬᠢᠷᠳᠤᠯ ᠢ ᠭᠠᠳᠠᠭᠰᠢᠯᠠᠭᠤᠯᠬᠤ | ᠬᠤᠭᠤᠯᠠᠢ ᠶᠢᠨ ᠡᠷᠬᠢᠯᠳᠡ ᠬᠢᠭᠡᠳ ᠬᠠᠮᠠᠭᠠᠯᠠᠯᠳᠠ ᠳᠤ ᠦᠷᠳᠡᠭ ᠤᠨ ᠨᠦᠭᠦᠪᠦᠷᠢ ᠤᠯᠭᠤᠬᠤ ᠪᠦᠭᠡᠳ ᠵᠤᠬᠢᠰᠳᠠᠢ | ᠪᠡᠯᠡ ᠤᠷᠤᠭᠤᠯᠤᠯᠳᠠ ᠳᠤ ᠠᠰᠢᠭ ᠬᠦᠷᠳᠡᠭᠡᠬᠦ ᠵᠠᠷᠴᠢᠮ ᠶᠤᠰᠤᠭᠠᠷ᠂ ᠪᠤᠬᠢᠷ ᠤᠰᠤ ᠶᠢ ᠰᠢᠢᠳᠪᠦᠷᠢᠯᠡᠭᠦ ᠰᠦᠢᠳᠭᠡᠯ | ᠬᠤᠷᠢᠶᠠᠬᠤ ᠪᠠᠷᠢᠮᠵᠢᠶ᠎ᠠ ᠶᠢ ᠵᠤᠬᠢᠰᠳᠠᠢ ᠳᠤᠬᠢᠷᠠᠭᠤᠯᠵᠤ᠂ ᠪᠤᠬᠢᠷ ᠤᠰᠤ ᠶᠢ ᠰᠢᠢᠳᠪᠦᠷᠢᠯᠡᠭᠦ ᠰᠦᠢᠳᠭᠡᠯ ᠬᠢᠭᠡᠳ | ᠪᠤᠬᠢᠷ ᠤᠰᠤ ᠶᠢ ᠰᠢᠢᠳᠪᠦᠷᠢᠯᠡᠭᠦ ᠦᠷ᠎ᠠ ᠪᠦᠳᠦᠮᠵᠢ ᠶᠢ ᠬᠤᠯᠪᠤᠭᠳᠠᠭᠤᠯᠬᠤ ᠦᠨ᠎ᠠ ᠬᠠᠩᠰᠢ ᠶᠢᠨ ᠳᠤᠭᠳᠠᠴᠠ ᠶᠢ | ᠪᠠᠶᠢᠭᠤᠯᠤᠨ ᠳᠡᠭᠦᠯᠳᠡᠷᠵᠢᠭᠦᠯᠦᠨ᠎ᠠ᠃ ᠪᠤᠬᠢᠷᠳᠤᠯ ᠢ ᠭᠠᠳᠠᠭᠰᠢᠯᠠᠭᠤᠯᠬᠤ ᠵᠦᠷᠢᠶᠡᠳᠦ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠵᠤ᠂ ᠭᠤᠤᠯ ᠪᠤᠯᠬᠤ ᠪᠤᠬᠢᠷᠳᠤᠯ ᠡᠳ᠋ ᠢ ᠭᠠᠳᠠᠭᠰᠢᠯᠠᠭᠤᠯᠬᠤ ᠰᠦᠢᠳᠭᠡᠯ ᠬᠤᠷᠢᠶᠠᠬᠤ ᠪᠠᠷᠢᠮᠵᠢᠶ᠎ᠠ ᠶᠢ | ᠠᠯᠬᠤᠮ ᠠᠯᠬᠤᠮ ᠢᠶᠠᠷ ᠳᠡᠭᠡᠭᠰᠢᠯᠡᠭᠦᠯᠵᠤ᠂ ᠠᠷᠢᠭᠤᠳᠬᠠᠨ ᠰᠢᠢᠳᠪᠦᠷᠢᠯᠡᠭᠰᠡᠨ ᠤᠰᠤ ᠶᠢ ᠳᠠᠬᠢᠨᠳᠠ ᠬᠡᠷᠡᠭᠯᠡᠭᠦ ᠶᠢ | ᠵᠤᠷᠢᠭᠵᠢᠭᠤᠯᠬᠤ ᠦᠨ᠎ᠠ ᠬᠠᠩᠰᠢ ᠶᠢᠨ ᠲᠦᠷᠦ ᠶᠢᠨ ᠪᠤᠳᠤᠯᠭ᠎ᠠ ᠶᠢ ᠰᠤᠳᠤᠯᠤᠨ ᠳᠤᠭᠳᠠᠭᠠᠨ᠎ᠠ᠃ ᠬᠤᠭ ᠨᠤᠪᠰᠢ ᠶᠢ | ᠰᠢᠢᠳᠪᠦᠷᠢᠯᠡᠭᠦ ᠰᠦᠢᠳᠭᠡᠯ ᠬᠤᠷᠢᠶᠠᠬᠤ ᠲᠦᠷᠦ ᠶᠢᠨ ᠪᠤᠳᠤᠯᠭ᠎ᠠ ᠶᠢ ᠳᠡᠭᠦᠯᠳᠡᠷᠵᠢᠭᠦᠯᠵᠤ᠂ ᠬᠤᠭ ᠨᠤᠪᠰᠢ ᠶᠢ | ᠲᠦᠷᠦᠯ ᠬᠤᠪᠢᠶᠠᠨ ᠬᠡᠮᠵᠢᠶ᠎ᠠ ᠶᠢ ᠪᠠᠭᠠᠰᠬᠠᠬᠤ ᠶᠢ ᠠᠬᠢᠭᠤᠯᠤᠨ᠎ᠠ᠃ ᠪᠤᠬᠢᠷᠳᠤᠯ ᠢ ᠭᠠᠳᠠᠭᠰᠢᠯᠠᠭᠤᠯᠬᠤ ᠡᠷᠭᠡ ᠶᠢ | ᠦᠨ᠎ᠠ ᠲᠦᠯᠦᠪᠦᠷᠢ ᠲᠠᠢ ᠬᠡᠷᠡᠭᠯᠡᠭᠦ ᠪᠠ ᠠᠷᠠᠯᠵᠢᠶᠠᠨ ᠤ ᠳᠤᠷᠰᠢᠯᠳᠠ ᠶᠢᠨ ᠴᠢᠬ ᠤᠨ ᠠᠵᠢᠯ ᠢ ᠢᠳᠡᠪᠬᠢᠳᠠᠢ ᠪᠠᠷ | ᠠᠬᠢᠭᠤᠯᠵᠤ᠂ ᠪᠤᠬᠢᠷᠳᠤᠯ ᠢ ᠭᠠᠳᠠᠭᠰᠢᠯᠠᠭᠤᠯᠬᠤ ᠡᠷᠭᠡ ᠶᠢᠨ ᠠᠷᠠᠯᠵᠢᠶᠠᠨ ᠤ ᠦᠨ᠎ᠠ ᠬᠠᠩᠰᠢ ᠶᠢᠨ ᠰᠢᠰᠲ᠋ᠧᠮ ᠢ | ᠳᠡᠭᠦᠯᠳᠡᠷᠵᠢᠭᠦᠯᠵᠤ᠂ ᠵᠠᠬ᠎ᠠ ᠳᠡᠯᠭᠡᠭᠦᠷᠵᠢᠯᠳᠡ ᠶᠢᠨ ᠠᠷᠭ᠎ᠠ ᠠᠪᠴᠠᠯ ᠢᠶᠠᠷ ᠠᠵᠤ ᠠᠬᠤᠢᠢᠯᠠᠯ ᠤᠨ ᠰᠠᠶᠢᠨ | ᠳᠤᠷ᠎ᠠ ᠠᠴᠠ ᠪᠠᠨ ᠪᠤᠬᠢᠷᠳᠤᠯ ᠢ ᠵᠠᠰᠠᠵᠤ ᠭᠠᠳᠠᠭᠰᠢᠯᠠᠭᠤᠯᠬᠤ ᠪᠠᠨ ᠪᠠᠭᠠᠰᠬᠠᠬᠤ ᠶᠢ ᠬᠦᠳᠦᠯᠦᠨ᠎ᠠ᠃ | ︵ᠳᠤᠯᠤᠭ᠎ᠠ︶ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠠ ᠬᠠᠩᠰᠢ ᠶᠢ ᠰᠢᠯᠤᠭᠤᠳᠬᠠᠨ᠎ᠠ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ ᠬᠠᠷᠠᠯᠳᠠ ᠶᠢᠨ ᠳᠤᠭᠤᠷᠢᠨ ᠳᠤ᠂ | ᠮᠠᠨ ᠤ ᠤᠷᠤᠨ ᠤ ᠬᠤᠳᠠ ᠪᠤᠯᠤᠨ ᠬᠤᠰᠢᠭᠤ ᠰᠢᠶᠠᠨ ᠤ ᠳᠡᠰ ᠤᠨ ᠠᠯᠪᠠᠨ ᠠᠴᠠ ᠪᠠᠶᠢᠭᠤᠯᠤᠭᠰᠠᠨ ᠡᠮ | ᠡᠮᠨᠡᠯᠭᠡ ᠶᠢᠨ ᠪᠠᠶᠢᠭᠤᠯᠤᠮᠵᠢ ᠶᠢᠨ ᠳᠤᠷᠰᠢᠯᠳᠠ ᠶᠢᠨ ᠴᠢᠬ ᠤᠨ ᠦᠭᠡᠷᠡᠴᠢᠯᠡᠯᠳᠡ ᠶᠢᠨ ᠠᠵᠢᠯ ᠤᠨ ᠠᠬᠢᠴᠠ ᠲᠠᠢ | ᠤᠶᠠᠯᠳᠤᠭᠤᠯᠵᠤ᠂ ︽ᠶᠡᠷᠦᠩᠬᠡᠢ ᠬᠡᠮᠵᠢᠶ᠎ᠠ ᠶᠢ ᠡᠵᠡᠮᠳᠡᠬᠦ᠂ ᠪᠦᠳᠦᠴᠡ ᠶᠢ ᠳᠤᠬᠢᠷᠠᠭᠤᠯᠬᠤ᠂ ᠨᠡᠮᠡᠭᠳᠡᠭᠦᠯᠬᠦ ᠪᠠ | ᠬᠠᠰᠤᠭᠳᠠᠭᠤᠯᠬᠤ᠂ ᠠᠯᠬᠤᠮ ᠠᠯᠬᠤᠮ ᠢᠶᠠᠷ ᠤᠷᠤᠨ ᠪᠠᠶᠢᠷᠢᠨ ᠲᠤᠨᠢ ᠤᠷᠤᠭᠤᠯᠬᠤ︾ ᠵᠠᠷᠴᠢᠮ ᠶᠤᠰᠤᠭᠠᠷ᠂ | ᠳᠤᠷᠰᠢᠯᠳᠠ ᠶᠢᠨ ᠴᠢᠬ ᠲᠤ ᠤᠷᠢᠳᠠᠪᠡᠷ ᠬᠡᠷᠡᠭᠵᠢᠭᠦᠯᠵᠤ᠂ ᠠᠯᠬᠤᠮ ᠠᠯᠬᠤᠮ ᠢᠶᠠᠷ ᠲᠦᠭᠡᠮᠡᠯᠵᠢᠭᠦᠯᠬᠦ ᠶᠢ ᠪᠠᠷᠢᠮᠳᠠᠯᠠᠵᠤ | ᠂ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠠ ᠬᠠᠩᠰᠢ ᠶᠢᠨ ᠦᠭᠡᠷᠡᠴᠢᠯᠡᠯᠳᠡ ᠶᠢ ᠢᠳᠡᠪᠬᠢᠳᠠᠢ ᠯᠠᠪᠳᠠᠭᠤᠨ | ᠠᠬᠢᠭᠤᠯᠤᠨ᠎ᠠ᠃ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠠ ᠬᠠᠩᠰᠢ ᠶᠢ ᠵᠢᠷᠤᠮᠵᠢᠭᠤᠯᠤᠨ ᠳᠤᠬᠢᠷᠠᠭᠤᠯᠵᠤ᠂ | ᠦᠪᠡᠷ ᠤᠨ ᠦᠷᠳᠡᠭ ᠪᠤᠯᠤᠨ ᠤᠷᠤᠯᠭ᠎ᠠ ᠶᠢᠨ ᠪᠦᠳᠦᠴᠡ ᠶᠢᠨ ᠬᠤᠪᠢᠷᠠᠯᠳᠠ ᠪᠠᠷ ᠰᠠᠭᠤᠷᠢ ᠪᠤᠯᠭᠠᠭᠰᠠᠨ | ᠬᠦᠳᠡᠯᠦᠩᠭᠦᠢ ᠦᠨ᠎ᠡ ᠬᠠᠨᠭ᠍ᠰᠢ ᠶᠢᠨ ᠳᠤᠬᠢᠷᠠᠭᠤᠯᠤᠯᠳᠠ ᠶᠢᠨ ᠳᠤᠭᠳᠠᠴᠠ ᠶᠢ ᠪᠠᠶᠢᠭᠤᠯᠵᠤ᠂ ᠡᠪᠡᠳᠴᠢᠨ ᠪᠠᠶᠢᠴᠠᠭᠠᠬᠤ | ᠂ ᠰᠤᠪᠢᠯᠠᠯᠳᠠ ᠬᠢᠭᠦ᠂ ᠮᠡᠰᠡ ᠵᠠᠰᠠᠯ ᠬᠢᠭᠦ᠂ ᠬᠢᠳᠡᠳ ᠮᠤᠩᠭᠤᠯ ᠡᠮ ᠡᠮᠨᠡᠯᠭᠡ ᠶᠢᠨ ᠲᠦᠷᠦᠯ ᠵᠡᠷᠭᠡ ᠲᠦᠷᠦᠯ ᠵᠦᠢᠯ | ᠤᠨ ᠦᠨ᠎ᠠ ᠬᠠᠩᠰᠢ ᠶᠢ ᠳᠡᠭᠡᠭᠰᠢᠯᠡᠭᠦᠯᠵᠤ᠂ ᠳᠤᠮᠤ ᠬᠡᠯᠪᠡᠷᠢ ᠶᠢᠨ ᠳᠤᠨᠤᠭ ᠳᠦᠭᠦᠭᠡᠷᠦᠮᠵᠢ ᠪᠠᠷ ᠪᠠᠶᠢᠴᠠᠭᠠᠬᠤ᠂ | ᠤᠨᠤᠰᠢᠯᠠᠨ ᠪᠠᠶᠢᠴᠠᠭᠠᠬᠤ ᠵᠡᠷᠭᠡ ᠦᠢᠯᠡᠴᠢᠯᠡᠭᠡᠨ ᠤ ᠲᠦᠷᠦᠯ ᠵᠦᠢᠯ ᠤᠨ ᠦᠨ᠎ᠠ ᠬᠠᠩᠰᠢ ᠶᠢ ᠪᠠᠭᠤᠷᠠᠭᠤᠯᠵᠤ᠂ ᠡᠮ | ᠡᠮᠨᠡᠯᠭᠡ ᠶᠢᠨ ᠦᠢᠯᠡᠴᠢᠯᠡᠭᠡᠨ ᠤ ᠦᠨ᠎ᠠ ᠬᠠᠩᠰᠢ ᠶᠢᠨ ᠠᠳᠠᠯᠢᠳᠬᠠᠯ ᠤᠨ ᠬᠠᠷᠢᠴᠠᠭ᠎ᠠ ᠶᠢ ᠰᠢᠯᠦᠭᠤᠳᠬᠠᠵᠤ᠂ | ᠡᠮᠴᠢᠯᠡᠭᠡᠨ ᠤ ᠠᠵᠢᠯ ᠬᠢᠵᠤ ᠪᠠᠶᠢᠭ᠎ᠠ ᠭᠦᠮᠦᠰ ᠤᠨ ᠬᠦᠳᠡᠯᠮᠦᠷᠢ ᠶᠢᠨ ᠦᠷᠳᠡᠭ ᠢ ᠳᠡᠭᠡᠭᠰᠢᠯᠡᠭᠦᠯᠦᠨ᠎ᠠ᠃ ᠦᠨ᠎ᠠ | ᠬᠠᠩᠰᠢ᠂ ᠡᠮᠨᠡᠯᠭᠡ ᠶᠢᠨ ᠳᠠᠭᠠᠳᠬᠠᠯ ᠵᠡᠷᠭᠡ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠵᠤᠯᠭᠠᠯᠴᠠᠭᠤᠯᠬᠤ ᠶᠢ | ᠴᠢᠩᠭᠠᠳᠬᠠᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠬᠦᠭᠵᠢᠯᠳᠡ ᠦᠷᠭᠦᠯᠵᠢᠯᠡᠭᠦ᠂ ᠡᠮᠨᠡᠯᠭᠡ ᠶᠢᠨ ᠳᠠᠭᠠᠳᠬᠠᠯ | ᠤᠨ ᠰᠠᠭᠤᠷᠢ ᠮᠦᠩᠭᠦ ᠳᠠᠭᠠᠭᠠᠵᠤ ᠳᠡᠶᠢᠯᠭᠦ᠂ ᠤᠯᠠᠨ ᠲᠦᠮᠡᠨ ᠤ ᠳᠠᠷᠤᠭᠠᠰᠤ ᠶᠢ ᠨᠡᠮᠡᠭᠳᠡᠭᠦᠯᠬᠦ ᠦᠭᠡᠢ ᠪᠠᠶᠢᠬᠤ ᠶᠢ | ᠪᠠᠳᠤᠯᠠᠨ᠎ᠠ᠃ ᠠᠯᠪᠠᠨ ᠠᠴᠠ ᠪᠠᠶᠢᠭᠤᠯᠤᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ | ᠦᠢᠯᠡᠴᠢᠯᠡᠭᠡᠨ ᠤ ᠲᠦᠷᠦᠯ ᠵᠦᠢᠯ ᠤᠨ ᠦᠨ᠎ᠠ ᠬᠠᠩᠰᠢ ᠶᠢ ᠲᠦᠷᠦᠯ ᠬᠤᠪᠢᠶᠠᠨ ᠬᠠᠮᠢᠶᠠᠷᠤᠯᠳᠠ ᠬᠢᠭᠦ ᠶᠢ | ᠢᠳᠡᠪᠬᠢᠳᠠᠢ ᠰᠦᠪᠡᠭᠴᠢᠯᠡᠵᠤ᠂ ᠵᠠᠬ᠎ᠠ ᠳᠡᠯᠭᠡᠭᠦᠷ ᠤᠨ ᠦᠷᠢᠰᠦᠯᠳᠦᠭᠡᠨ ᠤ ᠬᠦᠴᠦᠨ ᠬᠦᠢᠴᠡᠳ᠂ ᠦᠪᠡᠷᠮᠢᠴᠡ | ᠤᠨᠴᠠᠯᠢᠭ ᠲᠠᠢ ᠬᠡᠷᠡᠭᠴᠡᠭᠡ ᠨᠡᠯᠢᠶᠡᠳ ᠴᠢᠩᠭ᠎ᠠ ᠪᠠᠶᠢᠭ᠎ᠠ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠤᠨ | ᠦᠨ᠎ᠠ ᠬᠠᠩᠰᠢ ᠳᠤ ᠵᠠᠬ᠎ᠠ ᠳᠡᠯᠭᠡᠭᠦᠷ ᠠᠴᠠ ᠳᠤᠬᠢᠷᠠᠭᠤᠯᠬᠤ ᠦᠨ᠎ᠠ ᠬᠠᠩᠰᠢ ᠶᠢ ᠬᠡᠷᠡᠭᠵᠢᠭᠦᠯᠵᠤ᠂ ᠠᠯᠪᠠᠨ ᠠᠴᠠ | ᠪᠠᠶᠢᠭᠤᠯᠤᠭᠰᠠᠨ ᠡᠮ ᠡᠮᠨᠡᠯᠭᠡ ᠶᠢᠨ ᠪᠠᠶᠢᠭᠤᠯᠤᠮᠵᠢ ᠠᠴᠠ ᠬᠠᠩᠭᠠᠬᠤ ᠠᠮᠠᠨ ᠬᠦᠨᠳᠡᠢ ᠬᠠᠵᠠᠶᠢᠬᠤ ᠶᠢ ᠵᠠᠰᠠᠬᠤ᠂ ᠰᠢᠳᠦ | ᠤᠷᠭᠤᠭᠤᠯᠬᠤ᠂ ᠲᠦᠷᠭᠦᠵᠢᠭᠦᠯᠦᠨ ᠭᠤᠸᠠᠯᠢᠭᠵᠢᠭᠤᠯᠬᠤ᠂ ᠬᠦᠮᠦᠨ ᠲᠦᠷᠦᠯᠬᠢᠳᠡᠨ ᠤ ᠳᠤᠰᠠᠯᠠᠮᠵᠢ ᠶᠢᠨ ᠴᠢᠨᠠᠷᠳᠠᠢ | ᠦᠷᠡᠵᠢᠯ ᠤᠨ ᠮᠡᠷᠭᠡᠵᠢᠯ᠂ ᠯᠠᠶᠢᠰᠧᠷ ᠢᠶᠠᠷ ᠬᠠᠷᠠᠭ᠎ᠠ ᠰᠠᠶᠢᠵᠢᠷᠠᠭᠤᠯᠬᠤ ᠵᠡᠷᠭᠡ ᠡᠮᠨᠡᠨ ᠵᠠᠰᠠᠬᠤ ᠴᠢᠨᠠᠷᠳᠠᠢ ᠪᠤᠰᠤ | ᠦᠪᠡᠷᠮᠢᠴᠡ ᠤᠨᠴᠠᠯᠢᠭ ᠲᠠᠢ ᠡᠮ ᠡᠮᠴᠢᠯᠡᠭᠡ ᠶᠢᠨ ᠦᠢᠯᠡᠴᠢᠯᠡᠭᠡᠨ ᠤ ᠦᠨ᠎ᠠ ᠬᠠᠩᠰᠢ ᠶᠢ ᠴᠢᠯᠦᠭᠡᠳᠠᠢ ᠪᠤᠯᠭᠠᠨ᠎ᠠ᠃ | ᠡᠮᠨᠡᠯᠭᠡ ᠶᠢᠨ ᠳᠠᠭᠠᠳᠬᠠᠯ ᠤᠨ ᠵᠠᠷᠤᠳᠠᠯ ᠰᠦᠢᠳᠭᠡᠯ ᠢ ᠡᠵᠡᠮᠳᠡᠭᠦ ᠦᠢᠯᠡᠳᠦᠯ ᠢ ᠪᠠᠳᠠᠷᠠᠭᠤᠯᠵᠤ᠂ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠦᠩᠭᠦ ᠠᠴᠠ ᠳᠤᠰᠢᠶᠠᠨ ᠦᠢᠯᠡᠴᠢᠯᠡᠭᠡᠨ ᠤ ᠲᠦᠷᠦᠯ ᠵᠦᠢᠯ ᠢ ᠡᠮᠨᠡᠯᠭᠡ ᠶᠢᠨ ᠳᠠᠭᠠᠳᠬᠠᠯ | ᠢ ᠬᠦᠢᠴᠡᠳᠭᠡᠬᠦ ᠪᠠᠶᠢᠭᠤᠯᠤᠮᠵᠢ ᠬᠢᠭᠡᠳ ᠡᠮ ᠡᠮᠨᠡᠯᠭᠡ ᠶᠢᠨ ᠪᠠᠶᠢᠭᠤᠯᠤᠮᠵᠢ ᠵᠦᠪᠳᠡᠯᠴᠡᠭᠡᠷ ᠬᠢᠵᠤ ᠰᠦᠢᠳᠭᠡᠯ | ᠳᠤᠰᠢᠶᠠᠬᠤ ᠪᠠᠷᠢᠮᠵᠢᠶ᠎ᠠ ᠶᠢ ᠵᠤᠬᠢᠰᠳᠠᠢ ᠳᠤᠭᠳᠠᠭᠠᠨ᠎ᠠ᠃ ᠡᠮ ᠤᠨ ᠵᠦᠢᠯᠡᠰ ᠬᠤᠳᠠᠯᠳᠤᠨ ᠠᠪᠬᠤ ᠳᠤᠭᠳᠠᠴᠠ ᠶᠢ | ᠴᠢᠨᠠᠭᠰᠢᠳᠠ ᠳᠡᠭᠦᠯᠳᠡᠷᠵᠢᠭᠦᠯᠵᠤ᠂ ᠵᠠᠬ᠎ᠠ ᠳᠡᠯᠭᠡᠭᠦᠷ ᠤᠨ ᠡᠮ ᠤᠨ ᠵᠦᠢᠯᠡᠰ ᠤᠨ ᠠᠷᠠᠯᠵᠢᠶᠠᠨ ᠤ ᠦᠨ᠎ᠠ ᠬᠠᠩᠰᠢ ᠶᠢ | ᠭᠤᠤᠯᠳᠠᠭᠤ ᠵᠠᠬ᠎ᠠ ᠳᠡᠯᠭᠡᠭᠦᠷ ᠤᠨ ᠦᠷᠢᠰᠦᠯᠳᠦᠭᠡᠨ ᠤ ᠳᠤᠮᠳᠠ ᠪᠦᠷᠢᠯᠳᠦᠭᠦᠯᠦᠨ᠎ᠠ᠃ ᠦᠨᠳᠦᠷ ᠦᠷᠳᠡᠭ ᠲᠠᠢ | ᠬᠤᠷᠤᠭᠳᠠᠯ ᠶᠡᠭᠡᠳᠠᠢ ᠡᠮᠨᠡᠯᠭᠡ ᠶᠢᠨ ᠮᠠᠲ᠋ᠧᠷᠢᠶᠠᠯ ᠢ ᠪᠦᠬᠦᠨ ᠢᠶᠠᠷ ᠨᠢ ᠢᠯᠡ ᠪᠠᠷ ᠳᠠᠭᠠᠭᠠᠴᠢᠯᠠᠯᠳᠠ ᠵᠠᠷᠯᠠᠬᠤ ᠬᠦᠷᠢᠶ᠎ᠠ | ᠴᠠᠷᠠᠭ᠎ᠠ ᠳᠤ ᠠᠭᠠᠵᠢᠮ ᠢᠶᠠᠷ ᠤᠷᠤᠭᠤᠯᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠤᠨ ᠵᠦᠢᠯᠡᠰ ᠪᠠ | ᠡᠮᠴᠢᠯᠡᠭᠡ ᠳᠤ ᠬᠡᠷᠡᠭᠯᠡᠭᠦ ᠬᠤᠷᠤᠭᠳᠠᠯ ᠶᠡᠭᠡᠳᠠᠢ ᠡᠮᠴᠢᠯᠡᠭᠡ ᠶᠢᠨ ᠮᠠᠲ᠋ᠧᠷᠢᠶᠠᠯ ᠤᠨ ᠦᠨ᠎ᠠ ᠬᠠᠩᠰᠢ ᠶᠢ ᠪᠠᠭᠤᠷᠠᠭᠤᠯᠤᠨ᠎ᠠ | ᠃ ᠠᠯᠪᠠᠨ ᠤ ᠪᠤᠰᠤ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠦᠢᠯᠡᠴᠢᠯᠡᠭᠡᠨ ᠳᠤ ᠵᠠᠬ᠎ᠠ ᠳᠡᠯᠭᠡᠭᠦᠷ | ᠡᠴᠡᠦᠨᠠ ᠬᠠᠩᠰᠢ ᠳᠤ ᠳᠤᠬᠢᠷᠠᠭᠤᠯᠤᠯᠳᠠ ᠬᠢᠭᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ | ︵ᠨᠠᠢᠮᠠ︶ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠰᠦᠢᠳᠭᠡᠯ ᠬᠤᠷᠢᠶᠠᠬᠤ ᠪᠠᠷᠢᠮᠵᠢᠶ᠎ᠠ ᠶᠢ | ᠵᠢᠷᠤᠮᠵᠢᠭᠤᠯᠬᠤ ᠪᠠ ᠲᠤᠬᠢᠷᠠᠭᠤᠯᠤᠨ᠎ᠠ᠃ ᠡᠩ ᠤᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠰᠦᠢᠳᠭᠡᠯ | ᠬᠤᠷᠢᠶᠠᠬᠤ ᠪᠠᠷᠢᠮᠵᠢᠶ᠎ᠠ ᠶᠢ ᠵᠤᠬᠢᠰᠳᠠᠢ ᠲᠤᠬᠢᠷᠠᠭᠤᠯᠵᠤ᠂ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠰᠤᠷᠤᠭᠴᠢ | ᠬᠦᠮᠦᠵᠢᠭᠦᠯᠬᠦ ᠦᠪᠡᠷ ᠤᠨ ᠦᠷᠳᠡᠭ ᠢ ᠵᠠᠰᠠᠭ ᠤᠨ ᠤᠷᠳᠤᠨ ᠪᠠ ᠬᠤᠪᠢ ᠬᠦᠮᠦᠨ ᠵᠦᠢ ᠵᠤᠬᠢᠰᠳᠠᠢ ᠬᠤᠪᠢᠶᠠᠨ | ᠡᠭᠦᠷᠭᠡᠯᠡᠬᠦ ᠲᠤᠭᠳᠠᠴᠠ ᠶᠢ ᠲᠡᠭᠦᠯᠳᠡᠷᠵᠢᠭᠦᠯᠦᠨ᠎ᠠ᠃ ᠲᠤᠮᠳᠠᠳᠤ ᠭᠠᠳᠠᠭᠠᠳᠤ ᠬᠤᠷᠰᠢᠵᠤ ᠰᠤᠷᠭᠠᠭᠤᠯᠢ ᠡᠷᠬᠢᠯᠡᠬᠦ ᠪᠠ | ᠰᠤᠷᠭᠠᠭᠤᠯᠢ ᠠᠵᠤ ᠠᠬᠤᠢᠢᠯᠠᠯ ᠬᠤᠷᠰᠢᠵᠤ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠰᠦᠢᠳᠭᠡᠯ | ᠬᠤᠷᠢᠶᠠᠬᠤ ᠪᠠᠷᠢᠮᠵᠢᠶ᠎ᠠ ᠶᠢ ᠨᠢᠭᠡᠳᠭᠡᠨᠠ᠃ ᠰᠤᠷᠤᠯᠭ᠎ᠠ ᠶᠢᠨ ᠣᠨ ᠤ ᠲᠦᠷᠢᠮ ᠤᠨ ᠰᠤᠷᠤᠯᠭ᠎ᠠ ᠶᠢᠨ ᠰᠦᠢᠳᠭᠡᠯ ᠤᠨ | ᠪᠠᠷᠢᠮᠵᠢᠶ᠎ᠠ ᠪᠤᠯᠤᠨ ᠰᠤᠷᠤᠯᠭ᠎ᠠ ᠶᠢᠨ ᠬᠤᠪᠢ ᠶᠢᠨ ᠲᠦᠷᠢᠮ ᠤᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠠᠮᠢᠳᠤᠯᠢᠭ | ᠢᠶᠠᠷ ᠵᠤᠯᠭᠠᠯᠴᠠᠭᠤᠯᠤᠨ᠎ᠠ᠃ ᠨᠢᠭᠡᠳᠦᠯᠳᠡᠢ ᠰᠢᠯᠭᠠᠵᠤ ᠨᠢᠭᠡᠳᠦᠯᠳᠡᠢ ᠡᠯᠰᠡᠬᠦ ᠪᠦᠬᠦᠯᠢ ᠡᠳᠦᠷ ᠤᠨ ᠲᠦᠷᠢᠮᠳᠦ ᠡᠩ ᠤᠨ | ᠵᠢᠩᠭᠢᠨᠢ ᠠᠩᠭᠢ᠂ ᠲᠤᠰᠬᠠᠢ ᠮᠡᠷᠭᠡᠵᠢᠯ ᠤᠨ ᠠᠩᠭᠢ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠠᠰᠫᠢᠷᠠᠨᠲ ᠤᠨ | ᠰᠤᠷᠭᠠᠨ ᠬᠦᠮᠦᠵᠢᠯ ᠠᠴᠠ ᠭᠠᠳᠠᠨᠠᠬᠢ ᠪᠤᠰᠤᠳ ᠡᠯ᠎ᠠ ᠲᠦᠷᠦᠯ ᠤᠨ ᠠᠵᠢᠯ ᠤᠨ ᠪᠠᠶᠢᠷᠢᠨ ᠳᠠᠬᠢ ᠰᠤᠷᠤᠯᠭ᠎ᠠ ᠶᠢᠨ | ᠨᠠᠮᠳᠠᠷ᠂ ᠡᠷᠳᠡᠮ ᠤᠨ ᠴᠤᠯᠠ ᠶᠢᠨ ᠰᠤᠷᠭᠠᠨ ᠬᠦᠮᠦᠵᠢᠯ ᠤᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠠᠯᠭᠤᠷ ᠢᠶᠠᠷ | ᠴᠢᠯᠦᠭᠡᠳᠡᠢ ᠪᠤᠯᠭᠠᠵᠤ᠂ ᠶᠡᠭᠡ ᠲᠡᠭᠡᠳᠦ ᠰᠤᠷᠭᠠᠭᠤᠯᠢ ᠵᠠᠬ᠎ᠠ ᠲᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ ᠥᠪᠡᠰᠦᠪᠡᠨ ᠡᠵᠡᠨ ᠮᠡᠳᠡᠵᠦ ᠲᠤᠬᠢᠷᠠᠭᠤᠯᠤᠯᠳᠠ ᠬᠢᠵᠦ ᠪᠤᠯᠤᠨ᠎ᠠ᠃ | ︵ᠶᠢᠰᠦ︶ ᠵᠠᠮ ᠬᠠᠷᠢᠯᠴᠠᠭ᠎ᠠ ᠲᠡᠭᠡᠭᠡᠪᠤᠷᠢ ᠶᠢᠨ ᠦᠨ᠎ᠠ ᠬᠠᠨᠭ᠍ᠰᠢ ᠶᠢᠨ ᠲᠤᠭᠳᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠠ᠃ ᠤᠷᠤᠨ ᠨᠤᠳᠤᠭ ᠤᠨ ᠲᠡᠮᠦᠷ ᠵᠠᠮ ᠤᠨ ᠲᠡᠭᠡᠭᠡᠪᠤᠷᠢ ᠶᠢᠨ ᠦᠷᠢᠰᠦᠯᠳᠦᠭᠡᠨ ᠤ ᠴᠢᠨᠠᠷᠳᠠᠢ | ᠬᠦᠷᠢᠶ᠎ᠠ ᠴᠠᠷᠠᠭ᠎ᠠ ᠳᠠᠬᠢ ᠦᠨ᠎ᠠ ᠬᠠᠨᠭ᠍ᠰᠢ ᠶᠢ ᠠᠯᠭᠤᠷ ᠢᠶᠠᠷ ᠴᠢᠯᠦᠭᠡᠳᠡᠢ ᠪᠤᠯᠭᠠᠵᠤ᠂ ᠡᠵᠡᠩᠨᠡᠭᠴᠢ ᠠᠴᠠ ᠦᠪᠡᠰᠦᠪᠡᠨ | ᠡᠵᠡᠨ ᠮᠡᠳᠡᠵᠦ ᠦᠨ᠎ᠠ ᠲᠤᠭᠳᠠᠭᠠᠬᠤ ᠬᠡᠪᠴᠢᠶ᠎ᠠ ᠶᠢ ᠦᠷᠭᠡᠳᠭᠡᠨ᠎ᠠ᠃ ᠤᠷᠤᠨ ᠨᠤᠳᠤᠭ ᠤᠨ ᠲᠡᠮᠦᠷ ᠵᠠᠮ ᠤᠨ | ᠪᠠᠷᠠᠭᠠᠨ ᠤ ᠲᠡᠭᠡᠭᠡᠪᠤᠷᠢ ᠶᠢᠨ ᠦᠨ᠎ᠠ ᠬᠠᠨᠭ᠍ᠰᠢ ᠳᠤ ᠵᠠᠰᠠᠭ ᠤᠨ ᠤᠷᠳᠤᠨ ᠤ ᠵᠢᠯᠤᠭᠤᠳᠤᠯᠭ᠎ᠠ ᠶᠢᠨ ᠦᠨ᠎ᠠ ᠬᠠᠨᠭ᠍ᠰᠢ ᠶᠢ | ᠬᠡᠷᠡᠭᠵᠢᠭᠦᠯᠵᠤ᠂ ᠡᠵᠡᠩᠨᠡᠭᠴᠢ ᠠᠴᠠ ᠦᠪᠡᠷ ᠤᠨ ᠡᠵᠡᠩᠨᠡᠯᠳᠡ ᠶᠢᠨ ᠪᠠᠶᠢᠳᠠᠯ ᠪᠤᠯᠤᠨ ᠵᠠᠬ᠎ᠠ ᠲᠡᠯᠭᠡᠭᠦᠷ ᠤᠨ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ᠂ ᠵᠠᠰᠠᠭ ᠤᠨ ᠤᠷᠳᠤᠨ ᠤ ᠲᠤᠭᠳᠠᠭᠠᠭᠰᠠᠨ ᠵᠢᠯᠤᠭᠤᠳᠤᠯᠭ᠎ᠠ ᠶᠢᠨ | ᠦᠨ᠎ᠠ ᠬᠠᠨᠭ᠍ᠰᠢ ᠶᠢᠨ ᠵᠤᠬᠢᠬᠤ ᠬᠡᠮᠵᠢᠶ᠎ᠠ ᠲᠤᠳᠤᠷ᠎ᠠ ᠦᠨ᠎ᠠ ᠬᠠᠩᠰᠢ ᠳᠠᠭᠠᠨ ᠲᠤᠬᠢᠷᠠᠭᠤᠯᠤᠯᠳᠠ ᠬᠢᠬᠦ ᠶᠢ | ᠵᠦᠪᠰᠢᠶᠡᠷᠡᠨ᠎ᠠ᠃ ᠤᠷᠤᠨ ᠨᠤᠳᠤᠭ ᠤᠨ ᠲᠡᠮᠦᠷ ᠵᠠᠮ ᠤᠨ ᠪᠠᠷᠠᠭᠠᠨ ᠤ ᠲᠡᠭᠡᠭᠡᠪᠤᠷᠢ ᠶᠢᠨ ᠦᠨ᠎ᠠ ᠬᠠᠨᠭ᠍ᠰᠢ ᠪᠤᠯᠤᠨ | ᠵᠠᠰᠠᠮᠠᠯ ᠵᠠᠮ ᠤᠨ ᠲᠡᠭᠡᠭᠡᠪᠤᠷᠢ ᠶᠢᠨ ᠦᠨ᠎ᠠ ᠬᠠᠨᠭ᠍ᠰᠢ ᠶᠢ ᠬᠤᠯᠪᠤᠬᠳᠠᠭᠤᠯᠬᠤ ᠬᠦᠳᠡᠯᠦᠩᠭᠦᠢ ᠲᠤᠬᠢᠷᠠᠭᠤᠯᠤᠯᠳᠠ ᠶᠢᠨ | ᠲᠤᠭᠳᠠᠴᠠ ᠶᠢ ᠲᠡᠭᠦᠯᠳᠡᠷᠵᠢᠭᠦᠯᠵᠦ᠂ ᠲᠡᠭᠡᠭᠡᠪᠤᠷᠢ ᠶᠢᠨ ᠦᠨ᠎ᠠ ᠬᠠᠨᠭ᠍ᠰᠢ ᠶᠢᠨ ᠪᠦᠳᠦᠴᠡ ᠶᠢ ᠲᠦᠭᠦᠮᠴᠢᠯᠡᠨ᠎ᠠ᠃ ᠵᠠᠮ | ᠬᠠᠷᠢᠯᠴᠠᠭᠠᠨ ᠤ ᠠᠶᠠᠨᠴᠢᠨ ᠤ ᠵᠦᠬᠡᠬᠡᠪᠦᠷᠢ ᠶᠢᠨ ᠦᠨ᠎ᠠ ᠬᠠᠨᠭ᠍ᠰᠢ ᠶᠢ ᠴᠢᠯᠦᠭᠡᠳᠡᠢ ᠪᠤᠯᠭᠠᠵᠤ᠂ ᠠᠷᠠᠳ ᠤᠨ ᠠᠭᠠᠷ | ᠤᠨ ᠲᠡᠭᠡᠭᠡᠪᠤᠷᠢ ᠶᠢᠨ ᠨᠢᠰᠭᠡᠯ ᠤᠨ ᠪᠠᠭᠤᠳᠠᠯ ᠤᠨ ᠤᠷᠳᠤᠳᠬᠠᠭᠰᠠᠨ ᠦᠢᠯᠡᠴᠢᠯᠡᠭᠡ ᠪᠠ ᠪᠤᠭᠤᠮᠳᠠ ᠶᠢᠨ ᠬᠢᠨᠠᠨ | ᠬᠠᠮᠢᠶᠠᠷᠬᠤ ᠲᠤᠭᠤᠷᠢᠭ ᠤᠨ ᠬᠢᠯᠢ ᠪᠠᠷ ᠤᠷᠤᠵᠤ ᠭᠠᠷᠬᠤ ᠭᠤᠭᠴᠤᠭ᠎ᠠ ᠶᠢᠨ ᠦᠷᠢᠰᠦᠯᠳᠦᠭᠡᠨ ᠤ ᠴᠢᠨᠠᠷᠳᠠᠢ | ᠬᠡᠪᠴᠢᠶ᠎ᠡ ᠳᠤ ᠡᠵᠡᠩᠨᠡᠭᠴᠢ ᠠᠴᠠ ᠦᠪᠡᠰᠦᠪᠡᠨ ᠡᠵᠡᠨ ᠮᠡᠳᠡᠵᠦ ᠦᠨ᠎ᠠ ᠲᠤᠭᠳᠠᠭᠠᠬᠤ ᠬᠦᠷᠢᠶ᠎ᠠ ᠬᠡᠪᠴᠢᠶ᠎ᠠ ᠶᠢ | ᠠᠯᠭᠤᠷ ᠢᠶᠠᠷ ᠦᠷᠭᠡᠳᠭᠡᠵᠤ᠂ ᠦᠨ᠎ᠠ ᠬᠠᠩᠰᠢ ᠶᠢᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠠ᠃ | ᠲᠡᠷᠭᠡᠨ ᠵᠤᠭᠰᠤᠭᠠᠯ ᠤᠨ ᠲᠠᠯᠠᠪᠠᠢ ᠪᠤᠯᠤᠨ ᠲᠦᠷᠢᠶᠡᠰᠦᠨ ᠮᠠᠰᠢᠨ ᠤ ᠰᠦᠢᠳᠭᠡᠯ ᠬᠤᠷᠢᠶᠠᠬᠤ ᠬᠠᠮᠢᠶᠠᠷᠤᠯᠳᠠ ᠶᠢᠨ | ᠡᠷᠭᠡ ᠶᠢᠨ ᠬᠢᠵᠠᠭᠠᠷ ᠢ ᠲᠤᠷᠤᠭᠰᠢ ᠪᠠᠭᠤᠯᠭᠠᠵᠤ᠂ ᠲᠡᠷᠭᠡᠨ ᠵᠤᠭᠰᠤᠭᠠᠯ ᠤᠨ ᠲᠦᠭᠦᠭᠡᠷᠦᠮᠵᠢ ᠶᠢᠨ ᠪᠠᠶᠢᠭᠤᠯᠤᠯᠳᠠ ᠶᠢ | ᠠᠬᠢᠭᠤᠯᠬᠤ ᠳᠤ ᠠᠰᠢᠭᠳᠠᠢ᠂ ᠬᠤᠳᠠ ᠶᠢᠨ ᠵᠠᠮ ᠬᠠᠷᠢᠯᠴᠠᠭᠠᠨ ᠤ ᠲᠦᠭᠵᠢᠷᠡᠯ ᠢ ᠨᠠᠮᠳᠠᠭᠠᠬᠤ ᠳᠤ ᠠᠰᠢᠭᠳᠠᠢ᠂ | ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠤᠷᠢᠳᠠᠪᠡᠷ ᠬᠦᠭᠵᠢᠬᠦ ᠪᠤᠯᠤᠨ ᠤᠯᠠᠨ ᠨᠡᠶᠢᠳᠡ ᠶᠢᠨ ᠵᠠᠮ | ᠬᠠᠷᠢᠯᠴᠠᠭ᠎ᠠ ᠶᠢᠨ ᠡᠬᠢ ᠪᠠᠶᠠᠯᠢᠭ ᠢ ᠠᠰᠢᠠᠠᠯᠠᠬᠤ ᠶᠢ ᠪᠦᠳᠦᠮᠵᠢᠳᠡᠢ ᠠᠬᠢᠭᠤᠯᠬᠤ ᠲᠡᠷᠭᠡ ᠵᠤᠭᠰᠤᠭᠠᠬᠤ ᠰᠦᠢᠳᠭᠡᠯ | ᠬᠤᠷᠢᠶᠠᠬᠤ ᠲᠦᠷᠦ ᠶᠢᠨ ᠪᠤᠳᠤᠯᠭ᠎ᠠ ᠶᠢ ᠲᠤᠭᠳᠠᠭᠠᠨ᠎ᠠ᠃ ᠲᠦᠷᠢᠶᠡᠰᠦᠨ ᠮᠠᠰᠢᠨ ᠤ ᠵᠦᠬᠡᠬᠡᠪᠦᠷᠢ ᠶᠢᠨ ᠦᠨ᠎ᠠ | ᠬᠠᠨᠭ᠍ᠰᠢ ᠶᠢᠨ ᠪᠦᠷᠢᠯᠳᠦᠬᠦ ᠲᠤᠭᠳᠠᠴᠠ ᠶᠢ ᠲᠡᠭᠦᠯᠳᠡᠷᠵᠢᠭᠦᠯᠵᠦ᠂ ᠦᠨ᠎ᠠ ᠶᠢᠨ ᠲᠦᠷᠢᠶᠡᠰᠦᠨ ᠮᠠᠰᠢᠨ ᠤ | ᠵᠦᠬᠡᠬᠡᠪᠦᠷᠢ ᠶᠢᠨ ᠵᠠᠬ᠎ᠠ ᠲᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢᠨ ᠲᠤᠬᠢᠷᠠᠭᠤᠯᠬᠤ | ᠬᠦᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠲᠦᠷᠢᠶᠡᠰᠦᠨ ᠮᠠᠰᠢᠨ ᠤ ᠵᠦᠬᠡᠬᠡᠪᠦᠷᠢ ᠶᠢᠨ ᠦᠨ᠎ᠠ ᠶᠢᠨ | ᠬᠦᠳᠡᠯᠦᠩᠭᠦᠢ ᠲᠤᠬᠢᠷᠠᠭᠤᠯᠤᠯᠳᠠ ᠶᠢᠨ ᠲᠤᠭᠳᠠᠴᠠ ᠵᠢᠴᠢ ᠲᠡᠭᠡᠭᠡᠪᠤᠷᠢ ᠶᠢᠨ ᠦᠨ᠎ᠠ ᠪᠤᠯᠤᠨ ᠰᠢᠳᠠᠭᠠᠯᠭ᠎ᠠ ᠶᠢᠨ ᠦᠨ᠎ᠠ | ᠶᠢ ᠬᠤᠯᠪᠤᠬᠤ ᠠᠷᠭ᠎ᠠ ᠶᠢ ᠲᠤᠭᠳᠠᠭᠠᠨ ᠲᠡᠭᠦᠯᠳᠡᠷᠵᠢᠭᠦᠯᠦᠨ᠎ᠠ᠃ ᠵᠠᠰᠠᠭ ᠤᠨ ᠤᠷᠳᠤᠨ ᠠᠴᠠ ᠵᠢᠭᠡᠯᠡᠯᠭᠡ ᠶᠢ ᠲᠦᠯᠦᠬᠦ | ᠬᠤᠶᠠᠳᠤᠭᠠᠷ ᠲᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠲᠤᠷᠰᠢᠯᠳᠠ ᠶᠢᠨ ᠴᠢᠭ᠋ ᠢ ᠦᠭᠡᠶᠢᠰᠭᠡᠬᠦ ᠠᠵᠢᠯ ᠢ | ᠠᠬᠢᠭᠤᠯᠵᠤ᠂ ᠵᠠᠮ ᠲᠡᠭᠡᠭᠡᠪᠤᠷᠢ ᠶᠢᠨ ᠦᠪᠡᠷ ᠤᠨ ᠦᠷᠳᠡᠭ ᠪᠤᠯᠤᠨ ᠨᠡᠶᠢᠭᠡᠮ ᠤᠨ ᠲᠠᠷᠤᠭᠠᠰᠤ ᠶᠢ ᠬᠦᠩᠭᠡᠷᠡᠭᠦᠯᠦᠨ᠎ᠠ᠃ | | ︵ᠠᠷᠪᠠ︶ ᠨᠡᠶᠢᠳᠡ ᠶᠢᠨ ᠬᠡᠷᠡᠭᠯᠡᠭᠡᠨ ᠤ ᠠᠵᠢᠯ ᠦᠢᠯᠡᠰ ᠪᠤᠯᠤᠨ ᠨᠡᠶᠢᠳᠡ ᠶᠢᠨ ᠠᠰᠠᠷᠠᠮᠵᠢ ᠶᠢᠨ ᠴᠢᠨᠠᠷᠳᠠᠢ | ᠦᠢᠯᠡᠴᠢᠯᠡᠭᠡ ᠶᠢᠨ ᠦᠨ᠎ᠠ ᠬᠠᠨᠭ᠍ᠰᠢ ᠶᠢᠨ ᠬᠠᠮᠢᠶᠠᠷᠤᠯᠳᠠ ᠶᠢᠨ ᠰᠢᠨ᠎ᠠ ᠶᠢ ᠡᠭᠦᠳᠦᠨ᠎ᠠ᠃ ᠨᠡᠶᠢᠳᠡ ᠶᠢᠨ ᠬᠡᠷᠡᠭᠯᠡᠭᠡᠨ ᠤ | ᠠᠵᠢᠯ ᠦᠢᠯᠡᠰ ᠪᠤᠯᠤᠨ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠦᠢᠯᠡᠴᠢᠯᠡᠭᠡ ᠶᠢᠨ ᠡᠳ᠋ ᠤᠨ ᠵᠠᠰᠠᠭ ᠤᠨ ᠪᠡᠯᠡ | ᠤᠷᠤᠭᠤᠯᠤᠯᠳᠠ ᠪᠤᠯᠤᠨ ᠦᠨ᠎ᠠ ᠬᠠᠨᠭ᠍ᠰᠢ ᠶᠢᠨ ᠲᠤᠬᠢᠷᠠᠭᠤᠯᠤᠯᠳᠠ ᠶᠢ ᠬᠠᠷᠢᠯᠴᠠᠨ ᠵᠤᠬᠢᠴᠠᠭᠤᠯᠬᠤ ᠲᠤᠭᠳᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠤᠷᠳᠤᠨ ᠪᠤᠯᠤᠨ ᠨᠡᠶᠢᠭᠡᠮ ᠤᠨ ᠪᠡᠯᠡ ᠮᠦᠡᠭᠬᠦ ᠬᠤᠷᠰᠢᠬᠤ ᠶᠢ | ᠠᠬᠢᠭᠤᠯᠬᠤ ᠳᠤ ᠠᠰᠢᠬᠳᠠᠢ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠦᠢᠯᠡᠴᠢᠯᠡᠭᠡ ᠶᠢᠨ ᠦᠨ᠎ᠠ ᠬᠠᠨᠭ᠍ᠰᠢ ᠶᠢᠨ | ᠲᠦᠷᠦ ᠶᠢᠨ ᠪᠤᠳᠤᠯᠭ᠎ᠠ ᠶᠢ ᠲᠤᠭᠳᠠᠭᠠᠵᠤ᠂ ᠰᠤᠷᠭᠠᠨ ᠬᠦᠮᠦᠵᠢᠯ᠂ ᠰᠤᠶᠤᠯ᠂ ᠨᠠᠰᠤᠵᠢᠯ ᠤᠨ ᠠᠰᠠᠷᠠᠮᠵᠢ᠂ | ᠤᠷᠤᠰᠢᠭᠤᠯᠭ᠎ᠠ ᠵᠡᠷᠭᠡ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠦᠢᠯᠡᠴᠢᠯᠡᠭᠡ ᠶᠢᠨ ᠦᠨ᠎ᠠ ᠬᠠᠨᠭ᠍ᠰᠢ ᠶᠢ ᠲᠦᠷᠦᠯ | ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠰᠢᠨᠵᠢᠯᠡᠬᠦ ᠤᠬᠠᠭᠠᠨᠴᠢ | ᠬᠦᠭᠵᠢᠯᠳᠡ ᠳᠤ ᠠᠰᠢᠭᠳᠠᠢ᠂ ᠵᠦᠢ ᠵᠤᠬᠢᠰᠳᠠᠢ ᠪᠠᠷ ᠦᠪᠡᠷ ᠤᠨ ᠦᠷᠳᠡᠭ ᠢ ᠨᠦᠬᠦᠪᠦᠷᠢᠯᠡᠬᠦ᠂ ᠨᠡᠶᠢᠭᠡᠮ ᠤᠨ | ᠲᠠᠭᠠᠭᠠᠬᠤ ᠴᠢᠳᠠᠪᠤᠷᠢ ᠶᠢ ᠬᠠᠷᠠᠭᠠᠯᠵᠠᠬᠤ ᠳᠤ ᠠᠰᠢᠬᠳᠠᠢ ᠵᠠᠷᠴᠢᠮ ᠶᠤᠰᠤᠭᠠᠷ᠂ ᠦᠨᠳᠦᠰᠦᠨ ᠬᠡᠷᠡᠭᠴᠡᠭᠡ ᠪᠤᠯᠤᠨ | ᠦᠨᠳᠦᠰᠤᠨ ᠪᠤᠰᠤ ᠬᠡᠷᠡᠭᠴᠡᠭᠡ ᠳᠤ ᠠᠳᠠᠯᠢ ᠪᠤᠰᠤ ᠦᠨ᠎ᠠ ᠶᠢᠨ ᠬᠠᠮᠢᠶᠠᠷᠤᠯᠳᠠ ᠶᠢᠨ ᠠᠷᠭ᠎ᠠ ᠠᠪᠤᠨ᠎ᠠ᠃ ᠠᠯᠪᠠᠨ | ᠵᠢᠷᠦᠮ ᠤᠨ ᠰᠤᠷᠭᠠᠨ ᠬᠦᠮᠦᠵᠢᠯ ᠤᠨ ᠱᠠᠳᠤ ᠪᠤᠯᠤᠨ ᠦᠨᠳᠦᠷ ᠲᠤᠮᠳᠠᠳᠤ ︵ᠲᠤᠮᠳᠠ ᠵᠡᠷᠭᠡ ᠶᠢᠨ ᠠᠵᠢᠯ ᠮᠡᠷᠭᠡᠵᠢᠯ | ᠢ ᠪᠠᠭᠳᠠᠭᠠᠨ᠎ᠠ︶ ᠶᠢᠨ ᠰᠤᠷᠤᠭᠴᠢ ᠶᠢᠨ ᠰᠤᠷᠤᠯᠭ᠎ᠠ ᠶᠢᠨ ᠰᠦᠢᠳᠭᠡᠯ ᠢ ᠬᠡᠯᠳᠦᠷᠢᠭᠦᠯᠦᠨ᠎ᠠ᠂ ᠠᠯᠪᠠᠨ ᠠᠴᠠ | ᠡᠷᠬᠢᠯᠡᠭᠰᠡᠨ ᠬᠡᠦᠭᠡᠳ ᠤᠨ ᠴᠡᠴᠡᠷᠯᠢᠭ ᠤᠨ ᠠᠰᠠᠷᠠᠨ ᠬᠦᠮᠦᠵᠢᠭᠦᠯᠬᠦ ᠰᠦᠢᠳᠭᠡᠯ ᠪᠤᠯᠤᠨ ᠲᠡᠭᠡᠳᠦ ᠵᠡᠷᠭᠡ ᠶᠢᠨ | ᠰᠤᠷᠭᠠᠭᠤᠯᠢ ᠶᠢᠨ ᠰᠤᠷᠤᠯᠭ᠎ᠠ ᠶᠢᠨ ᠰᠦᠢᠳᠭᠡᠯ ᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠳᠠᠢ ᠰᠦᠢᠳᠭᠡᠯ | ᠬᠤᠷᠢᠶᠠᠬᠤ ᠬᠠᠮᠢᠶᠠᠷᠤᠯᠳᠠ ᠳᠤ ᠤᠷᠤᠭᠤᠯᠤᠨ᠎ᠠ︔ ᠠᠯᠪᠠᠨ ᠠᠴᠠ ᠡᠷᠬᠢᠯᠡᠭᠰᠡᠨ ᠰᠤᠷᠭᠠᠨ ᠬᠦᠮᠦᠵᠢᠯ ᠤᠨ | ᠪᠠᠶᠢᠭᠤᠯᠤᠮᠵᠢ ᠤᠷᠤᠯᠠᠨ ᠰᠦᠢᠳᠭᠡᠯ ᠬᠤᠷᠢᠶᠠᠬᠤ ᠳᠤ ᠦᠨ᠎ᠠ ᠬᠠᠨᠭ᠍ᠰᠢ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠰᠦᠢᠳᠭᠡᠯ ᠬᠤᠷᠢᠶᠠᠬᠰᠠᠨ ᠰᠢᠨᠵᠢ ᠴᠢᠨᠠᠷ ᠢ ᠦᠨᠳᠦᠰᠦᠯᠡᠨ ᠲᠦᠷᠦᠯ ᠬᠤᠪᠢᠶᠠᠵᠤ ᠨᠤᠳᠠᠯᠠᠨ ᠲᠤᠬᠳᠠᠭᠠᠨ᠎ᠠ︔ | ᠰᠤᠷᠤᠯᠭ᠎ᠠ ᠶᠢᠨ ᠨᠠᠮᠳᠠᠷ ᠤᠨ ᠪᠤᠰᠤ ᠪᠤᠯᠤᠨ ᠰᠤᠷᠤᠯᠭ᠎ᠠ ᠶᠢᠨ ᠨᠠᠮᠳᠠᠷ ᠤᠨ ᠠᠷᠠᠳ ᠠᠴᠠ ᠡᠷᠬᠢᠯᠡᠭᠰᠡᠨ ᠰᠤᠷᠭᠠᠨ | ᠬᠦᠮᠦᠵᠢᠯ ᠤᠨ ᠪᠠᠶᠢᠭᠤᠯᠤᠮᠵᠢ ᠰᠦᠢᠳᠭᠡᠯ ᠬᠤᠷᠢᠶᠠᠬᠤ ᠳᠤ ᠦᠪᠡᠰᠦᠪᠡᠨ ᠡᠵᠡᠨ ᠮᠡᠳᠡᠵᠦ ᠦᠨ᠎ᠠ ᠬᠠᠨᠭ᠍ᠰᠢ ᠶᠢ | ᠲᠤᠭᠳᠠᠭᠠᠬᠤ ᠶᠢ ᠬᠡᠷᠡᠭᠵᠢᠭᠦᠯᠦᠨ᠎ᠠ᠃ ᠵᠠᠰᠠᠭ ᠤᠨ ᠤᠷᠳᠤᠨ ᠠᠴᠠ ᠪᠡᠯᠡ ᠤᠷᠤᠭᠤᠯᠵᠤ ᠪᠠᠶᠢᠭᠤᠯᠤᠭᠰᠠᠨ ᠨᠠᠰᠤᠵᠢᠯ | ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠤᠷᠤ ᠶᠢᠨ ᠰᠦᠢᠳᠭᠡᠯ᠂ ᠠᠰᠠᠷᠠᠬᠤ ᠰᠦᠢᠳᠭᠡᠯ ᠢ | ᠵᠠᠰᠠᠭ ᠤᠨ ᠤᠷᠳᠤᠨ ᠠᠴᠠ ᠦᠨ᠎ᠠ ᠲᠤᠭᠳᠠᠭᠠᠵᠤ ᠬᠠᠮᠢᠶᠠᠷᠬᠤ ᠶᠢ ᠬᠡᠷᠡᠭᠵᠢᠭᠦᠯᠦᠨ᠎ᠠ᠂ ᠪᠤᠰᠤᠳ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠶᠢᠨ ᠦᠨ᠎ᠠ ᠶᠢ ᠡᠵᠡᠩᠨᠡᠭᠴᠢ ᠦᠪᠡᠰᠦᠪᠡᠨ ᠡᠵᠡᠨ ᠮᠡᠳᠡᠵᠦ ᠦᠨ᠎ᠠ ᠬᠠᠨᠭ᠍ᠰᠢ ᠶᠢ | ᠲᠤᠭᠳᠠᠭᠠᠨ᠎ᠠ᠃ ᠤᠷᠤᠰᠢᠭᠤᠯᠭ᠎ᠠ ᠶᠢᠨ ᠦᠢᠯᠡᠴᠢᠯᠡᠭᠡ ᠶᠢᠨ ᠰᠦᠢᠳᠭᠡᠯ ᠬᠤᠷᠢᠶᠠᠬᠤ ᠲᠦᠷᠦᠯ ᠵᠦᠢᠯ ᠳᠤ᠂ ᠲᠡᠭᠦᠨ ᠤ | ᠴᠢᠬᠤᠯᠠ ᠶᠢᠨ ᠬᠡᠮᠵᠢᠶ᠎ᠠ ᠪᠤᠯᠤᠨ ᠦᠷᠢᠰᠦᠯᠳᠦᠭᠡᠨ ᠤ ᠨᠦᠭᠦᠴᠡᠯ ᠢ ᠦᠨᠳᠦᠰᠦᠯᠡᠵᠦ᠂ ᠦᠨᠳᠦᠰᠦᠨ | ᠦᠢᠯᠡᠴᠢᠯᠡᠭᠡ ᠶᠢᠨ ᠰᠦᠢᠳᠭᠡᠯ ᠬᠤᠷᠢᠶᠠᠬᠤ ᠳᠤ ᠵᠠᠰᠠᠭ ᠤᠨ ᠤᠷᠳᠤᠨ ᠠᠴᠠ ᠦᠨ᠎ᠠ ᠬᠠᠨᠭ᠍ᠰᠢ ᠲᠤᠭᠳᠠᠭᠠᠬᠤ ᠶᠢ | ᠬᠡᠷᠡᠭᠵᠢᠭᠦᠯᠦᠨ᠎ᠠ᠂ ᠤᠷᠳᠤᠳᠬᠠᠭᠰᠠᠨ ᠦᠢᠯᠡᠴᠢᠯᠡᠭᠡ ᠶᠢᠨ ᠰᠦᠢᠳᠭᠡᠯ ᠬᠤᠷᠢᠶᠠᠬᠤ ᠳᠤ ᠵᠠᠬ᠎ᠠ ᠲᠡᠯᠭᠡᠭᠦᠷ ᠤᠨ | ᠲᠤᠬᠢᠷᠠᠭᠤᠯᠤᠯᠳᠠ ᠶᠢᠨ ᠦᠨ᠎ᠠ ᠬᠠᠨᠭ᠍ᠰᠢ ᠶᠢ ᠬᠡᠷᠡᠭᠵᠢᠭᠦᠯᠦᠨ᠎ᠠ᠃ ᠵᠤᠭᠠᠴᠠᠯ ᠤᠨ ᠦᠵᠡᠮᠵᠢ ᠶᠢᠨ ᠤᠷᠤᠨ ᠤ ᠡᠭᠦᠳᠡᠨ | ᠪᠢᠯᠧᠲ ᠵᠢᠴᠢ ᠬᠠᠮᠢᠶ᠎ᠠ ᠪᠦᠬᠦᠢ ᠦᠢᠯᠡᠴᠢᠯᠡᠭᠡ ᠶᠢᠨ ᠦᠨ᠎ᠠ ᠬᠠᠩᠰᠢ ᠶᠢᠨ ᠦᠭᠡᠷᠡᠴᠢᠯᠡᠯᠳᠡ ᠶᠢ ᠠᠬᠢᠭᠤᠯᠵᠤ᠂ | ᠦᠵᠡᠮᠵᠢ ᠶᠢᠨ ᠤᠷᠤᠨ ᠪᠤᠯᠤᠨ ᠤᠯᠠᠨ ᠲᠦᠮᠡᠨ ᠤ ᠡᠳᠦᠷ ᠲᠤᠳᠤᠮ ᠤᠨ ᠠᠮᠢᠳᠤᠷᠠᠯ ᠯᠤᠭ᠎ᠠ ᠶᠢᠨ ᠨᠢᠭᠳᠠ | ᠬᠠᠷᠢᠴᠠᠭ᠎ᠠ ᠶᠢᠨ ᠬᠡᠮᠵᠢᠶ᠎ᠠ᠂ ᠤᠯᠤᠰ ᠤᠨ ᠬᠠᠮᠠᠭᠠᠯᠠᠯᠳᠠ ᠲᠠᠢ ᠲᠡᠦᠭᠡ ᠶᠢᠨ ᠲᠤᠷᠠᠰᠬᠠᠯᠳᠤ ᠵᠦᠢᠯᠠᠰ ᠪᠤᠯᠤᠨ ᠬᠤᠪᠤᠷ | ᠴᠤᠬᠠᠭ ᠪᠠᠶᠢᠭᠠᠯᠢ ᠶᠢᠨ ᠡᠬᠢ ᠪᠠᠶᠠᠯᠢᠭ ᠵᠡᠷᠭᠡ ᠶᠢ ᠦᠨᠳᠦᠰᠦᠯᠡᠵᠦ ᠲᠦᠷᠦᠯ ᠬᠤᠪᠢᠶᠠᠨ ᠦᠨ᠎ᠠ ᠬᠠᠨᠭ᠍ᠰᠢ | ᠲᠤᠭᠳᠠᠭᠠᠵᠤ᠂ ᠦᠪᠡᠷᠳᠡᠭᠡᠨ ᠵᠠᠰᠠᠬᠤ ᠤᠷᠤᠨ ᠤ ᠵᠤᠭᠠᠴᠠᠯ ᠤᠨ ᠦᠵᠡᠮᠵᠢ ᠶᠢᠨ ᠤᠷᠤᠨ ᠤ ᠡᠭᠦᠳᠡᠨ ᠪᠢᠯᠧᠲ ᠤᠨ | ᠦᠨ᠎ᠠ ᠬᠠᠩᠰᠢ ᠶᠢᠨ ᠬᠠᠮᠢᠶᠠᠷᠤᠯᠳᠠ ᠶᠢᠨ ᠠᠷᠭ᠎ᠠ ᠳᠤ ᠵᠠᠰᠠᠪᠤᠷᠢ ᠤᠷᠤᠭᠤᠯᠤᠨ᠎ᠠ᠃ ᠨᠡᠶᠢᠳᠡ ᠶᠢᠨ ᠠᠵᠢᠯ ᠦᠢᠯᠡᠰ | ᠪᠤᠯᠤᠨ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠦᠢᠯᠡᠴᠢᠯᠡᠭᠡ ᠶᠢᠨ ᠡᠵᠡᠩᠨᠡᠭᠴᠢᠳ ᠡᠷᠭᠡᠪᠰᠢ ᠰᠦᠢᠳᠭᠡᠯ | ᠬᠤᠷᠢᠶᠠᠭᠰᠠᠨ ᠮᠡᠳᠡᠭᠡ ᠵᠠᠩᠭᠢ ᠪᠠᠨ ᠨᠡᠶᠢᠳᠡ ᠳᠤ ᠵᠠᠷᠯᠠᠵᠤ᠂ ᠨᠡᠶᠢᠭᠡᠮ ᠤᠨ ᠬᠢᠨᠠᠯᠳᠠ ᠶᠢ ᠬᠦᠯᠢᠶᠡᠵᠦ᠂ ᠬᠡᠷᠡᠭᠯᠡᠭᠴᠢᠳ | ᠤᠨ ᠬᠠᠤᠯᠢ ᠶᠤᠰᠤᠨ ᠤ ᠡᠷᠭᠡ ᠠᠰᠢᠭ ᠢ ᠪᠠᠳᠤᠯᠠᠬᠤ ᠬᠡᠷᠡᠭᠳᠡᠢ᠃ | ︵ᠠᠷᠪᠠᠨ ᠨᠢᠭᠡ︶ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠭᠰᠡᠨ ᠵᠠᠭᠤᠴᠢ ᠶᠢᠨ ᠦᠢᠯᠡᠴᠢᠯᠡᠭᠡᠨ ᠤ | ᠰᠦᠢᠳᠭᠡᠯ ᠬᠤᠷᠢᠶᠠᠬᠤ ᠳᠤ ᠵᠠᠬ᠎ᠠ ᠲᠡᠯᠭᠡᠭᠦᠷᠴᠢᠯᠡᠭᠰᠡᠨ ᠦᠭᠡᠷᠡᠴᠢᠯᠡᠯᠳᠡ ᠶᠢ ᠬᠡᠷᠡᠭᠵᠢᠭᠦᠯᠦᠨ᠎ᠡ᠃ ᠵᠠᠰᠠᠭ ᠵᠠᠬᠢᠷᠭᠠᠨ | ᠤ ᠬᠢᠨᠠᠨ ᠵᠦᠪᠰᠢᠶᠡᠷᠡᠭᠰᠡᠨ ᠵᠠᠭᠤᠴᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠵᠦᠪᠰᠢᠶᠡᠷᠡᠬᠦ ᠨᠦᠭᠦᠴᠡᠯ ᠢ ᠤᠯᠠᠮ | ᠨᠢᠭᠡ ᠠᠯᠬᠤᠮ ᠠᠭᠤᠵᠢᠭᠤ ᠲᠠᠯᠪᠢᠵᠤ᠂ ᠵᠠᠭᠤᠴᠢ ᠶᠢᠨ ᠦᠢᠯᠡᠴᠢᠯᠡᠭᠡᠨ ᠤ ᠵᠠᠬ᠎ᠠ ᠲᠡᠯᠭᠡᠭᠦᠷ ᠢ ᠴᠢᠯᠦᠭᠡᠳᠡᠢ ᠪᠤᠯᠭᠠᠵᠤ᠂ | ᠵᠠᠬ᠎ᠠ ᠲᠡᠯᠭᠡᠭᠦᠷ ᠤᠨ ᠪᠤᠶᠢᠵᠢᠯᠳᠡ ᠪᠤᠯᠪᠠᠰᠤᠷᠠᠩᠭᠤᠢ᠂ ᠦᠨ᠎ᠠ ᠬᠠᠩᠰᠢ ᠶᠢᠨ ᠪᠦᠷᠢᠯᠳᠦᠯ ᠤᠨ ᠲᠤᠭᠳᠠᠴᠠ | ᠲᠡᠭᠦᠯᠳᠡᠷ᠂ ᠦᠷᠢᠰᠦᠯᠳᠦᠭᠡᠨ ᠤ ᠬᠦᠴᠦᠨ ᠲᠡᠭᠦᠯᠳᠡᠷ ᠲᠦᠷᠢᠮᠵᠢᠭᠰᠡᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠭᠰᠡᠨ | ᠵᠠᠭᠤᠴᠢ ᠶᠢᠨ ᠦᠢᠯᠡᠴᠢᠯᠡᠭᠡ ᠳᠤ ᠵᠠᠬ᠎ᠠ ᠲᠡᠯᠭᠡᠭᠦᠷ ᠤᠨ ᠲᠤᠬᠢᠷᠠᠭᠤᠯᠬᠤ ᠦᠨ᠎ᠠ ᠬᠠᠨᠭ᠍ᠰᠢ ᠶᠢ ᠪᠦᠬᠦ ᠲᠠᠯ᠎ᠠ ᠪᠠᠷ | ᠬᠡᠷᠡᠭᠵᠢᠭᠦᠯᠦᠨ᠎ᠠ᠂ ᠵᠠᠰᠠᠭ ᠤᠨ ᠤᠷᠳᠤᠨ ᠠᠴᠠ ᠵᠤᠬᠢᠰ ᠦᠭᠡᠢ ᠭᠠᠷ ᠲᠦᠷᠦᠬᠦ ᠦᠭᠡᠢ᠂ ᠴᠦᠬᠡᠨ ᠲᠤᠭᠠᠨ ᠤ ᠵᠠᠪᠠᠯ | ᠪᠠᠶᠢᠬᠤ ᠴᠢᠬᠤᠯᠠᠳᠠᠢ ᠭᠠᠭᠴᠠᠭᠠᠷ ᠡᠵᠡᠮᠰᠢᠯ ᠤᠨ ᠴᠢᠨᠠᠷ ᠬᠠᠷᠢᠴᠠᠩᠭᠤᠢ ᠶᠡᠭᠡ᠂ ᠤᠬᠤᠷ ᠬᠤᠭᠤᠴᠠᠭᠠᠨ ᠳᠤ ᠭᠦᠢᠴᠡᠳ | ᠦᠷᠢᠰᠦᠯᠳᠦᠬᠦ ᠬᠦᠴᠦᠨ ᠪᠦᠷᠢᠯᠳᠦᠵᠦ ᠴᠢᠳᠠᠬᠤ ᠦᠭᠡᠢ ᠵᠠᠰᠠᠭ ᠵᠠᠬᠢᠷᠭᠠᠨ ᠤ ᠬᠢᠨᠠᠨ ᠵᠦᠪᠰᠢᠶᠠᠷᠬᠦ ᠵᠠᠭᠤᠴᠢ ᠶᠢᠨ | ᠦᠢᠯᠡᠴᠢᠯᠡᠭᠡ ᠶᠢ ᠴᠢᠩᠭ᠎ᠠ ᠬᠢᠨᠠᠨ ᠬᠠᠷᠭᠤᠭᠤᠯᠵᠤ᠂ ᠴᠢᠩᠭ᠎ᠠ ᠬᠢᠨᠠᠨ ᠡᠵᠡᠮᠳᠡᠬᠦ ᠵᠠᠷᠴᠢᠮ ᠶᠤᠰᠤᠭᠠᠷ ᠵᠠᠰᠠᠭ ᠤᠨ | ᠤᠷᠳᠤᠨ ᠤ ᠦᠨ᠎ᠠ ᠬᠠᠩᠰᠢ ᠲᠤᠭᠳᠠᠭᠠᠬᠤ ᠲᠦᠷᠦᠯ ᠵᠦᠢᠯ ᠳᠤ ᠤᠷᠤᠭᠤᠯᠵᠤ ᠬᠠᠮᠢᠶᠠᠷᠤᠨ᠎ᠠ᠃ | ᠭᠤᠷᠪᠠ᠂ ᠵᠠᠰᠠᠭ ᠤᠨ ᠣᠷᠳᠣᠨ ᠤ ᠦᠨ᠎ᠡ ᠬᠠᠩᠰᠢ ᠶᠢᠨ ᠬᠢᠨᠠᠨ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠎ᠡ | ︵ᠠᠷᠪᠠᠨ ᠬᠤᠶᠠᠷ︶ ᠵᠠᠰᠠᠭ ᠤᠨ ᠤᠷᠳᠤᠨ ᠤ ᠦᠨ᠎ᠡ ᠬᠠᠨᠭ᠍ᠰᠢ ᠳᠤᠭᠳᠠᠭᠠᠬᠤ ᠲᠦᠷᠦᠯ ᠵᠦᠢᠯ ᠢ ᠨᠠᠷᠢᠨ | ᠳᠠᠩᠰᠠᠯᠠᠬᠤ ᠶᠢ ᠠᠬᠢᠭᠤᠯᠤᠨ᠎ᠠ᠃ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨ᠎ᠡ ᠬᠠᠨᠭ᠍ᠰᠢ | ᠳᠤᠭᠳᠠᠭᠠᠬᠤ ᠭᠠᠷᠴᠠᠭ︾ ᠲᠤ᠋ ᠬᠦᠳᠡᠯᠦᠩᠬᠦᠢ ᠪᠠᠷ ᠵᠠᠰᠠᠪᠤᠷᠢ ᠤᠷᠤᠭᠤᠯᠵᠤ᠂ ᠵᠠᠰᠠᠭ ᠤᠨ ᠤᠷᠳᠤᠨ ᠤ ᠦᠨ᠎ᠡ | ᠬᠠᠨᠭ᠍ᠰᠢ ᠳᠤᠭᠳᠠᠭᠠᠬᠤ ᠬᠦᠷᠢᠶ᠎ᠡ ᠬᠡᠪᠴᠢᠶ᠎ᠡ ᠶᠢ ᠭᠤᠤᠯᠳᠠᠭᠤ ᠴᠢᠬᠤᠯᠠ ᠪᠦᠬᠦᠢ ᠨᠡᠶᠢᠳᠡ ᠶᠢᠨ ᠬᠡᠷᠡᠭᠯᠡᠭᠡᠨ ᠤ ᠠᠵᠢᠯ | ᠦᠢᠯᠡᠰ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠦᠢᠯᠡᠴᠢᠯᠡᠭᠡ᠂ ᠲᠣᠣᠷᠵᠢᠠᠠᠰᠠᠨ ᠬᠡᠯᠪᠡᠷᠢ ᠶᠢ ᠠᠶᠠᠨᠳᠠᠭᠠᠨ ᠤ | ᠭᠠᠭᠴᠠᠭᠠᠷ ᠡᠵᠡᠮᠰᠢᠯ ᠤᠨ ᠭᠤᠬᠴᠤᠭ᠎ᠠ ᠶᠢᠨ ᠲᠤᠳᠤᠷ᠎ᠠ ᠬᠢᠵᠠᠭᠠᠷᠯᠠᠨ᠎ᠠ᠃ ᠵᠠᠰᠠᠭ ᠤᠨ ᠤᠷᠳᠤᠨ ᠤ ᠦᠨ᠎ᠡ ᠬᠠᠨᠭ᠍ᠰᠢ | ᠳᠤᠭᠳᠠᠭᠠᠭᠰᠠᠨ ᠲᠦᠷᠦᠯ ᠵᠦᠢᠯ ᠪᠦᠬᠦᠨ ᠢ ᠵᠠᠰᠠᠭ ᠤᠨ ᠤᠷᠳᠤᠨ ᠤ ᠦᠨ᠎ᠡ ᠬᠠᠨᠭ᠍ᠰᠢ ᠳᠤᠭᠳᠠᠭᠠᠬᠤ ᠭᠠᠷᠴᠠᠭ ᠲᠲ᠋ᠤ | ᠪᠠᠭᠳᠠᠭᠠᠨ ᠬᠠᠮᠢᠶᠠᠷᠤᠨ᠎ᠡ᠃ ᠭᠠᠷᠴᠠᠭ ᠳᠤᠳᠤᠷᠠᠬᠢ ᠦᠨ᠎ᠡ ᠬᠠᠨᠭ᠍ᠰᠢ ᠳᠤᠭᠳᠠᠭᠠᠬᠤ ᠲᠦᠷᠦᠯ ᠵᠦᠢᠯ ᠪᠦᠬᠦᠨ ᠳᠤ | ᠦᠨ᠎ᠡ ᠬᠠᠨᠭ᠍ᠰᠢ ᠳᠤᠭᠳᠠᠭᠠᠭᠰᠠᠨ ᠠᠭᠤᠯᠭ᠎ᠠ ᠪᠠ ᠦᠨ᠎ᠡ ᠬᠠᠨᠭ᠍ᠰᠢ ᠲᠤᠬᠳᠠᠭᠠᠬᠤ ᠰᠠᠯᠠᠭ᠎ᠠ ᠮᠦᠴᠢᠷ ᠢ | ᠳᠤᠳᠤᠷᠬᠠᠢᠢᠯᠠᠵᠤ᠂ ᠭᠠᠷᠴᠠᠭ ᠠᠴᠠ ᠭᠠᠳᠠᠨ᠎ᠡ ᠦᠨ᠎ᠡ ᠬᠠᠨᠭ᠍ᠰᠢ ᠳᠤᠭᠳᠠᠭᠠᠬᠤ ᠡᠷᠬᠡ ᠦᠭᠡᠢ ᠪᠠᠶᠢᠬᠤ ᠶᠢ ᠪᠠᠳᠤᠯᠠᠵᠤ᠂ | ᠵᠠᠰᠠᠭ ᠤᠨ ᠤᠷᠳᠤᠨ ᠤ ᠦᠨ᠎ᠡ ᠬᠠᠨᠭ᠍ᠰᠢ ᠳᠤᠭᠳᠠᠭᠠᠬᠤ ᠶᠢ ᠡᠷᠭᠡ ᠪᠠ ᠬᠠᠷᠢᠭᠤᠴᠠᠯᠭ᠎ᠠ ᠶᠢᠨ ᠨᠡᠷᠢᠨ ᠳᠠᠩᠰᠠ ᠳᠤ | ᠤᠷᠤᠭᠤᠯᠤᠨ᠎ᠡ᠃ ᠳᠤᠭᠳᠠᠮᠠᠯ ᠬᠤᠭᠤᠴᠠᠭ᠎ᠠ ᠲᠠᠢ ᠦᠨ᠎ᠡ ᠬᠠᠨᠭ᠍ᠰᠢ ᠶᠢᠨ ᠦᠭᠡᠷᠡᠴᠢᠯᠡᠯᠳᠡ ᠶᠢᠨ ᠦᠷ᠎ᠡ ᠪᠦᠳᠦᠮᠵᠢ ᠪᠠ | ᠵᠠᠬ᠎ᠠ ᠳᠡᠯᠭᠡᠬᠦᠷ ᠤᠨ ᠦᠷᠢᠰᠦᠯᠳᠦᠭᠡᠨ ᠤ ᠪᠠᠶᠢᠳᠠᠯ ᠢ ᠦᠨᠡᠯᠡᠨ ᠵᠢᠱᠢᠵᠦ᠂ ᠪᠤᠳᠠᠳᠠᠢ ᠦᠨ᠎ᠡ ᠬᠠᠨᠭ᠍ᠰᠢ ᠳᠤᠭᠳᠠᠭᠠᠬᠤ | ᠲᠦᠷᠦᠯ ᠵᠦᠢᠯ ᠢ ᠴᠠᠭ ᠳᠤᠬᠠᠢ ᠳᠤᠨᠢ ᠳᠤᠬᠢᠷᠠᠭᠤᠯᠤᠨᠡ᠃ | ︵ᠠᠷᠪᠠᠨ ᠭᠤᠷᠪᠠ︶ ᠦᠨ᠎ᠡ ᠬᠠᠨᠭ᠍ᠰᠢ ᠶᠢᠨ ᠬᠠᠮᠢᠶᠡᠷᠤᠯᠳᠠ ᠶᠢᠨ ᠡᠷᠭᠡ ᠶᠢ ᠳᠤᠷᠤᠭᠰᠢ ᠪᠠᠭᠤᠯᠭᠠᠨ᠎ᠠ᠃ | ᠰᠠᠭᠤᠭᠠᠯᠢ ᠠᠷᠠᠳ ᠤᠨ ᠴᠠᠬᠢᠯᠭᠠᠨ ᠬᠠᠨᠭ᠍ᠭᠠᠬᠤ᠂ ᠤᠰᠤ ᠬᠠᠨᠭ᠍ᠭᠠᠬᠤ᠂ ᠰᠢᠳᠠᠮᠠᠬᠠᠢ ᠬᠡᠢ ᠬᠠᠨᠭ᠍ᠭᠠᠬᠤ᠂ ᠲᠤᠯᠠᠭᠠᠯᠠᠮᠵᠢ | ᠬᠠᠨᠭ᠍ᠭᠠᠬᠤ ᠵᠡᠷᠭᠡ ᠨᠡᠶᠢᠳᠡ ᠶᠢᠨ ᠬᠡᠷᠡᠭᠯᠡᠭᠡᠨ ᠤ ᠠᠵᠢᠯ ᠦᠢᠯᠡᠰ ᠤᠨ ᠨᠢᠭᠡᠴᠡ ᠶᠢᠨ ᠰᠦᠢᠳᠭᠡᠯ ᠬᠤᠷᠢᠶᠠᠬᠤ᠂ | ᠨᠡᠶᠢᠳᠡ ᠶᠢᠨ ᠤᠷᠤᠨ ᠰᠠᠭᠤᠴᠠ᠂ ᠬᠢᠮᠳᠠ ᠲᠦᠷᠢᠶᠡᠰᠦᠨ ᠤᠷᠤᠨ ᠰᠠᠭᠤᠴᠠ ᠶᠢᠨ ᠳᠦᠷᠢᠶᠡᠰᠦᠨ ᠮᠦᠡᠭᠬᠦ ᠵᠢᠴᠢ | ᠪᠠᠳᠤᠯᠠᠪᠤᠷᠢ ᠶᠢᠨ ᠴᠢᠨᠠᠷᠳᠠᠢ ᠤᠷᠤᠨ ᠰᠠᠭᠤᠴᠠ ᠶᠢᠨ ᠠᠳᠠᠯ ᠠᠬᠤᠢ ᠶᠢᠨ ᠦᠢᠯᠡᠴᠢᠯᠡᠭᠡ ᠶᠢᠨ ᠰᠦᠢᠳᠬᠡᠯ ᠬᠤᠷᠢᠶᠠᠬᠤ | ᠂ ᠵᠤᠭᠠᠴᠠᠯ ᠤᠨ ᠦᠵᠡᠮᠵᠢ ᠶᠢᠨ ᠤᠷᠤᠨ ᠤ ᠡᠬᠦᠳᠡᠨ ᠹᠢᠯᠧᠲ ᠵᠢᠴᠢ ᠤᠷᠳᠤᠳᠬᠠᠬᠰᠠᠨ ᠦᠢᠯᠡᠴᠢᠯᠡᠭᠡ ᠶᠢᠨ | ᠰᠦᠢᠳᠭᠡᠯ ᠬᠤᠷᠢᠶᠡᠬᠤ᠂ ᠣᠷᠣᠰᠢᠭᠤᠯᠭ᠎ᠠ ᠶᠢᠨ ᠦᠢᠯᠡᠴᠢᠯᠡᠭᠡ ᠶᠢᠨ ᠰᠦᠢᠳᠬᠡᠯ ᠬᠤᠷᠢᠶᠠᠬᠤ᠂ ᠳᠡᠮᠦᠷ ᠵᠠᠮ ᠤᠨ | ᠳᠤᠰᠬᠠᠢ ᠱᠤᠭᠤᠮ ᠤᠨ ᠨᠡᠶᠢᠳᠡ ᠶᠢᠨ ᠬᠡᠷᠡᠭᠯᠡᠭᠡ ᠵᠢᠴᠢ ᠳᠤᠰᠬᠠᠢ ᠬᠡᠷᠡᠭᠯᠡᠬᠦ ᠳᠡᠮᠦᠷ ᠵᠠᠮ ᠪᠠ ᠠᠶᠠᠨᠴᠢᠳ ᠤᠨ | ᠳᠡᠭᠡᠭᠡᠪᠤᠷᠢ ᠶᠢ ᠬᠠᠷᠠᠭᠠᠯᠵᠠᠭᠤᠯᠤᠬᠰᠠᠨ ᠦᠨ᠎ᠡ ᠬᠠᠨᠭ᠍ᠰᠢ᠂ ᠠᠯᠪᠠᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠤᠷᠤ ᠶᠢᠨ ᠰᠦᠢᠳᠬᠡᠯ᠂ ᠠᠰᠠᠷᠠᠬᠤ ᠰᠦᠢᠳᠬᠡᠯ᠂ ᠨᠡᠶᠢᠳᠡ ᠶᠢᠨ ᠮᠠᠰᠢᠨ ᠳᠡᠷᠬᠡᠨ ᠤ ᠹᠢᠯᠧᠲ | ᠤᠨ ᠦᠨ᠎ᠡ ᠵᠢᠴᠢ ᠬᠤᠳᠠ ᠶᠢᠨ ᠵᠢᠮᠳᠤ ᠵᠠᠮ ᠬᠠᠷᠢᠯᠴᠠᠭᠠᠨ ᠤ ᠦᠨ᠎ᠡ ᠬᠠᠨᠭ᠍ᠰᠢ᠂ ᠲᠦᠷᠢᠶᠡᠰᠦᠨ ᠮᠠᠰᠢᠨ ᠤ | ᠵᠦᠬᠡᠬᠡᠪᠦᠷᠢᠯᠡᠯᠳᠡ ᠶᠢᠨ ᠦᠨ᠎ᠡ ᠬᠠᠨᠭ᠍ᠰᠢ ᠵᠢᠴᠢ ᠰᠢᠳᠠᠭᠠᠯᠭ᠎ᠠ ᠶᠢᠨ ᠳᠤᠰᠤᠨ ︵ᠬᠡᠢ︶ ᠤ ᠨᠡᠮᠡᠯᠳᠡ ᠰᠦᠢᠳᠬᠡᠯ᠂ | ᠳᠡᠷᠭᠡ ᠵᠤᠭᠰᠤᠭᠠᠬᠤ ᠳᠠᠯᠠᠪᠠᠢ ᠶᠢᠨ ᠰᠦᠢᠳᠬᠡᠯ ᠬᠤᠷᠢᠶᠠᠬᠤ ᠵᠡᠷᠭᠡ ᠦᠨ᠎ᠡ ᠬᠠᠨᠭ᠍ᠰᠢ ᠶᠢᠨ ᠬᠠᠮᠢᠶᠠᠷᠤᠯᠳᠠ ᠶᠢᠨ | ᠡᠷᠭᠡ ᠶᠢ ᠳᠤᠷᠤᠭᠰᠢ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠳᠤᠭᠤᠷᠢᠭ︶ ᠳᠤ ᠪᠠᠭᠤᠯᠭᠠᠵᠤ᠂ | ᠬᠠᠷᠢᠶᠠᠳᠤ ᠤᠷᠤᠨ ᠤ ᠬᠠᠮᠢᠶᠠᠷᠤᠯᠳᠠ ᠶᠢ ᠶᠠᠪᠤᠭᠤᠯᠤᠨᠡ᠃ ᠳᠤᠷᠤᠭᠰᠢ ᠪᠠᠭᠤᠯᠭᠠᠭᠰᠠᠨ ᠦᠨ᠎ᠡ ᠬᠠᠨᠭ᠍ᠰᠢ ᠶᠢᠨ | ᠬᠠᠮᠢᠶᠠᠷᠤᠯᠳᠠ ᠶᠢᠨ ᠡᠷᠭᠡ ᠳᠠᠬᠢ ᠲᠠᠸᠠᠷ ᠪᠠ ᠦᠢᠯᠡᠴᠢᠯᠡᠭᠡ ᠶᠢᠨ ᠦᠨ᠎ᠡ ᠬᠠᠨᠭ᠍ᠰᠢ ᠳᠤᠭᠳᠠᠭᠠᠬᠤ ᠠᠵᠢᠯ ᠤᠨ | ᠵᠢᠯᠤᠭᠤᠳᠤᠮᠵᠢ᠂ ᠬᠢᠨᠠᠯᠳᠠ ᠬᠠᠮᠢᠶᠠᠷᠤᠯᠳᠠ ᠪᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ | ᠦᠨᠡᠯᠡᠨ ᠵᠢᠱᠢᠯᠳᠡ ᠶᠢ ᠴᠢᠩᠭᠠᠳᠬᠠᠨ᠎ᠡ᠃ | ︵ᠠᠷᠪᠠᠨ ᠲᠦᠷᠪᠡ︶ ᠵᠠᠰᠠᠭ ᠤᠨ ᠤᠷᠳᠤᠨ ᠤ ᠦᠨ᠎ᠡ ᠬᠠᠨᠭ᠍ᠰᠢ ᠳᠤᠭᠳᠠᠭᠠᠬᠤ ᠲᠡᠰ ᠲᠠᠷᠠᠭᠠᠯᠠᠯ ᠢ | ᠵᠢᠷᠤᠮᠵᠢᠭᠤᠯᠤᠨ᠎ᠠ᠃ ᠤᠯᠤᠰ ᠠᠴᠠ ᠳᠤᠭᠳᠠᠭᠠᠭᠰᠠᠨ ᠵᠠᠰᠠᠭ ᠤᠨ ᠤᠷᠳᠤᠨ ᠤ ᠦᠨ᠎ᠡ ᠬᠠᠨᠭ᠍ᠰᠢ ᠳᠤᠭᠳᠠᠭᠠᠬᠤ ᠲᠡᠰ | ᠲᠠᠷᠠᠭᠠᠯᠠᠯ ᠤᠨ ᠳᠤᠬᠠᠢ ᠲᠦᠷᠢᠮ ᠳᠤᠭᠳᠠᠭᠠᠯ ᠢ ᠴᠢᠩᠭ᠎ᠠ ᠬᠡᠷᠡᠭᠵᠢᠬᠦᠯᠵᠦ᠂ ᠵᠠᠰᠠᠭ ᠤᠨ ᠤᠷᠳᠤᠨ ᠤ ᠦᠨ᠎ᠡ ᠬᠠᠨᠭ᠍ᠰᠢ | ᠳᠤᠭᠳᠠᠭᠠᠬᠤ ᠭᠠᠷᠴᠠᠭ ᠲᠲ᠋ᠤ ᠤᠷᠤᠭᠤᠯᠤᠭᠰᠠᠨ ᠲᠦᠷᠦᠯ ᠵᠦᠢᠯ ᠳᠤ᠂ ᠪᠤᠳᠠᠳᠠᠢ ᠬᠠᠮᠢᠶᠠᠷᠤᠯᠳᠠ ᠶᠢᠨ ᠠᠷᠭ᠎ᠠ᠂ | ᠦᠨ᠎ᠡ ᠳᠤᠭᠳᠠᠭᠠᠬᠤ ᠲᠤᠬᠳᠠᠴᠠ᠂ ᠦᠷᠳᠡᠭ ᠢ ᠬᠢᠨᠠᠨ ᠪᠠᠶᠢᠴᠠᠭᠠᠬᠤ ᠳᠦᠷᠢᠮᠵᠢᠯ ᠢ ᠳᠤᠭᠳᠠᠭᠠᠵᠤ᠂ ᠲᠤᠷ᠎ᠠ | ᠲᠠᠪᠠ ᠪᠠᠷ ᠲᠠᠰᠤᠯᠬᠤ ᠡᠷᠬᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠡ᠃ ᠰᠦᠢᠳᠬᠡᠯ ᠬᠤᠷᠢᠶᠠᠯᠳᠠ ᠶᠢ | ᠬᠢᠨᠠᠨ ᠵᠦᠪᠰᠢᠶᠡᠷᠡᠬᠦ ᠠᠷᠭ᠎ᠠ ᠬᠡᠮᠵᠢᠶ᠎ᠡ ᠶᠢ ᠦᠭᠡᠷᠡᠴᠢᠯᠡᠨ ᠰᠠᠶᠢᠵᠢᠷᠠᠭᠤᠯᠵᠤ᠂ ᠰᠠᠨᠠᠭᠠᠴᠢᠯᠠᠭᠠᠳᠤ ᠪᠤᠰᠤ ᠬᠢᠨᠠᠨ | ᠵᠦᠪᠰᠢᠶᠡᠷᠡᠯᠳᠠ ᠬᠢᠬᠦ ᠶᠢ ᠰᠠᠨᠠᠭᠠᠴᠢᠯᠠᠭ᠎ᠠ ᠲᠠᠢ ᠪᠠᠷ ᠦᠨ᠎ᠡ ᠬᠠᠨᠭ᠍ᠰᠢ ᠳᠤᠭᠳᠠᠭᠠᠬᠤ ᠪᠤᠯᠭᠠᠨ ᠦᠭᠡᠷᠡᠴᠢᠯᠡᠵᠤ᠂ | ᠰᠦᠢᠳᠬᠡᠯ ᠬᠤᠷᠢᠶᠠᠬᠤ ᠡᠳᠡᠭᠡᠳ ᠲᠲ᠋ᠤ ᠬᠠᠨᠳᠤᠭᠤᠯᠤᠨ ᠬᠢᠨᠠᠠ ᠵᠦᠪᠰᠢᠶᠡᠷᠡᠯᠳᠡ ᠬᠢᠵᠤ ᠪᠠᠶᠢᠬᠰᠠᠨ ᠢ ᠠᠵᠢᠯ | ᠲᠦᠷᠦᠯ ᠤᠨ ᠰᠢᠰᠲ᠋ᠧᠮ ᠳᠤ ᠬᠠᠨᠳᠤᠭᠤᠯᠤᠨ ᠨᠢᠭᠡᠳᠤᠯᠳᠠᠢ ᠪᠠᠷ ᠦᠨ᠎ᠡ ᠬᠠᠨᠭ᠍ᠰᠢ ᠳᠤᠭᠳᠠᠭᠠᠬᠤ ᠪᠤᠯᠭᠠᠨ | ᠦᠭᠡᠷᠡᠴᠢᠯᠡᠨ᠎ᠡ᠃ ᠦᠨ᠎ᠡ ᠬᠠᠨᠭ᠍ᠰᠢ ᠶᠢᠨ ᠬᠡᠷᠡᠴᠢ ᠰᠤᠨᠤᠰᠬᠤ ᠲᠦᠷᠢᠮ ᠢ ᠳᠡᠬᠦᠯᠳᠡᠷᠵᠢᠬᠦᠯᠵᠦ᠂ ᠳᠤᠰᠬᠠᠢ | ᠮᠡᠷᠭᠡᠵᠢᠯᠳᠡᠨ ᠤ ᠨᠤᠳᠠᠯᠠᠯᠳᠠ ᠬᠢᠬᠦ ᠲᠦᠷᠢᠮ ᠢ ᠭᠡᠷᠡᠭᠵᠢᠬᠦᠯᠵᠦ᠂ ᠢᠯᠡ ᠪᠠᠷ ᠨᠡᠶᠢᠳᠡᠯᠡᠵᠤ ᠢᠯᠡ ᠪᠤᠯᠭᠠᠬᠤ ᠲᠦᠷᠢᠮ | ᠢ ᠪᠠᠶᠢᠭᠤᠯᠵᠤ᠂ ᠠᠵᠢᠯ ᠤᠨ ᠲᠡᠰ ᠲᠠᠷᠠᠭᠠᠯᠠᠯ ᠳᠤᠳᠤᠷᠬᠠᠢ᠂ ᠵᠢᠷᠤᠮᠵᠢᠬᠰᠠᠨ᠂ ᠢᠯᠡ ᠳᠤᠳᠤ ᠪᠠᠶᠢᠬᠤ ᠶᠢ ᠪᠠᠳᠤᠯᠠᠵᠤ | ᠂ ᠰᠠᠨᠠᠭᠠᠴᠢᠯᠠᠭ᠎ᠠ ᠲᠠᠢ ᠪᠠᠷ ᠨᠡᠶᠢᠭᠡᠮ ᠤᠨ ᠬᠢᠨᠠᠯᠳᠠ ᠶᠢ ᠬᠦᠯᠢᠶᠡᠵᠤ᠂ ᠵᠠᠰᠠᠭ ᠤᠨ ᠤᠷᠳᠤᠨ ᠤ ᠦᠨ᠎ᠡ ᠬᠠᠨᠭ᠍ᠰᠢ | ᠳᠤᠭᠳᠠᠭᠠᠬᠤ ᠠᠵᠢᠯᠯᠠᠭ᠎ᠠ ᠶᠢ ᠪᠦᠳᠦᠮᠵᠢᠳᠠᠢ ᠬᠢᠵᠠᠭᠠᠷᠯᠠᠨ᠎ᠡ᠃ | ︵ᠠᠷᠪᠠᠨ ᠳᠠᠪᠤ︶ ᠦᠷᠳᠡᠭ ᠢ ᠬᠢᠨᠠᠨ ᠪᠠᠶᠢᠴᠠᠭᠠᠬᠤ ᠪᠠ ᠦᠷᠳᠡᠭ ᠤᠨ ᠮᠡᠳᠡᠭᠡ ᠵᠠᠩᠬᠢ ᠶᠢ ᠢᠯᠡ ᠲᠤᠳᠤ | ᠪᠠᠶᠢᠯᠭᠠᠬᠤ ᠶᠢ ᠴᠢᠩᠭᠠᠳᠬᠠᠨ᠎ᠡ᠃ ᠦᠷᠳᠡᠭ ᠢ ᠬᠢᠨᠠᠨ ᠪᠠᠶᠢᠴᠠᠭᠠᠬᠤ ᠵᠠᠷᠴᠢᠮ ᠢ ᠪᠠᠷᠢᠮᠳᠠᠯᠠᠵᠤ᠂ ᠦᠷᠳᠡᠭ ᠢ ᠬᠢᠨᠠᠨ | ᠪᠠᠶᠢᠴᠠᠭᠠᠬᠤ ᠶᠢ ᠵᠠᠰᠠᠭ ᠤᠨ ᠤᠷᠳᠤᠨ ᠠᠴᠠ ᠦᠨ᠎ᠡ ᠬᠠᠨᠭ᠍ᠰᠢ ᠳᠤᠭᠳᠠᠭᠠᠬᠤ ᠪᠠ ᠦᠨ᠎ᠡ ᠬᠠᠨᠭ᠍ᠰᠢ ᠳᠤᠬᠢᠷᠠᠭᠤᠯᠬᠤ | ᠴᠢᠬᠤᠯᠠ ᠪᠦᠬᠦᠢ ᠲᠡᠰ ᠲᠠᠷᠠᠭᠠᠯᠠᠯ ᠪᠤᠯᠭᠠᠵᠤ᠂ ᠦᠷᠳᠡᠭ ᠢ ᠬᠢᠨᠠᠨ ᠪᠠᠶᠢᠴᠠᠭᠠᠬᠤ ᠲᠤᠬᠳᠠᠴᠠ ᠶᠢ ᠳᠠᠰᠤᠷᠠᠯᠳᠠ ᠦᠭᠡᠢ | ᠳᠡᠬᠦᠯᠳᠡᠷᠵᠢᠬᠦᠯᠦᠨ᠎ᠡ᠃ ᠦᠷᠳᠡᠭ ᠢ ᠬᠢᠨᠠᠨ ᠪᠠᠶᠢᠴᠠᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠤ᠂ ᠠᠵᠢᠯ | ᠲᠦᠷᠦᠯ᠂ ᠲᠦᠷᠦᠯ ᠵᠦᠢᠯ ᠬᠤᠪᠢᠶᠠᠭᠰᠠᠨ ᠦᠷᠳᠡᠭ ᠢ ᠬᠢᠨᠠᠨ ᠪᠠᠶᠢᠴᠠᠭᠠᠬᠤ ᠠᠷᠭ᠎ᠠ ᠶᠢ ᠳᠤᠭᠳᠠᠭᠠᠨᠡ᠃ | ᠨᠡᠶᠢᠳᠡ ᠶᠢᠨ ᠬᠡᠷᠡᠭᠯᠡᠭᠡᠨ ᠤ ᠠᠵᠢᠯ ᠦᠢᠯᠡᠰ ᠪᠠ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠦᠢᠯᠡᠴᠢᠯᠡᠭᠡ ᠶᠢᠨ | ᠡᠵᠡᠩᠨᠡᠭᠴᠢ ᠨᠢ ᠵᠠᠪᠠᠯ ᠵᠠᠰᠠᠭ ᠤᠨ ᠤᠷᠳᠤᠨ ᠤ ᠦᠨ᠎ᠡ ᠬᠠᠨᠭ᠍ᠰᠢ ᠳᠤᠭᠳᠠᠭᠠᠬᠤ ᠪᠠᠶᠢᠭᠤᠯᠤᠮᠵᠢ ᠶᠢᠨ ᠲᠤᠬᠳᠠᠭᠠᠯ | ᠶᠤᠰᠤᠭᠠᠷ ᠦᠷᠳᠡᠭ ᠢᠶᠠᠨ ᠨᠡᠶᠢᠳᠡᠯᠡᠬᠦ ᠬᠡᠷᠡᠭᠳᠠᠢ᠂ ᠵᠠᠰᠠᠭ ᠤᠨ ᠤᠷᠳᠤᠨ ᠤ ᠦᠨ᠎ᠡ ᠬᠠᠨᠭ᠍ᠰᠢ ᠳᠤᠭᠳᠠᠭᠠᠬᠤ | ᠪᠠᠶᠢᠭᠤᠯᠤᠮᠵᠢ ᠦᠨ᠎ᠡ ᠬᠠᠨᠭ᠍ᠰᠢ ᠳᠤᠭᠳᠠᠭᠠᠬᠤ ᠪᠠ ᠦᠨ᠎ᠡ ᠬᠠᠨᠭ᠍ᠰᠢ ᠶᠢ ᠳᠤᠬᠢᠷᠠᠭᠤᠯᠬᠤ ᠠᠴᠠ ᠪᠠᠨ ᠡᠮᠦᠨ᠎ᠡ ᠦᠷᠳᠡᠭ | ᠢ ᠬᠢᠨᠠᠨ ᠪᠠᠶᠢᠴᠠᠭᠠᠬᠰᠠᠨ ᠳ᠋ᠦᠡᠭᠨᠡᠯᠳᠡ ᠪᠠᠨ ᠢᠯᠡ ᠨᠠᠶᠢᠳᠡᠯᠡᠵᠤ᠂ ᠨᠡᠶᠢᠭᠡᠮ ᠤᠨ ᠬᠢᠨᠠᠯᠳᠠ ᠶᠢ ᠬᠦᠯᠢᠶᠡᠬᠦ ᠬᠡᠷᠡᠭᠳᠠᠢ᠃ | ᠲᠦᠷᠪᠡ᠂ ᠵᠠᠬ᠎ᠠ ᠳᠡᠯᠭᠡᠭᠦᠷ ᠤᠨ ᠦᠨ᠎ᠡ ᠬᠠᠨᠭ᠍ᠰᠢ ᠶᠢᠨ ᠬᠢᠨᠠᠯᠳᠠ ᠬᠠᠮᠢᠶᠠᠷᠤᠯᠳᠠ ᠪᠠ ᠭᠠᠭᠴᠠᠭᠠᠷ ᠡᠵᠡᠮᠰᠢᠯ ᠢ | ᠡᠰᠡᠷᠬᠦᠴᠡᠬᠦ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ | ︵ᠠᠷᠪᠠᠨ ᠵᠢᠷᠭᠤᠭ᠎ᠠ︶ ᠵᠠᠬ᠎ᠠ ᠳᠡᠯᠭᠡᠬᠦᠷ ᠤᠨ ᠦᠨ᠎ᠡ ᠬᠠᠨᠭ᠍ᠰᠢ ᠶᠢᠨ ᠠᠵᠢᠯᠯᠠᠭ᠎ᠠ ᠶᠢᠨ ᠲᠦᠷᠢᠮᠵᠢᠯ ᠪᠠ ᠬᠢᠨᠠᠨ | ᠬᠠᠮᠢᠶᠠᠷᠠᠬᠤ ᠠᠷᠭ᠎ᠠ ᠶᠢ ᠲᠤᠭᠳᠠᠭᠠᠨ ᠳᠡᠬᠦᠯᠳᠡᠷᠵᠢᠬᠦᠯᠦᠨ᠎ᠡ᠃ ᠡᠵᠡᠩᠨᠡᠭᠴᠢ ᠶᠢᠨ ᠦᠪᠡᠰᠦᠪᠠᠨ ᠡᠵᠡᠨ ᠮᠡᠳᠡᠨ ᠦᠨ᠎ᠡ | ᠬᠠᠨᠭ᠍ᠰᠢ ᠳᠤᠭᠳᠠᠭᠠᠬᠤ ᠬᠦᠷᠢᠶ᠎ᠡ ᠬᠡᠪᠴᠢᠶᠡᠨ ᠳᠤ᠂ ᠵᠠᠬ᠎ᠠ ᠳᠡᠯᠭᠡᠭᠦᠷ ᠤᠨ ᠦᠷᠢᠰᠦᠯᠳᠦᠭᠡᠨ ᠤ ᠬᠦᠴᠦ ᠬᠦᠢᠴᠡᠳ | ᠪᠤᠰᠤ᠂ ᠠᠷᠠᠯᠵᠢᠶᠠᠨ ᠤ ᠬᠤᠶᠠᠷ ᠡᠳᠡᠭᠡᠳ ᠤᠨ ᠪᠠᠶᠢᠷᠢ ᠰᠠᠭᠤᠷᠢ ᠳᠡᠭᠰᠢ ᠦᠭᠡᠢ᠂ ᠵᠠᠬ᠎ᠠ ᠳᠡᠯᠭᠡᠭᠦᠷ ᠤᠨ ᠮᠡᠳᠡᠭᠡ | ᠵᠠᠩᠬᠢ ᠳᠡᠩᠴᠡᠬᠦᠷᠢ ᠦᠭᠡᠢ ᠵᠡᠷᠭᠡ ᠠᠰᠠᠭᠤᠳᠠᠯ ᠳᠤ ᠴᠢᠭᠯᠡᠭᠦᠯᠵᠤ᠂ ᠬᠠᠮᠢᠶ᠎ᠡ ᠪᠦᠬᠦᠢ ᠴᠠᠭᠠᠵᠠᠯᠠᠬᠤ ᠴᠢᠨᠠᠷᠳᠠᠢ | ᠲᠦᠷᠢᠮ ᠳᠤᠭᠳᠠᠭᠠᠯ ᠢ ᠠᠰᠢᠬᠯᠠᠨ ᠵᠢᠷᠤᠮᠵᠢᠭᠤᠯᠬᠤ ᠶᠢᠨ ᠵᠡᠷᠭᠡ ᠪᠠᠷ᠂ ᠠᠵᠢᠯ ᠲᠦᠷᠦᠯ ᠤᠨ ᠤᠨᠴᠠᠯᠢᠭ ᠲᠠᠢ ᠨᠢ | ᠵᠤᠬᠢᠴᠠᠭᠤᠯᠵᠤ ᠵᠦᠪᠯᠡᠯᠴᠡᠭᠡᠷ ᠤᠨ ᠦᠨ᠎ᠡ ᠬᠠᠨᠭ᠍ᠰᠢ ᠶᠢᠨ ᠲᠦᠷᠢᠮᠵᠢᠯ᠂ ᠦᠨ᠎ᠡ ᠬᠠᠨᠭ᠍ᠰᠢ ᠶᠢᠨ ᠠᠵᠢᠯᠯᠠᠭ᠎ᠠ ᠶᠢ | ᠵᠢᠷᠤᠮᠵᠢᠭᠤᠯᠬᠤ ᠵᠢᠯᠤᠭᠤᠳᠤᠮᠵᠢ ᠶᠢ ᠳᠤᠭᠳᠠᠭᠠᠵᠤ᠂ ᠠᠵᠤ ᠠᠬᠤᠢᠢᠯᠠᠯ ᠤᠨ ᠡᠷᠬᠡ ᠳᠡᠭᠰᠢ ᠪᠠᠷ ᠦᠷᠢᠰᠤᠯᠳᠤᠬᠦ ᠶᠢ | ᠬᠦᠳᠦᠯᠦᠨ ᠵᠢᠯᠤᠭᠤᠳᠤᠨ᠎ᠡ᠃ ᠢᠯᠡ ᠳᠤᠳᠤ ᠦᠨ᠎ᠡ ᠬᠠᠳᠠᠬᠤ᠂ ᠰᠦᠢᠳᠬᠡᠯ ᠬᠤᠷᠢᠶᠠᠬᠤ ᠶᠢ ᠢᠯᠡ ᠨᠡᠶᠢᠳᠡᠯᠡᠬᠦ | ᠵᠡᠷᠭᠡ ᠲᠦᠷᠢᠮ ᠲᠤᠬᠳᠠᠭᠠᠯ ᠢ ᠨᠠᠶᠢᠳᠠᠪᠤᠷᠢᠵᠢᠭᠤᠯᠵᠤ᠂ ᠡᠵᠡᠩᠨᠡᠭᠴᠢ ᠶᠢᠨ ᠦᠨ᠎ᠡ ᠬᠠᠨᠭ᠍ᠰᠢ ᠶᠢᠨ ᠠᠵᠢᠯᠯᠠᠭ᠎ᠠ ᠶᠢ ᠵᠦᠢ | ᠵᠤᠬᠢᠰᠳᠠᠢ ᠬᠦᠳᠦᠯᠦᠨ ᠵᠢᠯᠤᠭᠤᠳᠤᠨ᠎ᠡ᠃ ᠦᠷᠢᠰᠦᠯᠳᠦᠭᠡᠨ ᠬᠦᠢᠴᠡᠳ ᠪᠠᠶᠢᠬᠤ ᠡᠵᠡᠭᠨᠡᠭᠴᠢ ᠶᠢᠨ ᠡᠵᠡᠨ ᠮᠡᠳᠡᠵᠤ | ᠦᠨ᠎ᠡ ᠬᠠᠨᠭ᠍ᠰᠢ ᠳᠤᠭᠳᠠᠭᠠᠬᠤ ᠬᠦᠷᠢᠶ᠎ᠡ ᠬᠡᠪᠴᠢᠶᠡᠨ ᠳᠤ᠂ ᠲᠤᠤᠷᠵᠢᠬᠰᠠᠨ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠳᠠ ᠶᠢᠨ ᠠᠷᠭ᠎ᠠ ᠶᠢ ᠠᠯᠬᠤᠮ ᠠᠯᠬᠤᠮ ᠢᠶᠠᠷ ᠬᠡᠷᠡᠭᠵᠢᠭᠦᠯᠵᠤ᠂ ᠬᠢᠨᠠᠨ ᠬᠠᠮᠢᠶᠠᠷᠬᠤ ᠡᠬᠦᠷᠭᠡ | ᠬᠠᠷᠢᠭᠤᠴᠠᠯᠭ᠎ᠠ ᠶᠢ ᠵᠠᠳᠠᠯᠤᠨ᠂ ᠬᠠᠷᠢᠭᠤᠴᠠᠯᠭ᠎ᠠ ᠶᠢᠨ ᠭᠤᠤᠯ ᠴᠤᠭᠴᠠ ᠶᠢ ᠳᠤᠳᠤᠷᠬᠠᠢ ᠪᠤᠯᠭᠠᠵᠤ᠂ ᠬᠢᠨᠠᠨ | ᠬᠠᠮᠢᠶᠠᠷᠤᠯᠳᠠ ᠶᠢᠨ ᠬᠠᠨᠳᠤᠯᠭᠠᠳᠤ ᠴᠢᠨᠠᠷ ᠪᠠ ᠪᠦᠳᠦᠮᠵᠢᠳᠤ ᠴᠢᠨᠠᠷ ᠢ ᠴᠢᠩᠭᠠᠷᠠᠭᠤᠯᠤᠨ᠎ᠡ᠃ ᠨᠡᠶᠢᠭᠡᠮ ᠨᠡᠶᠢᠳᠡ ᠳᠤ | ᠨᠦᠯᠦᠭᠡ ᠶᠡᠬᠡᠳᠠᠢ᠂ ᠤᠨᠴᠠᠭᠠᠢᠢᠯᠠᠨ ᠠᠷᠠᠳ ᠤᠨ ᠠᠮᠢᠳᠤᠷᠠᠯ ᠲᠠᠢ ᠨᠢᠭᠳᠠ ᠬᠤᠯᠪᠤᠭᠳᠠᠭᠰᠠᠨ ᠲᠠᠸᠠᠷ ᠪᠠ | ᠦᠢᠯᠡᠴᠢᠯᠡᠭᠡ ᠳᠤ᠂ ᠴᠡᠭᠴᠠᠯᠠᠨ ᠵᠠᠰᠠᠬᠤ ᠪᠠ ᠵᠢᠷᠤᠮᠵᠢᠭᠤᠯᠬᠤ ᠶᠢ ᠬᠠᠮᠳᠤ ᠳᠤᠨᠢ ᠴᠢᠬᠤᠯᠠᠴᠢᠯᠠᠵᠤ᠂ ᠬᠠᠤᠯᠢ | ᠶᠤᠰᠤᠭᠠᠷ ᠦᠨ᠎ᠡ ᠬᠠᠨᠭ᠍ᠰᠢ ᠶᠢᠨ ᠠᠵᠢᠯᠠᠯᠭ᠎ᠠ ᠶᠢᠨ ᠲᠦᠷᠢᠮᠵᠢᠯ ᠪᠠ ᠬᠢᠨᠠᠨ ᠬᠠᠮᠢᠶᠠᠷᠬᠤ ᠠᠷᠭ᠎ᠠ ᠶᠢ ᠳᠤᠭᠳᠠᠭᠠᠨᠡ᠃ | ︵ᠠᠷᠪᠠᠨ ᠳᠤᠯᠤᠭ᠎ᠠ︶ ᠴᠠᠬᠢᠯᠭᠠᠨ ᠬᠤᠯᠪᠤᠭᠠᠨ ᠤ ᠰᠦᠢᠳᠬᠡᠯ ᠤᠨ ᠠᠵᠢᠯᠯᠠᠭ᠎ᠠ ᠶᠢ ᠲᠦᠷᠢᠮᠵᠢᠬᠦᠯᠤᠨ᠎ᠡ᠃ | ᠦᠷᠭᠡᠨ ᠪᠦᠰᠡᠳᠤ ᠰᠦᠯᠵᠢᠶᠡᠨ ᠤ ᠬᠤᠷᠳᠤᠴᠡ ᠶᠢ ᠳᠡᠭᠡᠭᠰᠢᠯᠡᠬᠦᠯᠦᠨ ᠦᠨ᠎ᠡ ᠬᠠᠨᠭ᠍ᠰᠢ ᠪᠠᠨ ᠪᠠᠭᠤᠷᠠᠭᠤᠯᠬᠤ ᠶᠢ | ᠠᠬᠢᠭᠤᠯᠵᠤ᠂ ︽ᠢᠨᠲ᠋ᠧᠷ +︾ ᠶᠢᠨ ᠬᠦᠭᠵᠢᠯᠳᠡ ᠳᠤ ᠬᠦᠴᠦᠳᠠᠢ ᠳᠤᠯᠭᠠᠭᠤᠷᠢᠯᠠᠯ ᠬᠠᠨᠭ᠍ᠭᠠᠨ᠎ᠠ᠃ ᠴᠠᠬᠢᠯᠭᠠᠨ | ᠬᠤᠯᠪᠤᠭᠠᠨ ᠤ ᠠᠵᠤ ᠠᠬᠤᠢᠢᠯᠠᠯ ᠤᠨ ᠰᠦᠢᠳᠭᠡᠯ ᠤᠨ ᠪᠦᠳᠦᠴᠡ ᠶᠢ ᠲᠦᠬᠦᠮᠴᠢᠯᠡᠬᠦ ᠶᠢ ᠵᠢᠯᠤᠭᠤᠳᠤᠨ ᠠᠬᠢᠭᠤᠯᠵᠤ᠂ | ᠰᠦᠢᠳᠬᠡᠯ ᠤᠨ ᠲᠦᠰᠦᠯ ᠢ ᠵᠤᠬᠢᠰᠳᠠᠢ ᠳᠤᠬᠢᠷᠠᠭᠤᠯᠵᠤ᠂ ᠦᠷᠭᠡᠨ ᠪᠦᠰᠡᠳᠤ ᠰᠦᠯᠵᠢᠶᠡᠨ ᠤ ᠬᠤᠷᠳᠤᠴᠡ ᠪᠠᠨ | ᠳᠡᠭᠡᠭᠰᠢᠯᠡᠬᠦᠯᠦᠨ ᠦᠨ᠎ᠡ ᠪᠠᠨ ᠪᠠᠭᠤᠷᠠᠭᠤᠯᠬᠤ ᠶᠢ ᠠᠬᠢᠭᠤᠯᠤᠨ᠎ᠡ᠃ ᠴᠠᠬᠢᠯᠭᠠᠨ ᠬᠤᠯᠪᠤᠭᠠᠨ ᠤ ᠰᠦᠢᠳᠬᠡᠯ ᠤᠨ | ᠠᠵᠢᠯᠯᠠᠭ᠎ᠠ ᠶᠢᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠦᠷᠭᠡᠨ ᠪᠦᠰᠡᠳᠤ ᠰᠦᠯᠵᠢᠶᠡᠨ ᠤ | ᠪᠠᠶᠢᠭᠤᠯᠤᠯᠳᠠ ᠶᠢᠨ ᠶᠠᠪᠤᠴᠠ ᠳᠠᠬᠢ ᠤᠷᠤᠬᠤ ᠰᠦᠢᠳᠬᠡᠯ᠂ ᠵᠤᠬᠢᠴᠠᠭᠤᠯᠬᠤ ᠰᠦᠢᠳᠬᠡᠯ᠂ ᠬᠤᠪᠢᠶᠠᠯᠴᠠᠨ ᠳᠠᠭᠠᠭᠠᠬᠤ | ᠰᠦᠢᠳᠬᠡᠯ ᠵᠡᠷᠭᠡ ᠵᠤᠬᠢᠰ ᠦᠭᠡᠢ ᠰᠦᠢᠳᠬᠡᠯ ᠢ ᠴᠡᠪᠡᠷᠯᠡᠵᠤ᠂ ᠬᠠᠤᠯᠢ ᠠᠴᠠ ᠵᠦᠷᠢᠴᠡᠭᠰᠡᠨ ᠦᠨ᠎ᠡ ᠬᠠᠨᠭ᠍ᠰᠢ ᠶᠢᠨ | ᠠᠵᠢᠯᠠᠯᠭ᠎ᠠ ᠳᠤ ᠴᠢᠩᠭ᠎ᠠ ᠴᠤᠬᠢᠯᠳᠠᠦᠭᠴᠦ᠂ ᠴᠢᠮᠡᠭᠡ ᠬᠤᠯᠪᠤᠭᠠᠨ ᠤ ᠵᠠᠬ᠎ᠠ ᠳᠡᠯᠭᠡᠬᠦᠷ ᠤᠨ ᠡᠮᠬᠢ ᠲᠢᠭᠯᠢᠮ ᠢ | ᠵᠢᠷᠤᠮᠵᠢᠭᠤᠯᠤᠨ᠎ᠠ᠃ | ︵ᠠᠷᠪᠠᠨ ᠨᠠᠢᠮᠠ︶ ᠵᠠᠬ᠎ᠠ ᠳᠡᠯᠭᠡᠭᠦᠷ ᠤᠨ ᠦᠨ᠎ᠠ ᠬᠠᠨᠭ᠍ᠰᠢ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠨ᠎ᠠ᠃ | ᠵᠠᠬ᠎ᠠ ᠳᠡᠯᠭᠡᠭᠦᠷ ᠤᠨ ᠦᠨ᠎ᠠ ᠬᠠᠨᠭ᠍ᠰᠢ ᠶᠢᠨ ᠬᠢᠨᠠᠨ ᠬᠠᠮᠢᠶᠠᠷᠤᠯᠳᠠ ᠶᠢᠨ ᠴᠢᠳᠠᠪᠤᠷᠢ ᠶᠢᠨ ᠪᠠᠶᠢᠭᠤᠯᠤᠯᠳᠠ ᠶᠢ | ᠴᠢᠩᠭᠠᠳᠨᠬᠵᠤ᠂ ᠪᠦᠲᠦᠮᠵᠢᠳᠠᠢ ᠰᠡᠷᠭᠡᠶᠢᠯᠡᠨ᠂ ᠡᠯ᠎ᠠ ᠵᠦᠢᠯ ᠤᠨ ᠦᠨ᠎ᠠ ᠬᠠᠨᠭ᠍ᠰᠢ ᠶᠢᠨ ᠬᠠᠤᠯᠢ ᠠᠴᠠ ᠵᠦᠷᠢᠴᠡᠭᠰᠡᠨ | ᠦᠢᠯᠡ ᠠᠵᠢᠯᠯᠠᠭ᠎ᠠ ᠶᠢ ᠴᠠᠭ ᠲᠤᠬᠠᠢ ᠳᠦᠨᠢ ᠬᠤᠷᠢᠬᠯᠠᠵᠤ ᠬᠠᠤᠯᠢ ᠶᠤᠰᠤ ᠪᠠᠷ ᠰᠢᠳᠬᠡᠨ᠎ᠠ᠃ ᠴᠢᠬᠤᠯᠠ ᠲᠠᠸᠠᠷ ᠪᠠ | ᠦᠢᠯᠡᠴᠢᠯᠡᠭᠡ ᠶᠢᠨ ᠵᠠᠬ᠎ᠠ ᠳᠡᠯᠭᠡᠭᠦᠷ ᠤᠨ ᠦᠨ᠎ᠠ ᠬᠠᠨᠭ᠍ᠰᠢ ᠶᠢᠨ ᠪᠠᠶᠢᠳᠠᠯ ᠢ ᠢᠮᠠᠬᠳᠠ ᠠᠩᠬᠠᠷᠴᠤ᠂ ᠬᠢᠨᠠᠨ ᠬᠡᠮᠵᠢᠵᠤ | ᠤᠷᠢᠳᠴᠢᠯᠠᠨ ᠰᠡᠷᠡᠮᠵᠢᠯᠡᠭᠦᠯᠵᠤ᠂ ᠦᠨ᠎ᠠ ᠬᠠᠨᠭ᠍ᠰᠢ ᠶᠢᠨ ᠡᠷᠬᠢᠯᠳᠠ ᠲᠤᠮᠳᠠᠬᠢ ᠰᠠᠶ᠋ᠢ ᠡᠬᠢᠯᠡᠵᠤ ᠪᠠᠶᠢᠭ᠎ᠠ | ᠬᠠᠨᠳᠤᠯᠭᠠᠲᠦ ᠴᠢᠨᠠᠷ ᠲᠠᠢ ᠠᠰᠠᠭᠤᠳᠠᠯ ᠳᠤ ᠴᠠᠭ ᠲᠤᠬᠠᠢ ᠳᠦᠨᠢ ᠬᠢᠨᠠᠨ ᠬᠠᠮᠢᠶᠠᠷᠬᠤ ᠰᠠᠨᠠᠭᠤᠯᠭ᠎ᠠ ᠲᠤᠷᠠᠳᠴᠤ᠂ | ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠪᠠᠶᠢᠡᠭᠭᠤᠵᠢᠬᠰᠠᠨ ᠬᠢᠨᠠᠨ ᠬᠠᠮᠢᠶᠠᠷᠤᠯᠳᠠ ᠪᠠ | ᠲᠤᠰᠬᠠᠢ ᠲᠦᠷᠦᠯ ᠤᠨ ᠪᠠᠶᠢᠴᠠᠭᠠᠯᠳᠠ ᠶᠢ ᠤᠶᠠᠯᠳᠤᠭᠤᠯᠵᠤ᠂ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶ᠎ᠠ ᠳᠠᠬᠢ | ᠦᠨ᠎ᠠ ᠬᠠᠨᠭ᠍ᠰᠢ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠤᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠲᠠᠢ ᠨᠢᠭᠳᠠ ᠬᠤᠯᠪᠤᠭᠳᠠᠭᠰᠠᠨ ᠡᠮ ᠡᠮᠨᠡᠯᠭᠡ᠂ ᠰᠤᠷᠭᠠᠨ ᠬᠦᠮᠦᠵᠢᠯ᠂ ᠵᠠᠮ ᠬᠠᠷᠢᠯᠴᠠᠭ᠎ᠠ᠂ ᠵᠤᠭᠠᠴᠠᠯ᠂ | ᠲᠠᠸᠠᠷ ᠢ ᠵᠢᠵᠢᠭᠯᠡᠨ ᠪᠤᠷᠤᠯᠠᠭᠤᠯᠬᠤ ᠵᠡᠷᠭᠡ ᠬᠦᠷᠢᠶ᠎ᠠ ᠬᠡᠪᠴᠢᠶᠡᠨ ᠳᠤ ᠲᠤᠰᠬᠠᠢ ᠴᠡᠭᠴᠡᠯᠡᠨ ᠵᠠᠰᠠᠯᠳᠠ ᠬᠢᠵᠤ᠂ | ᠬᠡᠷᠡᠭᠯᠡᠭᠴᠢᠳ ᠤᠨ ᠠᠰᠢᠭ ᠲᠤᠰᠠ ᠶᠢ ᠬᠠᠮᠠᠭᠠᠯᠠᠨ᠎ᠠ᠃ ᠰᠤᠭᠤᠴᠢᠨ ᠪᠠᠶᠢᠴᠠᠭᠠᠬᠤ ᠠᠷᠭ᠎ᠠ ᠪᠠᠷ | ᠭᠡᠷᠡᠭ ᠶᠠᠪᠤᠳᠠᠯ ᠤᠨ ᠨᠠᠷᠢᠨ ᠳᠠᠩᠰᠠ ᠶᠢ ᠳᠤᠭᠳᠠᠭᠠᠵᠤ᠂ ᠵᠠᠬ ᠠ ᠳᠡᠯᠭᠡᠭᠦᠷ ᠤᠨ ᠭᠤᠤᠯ ᠴᠤᠭᠴᠠ ᠶᠢᠨ ᠨᠡᠷᠡᠰ ᠤᠨ | ᠳᠠᠩᠰᠠ ᠶᠢᠨ ᠬᠦᠮᠦᠷᠭᠡ ᠪᠠᠶᠢᠭᠤᠯᠵᠤ᠂ ᠬᠠᠤᠯᠢ ᠬᠡᠷᠡᠭᠵᠢᠭᠦᠯᠦᠨ ᠪᠠᠶᠢᠴᠠᠭᠠᠬᠤ ᠬᠦᠮᠦᠰ ᠤᠨ ᠨᠡᠷᠡᠰ ᠤᠨ ᠳᠠᠩᠰᠠ ᠶᠢᠨ | ᠬᠦᠮᠦᠷᠭᠡ ᠶᠢ ᠲᠡᠭᠦᠯᠳᠡᠷᠵᠢᠭᠦᠯᠵᠣ᠂ ᠦᠨ᠎ᠠ ᠬᠠᠨᠭ᠍ᠰᠢ ᠶᠢᠨ ᠬᠡᠷᠡᠭ ᠤᠨ ᠲᠤᠮᠳᠠᠬᠢ ᠪᠠ ᠬᠤᠶᠢᠨᠠᠬᠢ ᠬᠢᠨᠠᠨ | ᠬᠠᠮᠢᠶᠠᠷᠤᠯᠳᠠ ᠶᠢ ᠴᠢᠩᠭᠠᠳᠬᠠᠨ᠎ᠠ᠃ ᠡᠵᠡᠩᠨᠡᠭᠴᠢᠳ ᠢ ᠵᠤᠬᠢᠶᠠᠨ ᠪᠠᠶᠢᠭᠤᠯᠵᠤ ᠦᠨ᠎ᠠ ᠬᠠᠨᠭ᠍ᠰᠢ ᠶᠢᠨ ᠬᠠᠤᠯᠢ | ᠴᠠᠭᠠᠵᠠ ᠬᠠᠤᠯᠢ ᠲᠦᠷᠢᠮ ᠤᠨ ᠪᠤᠯᠪᠠᠰᠤᠷᠠᠯ ᠤᠨ ᠠᠩᠬᠢ ᠡᠷᠬᠢᠯᠡᠵᠤ᠂ ᠤᠬᠠᠭᠤᠯᠭ᠎ᠠ ᠵᠢᠯᠤᠭᠤᠳᠤᠯᠭ᠎ᠠ ᠵᠢᠴᠢ | ᠬᠡᠷᠡᠭ ᠤᠨ ᠵᠢᠱᠢᠶ᠎ᠠ ᠪᠠᠷ ᠰᠡᠷᠡᠮᠵᠢᠯᠡᠭᠦᠯᠬᠦ ᠶᠢ ᠴᠢᠩᠭᠠᠳᠬᠠᠵᠤ᠂ ᠡᠵᠡᠩᠨᠡᠯᠳᠠ ᠶᠢᠨ ᠬᠠᠤᠯᠢ ᠶᠤᠰᠤ ᠪᠠᠷ ᠦᠪᠡᠰᠦᠪᠡᠨ | ᠦᠨ᠎ᠠ ᠬᠠᠨᠭ᠍ᠰᠢ ᠲᠤᠭᠲᠠᠭᠠᠬᠤ ᠡᠷᠬᠡ ᠶᠢ ᠪᠠᠳᠤᠯᠠᠬᠤ ᠶᠢᠨ ᠵᠡᠷᠭᠡ ᠪᠠᠷ ᠦᠨᠡᠨᠴᠢ ᠢᠳᠡᠭᠡᠮᠵᠢ ᠪᠠᠷ ᠪᠡᠶ᠎ᠡ ᠪᠠᠨ | ᠱᠠᠭᠠᠷᠳᠠᠬᠤ᠂ ᠬᠠᠤᠯᠢ ᠶᠤᠰᠤ ᠪᠠᠷ ᠡᠵᠡᠩᠨᠡᠯᠳᠡ ᠬᠢᠬᠦ ᠶᠢ ᠪᠠᠳᠤᠯᠠᠨ᠎ᠠ᠃ ᠦᠨ᠎ᠠ ᠬᠠᠨᠭ᠍ᠰᠢ᠂ ᠦᠢᠯᠡᠳᠪᠦᠷᠢ | ᠬᠤᠳᠠᠯᠳᠤᠭᠠᠨ ᠤ ᠬᠠᠮᠢᠶᠠᠷᠤᠯᠳᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ᠂ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠵᠡᠷᠭᠡ ᠰᠠᠯᠠᠭ᠎ᠠ ᠮᠦᠴᠢᠷ ᠬᠠᠮᠵᠢᠯᠴᠠᠭ᠎ᠠ ᠪᠠᠨ ᠴᠢᠩᠭᠠᠳᠬᠠᠵᠤ᠂ ᠬᠤᠯᠪᠤᠭᠠᠯᠠᠨ ᠠᠵᠢᠯᠯᠠᠬᠤ ᠶᠢ | ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠠᠮᠳᠤ ᠶᠢᠨ ᠬᠦᠴᠦᠨ ᠢ ᠪᠦᠷᠢᠯᠳᠦᠬᠦᠯᠵᠤ᠂ ᠬᠠᠤᠯᠢ ᠬᠡᠷᠡᠭᠵᠢᠭᠦᠯᠬᠦ ᠦᠷ᠎ᠡ | ᠪᠦᠳᠦᠮᠵᠢ ᠶᠢ ᠳᠡᠭᠡᠭᠰᠢᠯᠡᠭᠦᠯᠦᠨ᠎ᠠ᠃ | ︵ᠠᠷᠪᠠ ᠶᠢᠰᠦ︶ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠬᠡᠷᠡᠭᠵᠢᠭᠦᠯᠤᠯᠳᠡ ᠶᠢ ᠴᠢᠩᠭᠠᠳᠬᠠᠨ᠎ᠠ᠃ | ᠦᠨ᠎ᠠ ᠬᠠᠨᠭ᠍ᠰᠢ ᠶᠢᠨ ᠭᠠᠭᠴᠠᠭᠠᠷ ᠡᠵᠡᠮᠰᠢᠬᠦ ᠠᠵᠢᠯᠯᠠᠭ᠎ᠠ ᠤᠯᠠᠨᠳᠠ ᠡᠭᠦᠰᠬᠦ ᠬᠦᠷᠢᠶ ᠠ ᠬᠡᠪᠴᠢᠶ᠎ᠠ ᠶᠢ ᠢᠯᠡᠬᠦᠤ | ᠠᠩᠬᠠᠷᠴᠤ᠂ ᠢᠳᠡᠪᠬᠢᠲᠠᠢ ᠪᠠᠷ ᠰᠦᠪᠡᠭᠴᠢ ᠪᠠ ᠭᠡᠷᠡᠴᠢ ᠪᠠᠷᠢᠮᠳᠠ ᠶᠢ ᠬᠠᠶᠢᠨ ᠴᠤᠬᠯᠠᠭᠤᠯᠵᠤ᠂ ᠭᠠᠭᠴᠠᠭᠠᠷ ᠡᠵᠡᠮᠰᠢᠯ | ᠢ ᠪᠠᠶᠢᠴᠠᠭᠠᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠤ᠂ ᠭᠠᠭᠴᠠᠭᠠᠷ ᠡᠵᠡᠮᠰᠢᠬᠦ ᠵᠦᠪᠳᠡᠯᠴᠡᠬᠡᠷ᠂ ᠵᠠᠬ᠎ᠠ | ᠳᠡᠯᠭᠡᠭᠦᠷ ᠤᠨ ᠪᠠᠶᠢᠷᠢ ᠰᠠᠭᠤᠷᠢ ᠶᠢ ᠲᠤᠷ᠎ᠠ ᠪᠠᠷ ᠢᠶᠠᠨ ᠬᠡᠷᠡᠭᠯᠡᠭᠰᠡᠨ᠂ ᠵᠠᠰᠠᠭ ᠵᠠᠬᠢᠷᠭᠠᠨ ᠤ ᠡᠷᠬᠡ ᠪᠠᠷ ᠴᠢᠯᠦᠭᠡᠳᠡᠢ | ᠦᠷᠢᠰᠦᠯᠳᠦᠬᠦ ᠶᠢ ᠬᠢᠵᠠᠭᠠᠷᠯᠠᠭᠰᠠᠨ ᠦᠭᠡᠶᠢᠰᠭᠡᠭᠰᠡᠨ ᠠᠵᠢᠯᠯᠠᠭ᠎ᠠ ᠶᠢ ᠴᠠᠭ ᠲᠤᠬᠠᠢ ᠳᠦᠨᠢ ᠪᠠᠶᠢᠴᠠᠭᠠᠨ | ᠰᠢᠢᠳᠪᠦᠷᠢᠯᠡᠨ᠎ᠠ᠃ ᠦᠪᠡᠷᠳᠡᠭᠡᠨ ᠵᠠᠰᠠᠬᠤ ᠤᠷᠤᠨ ᠤ ᠦᠨ᠎ᠠ ᠬᠠᠨᠭ᠍ᠰᠢ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠪᠠᠷ ᠲᠤᠯᠤᠭᠠᠢᠢᠯᠠᠭᠤᠯᠵᠤ᠂᠂ ᠡᠯ ᠠ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ | ᠦᠨ᠎ᠠ ᠬᠠᠨᠭ᠍ᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠠᠮᠵᠢᠯᠴᠠᠬᠰᠠᠨ ᠭᠠᠭᠴᠠᠭᠠᠷ ᠡᠵᠡᠮᠰᠢᠯ ᠢ | ᠡᠰᠡᠷᠭᠦᠴᠡᠬᠦ ᠠᠵᠢᠯᠯᠠᠬᠤ ᠲᠤᠭᠳᠠᠴᠠ ᠶᠢ ᠪᠠᠶᠢᠭᠤᠯᠤᠨ᠎ᠠ᠃ | ︵ᠬᠤᠷᠢ︶ ᠦᠨ᠎ᠠ ᠬᠠᠨᠭ᠍ᠰᠢ ᠶᠢᠨ ᠨᠡᠶᠢᠭᠡᠮ ᠤᠨ ᠬᠢᠨᠠᠯᠳᠠ ᠲᠠᠯᠪᠢᠬᠤ ᠰᠢᠰᠲ᠋ᠧᠮ ᠢ ᠳᠡᠭᠦᠯᠳᠡᠵᠢᠭᠦᠯᠤᠨᠠ᠃ ︽ | 12358︾ ᠦᠨ᠎ᠠ ᠬᠠᠨᠭ᠍ᠰᠢ ᠶᠢᠨ ᠢᠯᠡᠴᠢᠯᠡᠭᠡ ᠬᠠᠮᠢᠶᠠᠷᠤᠯᠳᠠ ᠶᠢᠨ ᠮᠡᠳᠡᠭᠡ ᠵᠠᠩᠬᠢ ᠶᠢᠨ ᠰᠢᠰᠲ᠋ᠧᠮ ᠤᠨ | ᠪᠠᠶᠢᠭᠤᠯᠤᠯᠳᠠ ᠶᠢ ᠲᠡᠭᠦᠯᠳᠡᠷᠵᠢᠭᠦᠯᠵᠤ᠂ ᠢᠯᠡᠴᠢᠯᠡᠨ ᠮᠡᠳᠡᠭᠦᠯᠬᠦ ᠶᠢ ᠰᠢᠢᠳᠪᠦᠷᠢᠯᠡᠬᠦ ᠦᠷ᠎ᠡ ᠪᠦᠲᠦᠮᠵᠢ ᠪᠠᠨ | ᠳᠡᠭᠡᠭᠰᠢᠯᠡᠭᠦᠯᠵᠤ᠂ ᠬᠡᠷᠡᠭᠯᠡᠭᠴᠢᠳ ᠤᠨ ᠦᠨ᠎ᠠ ᠬᠠᠨᠭ᠍ᠰᠢ ᠳᠤ ᠬᠢᠨᠠᠯᠳᠠ ᠲᠠᠯᠪᠢᠬᠤ ᠠᠷᠭ᠎ᠠ ᠵᠠᠮ ᠢ ᠰᠢᠯᠤᠭᠤᠳᠬᠠᠨ᠎ᠠ᠃ | ᠦᠨ᠎ᠠ ᠬᠠᠨᠭ᠍ᠰᠢ ᠶᠢᠨ ᠢᠯᠡᠴᠢᠯᠡᠨ ᠮᠡᠳᠡᠭᠦᠯᠬᠦ ᠮᠡᠳᠡᠭᠡ ᠵᠠᠩᠭᠢ ᠳᠤ ᠵᠠᠳᠠᠯᠤᠯᠳᠠ ᠬᠢᠵᠤ᠂ ᠴᠠᠭ ᠲᠤᠬᠠᠢ ᠳᠦᠨᠢ | ᠪᠦᠲᠦᠮᠵᠢᠲᠠᠢ ᠰᠢᠢᠳᠪᠦᠷᠢᠯᠡᠨ᠎ᠠ᠃ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠤᠰᠬᠤᠨ ︵ᠨᠡᠶᠢᠭᠡᠮ | ᠲᠤᠭᠤᠷᠢᠭ︶ ᠤ ᠰᠠᠭᠤᠭᠠᠯᠢ ᠠᠷᠠᠳ ᠤᠨ ᠦᠨ᠎ᠠ ᠬᠠᠨᠭ᠍ᠰᠢ ᠳᠤ ᠬᠢᠨᠠᠯᠳᠠ ᠲᠠᠯᠪᠢᠬᠤ ᠠᠵᠢᠯᠳᠠᠨ ᠤ ᠡᠩᠨᠡᠭᠡ ᠶᠢ | ᠪᠠᠶᠢᠭᠤᠯᠤᠨ ᠲᠡᠭᠦᠯᠳᠡᠷᠵᠢᠭᠦᠯᠵᠤ᠂ ᠨᠡᠶᠢᠭᠡᠮ ᠤᠨ ᠦᠨ᠎ᠠ ᠬᠠᠨᠭ᠍ᠰᠢ ᠳᠤ ᠬᠢᠨᠠᠯᠳᠠ ᠲᠠᠯᠪᠢᠬᠤ ᠲᠤᠤᠷ ᠢ | ᠳᠡᠭᠦᠯᠳᠡᠵᠢᠭᠦᠯᠤᠨᠠ᠃ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠳᠤ ᠲᠦᠰᠢᠭᠯᠡᠵᠤ | ᠂ ᠦᠨ᠎ᠠ ᠬᠠᠨᠭ᠍ᠰᠢ ᠶᠢᠨ ᠦᠨᠡᠨᠴᠢ ᠢᠳᠡᠭᠡᠮᠵᠢ ᠶᠢᠨ ᠪᠦᠲᠦᠭᠡᠨ ᠪᠠᠶᠢᠭᠤᠯᠤᠯᠳᠠ ᠶᠢ ᠲᠦᠷᠭᠡᠳᠬᠡᠵᠤ᠂ ᠡᠵᠡᠩᠨᠡᠭᠴᠢ ᠶᠢᠨ | ᠦᠨ᠎ᠠ ᠬᠠᠨᠭ᠍ᠰᠢ ᠶᠢᠨ ᠦᠨᠡᠨᠴᠢ ᠢᠳᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠤᠨ᠎ᠠ᠃ ᠦᠨ᠎ᠠ ᠬᠠᠨᠭ᠍ᠰᠢ ᠶᠢᠨ | ᠦᠨᠡᠨᠴᠢ ᠢᠳᠡᠭᠡᠮᠵᠢ ᠶᠢᠨ ᠨᠢᠭᠡᠴᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠭᠦᠯᠵᠤ᠂ ᠢᠳᠡᠬᠡᠮᠵᠢ | ᠠᠯᠳᠠᠭᠰᠠᠨ ᠬᠦᠮᠦᠰ ᠤᠨ ︽ᠬᠠᠷ᠎ᠠ ᠳᠠᠩᠰᠠ︾ ᠶᠢ ᠪᠠᠶᠢᠭᠤᠯᠬᠤ ᠳᠦᠷᠢᠮ ᠢ ᠪᠠᠶᠢᠭᠤᠯᠵᠤ᠂ ᠦᠨᠡᠨᠴᠢ | ᠢᠳᠡᠭᠡᠮᠵᠢ ᠲᠠᠢ ᠶᠢ ᠰᠠᠶᠢᠰᠢᠶᠠᠨ ᠬᠦᠬᠢᠬᠦᠯᠵᠦ᠂ ᠢᠳᠡᠬᠡᠮᠵᠢ ᠠᠯᠳᠠᠭᠰᠠᠨ ᠢ ᠨᠢ ᠲᠣᠷᠭᠠᠨ ᠰᠢᠳᠬᠡᠨ᠎ᠠ᠃ ᠦᠨ᠎ᠠ | ᠬᠠᠨᠭ᠍ᠰᠢ ᠶᠢᠨ ᠦᠨᠡᠨᠴᠢ ᠢᠳᠡᠬᠡᠮᠵᠢ ᠶᠢ ᠳᠡᠰ ᠬᠤᠪᠢᠶᠠᠬᠤ ᠲᠦᠷᠢᠮ ᠪᠠ ᠡᠵᠡᠩᠨᠡᠭᠴᠢ ᠶᠢ ᠲᠦᠷᠦᠯ ᠬᠤᠪᠢᠶᠠᠨ ᠬᠢᠨᠠᠨ | ᠬᠠᠮᠢᠶᠠᠷᠬᠤ ᠲᠦᠷᠢᠮ ᠢ ᠬᠠᠶᠢᠨ ᠰᠦᠪᠡᠭᠴᠢᠯᠡᠵᠤ ᠪᠠᠶᠢᠭᠤᠯᠤᠨ᠎ᠠ᠃ ᠰᠤᠨᠢᠨ ᠮᠡᠳᠡᠭᠡ ᠶᠢᠨ ᠵᠠᠭᠤᠴᠢᠯᠠᠭᠤᠷ ᠤᠨ ᠦᠨ᠎ᠠ | ᠬᠠᠨᠭ᠍ᠰᠢ ᠳᠤ ᠨᠡᠶᠢᠭᠡᠮ ᠤᠨ ᠬᠢᠨᠠᠯᠳᠠ ᠲᠠᠯᠪᠢᠬᠤ ᠳᠤ ᠢᠳᠡᠪᠬᠢᠳᠠᠢ ᠪᠠᠷ ᠤᠷᠤᠯᠴᠠᠬᠤ ᠶᠢ ᠵᠤᠷᠢᠭᠵᠢᠭᠤᠯᠵᠤ᠂ ᠶᠠᠷᠢᠶ᠎ᠠ | ᠬᠡᠯᠡᠯᠴᠡᠭᠡᠨ ᠤ ᠬᠢᠨᠠᠯᠳᠠ ᠲᠠᠯᠪᠢᠬᠤ ᠪᠠ ᠬᠦᠳᠦᠯᠦᠨ ᠵᠢᠯᠤᠭᠤᠳᠬᠤ ᠲᠤᠬᠳᠠᠴᠠ ᠶᠢ ᠲᠡᠭᠦᠯᠳᠡᠷᠵᠢᠭᠦᠯᠦᠨ᠎ᠠ᠃ | ᠲᠠᠪᠤ᠂ ᠦᠨ᠎ᠡ ᠬᠠᠩᠰᠢ ᠶᠢᠨ ᠬᠦᠰᠢᠬᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ | ︵ᠬᠤᠷᠢᠨ ᠨᠢᠭᠡ︶ ᠦᠨ᠎ᠡ ᠬᠠᠩᠰᠢ ᠶᠢᠨ ᠶᠡᠷᠦᠩᠬᠡᠢ ᠬᠢᠷᠢ ᠲᠦᠪᠰᠢᠨ ᠢ ᠳᠤᠬᠢᠷᠠᠭᠤᠯᠤᠨ ᠡᠵᠡᠮᠳᠡᠬᠦ ᠶᠢ | ᠴᠢᠩᠭᠠᠳᠬᠠᠨ᠎ᠠ᠃ ᠦᠬᠡᠷ ᠬᠤᠨᠢᠨ ᠮᠢᠬ᠎ᠠ᠂ ᠢᠳᠡᠰᠢᠨ ᠨᠤᠭᠤᠭ᠎ᠠ ᠵᠡᠷᠭᠡ ᠴᠢᠬᠤᠯᠠ ᠲᠠᠸᠠᠷ ᠢ ᠨᠦᠭᠡᠴᠡᠯᠡᠬᠦ ᠲᠦᠷᠢᠮ | ᠢ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠠᠷᠭ᠎ᠠ ᠪᠠᠷᠢᠯ᠂ ᠠᠵᠤ ᠠᠬᠤᠢ ᠶᠢᠨ ᠠᠷᠭ᠎ᠠ ᠪᠠᠷᠢᠯ ᠪᠠ ᠴᠢᠬᠤᠯᠠᠳᠠᠢ | ᠪᠦᠬᠦᠢ ᠵᠠᠰᠠᠭ ᠵᠠᠬᠢᠷᠭᠠᠨ ᠤ ᠠᠷᠭ᠎ᠠ ᠪᠠᠷᠢᠯ ᠢ ᠵᠣᠬᠢᠰᠳᠠᠢ ᠬᠡᠷᠡᠭᠯᠡᠵᠦ᠂ ᠦᠨ᠎ᠡ ᠬᠠᠩᠰᠢ ᠶᠢᠨ ᠶᠡᠷᠦᠩᠬᠡᠢ ᠬᠢᠷᠢ | ᠲᠦᠪᠰᠢᠨ ᠵᠦᠢ ᠶᠤᠰᠤᠨ ᠤ ᠬᠡᠪᠴᠢᠶᠡᠨ ᠳᠤ ᠪᠠᠶᠢᠬᠤ ᠶᠢ ᠴᠢᠷᠮᠠᠶᠢᠨ ᠪᠠᠲᠤᠯᠠᠨ᠎ᠠ᠃ ᠦᠨ᠎ᠡ ᠬᠠᠩᠰᠢ ᠶᠢ ᠬᠢᠨᠠᠨ | ᠬᠡᠮᠵᠢᠵᠤ ᠤᠷᠢᠳᠴᠢᠯᠠᠨ | ᠰᠡᠷᠡᠮᠵᠢᠯᠡᠭᠦᠯᠬᠦ ᠲᠤᠬᠳᠠᠴᠠ ᠪᠠ ᠪᠠᠴᠢᠮ ᠪᠠᠶᠢᠳᠠᠯ ᠢ ᠠᠷᠭᠠᠴᠠᠬᠤ ᠲᠤᠬᠳᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠬᠢᠨᠠᠨ ᠬᠡᠮᠵᠢᠬᠦ ᠬᠡᠪᠴᠢᠶ᠎ᠡ ᠪᠠᠨ ᠦᠷᠭᠡᠳᠬᠡᠨ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠶᠠᠰᠤ ᠴᠢᠨᠠᠷ ᠢ | ᠳᠡᠭᠡᠭᠰᠢᠯᠡᠭᠦᠯᠵᠦ᠂ ᠦᠨ᠎ᠡ ᠬᠠᠩᠰᠢ ᠶᠢᠨ ᠪᠠᠶᠢᠳᠠᠯ ᠢ ᠵᠠᠳᠠᠯᠤᠨ ᠮᠠᠭᠠᠤᠨᠯᠠᠬᠤ ᠪᠠ ᠳᠤᠬᠢᠷᠠᠭᠤᠯᠤᠨ ᠡᠵᠡᠮᠳᠡᠬᠦ | ᠴᠢᠳᠠᠪᠤᠷᠢ ᠪᠠᠨ ᠴᠢᠩᠭᠠᠳᠬᠠᠨ᠎ᠠ᠃ | ︵ᠬᠤᠷᠢᠨ ᠬᠤᠶᠠᠷ︶ ᠦᠢᠯᠡᠳᠪᠦᠷᠢᠯᠡᠯ ᠤᠨ ᠬᠦᠷᠢᠶ᠎ᠠ ᠴᠠᠷᠠᠭ᠎ᠠ ᠳᠠᠬᠢ ᠡᠨᠧᠷᠭᠢ ᠠᠷᠪᠢᠯᠠᠬᠤ ᠤᠷᠴᠢᠨ | ᠲᠤᠭᠤᠷᠢᠨ ᠤ ᠬᠠᠮᠠᠭᠠᠯᠠᠯᠳᠡ ᠶᠢᠨ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠬᠦᠬᠦᠷ ᠦᠭᠡᠶᠢᠵᠢᠭᠦᠯᠬᠦ᠂ ᠱᠠᠤ ᠦᠭᠡᠶᠢᠵᠢᠭᠦᠯᠬᠦ ᠪᠠ ᠲᠤᠭᠤᠰᠤ ᠠᠷᠢᠯᠭᠠᠬᠤ ᠵᠡᠷᠭᠡ ᠳᠤ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠴᠠᠬᠢᠯᠭᠠᠨ ᠤ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢ | ᠦᠷᠬᠦᠯᠵᠢᠯᠡᠨ ᠬᠡᠷᠡᠭᠵᠢᠭᠦᠯᠵᠦ᠂ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠤᠬᠴᠠᠯᠠᠪᠤᠷᠢ ᠶᠢᠨ ᠤᠨᠴᠠ ᠪᠠᠭ᠎ᠠ | ᠬᠡᠮᠵᠢᠶ᠎ᠡ ᠪᠠᠷ ᠪᠤᠬᠢᠷᠳᠤᠯ ᠡᠳ᠋ ᠢ ᠭᠠᠳᠠᠭᠰᠢᠯᠠᠭᠤᠯᠬᠤ ᠳᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠴᠠᠬᠢᠯᠭᠠᠨ ᠤ | ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠮᠠᠨ ᠤ ᠤᠷᠤᠨ ᠤ ᠠᠵᠤ | ᠦᠢᠯᠡᠳᠪᠦᠷᠢ ᠶᠢᠨ ᠪᠤᠲᠠᠲᠠᠢ ᠬᠦᠭᠵᠢᠯᠲᠡ ᠪᠠ ᠪᠦᠲᠦᠴᠡ ᠶᠢᠨ ᠳᠤᠬᠢᠷᠠᠭᠤᠯᠤᠯᠲᠠ ᠶᠢᠨ ᠬᠡᠷᠡᠭᠴᠡᠭᠡ ᠶᠢ ᠦᠨᠳᠦᠰᠦᠯᠡᠨ | ᠂ ᠴᠠᠬᠢᠯᠭᠠᠨ ᠬᠦᠴᠦ᠂ ᠤᠰᠤ ᠵᠡᠷᠭᠡ ᠬᠦᠷᠢᠶ᠎ᠡ ᠴᠠᠷᠠᠭ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠲᠠᠢ | ᠤᠶᠠᠯᠳᠤᠭᠤᠯᠤᠨ᠂ ︽ᠬᠤᠶᠠᠷ ᠶᠡᠭᠡ ᠨᠢᠭᠡ ᠦᠯᠡᠭᠦᠳᠡᠯ︾ ︵ᠡᠨᠧᠷᠭᠢ ᠶᠡᠭᠡ ᠵᠠᠷᠤᠴᠠᠭᠤᠯᠬᠤ᠂ ᠪᠤᠬᠢᠷᠳᠤᠯ ᠶᠡᠭᠡ᠂ | ᠦᠯᠡᠭᠦᠳᠡᠯ ᠦᠢᠯᠡᠳᠪᠦᠷᠢᠯᠡᠯ ᠤᠨ ᠬᠦᠴᠦᠨ︶ ᠠᠵᠢᠯ ᠲᠦᠷᠦᠯ ᠤᠨ ᠬᠤᠴᠤᠷᠤᠩᠭᠤᠢ ᠦᠢᠯᠡᠳᠪᠦᠷᠢᠯᠡᠯ ᠤᠨ ᠮᠡᠷᠭᠡᠵᠢᠯ | ᠂ ᠳᠦᠬᠦᠭᠡᠷᠤᠮᠵᠢ ᠪᠠ ᠦᠢᠯᠡᠳᠬᠦᠨ ᠤ ᠦᠢᠯᠡᠳᠪᠦᠷᠢᠯᠡᠯ ᠳᠤ ᠵᠦᠷᠢᠶᠡᠨᠳᠤ ᠴᠠᠬᠢᠯᠭᠠᠨ ᠤ ᠦᠨ᠎ᠡ ᠬᠠᠩᠰᠢ ᠪᠠ ᠤᠰᠤᠨ | ᠤ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠬᠡᠷᠡᠭᠵᠢᠭᠦᠯᠬᠦ ᠶᠢ ᠰᠤᠳᠤᠯᠤᠨ ᠲᠡᠭᠦᠯᠳᠡᠷᠵᠢᠭᠦᠯᠵᠤ᠂ ᠲᠡᠷᠢᠬᠦᠨ | ᠤ ᠬᠢ ᠶᠢ ᠵᠤᠷᠢᠭᠵᠢᠭᠤᠯᠵᠤ᠂ ᠬᠤᠴᠤᠷᠤᠩᠭᠤᠢ ᠶᠢ ᠲᠠᠶᠠᠭᠳᠠᠬᠤ ᠦᠨ᠎ᠡ ᠬᠠᠩᠰᠢ ᠶᠢᠨ ᠲᠤᠬᠳᠠᠴᠠ ᠶᠢ | ᠪᠦᠷᠢᠯᠳᠦᠭᠦᠯᠦᠨ᠎ᠡ᠃ ᠴᠠᠬᠢᠯᠭᠠᠨ ᠢᠶᠠᠷ ᠵᠠᠳᠠᠷᠠᠭᠤᠯᠤᠭᠰᠠᠨ ᠬᠦᠩᠭᠡᠨ ᠴᠠᠭᠠᠨ᠂ ᠱᠦᠢᠨᠢ ᠵᠡᠷᠭᠡ ᠠᠵᠢᠯ ᠲᠦᠷᠦᠯ ᠳᠤ | ᠨᠢᠭᠡᠴᠢ ᠡᠨᠧᠷᠬᠢ ᠶᠢᠨ ᠬᠤᠷᠤᠭᠳᠠᠯ ᠠᠴᠠ ᠬᠡᠳᠦᠷᠡᠭᠰᠡᠨ ᠬᠡᠮᠵᠢᠶ᠎ᠡ ᠳᠤ ᠦᠨ᠎ᠠ ᠨᠡᠮᠡᠵᠤ ᠬᠤᠷᠢᠶᠠᠬᠤ ᠦᠨ᠎ᠡ | ᠬᠠᠩᠰᠢ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢᠨ | ᠰᠢᠭᠰᠢᠭᠳᠡᠯ ᠢ ᠲᠦᠷᠭᠡᠳᠬᠡᠨ᠂ ᠠᠵᠤ ᠦᠢᠯᠡᠰ ᠤᠨ ᠪᠦᠲᠦᠴᠡ ᠶᠢᠨ ᠳᠤᠬᠢᠷᠠᠭᠤᠯᠤᠯᠲᠠ ᠪᠠ ᠠᠵᠤ ᠠᠬᠤᠢ ᠶᠢᠨ | ᠬᠡᠯᠪᠡᠷᠢ ᠪᠠᠨ ᠬᠤᠪᠢᠷᠠᠭᠤᠯᠵᠤ ᠳᠡᠰ ᠳᠠᠪᠰᠢᠬᠦ ᠶᠢ ᠠᠬᠢᠭᠤᠯᠤᠨ᠎ᠠ᠃ | ︵ᠬᠤᠷᠢᠨ ᠭᠤᠷᠪᠠ︶ ᠡᠬᠢ ᠪᠠᠶᠠᠯᠢᠭ ᠢ ᠦᠨ᠎ᠡ ᠲᠦᠯᠦᠪᠦᠷᠢ ᠲᠠᠢ ᠪᠠᠷ ᠠᠰᠢᠬᠯᠠᠬᠤ ᠲᠦᠷᠢᠮ ᠪᠠ ᠠᠮᠢ | ᠠᠬᠤᠢ ᠶᠢᠨ ᠨᠦᠬᠦᠪᠦᠷᠢ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠵᠢᠴᠢ | ᠪᠦᠲᠦᠭᠡᠭᠳᠡᠭᠦᠨ ᠤ ᠦᠨ᠎ᠡ ᠬᠠᠨᠭ᠍ᠰᠢ ᠪᠠ ᠡᠳ᠋ ᠤᠨ ᠵᠠᠰᠠᠭ ᠭᠠᠶᠢᠯᠢ ᠶᠢᠨ ᠲᠦᠷᠢᠮ ᠤᠨ ᠦᠭᠡᠷᠡᠴᠢᠯᠡᠯᠲᠡ ᠶᠢ | ᠲᠦᠷᠭᠡᠳᠭᠡᠵᠦ᠂ ᠵᠠᠬ᠎ᠠ ᠳᠡᠯᠭᠡᠭᠦᠷ ᠤᠨ ᠬᠠᠨᠭ᠍ᠭᠠᠯᠭ᠎ᠠ ᠬᠡᠷᠡᠭᠴᠡᠭᠡ᠂ ᠡᠬᠢ ᠪᠠᠶᠠᠯᠢᠭ ᠲᠤᠳᠠᠭᠳᠠᠬᠤ ᠬᠡᠮᠵᠢᠶ᠎ᠡ᠂ ᠠᠮᠢ | ᠠᠬᠤᠢ ᠶᠢᠨ ᠤᠷᠴᠢᠨ ᠲᠤᠭᠤᠷᠢᠨ ᠢ ᠬᠤᠬᠢᠷᠠᠭᠤᠯᠤᠬᠰᠡᠨ ᠦᠷᠳᠡᠭ ᠪᠠ ᠵᠠᠰᠠᠨ ᠰᠡᠷᠭᠦᠭᠡᠭᠰᠡᠨ ᠦᠷ᠎ᠡ ᠠᠰᠢᠭ ᠢ ᠪᠦᠬᠦ | ᠲᠠᠯ᠎ᠡ ᠪᠠᠷ ᠲᠤᠰᠬᠠᠨ᠎ᠡ᠃ ᠤᠰᠤ ᠬᠦᠷᠦᠰᠦ ᠶᠢ ᠬᠠᠮᠠᠭᠠᠯᠠᠬᠤ᠂ ᠠᠭᠤᠷᠬᠠᠢ᠂ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ᠂ ᠤᠢ ᠰᠢᠭᠤᠢ ᠶᠢᠨ ᠤᠷᠭᠤᠮᠠᠯ ᠤᠨ ᠬᠤᠴᠢᠯᠭ᠎ᠠ ᠵᠡᠷᠭᠡ ᠡᠬᠢ ᠪᠠᠶᠠᠯᠢᠭ ᠲᠤ ᠬᠤᠯᠪᠤᠬᠳᠠᠪᠠᠯ ᠤᠷᠴᠢᠨ | ᠲᠤᠭᠤᠷᠢᠨ ᠤ ᠰᠦᠢᠳᠭᠡᠯ ᠬᠤᠷᠢᠶᠠᠬᠤ ᠰᠠᠭᠤᠷᠢ ᠮᠦᠡᠭᠭᠦ ᠪᠤᠶᠤ ᠦᠨ᠎ᠡ ᠲᠦᠯᠦᠪᠦᠷᠢ ᠲᠠᠢ ᠪᠠᠷ ᠠᠰᠢᠬᠯᠠᠬᠤ | ᠰᠦᠢᠳᠭᠡᠯ ᠬᠤᠷᠢᠶᠠᠬᠤ ᠲᠦᠷᠦ ᠶᠢᠨ ᠪᠤᠳᠤᠯᠭ᠎ᠠ ᠶᠢ ᠲᠠᠭᠦᠯᠳᠡᠷᠵᠢᠭᠦᠯᠦᠨᠡ᠃ ᠤᠰᠤᠨ ᠤ ᠡᠬᠢ ᠪᠠᠶᠠᠯᠢᠭ ᠤᠨ | ᠰᠦᠢᠳᠭᠡᠯ ᠤᠨ ᠦᠭᠡᠷᠡᠴᠢᠯᠡᠯᠲᠡ ᠶᠢ ᠠᠬᠢᠭᠤᠯᠵᠦ᠂ ᠭᠠᠵᠠᠷ ᠲᠤᠤᠷᠠᠬᠢ ᠤᠰᠤ ᠶᠢ ᠬᠡᠲᠦ ᠬᠡᠷᠡᠭᠯᠡᠭᠰᠡᠨ ᠭᠠᠵᠠᠷ ᠤᠷᠤᠨ | ᠢᠶᠠᠷ ᠲᠤᠷᠰᠢᠯᠲᠠ ᠶᠢᠨ ᠤᠷᠤᠨ ᠪᠤᠯᠭᠠᠵᠦ ᠤᠷᠢᠳᠠᠪᠡᠷ ᠬᠡᠷᠡᠭᠵᠢᠭᠦᠯᠦᠨ᠎ᠡ᠃ ᠶᠡᠷᠦᠩᠬᠡᠶᠢᠯᠡᠭᠰᠡᠨ ᠠᠷᠭ᠎ᠠ ᠬᠡᠮᠵᠢᠶ᠎ᠡ | ᠠᠪᠴᠦ ᠤᠰᠤᠨ ᠤ ᠡᠬᠢ ᠪᠠᠶᠠᠯᠢᠭ ᠤᠨ ᠦᠨ᠎ᠡ ᠬᠠᠨᠭ᠍ᠰᠢ ᠶᠢ ᠠᠭᠠᠵᠢᠮ ᠢᠶᠠᠷ ᠰᠢᠯᠤᠭᠤᠳᠬᠠᠵᠤ᠂ ᠲᠠᠷᠢᠶᠠᠯᠠᠩ ᠤᠨ | ᠤᠰᠤᠨ ᠤ ᠦᠨ᠎ᠡ ᠬᠠᠨᠭ᠍ᠰᠢ ᠶᠢᠨ ᠶᠠᠷᠦᠩᠭᠡᠶᠢᠯᠡᠭᠰᠡᠨ ᠦᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ᠤᠰᠤᠨ ᠤ ᠡᠬᠢ | ᠪᠠᠶᠠᠯᠢᠭ ᠢ ᠬᠠᠮᠠᠭᠠᠯᠠᠬᠤ ᠪᠠ ᠠᠷᠪᠢᠯᠠᠨ ᠭᠠᠮᠨᠠᠵᠦ ᠠᠰᠢᠬᠯᠠᠬᠤ ᠶᠢ ᠠᠬᠢᠭᠤᠯᠤᠨ᠎ᠡ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠬᠤᠷᠢᠨ ᠲᠦᠷᠪᠡ︶ ᠵᠤᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠡ᠃ ᠡᠯ᠎ᠡ ᠭᠠᠵᠠᠷ | ᠤᠷᠤᠨ ᠡᠯ᠎ᠡ ᠬᠠᠮᠢᠶ᠎ᠡ ᠪᠦᠬᠦᠢ ᠰᠠᠯᠠᠭ᠎ᠠ ᠮᠦᠴᠢᠷ ᠨᠢ ᠭᠤᠤᠯᠳᠠᠭᠤ ᠵᠠᠬ᠎ᠠ ᠳᠡᠯᠭᠡᠭᠦᠷ ᠢᠶᠠᠷ ᠦᠨ᠎ᠡ ᠬᠠᠨᠭ᠍ᠰᠢ ᠶᠢ | ᠲᠤᠬᠲᠠᠭᠠᠬᠤ ᠲᠤᠬᠲᠠᠴᠠ ᠶᠢ ᠲᠡᠭᠦᠯᠳᠡᠷᠵᠢᠭᠦᠯᠬᠦ ᠶᠢᠨ ᠴᠢᠬᠤᠯᠠ ᠴᠢᠨᠠᠷ᠂ ᠪᠠᠴᠢᠮ ᠲᠤᠯᠭᠠᠮ᠎ᠠ ᠴᠢᠨᠠᠷ ᠪᠠ ᠬᠠᠲᠠᠭᠤ | ᠪᠡᠷᠭᠡ ᠴᠢᠨᠠᠷ ᠢ ᠭᠦᠢᠴᠡᠳ ᠲᠠᠨᠢᠭᠤᠯᠵᠣ᠂ ᠦᠵᠡᠯ ᠰᠠᠨᠠᠭ᠎ᠠ ᠪᠠᠨ ᠨᠢᠭᠡᠳᠬᠡᠨ᠂ ᠬᠦᠴᠦ ᠪᠠᠨ ᠬᠠᠮᠳᠤᠳᠬᠠᠵᠦ᠂ ᠡᠷᠡᠰ | ᠬᠠᠲᠠᠭᠤ ᠵᠤᠷᠢᠭ ᠢᠶᠠᠷ ᠪᠤᠭᠤᠮᠲᠠ ᠰᠢᠪᠲᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠬᠡᠷᠡᠭᠳᠠᠢ᠃ ᠭᠦᠨᠵᠡᠭᠡᠢ | ᠪᠠᠶᠢᠴᠠᠭᠠᠨ ᠰᠤᠳᠤᠯᠤᠯᠲᠠ ᠪᠠ ᠰᠢᠨᠵᠢᠯᠡᠬᠦ ᠤᠬᠠᠭᠠᠨᠴᠢ ᠨᠤᠲᠠᠯᠠᠯᠲᠠ ᠬᠢᠵᠦ᠂ ᠡᠯ᠎ᠡ ᠲᠠᠯ᠎ᠡ ᠶᠢᠨ ᠰᠠᠨᠠᠯ ᠢ ᠦᠷᠭᠡᠨ | ᠢᠶᠠᠷ ᠰᠤᠨᠤᠰᠴᠦ᠂ ᠭᠤᠤᠯᠳᠠᠯᠭ᠎ᠠ ᠪᠠᠨ ᠲᠤᠪᠤᠶᠢᠯᠭᠠᠨ᠂ ᠲᠦᠷᠦᠯ ᠬᠤᠪᠢᠶᠠᠨ ᠠᠬᠢᠭᠤᠯᠵᠦ᠂ ᠠᠵᠢᠯ ᠤᠨ | ᠲᠦᠰᠦᠪ ᠢᠶᠠᠨ ᠨᠠᠷᠢᠯᠢᠬᠵᠢᠭᠤᠯᠵᠤ᠂ ᠴᠠᠭ ᠲᠤᠬᠠᠢ ᠲᠤᠨᠢ ᠳᠦᠢᠩᠨᠡᠯᠲᠡ ᠦᠨᠡᠯᠡᠯᠲᠡ ᠬᠢᠵᠦ᠂ ᠲᠤᠬᠲᠠᠭᠤᠨ ᠢᠶᠠᠷ | ᠡᠮᠬᠢ ᠲᠠᠷᠠᠭᠠᠯᠠᠯ ᠲᠠᠢ ᠪᠠᠷ ᠠᠬᠢᠭᠤᠯᠤᠨ᠂ ᠪᠤᠳᠠᠳᠤ ᠦᠷ᠎ᠡ ᠠᠰᠢᠭ ᠢ ᠵᠠᠪᠠᠯ ᠪᠠᠲᠤᠯᠠᠵᠦ᠂ ᠡᠯ᠎ᠡ ᠲᠦᠷᠦᠯ ᠤᠨ ᠦᠨ᠎ᠡ | ᠬᠠᠨᠭ᠍ᠰᠢ ᠶᠢᠨ ᠦᠭᠡᠷᠡᠴᠢᠯᠡᠯᠲᠡ ᠶᠢᠨ ᠠᠷᠭ᠎ᠠ ᠭᠡᠮᠵᠢᠶ᠎ᠡ ᠶᠢᠨ ᠪᠤᠳᠠᠲᠠᠢ ᠳᠤ ᠨᠠᠶᠢᠳᠠᠪᠤᠷᠢᠵᠢᠬᠳᠠᠬᠤ ᠶᠢ ᠪᠠᠲᠤᠯᠠᠬᠤ | ᠬᠡᠷᠡᠭᠳᠠᠢ᠃ | ︵ᠬᠤᠷᠢᠨ ᠲᠠᠪᠤ︶ ᠦᠨ᠎ᠡ ᠬᠠᠨᠭ᠍ᠰᠢ ᠶᠢᠨ ᠬᠠᠤᠯᠢ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠠ᠃ ᠦᠨ᠎ᠡ | ᠬᠠᠨᠭ᠍ᠰᠢ ᠶᠢᠨ ᠦᠭᠡᠷᠡᠴᠢᠯᠡᠯᠲᠡ᠂ ᠲᠤᠬᠢᠷᠠᠭᠤᠯᠭ᠎ᠠ ᠡᠵᠡᠮᠳᠡᠯ ᠪᠠ ᠬᠢᠨᠠᠨ ᠬᠠᠮᠢᠶᠠᠷᠤᠯᠲᠠ ᠶᠢᠨ ᠠᠵᠢᠯ ᠤᠨ ᠪᠤᠲᠠᠲᠠᠢ | ᠪᠠᠶᠢᠳᠠᠯ ᠢ ᠦᠨᠳᠦᠰᠦᠯᠡᠵᠦ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠬᠠᠮᠢᠶᠠᠷᠤᠯᠲᠠ ᠶᠢᠨ ᠲᠤᠬᠳᠠᠭᠠᠯ︾᠂ ︽ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠰᠦᠢᠳᠭᠡᠯ ᠬᠤᠷᠢᠶᠠᠬᠤ | ᠬᠠᠮᠢᠶᠠᠷᠤᠯᠲᠠ ᠶᠢᠨ ᠠᠷᠭ᠎ᠠ ᠬᠡᠮᠵᠢᠶ᠎ᠡ︾ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨ᠎ᠡ | ᠬᠠᠨᠭ᠍ᠰᠢ ᠶᠢ ᠬᠢᠨᠠᠨ ᠬᠡᠮᠵᠢᠬᠦ ᠲᠦᠷᠢᠮ︾ ᠵᠡᠷᠭᠡ ᠵᠠᠰᠠᠭ ᠤᠨ | ᠤᠷᠳᠤᠨ ᠤ ᠲᠦᠷᠢᠮ ᠲᠤᠬᠲᠠᠭᠠᠯ ᠢ ᠲᠤᠭᠤᠷᠪᠢᠨ ᠲᠤᠬᠲᠠᠭᠠᠵᠦ᠂ ᠮᠠᠨ ᠤ ᠤᠷᠤᠨ ᠤ ᠪᠤᠳᠠᠳᠤ ᠪᠠᠶᠢᠳᠠᠯ ᠳᠤ | ᠨᠡᠶᠢᠴᠡᠭᠰᠡᠨ ᠦᠨ᠎ᠡ ᠬᠠᠨᠭ᠍ᠰᠢ ᠶᠢᠨ ᠪᠠᠶᠢᠴᠠᠭᠠᠯᠲᠠ᠂ ᠦᠷᠳᠡᠭ ᠤᠨ ᠬᠢᠨᠠᠨ ᠪᠠᠶᠢᠴᠠᠭᠠᠯᠳᠠ᠂ ᠦᠨ᠎ᠡ ᠬᠠᠨᠭ᠍ᠰᠢ ᠶᠢᠨ | ᠬᠢᠨᠠᠨ ᠬᠡᠮᠵᠢᠯᠲᠠ᠂ ᠦᠨ᠎ᠡ ᠬᠠᠨᠭ᠍ᠰᠢ ᠶᠢᠨ ᠬᠡᠷᠡᠴᠢᠯᠡᠯᠲᠡ᠂ ᠵᠠᠬ᠎ᠠ ᠳᠡᠯᠭᠡᠭᠦᠷ ᠤᠨ ᠦᠨ᠎ᠡ ᠬᠠᠨᠭ᠍ᠰᠢ ᠶᠢᠨ ᠠᠵᠢᠯᠯᠠᠭ᠎ᠠ ᠶᠢ | ᠲᠦᠷᠢᠮᠵᠢᠭᠦᠯᠬᠦ ᠵᠡᠷᠭᠡ ᠲᠦᠷᠢᠮ ᠲᠤᠬᠲᠠᠭᠠᠯ ᠢ ᠪᠠᠶᠢᠭᠤᠯᠤᠨ ᠲᠠᠭᠦᠯᠳᠡᠷᠵᠢᠭᠦᠯᠵᠦ᠂ ᠬᠠᠤᠯᠢ ᠪᠠᠷ ᠦᠨ᠎ᠡ ᠬᠠᠨᠭ᠍ᠰᠢ ᠶᠢ | ᠵᠠᠰᠠᠬᠤ ᠶᠢ ᠪᠦᠬᠦ ᠲᠠᠯ᠎ᠡ ᠪᠠᠷ ᠠᠬᠢᠭᠤᠯᠬᠤ ᠬᠡᠷᠡᠭᠳᠠᠢ᠃ | ︵ᠬᠤᠷᠢᠨ ᠵᠢᠷᠭᠤᠭ᠎ᠠ︶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠡ᠃ ᠵᠠᠰᠠᠭ ᠤᠨ ᠤᠷᠳᠤᠨ ᠠᠴᠠ | ᠦᠨ᠎ᠡ ᠬᠠᠨᠭ᠍ᠰᠢ ᠲᠤᠬᠲᠠᠭᠠᠬᠤ ᠲᠦᠷᠦᠯ ᠵᠦᠢᠯ ᠢ ᠪᠠᠭᠠᠰᠬᠠᠬᠤ ᠶᠢᠨ ᠬᠠᠮᠲᠦ᠂ ᠦᠨ᠎ᠡ ᠬᠠᠨᠭ᠍ᠰᠢ ᠶᠢ ᠬᠢᠨᠠᠨ ᠬᠡᠮᠵᠢᠵᠤ | ᠤᠷᠢᠳᠴᠢᠯᠠᠨ ᠰᠡᠷᠡᠮᠵᠢᠯᠡᠭᠦᠯᠬᠦ᠂ ᠦᠷᠳᠡᠭ ᠢ ᠬᠢᠨᠠᠨ ᠪᠠᠶᠢᠴᠠᠭᠠᠬᠤ᠂ ᠦᠨ᠎ᠡ ᠬᠠᠨᠭ᠍ᠰᠢ ᠶᠢᠨ ᠲᠤᠬᠢᠷᠠᠭᠤᠯᠭ᠎ᠠ᠂ ᠵᠠᠬ᠎ᠠ | ᠳᠡᠯᠭᠡᠭᠦᠷ ᠤᠨ ᠦᠨ᠎ᠡ ᠬᠠᠨᠭ᠍ᠰᠢ ᠶᠢᠨ ᠬᠢᠨᠠᠨ ᠬᠠᠮᠢᠶᠠᠷᠤᠯᠲᠠ ᠪᠠ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠶᠢᠨ | ᠬᠡᠷᠡᠭᠵᠢᠭᠦᠯᠦᠯᠲᠡ᠂ ᠦᠨ᠎ᠡ ᠬᠠᠨᠭ᠍ᠰᠢ ᠶᠢᠨ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠡ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠳᠠᠢ᠃ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠦ᠂ ᠪᠦᠬᠦ ᠤᠷᠤᠨ ᠤ ᠡᠯ᠎ᠡ | ᠱᠠᠳᠤ᠂ ᠢᠯᠠᠩᠭᠤᠶ᠎ᠡ ᠦᠨᠳᠦᠰᠤᠨ ᠱᠠᠳᠤᠨ ᠤ ᠦᠨ᠎ᠡ ᠬᠠᠨᠭ᠍ᠰᠢ ᠶᠢᠨ ᠬᠠᠮᠢᠶᠠᠷᠤᠯᠲᠠ᠂ ᠦᠨ᠎ᠡ ᠬᠠᠨᠭ᠍ᠰᠢ ᠶᠢᠨ ᠬᠢᠨᠠᠨ | ᠬᠡᠮᠵᠢᠯᠲᠡ᠂ ᠦᠷᠳᠡᠭ ᠤᠨ ᠬᠢᠨᠠᠨ ᠪᠠᠶᠢᠴᠠᠭᠠᠯᠲᠠ᠂ ᠦᠨ᠎ᠡ ᠬᠠᠨᠭ᠍ᠰᠢ ᠶᠢ ᠬᠢᠨᠠᠨ ᠪᠠᠶᠢᠴᠠᠭᠠᠬᠤ ᠵᠡᠷᠭᠡ ᠶᠢᠨ | ᠪᠠᠶᠢᠭᠤᠯᠤᠮᠵᠢ ᠪᠦᠷᠢᠨ᠂ ᠤᠷᠤᠨ ᠲᠤᠭ᠎ᠠ ᠵᠤᠬᠢᠰᠳᠠᠢ ᠪᠠᠶᠢᠬᠤ ᠵᠡᠷᠭᠡ ᠶᠢ ᠪᠠᠳᠤᠯᠠᠵᠤ᠂ ᠠᠵᠢᠯ ᠤᠨ ᠰᠠᠭᠤᠷᠢ ᠶᠢ | ᠪᠠᠳᠤᠳᠬᠠᠵᠦ᠂ ᠵᠠᠷᠤᠲᠠᠯ ᠤᠨ ᠪᠠᠳᠤᠯᠠᠭ᠎ᠠ ᠶᠢ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠬᠦ | ᠴᠢᠲᠠᠪᠤᠷᠢ ᠶᠢ ᠳᠡᠭᠡᠭᠰᠢᠯᠡᠭᠦᠯᠬᠦ ᠬᠡᠷᠡᠭᠳᠠᠢ᠃ ᠦᠨ᠎ᠡ ᠬᠠᠨᠭ᠍ᠰᠢ ᠶᠢᠨ ᠮᠡᠳᠡᠭᠡ ᠵᠠᠩᠬᠢᠴᠢᠯᠠᠬᠰᠡᠨ ᠪᠠᠶᠢᠭᠤᠯᠤᠯᠲᠠ ᠶᠢ | ᠠᠬᠢᠭᠤᠯᠵᠦ᠂ ᠦᠨ᠎ᠡ ᠬᠠᠨᠭ᠍ᠰᠢ ᠶᠢᠨ ᠲᠤᠬᠢᠷᠠᠭᠤᠯᠭ᠎ᠠ ᠬᠢᠨᠠᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ | ᠴᠢᠩᠭᠠᠳᠬᠠᠬᠤ ᠳᠤ ᠬᠦᠴᠦᠲᠡᠢ ᠪᠠᠲᠤᠯᠠᠭ᠎ᠠ ᠬᠠᠨᠭ᠍ᠭᠠᠨᠬᠤ | ᠬᠡᠷᠡᠭᠳᠠᠢ᠃ | ︵ᠬᠤᠷᠢᠨ ᠲᠤᠯᠤᠭ᠎ᠠ︶ ᠠᠷᠠᠳ ᠤᠨ ᠠᠮᠢᠳᠤᠷᠠᠯ ᠤᠨ ᠨᠠᠭᠠᠲᠦ ᠵᠠᠬ᠎ᠠ ᠶᠢᠨ ᠱᠤᠭᠤᠮ ᠢ ᠪᠠᠳᠤᠯᠠᠨ᠎ᠡ᠃ | ᠬᠤᠷᠢᠭ᠎ᠠ ᠱᠤᠭᠤᠮ ᠤᠨ ᠰᠡᠳᠬᠢᠭᠦᠢ ᠶᠢ ᠪᠤᠢ ᠪᠤᠯᠭᠠᠵᠦ᠂ ᠠᠷᠠᠳ ᠤᠨ ᠠᠮᠢᠲᠤᠷᠠᠯ ᠢ ᠪᠠᠳᠤᠯᠠᠬᠤ ᠪᠠ | ᠰᠠᠶᠢᠵᠢᠷᠠᠭᠤᠯᠬᠤ ᠶᠢ ᠠᠵᠢᠯ ᠤᠨ ᠡᠭᠦᠰᠦᠴᠡ ᠪᠠ ᠵᠤᠬᠰᠤᠴᠠ ᠪᠤᠯᠭᠠᠵᠤ᠂ ᠠᠷᠠᠳ ᠤᠨ ᠠᠮᠢᠳᠤᠷᠠᠯ ᠳᠤ | ᠬᠤᠯᠪᠤᠬᠳᠠᠬᠰᠡᠨ ᠦᠨ᠎ᠡ ᠬᠠᠨᠭ᠍ᠰᠢ ᠶᠢᠨ ᠲᠦᠷᠦ ᠶᠢᠨ ᠪᠤᠳᠤᠯᠭ᠎ᠠ᠂ ᠤᠨᠴᠠᠭᠠᠢᠢᠯᠠᠨ ᠬᠦᠨᠲᠦ ᠴᠢᠬᠤᠯᠠ ᠦᠨ᠎ᠡ | ᠬᠠᠨᠭ᠍ᠰᠢ ᠶᠢᠨ ᠦᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤ᠂ ᠡᠷᠬᠡᠪᠰᠢ ᠨᠡᠶᠢᠭᠡᠮ ᠤᠨ | ᠲᠠᠭᠠᠭᠠᠬᠤ ᠴᠢᠳᠠᠪᠤᠷᠢ᠂ ᠤᠨᠴᠠᠭᠠᠢᠢᠯᠠᠨ ᠲᠦᠷᠦ ᠶᠢᠨ ᠪᠤᠳᠤᠯᠭ᠎ᠠ ᠶᠢᠨ ᠲᠤᠤᠷ᠎ᠠ ᠤᠷᠤᠯᠭ᠎ᠠ ᠲᠠᠢ ᠬᠦᠮᠦᠰ ᠤᠨ | ᠠᠮᠢᠳᠤᠷᠠᠯ ᠳᠤ ᠦᠵᠡᠭᠦᠯᠵᠤ ᠮᠡᠳᠡᠬᠦ᠋ᠢᠴᠡ ᠨᠦᠯᠦᠭᠡ ᠲᠤᠰᠬᠠᠯ ᠢ ᠭᠦᠢᠴᠡᠳ ᠪᠤᠳᠤᠯᠬᠢᠯᠠᠵᠦ᠂ ᠠᠶᠤᠯ | ᠲᠦᠭᠰᠢᠭᠦᠷᠢ ᠶᠢ ᠦᠨᠡᠯᠡᠬᠦ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠳᠠᠢ᠃ ᠨᠡᠶᠢᠭᠡᠮ ᠤᠨ ᠠᠪᠤᠷᠠᠨ ᠲᠤᠰᠠᠯᠠᠮᠵᠢ᠂ | ᠪᠠᠲᠤᠯᠠᠬᠤ ᠪᠠᠷᠢᠮᠵᠢᠶ᠎ᠡ ᠪᠠ ᠪᠤᠳᠠᠰ ᠤᠨ ᠦᠨ᠎ᠡ ᠦᠰᠬᠦ ᠲᠠᠢ ᠬᠤᠯᠪᠤᠬᠳᠠᠬᠰᠡᠨ ᠬᠠᠮᠳᠤᠷᠠᠯᠴᠠᠨ ᠠᠵᠢᠯᠯᠠᠬᠤ | ᠲᠤᠬᠲᠠᠴᠠ ᠶᠢ ᠨᠠᠶᠢᠳᠠᠪᠤᠷᠢᠵᠢᠭᠤᠯᠬᠤ ᠪᠠ ᠲᠡᠭᠦᠯᠳᠡᠷᠵᠢᠭᠦᠯᠵᠦ᠂ ᠶᠠᠳᠠᠭᠤ ᠬᠦᠴᠢᠷᠲᠡᠯᠲᠡᠢ ᠠᠷᠠᠳ ᠲᠦᠮᠡᠨ ᠤ | ᠦᠨᠳᠦᠰᠦᠨ ᠠᠮᠢᠳᠤᠷᠠᠯ ᠳᠤ ᠨᠦᠯᠦᠭᠡ ᠪᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠳᠠᠢ᠃ ᠠᠷᠠᠳ ᠤᠨ | ᠠᠮᠢᠳᠤᠷᠠᠯ ᠤᠨ ᠬᠦᠷᠢᠶ᠎ᠡ ᠬᠡᠪᠴᠢᠶᠡᠨ ᠳᠠᠬᠢ ᠦᠨ᠎ᠡ ᠬᠠᠨᠭ᠍ᠰᠢ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠦᠨ᠎ᠡ | ᠬᠠᠨᠭ᠍ᠰᠢ ᠶᠢᠨ ᠵᠢᠭᠤᠷᠠᠯᠳᠤᠭᠠᠨ ᠢ ᠰᠠᠶᠢᠳᠤᠷ ᠵᠤᠬᠢᠴᠠᠭᠤᠯᠤᠨ ᠰᠢᠢᠳᠪᠦᠷᠢᠯᠡᠵᠦ᠂ ᠠᠷᠠᠳ ᠲᠦᠮᠡᠨ ᠤ ᠬᠠᠤᠯᠢ ᠶᠤᠰᠤᠨ | ᠤ ᠦᠨ᠎ᠡ ᠬᠠᠨᠭ᠍ᠰᠢ ᠶᠢᠨ ᠡᠷᠬᠡ ᠠᠰᠢᠭ ᠢ ᠬᠠᠮᠠᠭᠠᠯᠠᠬᠤ ᠬᠡᠷᠡᠭᠳᠠᠢ᠃ | ︵ᠬᠤᠷᠢᠨ ᠨᠠᠢᠮᠡ︶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠨ᠎ᠡ᠃ ᠦᠨ᠎ᠡ ᠬᠠᠨᠭ᠍ᠰᠢ ᠶᠢᠨ | ᠦᠭᠡᠷᠡᠴᠢᠯᠡᠯᠲᠡ ᠶᠢ ᠪᠦᠬᠦ ᠲᠠᠯ᠎ᠡ ᠪᠠᠷ ᠭᠦᠨᠵᠡᠭᠡᠶᠢᠷᠡᠭᠦᠯᠬᠦ᠂ ᠵᠠᠰᠠᠭ ᠤᠨ ᠤᠷᠳᠤᠨ ᠤ ᠦᠨ᠎ᠡ ᠬᠠᠨᠭ᠍ᠰᠢ ᠲᠤᠬᠲᠠᠭᠠᠬᠤ | ᠠᠵᠢᠯᠯᠠᠭ᠎ᠠ ᠶᠢ ᠵᠢᠷᠤᠮᠵᠢᠭᠤᠯᠬᠤ᠂ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠲᠠᠬᠢ ᠵᠠᠬ᠎ᠠ | ᠳᠡᠯᠭᠡᠭᠦᠷ ᠤᠨ ᠦᠨ᠎ᠡ ᠬᠠᠨᠭ᠍ᠰᠢ ᠶᠢᠨ ᠬᠢᠨᠠᠨ ᠬᠠᠮᠢᠶᠠᠷᠤᠯᠲᠠ ᠪᠠ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠶᠢ | ᠬᠡᠷᠡᠭᠵᠢᠭᠦᠯᠬᠦ ᠵᠡᠷᠭᠡ ᠲᠠᠯ᠎ᠡ ᠶᠢᠨ ᠤᠬᠠᠭᠤᠯᠤᠨ ᠮᠡᠳᠡᠭᠡᠯᠡᠬᠦ ᠡᠷᠴᠢᠮ ᠢ ᠴᠢᠩᠭᠠᠷᠠᠭᠤᠯᠵᠦ᠂ ᠰᠤᠨᠢᠨ ᠮᠡᠳᠡᠭᠡ | ᠨᠡᠶᠢᠲᠡᠯᠡᠬᠦ ᠶᠢ ᠴᠢᠩᠭᠠᠳᠬᠠᠵᠦ᠂ ᠦᠨ᠎ᠡ ᠬᠠᠨᠭ᠍ᠰᠢ ᠶᠢᠨ ᠲᠦᠷᠦ ᠶᠢᠨ ᠪᠤᠳᠤᠯᠭ᠎ᠠ ᠶᠢ ᠤᠨᠤᠪᠴᠢᠲᠠᠢ ᠲᠠᠶᠢᠯᠪᠤᠷᠢᠯᠠᠵᠤ᠂ | ᠶᠡᠷᠢᠶ᠎ᠡ ᠬᠡᠯᠡᠯᠴᠡᠭᠡ ᠶᠢ ᠴᠠᠭ ᠲᠤᠬᠠᠢ ᠲᠤᠨᠢ ᠵᠢᠯᠤᠭᠤᠳᠤᠨ᠂ ᠨᠡᠶᠢᠭᠡᠮ ᠤᠨ ᠠᠩᠬᠠᠷᠤᠯ ᠳᠤ ᠢᠳᠡᠪᠭᠢᠲᠠᠢ ᠬᠠᠷᠢᠭᠤᠯᠳᠠ | ᠦᠭᠴᠦ᠂ ᠭᠡᠨᠡᠳᠲᠡ ᠶᠢᠨ ᠶᠠᠷᠢᠶ᠎ᠡ ᠬᠡᠯᠡᠯᠴᠡᠭᠡᠨ ᠤ ᠪᠠᠶᠢᠳᠠᠯ ᠢ ᠲᠤᠬᠢᠳᠠᠢ ᠠᠷᠭᠠᠴᠠᠵᠤ᠂ ᠰᠠᠶᠢᠨ ᠰᠠᠶᠢᠬᠠᠨ ᠶᠠᠷᠢᠶ᠎ᠡ | ᠬᠡᠯᠡᠯᠴᠡᠭᠡᠨ ᠤ ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠳᠠᠢ᠃ |