ᠥᠪᠥᠷ ᠮᠣᠩᠭᠤᠯ᠄ ᠠᠮᠢ ᠠᠬᠤᠢ ᠶᠢᠨ ᠪᠥᠲᠦᠭᠡᠨ ᠪᠠᠶᠢᠭᠤᠯᠤᠯᠲᠠ ᠪᠠᠨ ᠬᠦᠴᠦᠯᠡᠨ ᠠᠬᠢᠭᠤᠯᠵᠤ  ᠠᠭᠤᠯᠠ ᠤᠰᠤ ᠪᠠᠨ ᠡᠭᠦᠷᠢᠳᠡ ᠴᠡᠩᠬᠡᠷ ᠴᠡᠩᠬᠡᠭ ᠢᠶᠠᠷ ᠨᠢ ᠪᠠᠶᠢᠯᠭᠠᠶ᠎ᠠ
ᠨᠡᠶᠢᠲᠡᠯᠡᠭᠰᠡᠨ ᠴᠠᠭ᠄
2016/3/14
     3 ᠳ᠋ᠤᠭᠠᠷ ᠰᠠᠷ᠎ᠠ ᠶᠢᠨ 7᠎ ᠤ ᠡᠳᠦᠷ ᠤᠨ ᠦᠳᠡ ᠶᠢᠨ ᠡᠮᠦᠨ᠎ᠡ᠂ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠪᠥᠬᠦ ᠪᠦᠯᠬᠦᠮ ᠤᠨ ᠬᠤᠷᠠᠯ ᠬᠢᠪᠡ᠂ ᠲᠤᠰ ᠤᠳᠠᠭᠠᠨ ᠤ ᠬᠤᠷᠠᠯ ᠳᠤ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠢ ᠴᠢᠯᠤᠭᠡᠲᠡᠢ ᠣᠷᠣᠯᠴᠠᠭᠤᠯᠪᠠ᠃ ︽ᠠᠷᠠᠳ ᠤᠨ ᠡᠳᠦᠷ ᠤᠨ ᠰᠣᠨᠢᠨ︾᠂ ᠰᠢᠨᠬᠤᠸᠠ ᠬᠤᠷᠢᠶ᠎ᠠ᠂ ᠲᠥᠪ ᠤᠨ ᠠᠷᠠᠳ ᠤᠨ ᠷᠠᠳᠢᠤ᠋ ᠨᠡᠪᠲᠡᠷᠡᠭᠦᠯᠭᠡ ᠶᠢᠨ ᠬᠤᠷᠢᠶ᠎ᠠ᠂ ᠲᠥᠪ ᠤᠨ ᠲᠧᠯᠸᠢᠰ ᠬᠤᠷᠢᠶ᠎ᠠ᠂ ᠰᠢᠶᠠᠩᠭᠠᠩ ᠤᠨ ︽ᠳ᠋ᠠ ᠬᠥᠩ ᠪᠦᠦ ᠰᠣᠨᠢᠨ︾ ᠪᠠ ᠷᠥᠲ᠋ᠧᠷᠰ ᠬᠤᠷᠢᠶ᠎ᠠ᠂ ︽ᠸᠤᠯ ᠵᠡᠭᠡᠯᠢ ᠶᠢᠨ ᠡᠳᠦᠷ ᠤᠨ ᠰᠣᠨᠢᠨ︾᠂ ᠶᠠᠫᠣᠨ ᠤ ᠨᠢᠭᠡᠳᠦᠭᠰᠡᠨ ᠴᠢᠮᠡᠭᠡᠯᠡᠯ ᠤᠨ ᠬᠤᠷᠢᠶ᠎ᠠ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ 38 ᠵᠠᠭᠤᠴᠢᠯᠠᠭᠤᠷ ᠤᠨ ᠰᠤᠷᠪᠤᠯᠵᠢᠯᠠᠭᠴᠢ ᠨᠢᠭᠡ ᠲᠠᠩᠬᠢᠮ ᠳᠤ ᠴᠤᠭᠯᠠᠷᠠᠵᠤ᠂ ᠥᠪᠥᠷ ᠮᠣᠩᠭᠤᠯ ᠳᠤ ᠶᠢᠰᠤᠨ ᠠᠰᠠᠭᠤᠯᠲᠠ ᠲᠠᠯᠪᠢᠪᠠ᠂ ᠲᠥᠯᠥᠭᠡᠯᠡᠭᠴᠢᠳ ᠠᠴᠠ ᠡᠯ᠎ᠡ ᠵᠠᠭᠤᠴᠢᠯᠠᠭᠤᠷ ᠤᠨ ᠬᠢᠨ ᠳᠤ᠂ ᠪᠦᠬᠦ ᠤᠯᠤᠰ ᠤᠨ ᠠᠷᠠᠳ ᠲᠦᠮᠡᠨ ᠳᠤ᠂ ᠪᠦᠬᠦ ᠳᠡᠯᠡᠬᠡᠶ ᠳᠤ ᠬᠠᠷᠢᠭᠤᠯᠲᠠ ᠥᠭᠭᠦᠭᠰᠡᠨ ᠪᠠᠶᠢᠨ᠎ᠠ᠃ ᠲᠤᠬᠠᠢ ᠶᠢᠨ ᠲᠠᠯᠠᠪᠠᠢ ᠳᠤ ᠤᠷᠠᠨ ᠰᠠᠶᠢᠬᠠᠨ ᠬᠡᠯᠡᠯᠭᠡ ᠤᠳ ᠲᠠᠰᠤᠷᠠᠯ ᠦᠭᠡᠢ ᠰᠣᠪᠣᠷᠠᠵᠤ᠂ ᠬᠠᠯᠠᠮᠰᠢᠯ ᠴᠢᠭ᠋ ᠤᠳ ᠵᠠᠯᠭᠠᠯᠳᠤᠭ᠎ᠠ ᠪᠠᠷ ᠢᠯᠡᠷᠡᠪᠡ᠃      ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠤᠷ ᠰᠤᠷᠪᠤᠯᠵᠢᠯᠠᠬᠴᠢ ᠶᠢᠨ ᠠᠰᠠᠭᠤᠭᠰᠠᠨ ᠥᠪᠥᠷ ᠮᠣᠩᠭᠤᠯ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠠᠮᠵᠢᠯᠲᠠ ᠣᠯᠣᠭᠰᠠᠨ ᠪᠣᠢ᠂ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠠᠷ ᠪᠠᠶᠢᠨ᠎ᠠ ᠪᠤᠢ ᠭᠡᠰᠡᠨ ᠢ ᠬᠠᠷᠢᠭᠤᠯᠬᠤ ᠳᠠᠭᠠᠨ ᠬᠡᠯᠡᠭᠰᠡᠨ ᠨᠢ᠄ ᠥᠪᠥᠷ ᠮᠣᠩᠭᠤᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠨᠢ ᠲᠤᠰ ᠪᠡᠶ᠎ᠡ ᠲᠠᠢ ᠪᠠᠨ ᠬᠤᠯᠪᠤᠭᠳᠠᠬᠤ ᠪᠠᠷ ᠪᠠᠷᠠᠬᠤ ᠦᠭᠡᠶ ᠨᠡᠩ ᠴᠤ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠶᠡᠷᠦᠩᠬᠡᠶ ᠱᠦᠵᠢ ᠶᠢᠨ ︽ᠴᠡᠩᠬᠡᠭ ᠤᠰᠤ ᠴᠡᠩᠬᠡᠷ ᠠᠭᠤᠯᠠ ᠪᠣᠯ ᠳᠠᠷᠤᠶ ᠠᠯᠲᠠᠨ ᠠᠭᠤᠯᠠ ᠮᠥᠩᠭᠦᠨ ᠬᠠᠶᠢᠷᠬᠠᠨ ᠮᠥᠨ︾ ᠭᠡᠰᠡᠨ ᠴᠢᠬᠤᠯᠠ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠪᠣᠯᠤᠨ ︽ᠥᠪᠥᠷ ᠮᠣᠩᠭᠤᠯ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠠᠶᠢᠭᠤᠯᠬᠤ ᠬᠡᠷᠡᠭᠲᠡᠢ︾ ᠭᠡᠰᠡᠨ ᠴᠢᠬᠤᠯᠠ ᠵᠢᠭᠠᠪᠤᠷᠢ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽12.5︾᠎ ᠶᠢᠨ ᠬᠤᠭᠤᠴᠠᠭᠠᠨ ᠳᠤ ᠨᠡᠶᠢᠳᠡ 546 ᠳ᠋ᠦᠩᠰᠢᠭᠤᠷ ᠲᠥᠭᠦᠷᠢᠭ ᠣᠷᠣᠭᠤᠯᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠵᠡᠷᠭᠡ ᠲᠠᠪᠤᠨ ᠶᠡᠭᠡ ᠠᠮᠢ ᠠᠬᠤᠶ ᠶᠢᠨ ᠢᠨᠵᠧᠨᠧᠷᠢᠩ ᠪᠣᠯᠣᠨ ᠵᠠᠰᠠᠮᠠᠯ ᠵᠠᠮ᠂ ᠠᠶᠢᠯ ᠲᠣᠰᠬᠤᠨ᠂ ᠦᠢᠯᠡᠳᠪᠦᠷᠢ ᠠᠭᠤᠷᠬᠠᠶ ᠶᠢᠨ ᠬᠦᠷᠢᠶᠡᠯᠡᠩ ᠲᠣᠭᠤᠷᠢᠭ ᠵᠡᠷᠭᠡ ᠵᠢᠷᠭᠤᠭᠠᠨ ᠲᠣᠮᠣ ᠣᠷᠣᠨ ᠪᠦᠰᠡ ᠶᠢᠨ ᠴᠢᠨᠠᠷᠲᠠᠶ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠤᠯᠤᠰ ᠠᠴᠠ ᠲᠠᠯ᠎ᠠ ᠨᠤᠲᠤᠭ ᠤᠨ ᠠᠮᠢ ᠠᠬᠤᠶ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠤᠳᠤᠯᠭ᠎ᠠ ᠨᠡᠶᠢᠲᠡᠯᠡᠭᠦᠯᠬᠦ ᠪᠠᠷ ᠴᠢᠷᠮᠠᠶᠢᠵᠤ᠂ 10.1 ᠳ᠋ᠦᠩᠰᠢᠭᠤᠷ ᠮᠦ ᠠᠰᠢᠭᠯᠠᠵᠤ ᠪᠣᠯᠬᠤ ᠨᠤᠲᠤᠭ ᠪᠡᠯᠴᠢᠭᠡᠷ ᠢ ᠪᠥᠬᠦᠨ ᠢ ᠬᠠᠮᠠᠭᠠᠯᠠᠬᠤ ᠬᠦᠷᠢᠶ᠎ᠡ ᠬᠡᠪᠴᠢᠶ᠎ᠡ ᠳᠤ ᠣᠷᠣᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ 300 ᠳ᠋ᠦᠩᠰᠢᠭᠤᠷ ᠲᠥᠭᠦᠷᠢᠭ ᠣᠷᠣᠭᠤᠯᠵᠤ᠂ 146 ᠲᠦᠮᠡᠨ ᠡᠷᠦᠬᠡ᠂ 534 ᠲᠦᠮᠡᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠪᠡ᠃ ᠤᠢ ᠰᠢᠭᠤᠶ ᠶᠢᠨ ᠲᠡᠯᠡᠪᠡᠢ ᠶᠢ 3.6 ᠳ᠋ᠦᠩᠰᠢᠭᠤᠷ ᠮᠦ ᠪᠠᠶᠢᠭᠰᠠᠨ ᠠᠴᠠ ᠨᠢ 38 ᠳ᠋ᠦᠩᠰᠢᠭᠤᠷ ᠮᠦ ᠪᠣᠯᠭᠠᠨ ᠨᠡᠮᠡᠭᠳᠡᠭᠦᠯᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢ 37% ᠪᠠᠶᠢᠭᠰᠠᠨ ᠠᠴᠠ ᠨᠢ 44% ᠬᠦᠷᠲᠡᠯ᠎ᠡ ᠨᠡᠮᠡᠭᠳᠡᠭᠦᠯᠵᠦ᠂ ᠤᠯᠤᠰ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠃      ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠤᠷ    【 ︽13.5︾᠎ ᠶᠢᠨ ᠠᠮᠢ ᠠᠬᠤᠢ ᠶᠢᠨ ᠪᠥᠲᠦᠭᠡᠨ ᠪᠠᠶᠢᠭᠤᠯᠤᠯᠲᠠ 】      ᠲᠥᠯᠦᠭᠡᠯᠡᠭᠴᠢ ᠪᠠᠭᠠᠲᠤᠷ᠄ ︽13 · 5︾᠎ ᠶᠢᠨ ᠬᠤᠭᠤᠴᠠᠭᠠᠨ ᠳᠤ ᠤᠯᠤᠰ ᠠᠴᠠ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠥᠬᠦᠪᠦᠷᠢᠯᠡᠬᠦ ᠱᠠᠩᠨᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠬᠡᠪᠴᠢᠶ᠎ᠡ ᠪᠠ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠬᠡᠪᠴᠢᠶ᠎ᠡ ᠶᠢ ᠥᠷᠭᠡᠳᠬᠡᠵᠦ᠂ ᠤᠯᠤᠰ ᠤᠨ ᠨᠤᠲᠤᠭ ᠳᠡᠪᠢᠰᠬᠡᠷ ᠢ ᠶᠡᠭᠡ ᠬᠡᠪᠴᠢᠶ᠎ᠡ ᠪᠠᠷ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠭᠠᠵᠠᠷ ᠣᠷᠣᠨ ᠠᠯᠤᠰᠯᠠᠭᠰᠠᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠤᠷᠰᠢᠯᠲᠠ ᠥᠷᠨᠢᠭᠦᠯᠬᠦ ᠪᠠᠷ ᠪᠤᠢ᠃ ᠪᠢᠳᠡ ᠡᠳᠡᠭᠡᠷ ᠠᠵᠠ ᠲᠣᠬᠢᠶᠠᠯ ᠢ ᠠᠳᠬᠤᠵᠤ᠂  ᠪᠣᠬᠢᠷᠲᠤᠯ ᠦᠭᠡᠢ ᠬᠥᠭᠵᠢᠭᠦᠯᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠬᠤ ᠪᠣᠯᠣᠨ᠎ᠠ᠃      ᠥᠪᠥᠷ ᠮᠣᠩᠭᠤᠯ᠄ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠳᠤ ᠭᠤᠷᠪᠠᠨ ᠶᠡᠭᠡ ᠬᠤᠪᠢᠷᠠᠯᠲᠠ ᠭᠠᠷᠭᠠᠬᠤ ᠪᠣᠯᠣᠨ᠎ᠠ      ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠶᠢᠨ ᠲᠥᠷᠥ ᠶᠢᠨ ᠪᠣᠳᠣᠯᠭ᠎ᠠ ᠨᠢ ᠤᠤᠯ ᠤᠨ ᠮᠠᠯᠴᠢᠳ ᠤᠨ ᠦᠢᠯᠡᠳᠪᠦᠷᠢᠯᠡᠯ ᠤᠨ ᠬᠡᠷᠡᠭᠰᠡᠯ ᠤᠨ ᠶᠡᠷᠦᠩᠬᠡᠶᠢᠯᠡᠭᠰᠡᠨ ᠨᠥᠬᠦᠪᠥᠷᠢ ᠪᠣᠯᠣᠨ ᠪᠡᠯᠴᠢᠭᠡᠷ ᠤᠨ ᠰᠠᠶᠢᠨ ᠡᠭᠦᠯᠳᠡᠷ ᠤᠨ ᠨᠥᠬᠦᠪᠥᠷᠢ ᠶᠢ ᠬᠠᠰᠤᠵᠤ᠂ ᠲᠣᠬᠢᠷᠠᠭᠤᠯᠵᠤ ᠭᠠᠷᠭᠠᠭᠰᠠᠨ ᠪᠡᠯᠡ ᠮᠥᠩᠭᠦ ᠳᠡᠭᠡᠷ᠎ᠡ ᠲᠥᠪ ᠤᠨ ᠡᠳ᠋ ᠤᠨ ᠵᠠᠰᠠᠭ ᠤᠨ ᠲᠣᠬᠢᠷᠠᠭᠤᠯᠤᠭᠰᠠᠨ ᠨᠡᠮᠡᠭᠳᠡᠯ ᠪᠡᠯᠡ ᠮᠥᠩᠭᠦ ᠶᠢ ᠨᠡᠮᠡᠭᠡᠳ᠂ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠪᠣᠯᠣᠨ ᠮᠠᠯ ᠪᠡᠯᠴᠢᠭᠡᠷ ᠢ ᠲᠡᠩᠴᠡᠭᠦᠯᠬᠦ ᠱᠠᠩᠨᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠬᠠᠮᠲᠤ ᠳᠤᠨᠢ ᠬᠡᠷᠡᠭᠯᠡᠨ᠎ᠡ᠃  ᠡᠭᠦᠨ ᠤ ᠵᠡᠷᠭᠡᠴᠡᠭᠡᠪᠡᠷ ᠦᠷ᠎ᠡ ᠪᠦᠲᠦᠮᠵᠢ ᠶᠢ ᠨᠢ ᠦᠨᠡᠯᠡᠨ ᠱᠠᠩᠨᠠᠬᠤ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠠᠮᠵᠢᠯᠲᠠ ᠪᠠᠷ ᠲᠤᠪᠤᠶᠢᠮ᠎ᠠ᠂ ᠦᠷ᠎ᠡ ᠪᠦᠲᠦᠮᠵᠢ ᠰᠠᠶᠢᠲᠠᠢ ᠭᠠᠵᠠᠷ ᠣᠷᠣᠨ ᠢ ᠦᠷᠭᠦᠯᠵᠢᠯᠡᠨ ᠱᠠᠩᠨᠠᠵᠤ᠂ ᠱᠠᠩᠨᠠᠯ ᠤᠨ ᠪᠡᠯᠡ ᠮᠥᠩᠭᠦ ᠶᠢ ᠭᠤᠣᠯᠳᠠᠭᠤ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠨᠢᠬᠡᠲᠦᠯᠲᠡᠢ ᠪᠡᠯᠡᠳᠬᠡᠵᠦ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠮᠠᠯᠵᠢᠬᠤ ᠣᠷᠣᠨ ᠤ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠵᠡᠷᠭᠡ ᠲᠠᠯ᠎ᠠ ᠳᠤ ᠬᠡᠷᠡᠭᠯᠡᠨ᠎ᠡ᠃ ᠡᠭᠦᠨ ᠠᠴᠠ ᠭᠠᠳᠠᠨ᠎ᠠ᠂ ᠪᠠᠰᠠ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠠᠷᠭ᠎ᠠ ᠮᠠᠶ᠋ᠢᠭ ᠢ ᠪᠦᠷᠢᠨᠰᠢᠭᠦᠯᠵᠦ᠂ ᠲᠡᠭᠦᠨ ᠤ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠬᠡᠰᠡᠭᠯᠡᠬᠦ ᠠᠷᠭ᠎ᠠ ᠢᠶᠠᠷ ᠳᠤᠷᠤᠭᠰᠢ ᠪᠠᠭᠤᠯᠭᠠᠬᠤ ᠶᠢᠨ ᠬᠠᠮᠲᠤ ᠳᠦᠷᠦ ᠶᠢᠨ ᠪᠤᠲᠤᠯᠭ᠎ᠠ ᠶᠢᠨ ᠬᠡᠷᠡᠭᠵᠢᠭᠦᠯᠬᠦ ᠬᠡᠪᠴᠢᠶ᠎ᠡ ᠶᠢ ᠡᠾᠧᠪᠸᠢ ᠮᠤᠵᠢ ᠲᠠᠢ ᠵᠠᠯᠭᠠᠯᠳᠤᠵᠤ ᠪᠥᠬᠦᠢ ᠬᠠᠰᠢᠯᠭ᠎ᠠ ᠶᠢᠨ ᠣᠷᠣᠨ ᠤ ᠨᠤᠲᠤᠭ ᠪᠡᠯᠴᠢᠭᠡᠷ ᠤᠨ ᠲᠡᠯᠡᠪᠡᠢ ᠪᠠᠷ ᠨᠡᠯᠢᠶᠡᠳ ᠶᠡᠭᠡ ᠣᠷᠣᠨ ᠪᠦᠰᠡ ᠬᠦᠷᠲᠡᠯ᠎ᠡ ᠥᠷᠭᠡᠳᠬᠡᠵᠦ᠂ ᠪᠡᠭᠡᠵᠢᠩ ᠲᠢᠶᠠᠨᠵᠢᠨ ᠡᠾᠧᠪᠸᠢ ᠶᠢᠨ ᠨᠢᠭᠡ ᠴᠣᠭᠴᠠᠵᠢᠭᠤᠯᠣᠭᠰᠠᠨ ᠬᠥᠭᠵᠢᠯᠲᠡ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ ᠴᠢᠩᠭᠠᠳᠬᠠᠨ᠎ᠠ᠃      ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠤᠰᠠᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠳ᠋ ᠤᠨ ᠵᠠᠰᠠᠭ ᠤᠨ ᠶᠠᠮᠤᠨ᠂ ᠬᠥᠳᠡᠭᠡ ᠠᠵᠤ ᠠᠬᠤᠶ ᠶᠢᠨ ᠶᠠᠮᠤᠨ ᠤ ᠱᠠᠭᠠᠷᠳᠠᠯᠭ᠎ᠠ ᠶᠣᠰᠣᠭᠠᠷ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠢ ᠬᠡᠷᠡᠭᠵᠢᠭᠦᠯᠬᠦ ᠲᠥᠰᠦᠯ ᠢ ᠴᠠᠭ ᠲᠤᠬᠠᠶ ᠳᠤᠨᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ︔ ᠡᠯ᠎ᠡ ᠵᠦᠢᠯ ᠤᠨ ᠲᠥᠬᠦᠷᠴᠢᠯᠡᠭᠰᠡᠨ ᠲᠦᠷᠦ ᠶᠢᠨ ᠪᠤᠳᠤᠯᠭ᠎ᠠ ᠶᠢ ᠪᠦᠷᠢᠨᠰᠢᠭᠦᠯᠵᠦ᠂ ᠲᠦᠷᠦ ᠶᠢᠨ ᠪᠤᠳᠤᠯᠭ᠎ᠠ ᠶᠢᠨ ᠦᠷ᠎ᠡ ᠠᠰᠢᠭ ᠢ ᠤᠯᠠᠮ ᠨᠢᠭᠡ ᠠᠯᠬᠤᠮ ᠪᠠᠳᠠᠷᠠᠭᠤᠯᠤᠨ᠎ᠠ︔ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠬᠦᠴᠦᠨ ᠢ ᠦᠨᠡᠨ ᠬᠦ ᠪᠠᠲᠤᠯᠠᠨ᠎ᠠ︔ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠨᠥᠬᠦᠪᠥᠷᠢ ᠶᠢᠨ ᠪᠡᠯᠡ ᠮᠥᠩᠭᠦ ᠶᠢᠨ ᠣᠯᠭᠤᠯᠲᠠ ᠶᠢ ᠢᠯᠡ ᠲᠣᠳᠣᠷᠬᠠᠶ ᠪᠠᠶᠢᠯᠭᠠᠬᠤ ᠶᠢ ᠪᠠᠲᠤᠯᠠᠨ᠎ᠠ᠃    【ᠠᠮᠢ ᠠᠬᠤᠶ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ】      ᠲᠥᠯᠦᠭᠡᠯᠡᠭᠴᠢ ᠪᠠᠭᠠᠲᠤᠷ᠄ ᠡᠨᠡ ᠵᠢᠯ ᠤᠢ ᠰᠢᠭᠤᠶ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ 1000 ᠲᠦᠮᠡᠨ ᠮᠦ ᠪᠡᠶᠡᠯᠡᠭᠦᠯᠵᠦ᠂ ᠭᠤᠣᠯᠳᠠᠯᠭ᠎ᠠ ᠲᠠᠢ ᠣᠷᠣᠨ ᠪᠦᠰᠡ ᠶᠢ 200 ᠲᠦᠮᠡᠨ ᠮᠦ ᠨᠣᠭᠤᠭᠠᠷᠠᠭᠤᠯᠵᠤ᠂ 3000 ᠲᠦᠮᠡᠨ ᠮᠦ ᠡᠪᠡᠰᠦ ᠲᠠᠷᠢᠵᠤ᠂ ᠬᠥᠯᠥᠨ ᠨᠠᠭᠤᠷ᠂ ᠤᠯᠠᠭᠠᠨ ᠰᠤᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢ ᠬᠡᠷᠡᠭᠵᠢᠭᠦᠯᠦᠨ᠎ᠡ᠃      ᠥᠪᠥᠷ ᠮᠣᠩᠭᠤᠯ ︽13 · 5︾᠎ ᠶᠢᠨ ᠬᠤᠭᠤᠴᠠᠭᠠᠨ ᠳᠤ ᠤᠢ ᠰᠢᠭᠤᠶ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠶᠢ 5000 ᠲᠥᠮᠡᠨ ᠮᠣ᠋ ᠪᠡᠶᠡᠯᠡᠭᠦᠯᠬᠦ ᠪᠠᠷ ᠲᠥᠯᠥᠪᠯᠡᠪᠡ      ᠬᠤᠶᠢᠰᠢᠲᠠ ᠶᠢᠨ ᠲᠠᠪᠤᠨ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠢ ᠰᠢᠭᠤᠶ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠵᠢᠯ ᠪᠦᠷᠢ 1000 ᠲᠦᠮᠡᠨ ᠮᠦ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠲᠥᠷᠭᠡᠨ ᠪᠠᠶᠢᠭᠤᠯᠵᠤ᠂ ᠡᠬᠡ ᠤᠯᠤᠰ ᠤᠨ ᠣᠮᠠᠷᠠᠲᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠦᠨ᠎ᠡ᠃      24᠎ ᠤ ᠡᠳᠦᠷ ᠬᠤᠷᠠᠯᠳᠤᠭᠤᠯᠤᠭᠰᠠᠨ ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠬᠤ ᠣᠷᠣᠨ ᠤ ᠠᠵᠢᠯ ᠤᠨ ᠬᠤᠷᠠᠯ ᠳᠡᠭᠡᠷ᠎ᠡ ᠰᠤᠷᠪᠤᠯᠵᠢᠯᠠᠭᠴᠢ ᠣᠶᠢᠯᠠᠭᠠᠵᠤ ᠮᠡᠳᠡᠭᠰᠡᠨ ᠢᠶᠠᠷ᠂ ︽13 · 5︾᠎ ᠶᠢᠨ ᠬᠤᠭᠤᠴᠠᠭᠠᠨ ᠳᠤ᠂ ᠥᠪᠥᠷ ᠮᠣᠩᠭᠤᠯ ᠨᠢ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ ᠣᠢ ᠶᠢ ᠬᠠᠮᠠᠭᠠᠯᠠᠬᠤ᠂ ᠭᠤᠷᠪᠠᠨ ᠤᠮᠠᠷᠠᠲᠤ ᠶᠢᠨ ᠬᠠᠯᠬᠠᠪᠴᠢ ᠣᠢ ᠶᠢ ᠪᠥᠲᠦᠭᠡᠨ ᠪᠠᠶᠢᠭᠤᠯᠬᠤ᠂ ᠲᠠᠷᠢᠶᠠᠯᠠᠬᠤ ᠶᠢ ᠵᠣᠭᠰᠣᠭᠠᠵᠦ ᠣᠢ ᠰᠢᠭᠤᠢ ᠶᠢ ᠰᠠᠷᠭᠦᠭᠡᠭᠦ ᠵᠡᠷᠭᠡ ᠤᠯᠤᠰ ᠤᠨ ᠣᠢ ᠰᠢᠭᠤᠢ ᠶᠢᠨ ᠦᠢᠯᠡᠰ ᠤᠨ ᠭᠤᠣᠯᠳᠠᠯᠭ᠎ᠠ ᠲᠠᠢ ᠢᠨᠵᠧᠨᠧᠷᠢᠩ ᠪᠣᠯᠣᠨ ᠴᠢᠬᠤᠯᠠ ᠶᠡᠭᠡ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠲᠠᠴᠢᠷᠳᠠᠭᠰᠠᠨ ᠪᠠ ᠡᠯᠡᠰᠦᠷᠬᠡᠭᠵᠢᠭᠰᠡᠨ ᠭᠠᠵᠠᠷ ᠰᠢᠷᠤᠢ ᠶᠢ ᠶᠡᠷᠦᠩᠬᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠭᠤᠣᠯᠳᠠᠯᠭ᠎ᠠ ᠲᠠᠢ ᠭᠠᠵᠠᠷ ᠣᠷᠣᠨ ᠤ ᠨᠣᠭᠤᠭᠠᠷᠠᠭᠤᠯᠤᠯᠲᠠ ᠶᠢ ᠰᠠᠶᠢᠲᠤᠷ ᠠᠳᠬᠤᠬᠤ ᠪᠣᠯᠣᠨ᠎ᠠ᠃ 2020 ᠣᠨ ᠪᠣᠯᠬᠤ ᠳᠤ᠂ ᠥᠪᠥᠷ ᠮᠣᠩᠭᠤᠯ ᠤᠨ ᠪᠥᠬᠦ ᠣᠷᠣᠨ ᠤ ᠣᠢ ᠰᠢᠭᠤᠢ ᠶᠢᠨ ᠪᠥᠷᠭᠦᠴᠡ ᠶᠢᠨ ᠨᠣᠷᠮ᠎ᠠ ᠶᠢ 23%᠎ ᠳᠤ ᠬᠦᠷᠦᠭᠦᠯᠵᠦ᠂ ᠤᠷᠭᠤᠭ᠎ᠠ ᠮᠣᠳᠣᠨ ᠤ ᠬᠠᠳᠠᠭᠠᠯᠠᠭᠳᠠᠴᠠ ᠶᠢᠨ ᠬᠡᠮᠵᠢᠶ᠎ᠡ ᠶᠢ 16 ᠳ᠋ᠥᠡᠭᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠦᠭᠦᠯᠵᠦ᠂ 40%᠎ ᠠᠴᠠ ᠳᠡᠭᠡᠭᠰᠢᠬᠢ ᠵᠠᠰᠠᠵᠤ ᠳᠡᠶᠢᠯᠬᠦ ᠡᠯᠡᠰᠦᠷᠬᠡᠭ ᠭᠠᠵᠠᠷ ᠢ ᠠᠩᠬ᠎ᠠ ᠠᠯᠬᠤᠮ ᠵᠠᠰᠠᠵᠤ᠂ ᠨᠣᠶᠢᠲᠠᠨ ᠭᠠᠵᠠᠷ ᠤᠨ ᠲᠠᠯᠠᠪᠠᠢ ᠶᠢ 9000 ᠲᠥᠮᠡᠨ ᠮᠣ᠋ ᠠᠴᠠ ᠳᠡᠭᠡᠭᠰᠢ ᠳᠤ ᠬᠦᠷᠦᠭᠦᠯᠦᠨ᠎ᠡ᠃    【ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠬᠤ ᠲᠠᠯ᠎ᠠ ᠪᠠᠷ】      ᠲᠥᠯᠦᠭᠡᠯᠡᠭᠴᠢ ᠪᠠᠭᠠᠲᠤᠷ᠄ ᠠᠭᠠᠷ ᠮᠠᠨᠳᠠᠯ ᠤᠨ ᠪᠣᠬᠢᠷᠲᠤᠯ ᠤᠨ ᠣᠷᠣᠨ ᠪᠦᠰᠡ ᠨᠦᠭᠦᠳ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠢᠵᠠᠭᠠᠷᠯᠠᠬᠤ ᠶᠢ ᠥᠷᠨᠢᠭᠦᠯᠵᠦ᠂ ᠨᠡᠭᠦᠷᠡᠰᠦ ᠰᠢᠲᠠᠭᠠᠬᠤ ᠴᠠᠬᠢᠯᠭᠠᠨ ᠤ ᠦᠢᠯᠡᠳᠪᠦᠷᠢ ᠶᠢᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠦᠬᠠᠶ ᠬᠢᠭᠡᠳ ᠡᠷᠬᠢᠨ ᠲᠣᠭᠤᠷᠢᠨ ᠤ ᠭᠠᠵᠠᠷ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠤᠷ᠄ ᠠᠮᠢ ᠠᠬᠤᠶ ᠶᠢᠨ ᠣᠷᠴᠢᠨ ᠲᠤᠭᠤᠷᠢᠨ ᠢ ᠬᠤᠬᠢᠷᠠᠭᠤᠯᠤᠭᠰᠠᠳ ᠠᠴᠠ ᠨᠠᠰᠤᠨ ᠲᠤᠷᠰᠢᠳᠠ ᠬᠠᠷᠢᠭᠤᠴᠠᠯᠭ᠎ᠠ ᠨᠡᠭᠡᠮᠵᠢᠯᠡᠨ᠎ᠡ      ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠣᠬᠢᠷᠲᠤᠯ ᠦᠭᠡᠢ  ᠬᠦᠭᠵᠢᠬᠦᠯᠬᠦ ᠤᠨᠤᠯᠵᠢᠬᠤᠨ ᠬᠥᠮᠦᠰ ᠤᠨ ᠰᠡᠳᠬᠢᠯ ᠳᠤ ᠭᠦᠨ ᠬᠠᠳᠠᠩᠰᠢᠪᠡ᠃ ᠥᠪᠥᠷ ᠮᠣᠩᠭᠤᠯ ᠳᠤᠷᠠᠳᠴᠤ ᠭᠠᠷᠭᠠᠭᠰᠠᠨ ᠨᠢ᠂ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢ ᠦᠨᠳᠦᠰᠦᠯᠡᠨ᠂ ᠠᠮᠢ ᠠᠬᠤᠶ ᠶᠢᠨ ᠬᠤᠷᠢᠭ᠎ᠠ ᠱᠤᠭᠤᠮ ᠢ ᠲᠦᠷᠭᠡᠭᠡᠨ ᠵᠠᠭᠠᠭᠯᠠᠨ ᠲᠤᠭᠲᠠᠭᠠᠨ᠎ᠠ ᠬᠡᠪᠡ᠃      ᠪᠠᠭᠠᠲᠤᠷ ᠬᠡᠯᠡᠭᠰᠡᠨ ᠨᠢ᠂ ᠪᠤᠬᠢᠷᠳᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠪᠤᠯᠤᠨ ᠪᠤᠬᠢᠷᠳᠤᠯ ᠪᠣᠳᠠᠰ ᠭᠠᠳᠠᠭᠰᠢᠯᠠᠭᠤᠯᠬᠤ ᠡᠷᠬᠡ ᠶᠢ ᠲᠥᠯᠥᠪᠦᠷᠢ ᠲᠠᠢ ᠪᠠᠷ ᠬᠡᠷᠡᠭᠯᠡᠬᠦᠯᠬᠦ ᠳᠦᠷᠢᠮ ᠢ ᠬᠡᠷᠡᠭᠵᠢᠭᠦᠯᠵᠦ᠂ ᠭᠠᠳᠠᠭᠰᠢᠯᠠᠭᠤᠯᠬᠤ ᠥᠪᠡᠷ ᠤᠨ ᠦᠷᠲᠡᠭ ᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠰᠢᠬᠠᠵᠤ ᠪᠠᠶᠢᠭᠠᠳ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠨᠢ ᠪᠠᠭᠠᠰᠬᠠᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠳᠦᠷᠢᠮ ᠢ ᠬᠡᠷᠡᠭᠵᠢᠭᠦᠯᠦᠨ᠎ᠡ ᠬᠡᠪᠡ᠃      ᠥᠪᠥᠷ ᠮᠣᠩᠭᠤᠯ᠄ ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠤᠨ᠎ᠠ      2016 ᠤᠨ ᠤ 2 ᠳ᠋ᠤᠭᠠᠷ ᠰᠠᠷ᠎ᠠ ᠶᠢᠨ 29᠎ ᠤ ᠡᠳᠦᠷ ᠤᠨ ᠦᠳᠡ ᠶᠢᠨ ᠬᠤᠶᠢᠨ᠎ᠠ᠂ ᠦᠬᠠᠶ ᠬᠤᠳᠠ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠠᠮᠲᠤᠪᠠᠷ ᠰᠡᠷᠭᠡᠶᠢᠯᠡᠨ ᠬᠢᠵᠠᠭᠠᠷᠯᠠᠬᠤ ᠠᠵᠢᠯ ᠤᠨ ᠤᠳᠤᠷᠢᠳᠬᠤ ᠳᠤᠭᠤᠶᠢᠯᠠᠩ ᠠᠩᠬᠠᠳᠤᠭᠠᠷ ᠤᠳᠠᠭᠠᠨ ᠤ ᠠᠵᠢᠯ ᠤᠨ ᠬᠤᠷᠠᠯ ᠬᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ 2015 ᠣᠨ ᠤ 5 ᠳ᠋ᠤᠭᠠᠷ ᠤᠳᠠᠭ᠎ᠠ ᠶᠢᠨ ᠱᠦᠵᠢ ᠨᠠᠷ ᠤᠨ ᠲᠤᠰᠬᠠᠶ ᠰᠡᠳᠦᠪᠲᠦ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 54᠂ 57 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠨ ᠠᠶᠢᠮᠠᠭ ᠬᠤᠳᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂  ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠠᠮᠲᠤᠪᠠᠷ ᠰᠡᠷᠭᠡᠶᠢᠯᠡᠨ ᠬᠢᠵᠠᠭᠠᠷᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ ᠢ ᠬᠢᠨᠠᠨ ᠶᠠᠷᠢᠯᠴᠠᠵᠤ᠂ 2016 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠷᠴᠢᠨ ᠠᠬᠤᠢ ᠶᠢᠨ ᠲᠠᠯᠳᠠ ᠭᠡᠮ ᠪᠣᠯᠤᠨ ᠴᠢᠬᠤᠯᠠ ᠶᠡᠭᠡ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠤ ᠬᠢᠵᠠᠭᠠᠷᠯᠠᠬᠤ ᠲᠤᠷᠰᠢᠯᠲᠠ ᠶᠢᠨ ᠠᠵᠢᠯ ᠢ  ᠡᠬᠢᠯᠡᠨ ᠬᠡᠷᠡᠭᠵᠢᠭᠦᠯᠵᠦ᠂ ᠲᠤᠰ ᠭᠠᠵᠠᠷ ᠣᠷᠣᠨ ᠤ ᠣᠷᠴᠢᠨ ᠲᠤᠭᠤᠷᠢᠨ ᠤ ᠪᠣᠬᠢᠷᠲᠤᠯ ᠤᠨ ᠪᠠᠶᠢᠳᠠᠯ ᠢ ᠦᠨᠳᠦᠰᠦᠨ ᠳᠡᠭᠡᠨ  ᠤᠶᠢᠯᠠᠭᠠᠵᠤ ᠮᠡᠳᠡᠭᠰᠡᠨ ᠪᠠᠶᠢᠨ᠎ᠠ᠃ ᠣᠳᠣᠬᠠᠨ ᠳᠤ᠂ ᠲᠤᠰ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠬᠤᠶᠢᠰᠢᠯᠠᠭᠤᠯᠵᠤ ᠪᠣᠯᠤᠰᠢ ᠦᠭᠡᠢ ᠬᠡᠮᠵᠢᠶᠡᠨ ᠳᠤ ᠬᠦᠷᠪᠡ᠃ ᠡᠯ᠎ᠡ ᠬᠤᠯᠪᠣᠭᠳᠠᠯ ᠪᠥᠬᠦᠢ ᠠᠶᠢᠮᠠᠭ ᠬᠤᠳᠠ ᠪᠣᠯᠤᠨ ᠰᠠᠯᠠᠭ᠎ᠠ ᠮᠥᠴᠢᠷ ᠤᠳ ᠦᠵᠡᠯ ᠰᠠᠨᠠᠭ᠎ᠠ ᠪᠠᠨ ᠤᠯᠠᠮ ᠨᠢᠭᠡᠳᠬᠡᠵᠦ᠂ ᠡᠭᠦᠷᠭᠡ ᠪᠠᠨ ᠲᠣᠳᠣᠷᠬᠠᠶᠢᠯᠠᠵᠤ᠂ ᠵᠣᠬᠢᠴᠠᠯᠳᠤᠨ ᠬᠥᠳᠡᠯᠦᠯᠴᠡᠵᠦ᠂ ᠲᠥᠪ ᠪᠤᠯᠤᠨ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠪᠤᠯᠤᠨ ᠶᠡᠷᠦᠩᠬᠡᠶᠢᠯᠡᠨ ᠴᠡᠭᠴᠡᠯᠡᠨ ᠵᠠᠰᠠᠬᠤ ᠲᠥᠰᠦᠯ ᠢ ᠪᠦᠬᠦ ᠬᠦᠴᠦᠨ ᠢᠶᠠᠷ ᠢᠶᠠᠨ ᠰᠠᠶᠢᠲᠤᠷ  ᠨᠠᠶᠢᠳᠠᠪᠤᠷᠢᠵᠢᠭᠤᠯᠬᠤ ᠬᠡᠷᠡᠭᠲᠠᠢ ᠬᠡᠪᠡ᠃      【 ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ 】      ᠲᠥᠯᠥᠭᠡᠯᠡᠭᠴᠢ ᠪᠠᠭᠠᠲᠤᠷ᠄ ᠠᠮᠢ ᠠᠬᠤᠶ ᠶᠢᠨ ᠬᠤᠷᠢᠭ᠎ᠠ ᠱᠤᠭᠤᠮ ᠢ ᠵᠠᠭᠠᠭᠯᠠᠨ ᠲᠤᠭᠲᠠᠭᠠᠬᠤ ᠪᠠᠨ ᠲᠦᠷᠭᠡᠳᠬᠡᠵᠦ᠂ ᠤᠯᠤᠰ ᠤᠨ ᠦᠮᠴᠢᠯᠡᠯᠲᠦ ᠣᠢ ᠰᠢᠭᠤᠶ ᠶᠢᠨ ᠲᠠᠯᠠᠪᠠᠢ ᠣᠶᠢᠲᠤ ᠣᠷᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠷᠢ ᠰᠢᠷᠢ ᠶᠢᠨ ᠬᠦᠰᠦᠨᠦᠭᠲᠦ ᠶᠢ ᠲᠦᠷᠭᠡᠳᠬᠡᠨ ᠨᠠᠶᠢᠷᠠᠭᠤᠯᠤᠨ ᠲᠤᠭᠲᠠᠭᠠᠵᠤ᠂ ᠬᠥᠯᠥᠨ ᠪᠤᠶᠢᠷ ᠵᠡᠷᠭᠡ ᠭᠠᠵᠠᠷ ᠣᠷᠣᠨ ᠳᠤ ᠲᠤᠰᠢᠶᠠᠯ ᠠᠴᠠ ᠪᠠᠨ ᠰᠠᠯᠬᠤ ᠦᠶ᠎ᠡ ᠳᠤ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦ᠋ᠷᠦᠩᠭᠡ ᠶᠢ ᠬᠢᠨᠠᠨ ᠪᠤᠳᠤᠬᠤ ᠶᠢ ᠦᠷᠨᠢᠬᠦᠯᠦᠨ᠎ᠡ᠃ ᠪᠤᠬᠢᠷᠳᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠠᠳᠠᠭᠰᠢᠯᠠᠭᠤᠯᠬᠤ ᠥᠪᠡᠷ ᠤᠨ ᠦᠷᠲᠡᠭ ᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠰᠢᠬᠠᠵᠤ ᠪᠠᠶᠢᠭᠠᠳ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠨᠢ ᠪᠠᠭᠠᠰᠬᠠᠨ᠎ᠠ ᠬᠡᠪᠡ᠃      ᠪᠠᠭᠠᠲᠤᠷ᠄ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠶᠢ ᠲᠦᠷᠭᠡᠳᠭᠡᠬᠦ ᠳᠤ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢ ᠦᠨᠳᠦᠰᠦᠯᠡᠨ᠂ ᠠᠮᠢ ᠠᠬᠤᠶ ᠶᠢᠨ ᠬᠤᠷᠢᠭ᠎ᠠ ᠱᠤᠭᠤᠮ ᠢ ᠲᠦᠷᠭᠡᠨ ᠵᠠᠭᠠᠭᠯᠠᠨ ᠲᠤᠭᠲᠠᠭᠠᠨ᠎ᠠ      ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠡᠷᠬᠢᠨ ᠲᠦᠷᠭᠡᠳᠬᠡᠵᠦ᠂ ᠪᠦᠲᠦᠴᠡ ᠶᠢᠨ ᠵᠥᠷᠢᠴᠡᠯ ᠢ ᠬᠡᠷᠬᠢᠨ ᠰᠢᠢᠳᠪᠦᠷᠢᠯᠡᠵᠤ᠂ ᠣᠷᠴᠢᠨ ᠠᠬᠤᠶ ᠡᠬᠢ ᠪᠠᠶᠠᠯᠢᠭ ᠤᠨ ᠳᠠᠷᠤᠯᠲᠠ ᠶᠢ ᠬᠡᠷᠬᠢᠨ ᠨᠠᠮᠳᠠᠭᠤᠯᠬᠤ ᠪᠤᠢ︖ ᠪᠠᠭᠠᠲᠤᠷ ᠬᠡᠯᠡᠭᠰᠡᠨ ᠨᠢ᠂ ᠥᠪᠥᠷ ᠮᠣᠩᠭᠤᠯ ᠤᠯᠠᠮᠵᠢᠯᠠᠯᠲᠤ ᠠᠵᠤ ᠦᠢᠯᠡᠰ ᠢ ᠬᠦᠴᠦᠯᠡᠨ ᠥᠭᠡᠷᠡᠴᠢᠯᠡᠨ ᠳᠡᠭᠡᠭᠰᠢᠯᠡᠭᠦᠯᠵᠦ᠂ ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ ᠮᠠᠨᠳᠤᠬᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ ᠬᠡᠪᠡ᠃      ᠪᠠᠭᠠᠲᠤᠷ ᠢᠯᠡᠳᠭᠡᠭᠰᠡᠨ ᠨᠢ᠂ ᠨᠡᠭᠦᠷᠡᠰᠦ᠂ ᠴᠠᠬᠢᠯᠭᠠᠨ ᠬᠦᠴᠦ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯ ᠤᠳ ᠤᠨ ᠬᠥᠨᠳᠡᠯᠡᠨ ᠬᠤᠯᠪᠤᠭᠠᠯᠠᠬᠤ ᠶᠢ ᠵᠣᠷᠢᠭᠵᠢᠭᠤᠯᠵᠤ᠂ ᠭᠦᠷᠦᠩᠭᠡ ᠨᠢ ᠥᠷᠢ ᠳᠡᠭᠡᠨ ᠦᠯᠦ ᠭᠦᠷᠭᠦ᠂ ᠵᠢᠯ ᠳᠠᠷᠠᠭᠠᠯᠠᠨ ᠠᠯᠳᠠᠭᠳᠠᠯ ᠲᠠᠢ᠂ ᠠᠯᠳᠠᠭᠳᠠᠯ ᠢᠶᠠᠨ ᠬᠤᠪᠢᠷᠠᠭᠤᠯᠵᠤ ᠳᠡᠶᠢᠯᠬᠦ ᠦᠭᠡᠢ ︽ ᠬᠦᠰᠢᠭᠦᠷᠡᠯ ᠠᠵᠤ ᠠᠬᠤᠶᠢᠯᠠᠯ︾᠎ ᠢ ᠨᠡᠶᠢᠯᠡᠬᠦᠯᠬᠦ ᠲᠠᠬᠢᠨ ᠵᠣᠬᠢᠶᠠᠨ ᠪᠠᠶᠢᠭᠤᠯᠬᠤ ᠪᠤᠶᠤ ᠬᠠᠤᠯᠢ ᠶᠣᠰᠣᠭᠠᠷ ᠳᠠᠮᠫᠤᠷᠠᠭᠤᠯᠵᠤ ᠢᠯᠭᠠᠷᠠᠭᠤᠯᠤᠨ ᠪᠣᠳᠤᠬᠤ ᠶᠢ ᠲᠦᠷᠭᠡᠳᠬᠡᠵᠦ᠂ ᠵᠠᠬ᠎ᠠ ᠳᠡᠯᠭᠡᠭᠦᠷ ᠠᠴᠠ ᠤᠬᠤᠷᠢᠨ ᠭᠠᠷᠭᠠᠯᠭᠠᠨ᠎ᠠ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠣᠬᠢᠷᠲᠤᠯ ᠦᠭᠡᠢ ᠬᠦᠭᠵᠢᠬᠦᠯᠬᠦ ᠤᠨᠤᠯᠵᠢᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠤᠨ᠎ᠠ ᠬᠡᠪᠡ᠃ ᠥᠪᠥᠷ ᠮᠣᠩᠭᠤᠯ ᠳᠤᠷᠠᠳᠴᠤ ᠭᠠᠷᠭᠠᠭᠰᠠᠨ ᠨᠢ᠂ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠶᠢ ᠲᠦᠷᠭᠡᠳᠭᠡᠬᠦ ᠳᠤ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢ ᠦᠨᠳᠦᠰᠦᠯᠡᠨ᠂ ᠠᠮᠢ ᠠᠬᠤᠶ ᠶᠢᠨ ᠬᠤᠷᠢᠭ᠎ᠠ ᠱᠤᠭᠤᠮ ᠢ ᠲᠦᠷᠭᠡᠭᠡᠨ ᠵᠠᠭᠠᠭᠯᠠᠨ ᠲᠤᠭᠲᠠᠭᠠᠨ᠎ᠠ ᠬᠡᠪᠡ᠃      ᠲᠤᠰᠢᠶᠠᠯ ᠠᠴᠠ ᠪᠠᠨ ᠰᠠᠯᠬᠤ ᠦᠶ᠎ᠡ ᠳᠤ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦ᠋ᠷᠦᠩᠭᠡ ᠶᠢ ᠬᠢᠨᠠᠨ ᠪᠤᠳᠤᠬᠤ ᠶᠠᠪᠤᠳᠠᠯ ᠢ ᠥᠪᠥᠷ ᠮᠣᠩᠭᠤᠯ ᠤᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠪᠤᠯᠭᠠᠨ᠎ᠠ      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠠᠷᠪᠠᠨ ᠬᠤᠶᠠᠳᠤᠭᠠᠷ ᠬᠤᠷᠠᠯᠳᠤᠭᠠᠨ ᠡᠶᠢᠮᠦ ᠬᠠᠷᠢᠭᠤᠯᠲᠠ ᠦᠭᠭᠦᠯ᠎ᠡ᠄ ᠪᠠᠶᠢᠳᠠᠯ ᠢ ᠨᠠᠷᠢᠨ ᠣᠶᠢᠯᠠᠭᠠᠬᠤ᠂ ᠬᠤᠷᠢᠭ᠎ᠠ ᠱᠤᠭᠤᠮ ᠢ ᠵᠠᠭᠠᠭᠯᠠᠨ ᠲᠤᠭᠲᠠᠭᠠᠬᠤ᠂ ᠲᠤᠰᠢᠶᠠᠯ ᠠᠴᠠ ᠪᠠᠨ ᠰᠠᠯᠬᠤ ᠦᠶ᠎ᠡ ᠳᠤ ᠬᠢᠨᠠᠨ ᠪᠤᠳᠤᠬᠤ᠂ ᠬᠠᠷᠢᠭᠤᠴᠠᠯᠭ᠎ᠠ ᠨᠡᠬᠡᠮᠵᠢᠯᠡᠬᠦ ᠶᠡᠷᠦᠩᠬᠡᠶ ᠰᠡᠳᠬᠢᠮᠵᠢ ᠎ ᠪᠠᠷ᠂ ᠤᠳᠤᠷᠢᠳᠬᠤ ᠺᠠᠳ᠋ᠷᠴᠤᠳ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠪᠠᠨ ᠦᠨᠡᠨ ᠬᠦ ᠬᠦᠢᠴᠡᠳᠭᠡᠬᠦ ᠶᠢ ᠲᠦᠯᠬᠢᠨ ᠠᠬᠢᠭᠤᠯᠬᠤ  ᠬᠡᠷᠡᠭᠲᠠᠢ ᠬᠡᠪᠡ᠃      ᠤᠢᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽8337︾ ᠬᠥᠭᠵᠢᠯᠲᠡ ᠶᠢᠨ ᠰᠡᠳᠬᠢᠮᠵᠢ ᠶᠢ ᠭᠦᠨᠵᠡᠭᠡᠶ ᠬᠡᠷᠡᠭᠵᠢᠭᠦᠯᠵᠦ᠂ ᠤᠳᠤᠷᠢᠳᠬᠤ ᠺᠠᠳ᠋ᠷᠴᠤᠳ ᠲᠤᠰᠢᠶᠠᠯ ᠠᠴᠠ ᠰᠠᠯᠬᠤ ᠦᠶ᠎ᠡ ᠳᠤ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦ᠋ᠷᠦᠩᠭᠡ ᠶᠢ ᠬᠢᠨᠠᠨ ᠪᠤᠳᠤᠬᠤ ᠪᠠ ᠠᠮᠢ ᠠᠬᠤᠶ ᠶᠢᠨ ᠣᠷᠴᠢᠨ ᠲᠤᠭᠤᠷᠢᠨ ᠢ ᠬᠤᠬᠢᠷᠠᠭᠤᠯᠤᠭᠰᠠᠨ ᠪᠤᠯ ᠲᠦᠯᠦᠬᠦ ᠬᠢᠭᠡᠳ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠳᠦᠷᠢᠮ ᠵᠡᠷᠭᠡ 3 ᠵᠦᠢᠯ ᠤᠨ ᠠᠮᠢ ᠠᠬᠤᠶ ᠶᠢᠨ ᠪᠣᠯᠪᠠᠰᠤᠨ ᠤ ᠳᠦᠷᠢᠮ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠠᠵᠢᠯ ᠢ ᠤᠷᠢᠳᠠᠪᠠᠷ ᠡᠬᠢᠯᠡᠭᠦᠯᠵᠦ᠂ ᠪᠦᠬᠦ ᠣᠷᠣᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠭᠰᠠᠨ ᠪᠠᠶᠢᠨ᠎ᠠ᠃ ᠭᠡᠪᠡᠴᠦ ᠦᠭᠡᠶᠢᠰᠬᠡᠵᠤ ᠪᠤᠯᠬᠤ ᠦᠭᠡᠢ ᠨᠢ᠂ ᠥᠪᠥᠷ ᠮᠣᠩᠭᠤᠯ ᠤᠨ ᠠᠮᠢ ᠠᠬᠤᠶ ᠶᠢᠨ ᠣᠷᠴᠢᠨ ᠲᠣᠭᠤᠷᠢᠨ ᠤ ᠪᠠᠭᠤᠷᠠᠶ ᠪᠠᠶᠢᠳᠠᠯ ᠢ ᠮᠥᠨ ᠬᠦ ᠦᠨᠳᠦᠰᠦ ᠠᠴᠠ ᠪᠠᠨ ᠬᠤᠪᠢᠷᠠᠭᠤᠯᠤᠭᠠᠳᠤᠢ ᠮᠦᠷᠲᠡᠭᠡᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠨᠢ ︽ᠤᠷᠤᠭᠰᠢᠯᠠᠪᠠᠯ ᠢᠯᠠᠵᠤ᠂ ᠤᠷᠤᠭᠰᠢᠯᠠᠬᠤ ᠦᠭᠡᠢ ᠪᠣᠯ ᠤᠬᠤᠷᠢᠬᠤ︾ ᠵᠠᠩᠭᠢᠯᠠᠭ᠎ᠠ ᠶᠢᠨ ᠴᠠᠭ ᠦᠶ᠎ᠡ ᠳᠤ ᠤᠷᠤᠭᠠᠳ ᠪᠠᠶᠢᠨ᠎ᠠ᠃      ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ      ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ︽ᠥᠪᠥᠷ ᠮᠣᠩᠭᠤᠯ ᠵᠣᠷᠢᠭᠲᠠᠶ ᠪᠠᠷ ᠤᠷᠢᠳᠠᠪᠠᠷ ᠬᠢᠵᠦ ᠤᠷᠢᠳᠠᠪᠠᠷ ᠲᠤᠷᠰᠢᠵᠤ᠂ ᠠᠮᠢ ᠠᠬᠤᠶ ᠶᠢᠨ ᠪᠣᠯᠪᠠᠰᠤᠨ ᠤ ᠳᠦᠷᠢᠮ ᠤᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠢᠳᠡᠪᠬᠢᠲᠡᠶ ᠲᠦᠯᠬᠢᠨ ᠠᠬᠢᠭᠤᠯᠬᠤ ᠬᠡᠷᠡᠭᠲᠠᠢ︾ ᠬᠡᠵᠤ ᠲᠣᠳᠣᠷᠬᠠᠶ ᠱᠠᠭᠠᠷᠳᠠᠪᠠ᠃ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽8337︾ ᠬᠥᠭᠵᠢᠯᠲᠡ ᠶᠢᠨ ᠰᠡᠳᠬᠢᠮᠵᠢ ᠶᠢ ᠭᠦᠨᠵᠡᠭᠡᠶ ᠬᠡᠷᠡᠭᠵᠢᠭᠦᠯᠵᠦ᠂  ︽ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ᠂ ᠤᠳᠤᠷᠢᠳᠬᠤ ᠺᠠᠳ᠋ᠷᠴᠤᠳ ᠤᠨ ᠲᠤᠰᠢᠶᠠᠯ ᠠᠴᠠ ᠪᠠᠨ ᠰᠠᠯᠬᠤ ᠦᠶ᠎ᠡ ᠳᠤ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦ᠋ᠷᠦᠩᠭᠡ ᠶᠢ ᠬᠢᠨᠠᠨ ᠪᠤᠳᠤᠬᠤ ᠪᠠ ᠠᠮᠢ ᠠᠬᠤᠶ ᠶᠢᠨ ᠣᠷᠴᠢᠨ ᠲᠤᠭᠤᠷᠢᠨ ᠢ ᠬᠤᠬᠢᠷᠠᠭᠤᠯᠤᠭᠰᠠᠨ ᠪᠤᠯ ᠲᠦᠯᠦᠬᠦ ᠬᠢᠭᠡᠳ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠳᠦᠷᠢᠮ︾ ᠵᠡᠷᠭᠡ ᠭᠤᠷᠪᠠᠨ ᠵᠦᠢᠯ ᠤᠨ ᠠᠮᠢ ᠠᠬᠤᠶ ᠶᠢᠨ ᠪᠣᠯᠪᠠᠰᠤᠨ ᠤ ᠳᠦᠷᠢᠮ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠠᠵᠢᠯ ᠢ ᠤᠷᠢᠳᠠᠪᠠᠷ ᠡᠬᠢᠯᠡᠭᠦᠯᠵᠦ᠂ ︽ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠬᠦ ᠲᠤᠬᠠᠶ ᠰᠠᠨᠠᠯ︾᠎ ᠢ ᠲᠣᠭᠲᠠᠭᠠᠨ ᠨᠡᠶᠢᠲᠡᠯᠡᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号