ᠥᠪᠥᠷ ᠮᠣᠩᠭᠤᠯ᠄ ᠪᠤᠰᠤᠳ ᠤᠷᠠᠯᠢᠭ ᠤᠨ ᠲᠥᠷᠥᠯ ᠤᠨ ᠬᠢᠷᠢ ᠲᠡᠩᠴᠡᠭᠦ ᠬᠤᠪᠢ ᠶᠢᠨ ᠱᠤᠭᠤᠮ ᠢ ᠵᠠᠭᠠᠭᠯᠠᠨ ᠲᠣᠭᠲᠠᠭᠠᠭᠠᠳᠤᠢ ᠪᠠᠶᠢᠯ᠎ᠠ ᠭᠡᠳ ᠰᠢᠯᠭᠠᠭᠤᠯᠤᠭᠰᠠᠳ ᠤᠨ ᠰᠤᠷᠭᠠᠭᠤᠯᠢ ᠶᠢᠨ ᠢᠶᠠᠨ ᠰᠢᠯᠭᠠᠯᠲᠠ ᠳᠤ ᠤᠷᠤᠯᠴᠠᠬᠤ ᠶᠢ ᠨᠥᠯᠥᠭᠡᠯᠡᠬᠦ ᠦᠭᠡᠢ
ᠨᠡᠶᠢᠲᠡᠯᠡᠭᠰᠡᠨ ᠴᠠᠭ᠄
2016/3/15
      2016 ᠤᠨ ᠤ 2 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠨᠢᠭᠡᠳᠦᠯᠲᠡᠶ ᠰᠢᠯᠭᠠᠯᠲᠠ ᠶᠢᠨ ᠬᠢᠷᠢ ᠲᠡᠩᠴᠡᠭᠦ ᠬᠤᠪᠢ ᠶᠢᠨ ᠱᠤᠭᠤᠮ ᠢ ︽ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠪᠤᠯᠤᠨ ︽ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ︾᠎ ᠶᠢᠨ ᠸᠢᠴᠠᠲ ᠤᠨ ᠣᠯᠠᠨ ᠨᠡᠶᠢᠲᠡ ᠶᠢᠨ ᠲᠠᠪᠴᠠᠩ ᠢᠶᠠᠷ ᠲᠣᠳᠣᠷᠬᠠᠶ ᠮᠡᠳᠡᠭᠳᠡᠭᠰᠡᠨ ᠨᠢ᠄ ᠰᠤᠷᠤᠭᠴᠢ ᠡᠯᠰᠡᠬᠦ ᠲᠥᠯᠥᠪᠯᠡᠭᠡ ᠶᠢ ᠰᠤᠷᠭᠠᠨ ᠬᠥᠮᠦᠵᠢᠯ ᠤᠨ ᠶᠠᠮᠤᠨ ᠳᠤ ᠬᠤᠪᠢᠶᠠᠨ ᠬᠦᠷᠭᠡᠭᠰᠡᠨ ᠤ ᠳᠠᠷᠠᠭ᠎ᠠ ᠪᠤᠰᠤᠳ ᠤᠷᠠᠯᠢᠭ ᠤᠨ ᠲᠥᠷᠥᠯ ᠤᠨ ᠵᠢᠩᠬᠢᠨᠢ ᠠᠩᠬᠢ᠂ ᠲᠤᠰᠬᠠᠶ ᠮᠡᠷᠭᠡᠵᠢᠯ ᠤᠨ ᠬᠤᠪᠢ ᠶᠢᠨ ᠱᠤᠭᠤᠮ ᠢ ᠠᠰ ᠲᠤᠨᠢ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠨᠡᠶᠢᠭᠡᠮ ᠨᠡᠶᠢᠲᠡ ᠳᠤ ᠨᠡᠶᠢᠲᠡᠯᠡᠨ᠎ᠡ ᠬᠡᠪᠡ᠃ ᠭᠡᠪᠡᠴᠦ ᠮᠠᠰᠢ ᠣᠯᠠᠨ ᠰᠢᠯᠭᠠᠭᠤᠯᠤᠭᠰᠠᠳ ᠪᠣᠯᠤᠨ ᠭᠡᠷ ᠤᠨ ᠠᠬᠠᠮᠠᠳ ᠡᠨᠡᠬᠦ ᠠᠰᠠᠭᠤᠳᠠᠯ ᠳᠤ ᠲᠤᠶᠢᠯ ᠤᠨ ᠮᠠᠳᠠᠭ ᠲᠠᠢ ᠪᠠᠶᠢᠨ᠎ᠠ᠃      ᠮᠠᠨ ᠤ ᠣᠷᠣᠨ ᠤ ᠤᠷᠠᠯᠢᠭ ᠤᠨ ᠲᠥᠷᠥᠯ ᠢ ᠤᠷᠠᠨ ᠵᠢᠷᠤᠭ ᠤᠨ ᠲᠥᠷᠥᠯ᠂ ᠳᠠᠭᠤᠤ ᠬᠥᠭᠵᠢᠮ ᠤᠨ ᠲᠥᠷᠥᠯ᠂ ᠨᠠᠶᠢᠷᠠᠭᠤᠯᠤᠨ ᠤᠳᠤᠷᠢᠳᠤᠭᠠᠴᠢ ᠶᠢᠨ ᠲᠦᠷᠦᠯ ᠪᠤᠯᠤᠨ ᠪᠤᠰᠤᠳ ᠤᠷᠠᠯᠢᠭ ᠤᠨ ᠲᠥᠷᠥᠯ ᠭᠡᠮᠡᠨ 4 ᠲᠥᠷᠥᠯ ᠳᠤ  ᠬᠤᠪᠢᠶᠠᠨ᠎ᠠ᠃ ᠡᠭᠦᠨ ᠳᠤ᠂ ᠤᠷᠠᠨ ᠵᠢᠷᠤᠭ ᠤᠨ ᠲᠥᠷᠥᠯ᠂ ᠳᠠᠭᠤᠤ ᠬᠥᠭᠵᠢᠮ ᠤᠨ ᠲᠥᠷᠥᠯ᠂ ᠨᠠᠶᠢᠷᠠᠭᠤᠯᠤᠨ ᠤᠳᠤᠷᠢᠳᠤᠭᠠᠴᠢ ᠶᠢᠨ ᠲᠦᠷᠦᠯ ᠤᠨ ᠲᠤᠰᠬᠠᠶ ᠮᠡᠷᠭᠡᠵᠢᠯ ᠤᠨ ᠰᠢᠯᠭᠠᠯᠲᠠ ᠶᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠵᠣᠬᠢᠶᠠᠨ ᠪᠠᠶᠢᠭᠤᠯᠤᠨ ᠰᠢᠯᠭᠠᠬᠤ ᠤᠴᠢᠷ ᠠᠴᠠ ᠡᠭᠦᠨ ᠢ ᠨᠢᠭᠡᠳᠦᠯᠲᠡᠶ ᠰᠢᠯᠭᠠᠯᠲᠠ ᠭᠡᠵᠦ ᠬᠡᠯᠡᠳᠡᠭ︔ ᠪᠤᠰᠤᠳ ᠤᠷᠠᠯᠢᠭ ᠤᠨ ᠲᠥᠷᠥᠯ ᠨᠢ ᠤᠷᠤᠨ ᠤ ᠳᠤᠲᠤᠷᠠᠬᠢ ᠳᠡᠭᠡᠳᠦ ᠰᠤᠷᠭᠠᠭᠤᠯᠢ ᠨᠤᠭᠤᠳ ᠲᠤ ᠨᠠᠶᠢᠳᠠᠵᠤ ᠵᠤᠬᠢᠶᠠᠨ ᠪᠠᠶᠢᠭᠤᠯᠤᠨ ᠬᠠᠮᠲᠤᠷᠠᠨ ᠰᠢᠯᠭᠠᠳᠠᠭ ᠶᠤᠮ᠃      ᠨᠢᠭᠡᠳᠦᠯᠲᠡᠶ ᠰᠢᠯᠭᠠᠯᠲᠠ ᠶᠢᠨ 3 ᠲᠥᠷᠥᠯ ᠤᠨ ᠰᠢᠯᠭᠠᠯᠲᠠ ᠶᠢᠨ ᠬᠤᠪᠢ ᠶᠢᠨ ᠱᠤᠭᠤᠮ ᠢ ᠨᠡᠶᠢᠲᠡᠯᠡᠭᠰᠡᠨ ᠤ ᠳᠠᠷᠠᠭ᠎ᠠ᠂ ᠬᠢᠷᠢ ᠲᠡᠩᠴᠡᠭᠦ ᠬᠤᠪᠢ ᠶᠢᠨ ᠱᠤᠭᠤᠮ ᠢ ᠴᠦ ᠲᠡᠷᠡ ᠳᠠᠷᠤᠢ ᠳᠤᠨᠢ ᠨᠡᠶᠢᠲᠡᠯᠡᠭᠰᠡᠨ ᠪᠠᠶᠢᠨ᠎ᠠ᠂ ᠡᠭᠦᠨ ᠤ ᠰᠢᠯᠲᠠᠭᠠᠨ ᠨᠢ᠄ ᠤᠷᠠᠯᠢᠭ ᠤᠨ ᠲᠥᠷᠥᠯ ᠤᠨ ᠬᠡᠷᠡᠭᠵᠢᠭᠦᠯᠬᠦ ᠠᠷᠭ᠎ᠠ ᠶᠣᠰᠣᠭᠠᠷ᠂ ᠭᠤᠷᠪᠠᠨ ᠲᠥᠷᠥᠯ ᠤᠨ ᠨᠢᠭᠡᠳᠦᠯᠲᠡᠶ ᠰᠢᠯᠭᠠᠯᠲᠠ ᠳᠤ ᠣᠷᠣᠯᠴᠠᠭᠰᠠᠨ ᠰᠢᠯᠭᠠᠭᠤᠯᠤᠭᠰᠠᠳ ᠤᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠨᠢ ᠡᠷᠬᠡᠪᠰᠢ ᠥᠪᠡᠷᠲᠡᠭᠡᠨ ᠵᠠᠰᠠᠬᠤ ᠣᠷᠣᠨ ᠤ ᠵᠠᠭᠠᠭᠯᠠᠨ ᠲᠤᠭᠲᠠᠭᠠᠭᠰᠠᠨ ᠵᠢᠩᠬᠢᠨᠢ ᠠᠩᠬᠢ᠂ ᠲᠤᠰᠬᠠᠶ ᠮᠡᠷᠭᠡᠵᠢᠯ ᠤᠨ ᠬᠢᠷᠢ ᠲᠡᠩᠴᠡᠭᠦ ᠬᠤᠪᠢ ᠶᠢᠨ ᠱᠤᠭᠤᠮ ᠳᠤ ᠬᠦᠷᠦᠮᠡᠨᠵᠢᠨ ᠰᠠᠶ᠋ᠢ ᠣᠷᠣᠨ ᠤ ᠭᠠᠳᠠᠨᠠᠬᠢ ᠳᠡᠭᠡᠳᠦ ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ ᠰᠤᠷᠭᠠᠭᠤᠯᠢ ᠶᠢᠨ ᠰᠢᠯᠭᠠᠯᠲᠠ ᠳᠤ ᠤᠷᠤᠯᠴᠠᠵᠤ ᠪᠤᠯᠤᠨ᠎ᠠ᠃ ᠥᠭᠡᠷ᠎ᠡ ᠪᠠᠷ ᠬᠡᠯᠡᠪᠡᠯ᠂ ᠨᠢᠭᠡᠳᠦᠯᠲᠡᠶ ᠰᠢᠯᠭᠠᠯᠲᠠ ᠳᠤ ᠰᠢᠯᠭᠠᠭᠤᠯᠤᠭᠰᠠᠳ ᠰᠤᠷᠭᠠᠭᠤᠯᠢ ᠶᠢᠨ ᠰᠢᠯᠭᠠᠯᠲᠠ ᠳᠤ ᠤᠷᠤᠯᠴᠠᠬᠤ ᠦᠶ᠎ᠡ ᠳᠤ᠂ ᠡᠷᠬᠡᠪᠰᠢ ᠲᠡᠭᠦᠨ ᠤ ᠨᠢᠭᠡᠳᠦᠯᠲᠡᠶ ᠰᠢᠯᠭᠠᠯᠲᠠᠨ ᠳᠤ ᠬᠢᠷᠢ ᠲᠡᠩᠴᠡᠭᠰᠡᠨ ᠬᠢᠷᠢ ᠪᠦᠲᠦᠮᠵᠢ ᠶᠢ ᠨᠢ ᠦᠵᠡᠳᠡᠭ ᠪᠠᠶᠢᠨ᠎ᠠ᠃      ᠬᠠᠷᠢᠨ ᠪᠤᠰᠤᠳ ᠤᠷᠠᠯᠢᠭ ᠤᠨ ᠲᠥᠷᠥᠯ ᠤᠨ ᠰᠢᠯᠭᠠᠯᠲᠠ ᠶᠢᠨ ᠬᠤᠪᠢ ᠶᠢ ᠨᠡᠶᠢᠲᠡᠯᠡᠭᠰᠡᠨ ᠤ ᠲᠠᠷᠠᠭ᠎ᠠ ᠬᠢᠷᠢ ᠲᠡᠩᠴᠡᠭᠦ ᠬᠤᠪᠢ ᠶᠢᠨ ᠱᠤᠭᠤᠮ ᠢ ᠲᠡᠷᠡ ᠳᠠᠷᠤᠢ ᠳᠤᠨᠢ ᠨᠡᠶᠢᠲᠡᠯᠡᠭᠡᠳᠦᠢ ᠶᠤᠮ᠂ ᠡᠭᠦᠨ ᠳᠤ 3 ᠰᠢᠯᠲᠠᠭᠠᠨ ᠪᠤᠢ᠄ ᠪᠤᠰᠤᠳ ᠤᠷᠠᠯᠢᠭ ᠤᠨ ᠲᠥᠷᠥᠯ ᠨᠢ ᠤᠷᠠᠯᠢᠭ ᠤᠨ ᠳᠥᠷᠪᠡᠨ ᠲᠥᠷᠥᠯ ᠤᠨ ᠨᠢᠭᠡ ᠲᠦᠷᠦᠯ ᠨᠢ ᠪᠠᠶᠢᠵᠤ᠂ ᠵᠠᠷᠢᠮ ᠲᠤᠰᠬᠠᠶ ᠮᠡᠷᠭᠡᠵᠢᠯ ᠨᠢ ᠣᠷᠣᠨ ᠤ ᠳᠣᠲᠣᠷᠠᠬᠢ ᠳᠡᠭᠡᠳᠦ ᠰᠤᠷᠭᠠᠭᠤᠯᠢ ᠳᠤ ᠨᠠᠶᠢᠳᠠᠵᠤ ᠪᠥᠬᠦ ᠣᠷᠣᠨ ᠤ ᠬᠠᠮᠲᠤᠷᠠᠭᠰᠠᠨ ᠰᠢᠯᠭᠠᠯᠲᠠ ᠬᠢᠵᠤ᠂ ᠡᠯ᠎ᠡ ᠬᠠᠮᠲᠤᠷᠠᠭᠰᠠᠨ ᠰᠢᠯᠭᠠᠯᠲᠠ ᠶᠢᠨ ᠲᠤᠰᠬᠠᠶ ᠮᠡᠷᠭᠡᠵᠢᠯ ᠠᠴᠠ ᠲᠤᠰ ᠲᠤᠰ ᠬᠤᠪᠢ ᠶᠢᠨ ᠱᠤᠭᠤᠮ ᠢ ᠵᠠᠭᠠᠭᠯᠠᠨ ᠲᠤᠭᠲᠠᠭᠠᠨ᠎ᠠ︔ ᠬᠤᠪᠢ ᠶᠢᠨ ᠱᠤᠭᠤᠮ ᠢ ᠵᠠᠭᠠᠭᠯᠠᠨ ᠲᠣᠭᠲᠠᠭᠠᠬᠤ ᠨᠢ ᠰᠤᠷᠤᠭᠴᠢ ᠡᠯᠰᠡᠬᠦ ᠲᠥᠯᠥᠪᠯᠡᠭᠡ ᠲᠠᠢ ᠨᠢᠭᠲᠠ ᠬᠤᠯᠪᠣᠭ᠎ᠠ ᠲᠠᠢ ᠶᠤᠮ᠂ ᠡᠩ ᠤᠨ ᠳᠡᠭᠡᠳᠦ ᠰᠤᠷᠭᠠᠭᠤᠯᠢ ᠨᠤᠭᠤᠳ ᠤᠨ ᠮᠤᠵᠢ ᠬᠤᠪᠢᠶᠠᠨ᠂ ᠲᠤᠰᠬᠠᠶ ᠮᠡᠷᠭᠡᠵᠢᠯ ᠬᠤᠪᠢᠶᠠᠨ ᠰᠤᠷᠤᠭᠴᠢ ᠡᠯᠰᠡᠬᠦ ᠲᠥᠯᠥᠪᠯᠡᠭᠡ ᠶᠢ ᠰᠤᠷᠭᠠᠨ ᠬᠥᠮᠦᠵᠢᠯ ᠤᠨ ᠶᠠᠮᠤᠨ ᠠᠴᠠ ᠪᠠᠭᠤᠯᠭᠠᠬᠤ ᠠᠴᠠ ᠡᠮᠦᠨ᠎ᠡ᠂ ᠲᠥᠯᠥᠪᠯᠡᠭᠡᠨ ᠤ ᠲᠤᠭ᠎ᠠ ᠲᠣᠭᠲᠠᠪᠤᠷᠢ ᠦᠭᠡᠢ ᠮᠥᠷᠲᠡᠭᠡᠨ ᠳᠡᠭᠡᠳᠦ ᠰᠤᠷᠭᠠᠭᠤᠯᠢ ᠨᠤᠭᠤᠳ ᠶᠠᠮᠠᠷ ᠵᠦᠢᠯ ᠤᠨ ᠬᠠᠮᠲᠤᠷᠠᠭᠰᠠᠨ ᠰᠢᠯᠭᠠᠯᠲᠠ ᠶᠢᠨ ᠬᠢᠷᠢ ᠪᠦᠲᠦᠮᠵᠢ ᠶᠢ ᠠᠰᠢᠭᠯᠠᠬᠤ ᠨᠢ ᠴᠦ ᠲᠣᠭᠲᠠᠪᠤᠷᠢ ᠦᠭᠡᠢ ᠤᠴᠢᠷ ᠠᠴᠠ᠂ ᠬᠤᠪᠢ ᠶᠢᠨ ᠱᠤᠭᠤᠮ ᠤᠨ ᠵᠥᠪ ᠣᠨᠣᠪᠴᠢᠲᠤ ᠴᠢᠨᠠᠷ ᠢ ᠵᠣᠬᠢᠬᠤ ᠬᠡᠮᠵᠢᠶ᠎ᠡ ᠪᠠᠷ ᠨᠦᠯᠦᠭᠡᠯᠡᠨ᠎ᠡ︔ ᠪᠤᠰᠤᠳ ᠤᠷᠠᠯᠢᠭ ᠤᠨ ᠲᠥᠷᠥᠯ ᠤᠨ ᠬᠠᠮᠲᠤᠷᠠᠭᠰᠠᠨ ᠰᠢᠯᠭᠠᠯᠲᠠ ᠶᠢᠨ ᠬᠢᠷᠢ ᠪᠦᠲᠦᠮᠵᠢ ᠨᠢ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠲᠠᠢ ᠬᠤᠯᠪᠤᠭᠳᠠᠬᠤ ᠦᠭᠡᠢ᠂ ᠳᠠᠷᠤᠢ ᠬᠠᠮᠲᠤᠷᠠᠭᠰᠠᠨ ᠰᠢᠯᠭᠠᠯᠲᠠᠨ ᠳᠤ ᠬᠢᠷᠢ ᠲᠡᠩᠴᠡᠮᠡᠨᠵᠢᠨ ᠰᠠᠶ᠋ᠢ ᠰᠤᠷᠭᠠᠭᠤᠯᠢ ᠶᠢᠨ ᠰᠢᠯᠭᠠᠯᠲᠠᠨ ᠳᠤ ᠤᠷᠤᠯᠴᠠᠵᠤ ᠪᠤᠯᠬᠤ ᠶᠠᠪᠤᠳᠠᠯ ᠪᠢᠰᠢ ᠶᠤᠮ᠂  ᠡᠶᠢᠮᠦ ᠠᠴᠠ ᠬᠠᠮᠲᠤᠷᠠᠭᠰᠠᠨ ᠰᠢᠯᠭᠠᠯᠲᠠ ᠶᠢᠨ ᠬᠢᠷᠢ ᠲᠡᠩᠴᠡᠭᠦ ᠬᠤᠪᠢ ᠶᠢᠨ ᠱᠤᠭᠤᠮ ᠢ ᠵᠠᠭᠠᠭᠯᠠᠨ ᠲᠣᠭᠲᠠᠭᠠᠭᠠᠳᠤᠢ ᠪᠠᠶᠢᠯ᠎ᠠ ᠭᠡᠳ ᠰᠢᠯᠭᠠᠭᠤᠯᠤᠭᠰᠠᠳ ᠤᠨ ᠰᠤᠷᠭᠠᠭᠤᠯᠢ ᠶᠢᠨ ᠰᠢᠯᠭᠠᠯᠲᠠᠨ ᠳᠤ ᠤᠷᠤᠯᠴᠠᠬᠤ ᠶᠢ ᠨᠦᠯᠦᠭᠡᠯᠡᠬᠦ ᠦᠭᠡᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号