1 — 2 ᠳ᠋ᠤᠭᠠᠷ ᠰᠠᠷ᠎ᠠ ᠪᠣᠯᠲᠠᠯᠠᠬᠢ ᠮᠠᠨ ᠤ ᠣᠷᠣᠨ ᠤ ᠭᠠᠳᠠᠭᠠᠳᠤ ᠪᠡᠯᠡ ᠶᠢ ᠠᠰᠢᠭᠯᠠᠭᠰᠠᠨ ᠪᠠᠶᠢᠳᠠᠯ
ᠨᠡᠶᠢᠲᠡᠯᠡᠭᠰᠡᠨ ᠴᠠᠭ᠄
2016/3/15
      1 — 2 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠨᠡᠶᠢᠲᠡ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ 8 ᠠᠵᠤ ᠠᠬᠤᠶᠢᠯᠠᠯ ᠢ ᠵᠥᠪᠰᠢᠶᠡᠷᠡᠨ ᠪᠠᠶᠢᠭᠤᠯᠵᠠᠢ᠂ ᠡᠭᠦᠨ ᠳᠤ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ 5᠂  ᠬᠤᠷᠰᠢᠭᠰᠠᠨ ᠠᠵᠤ ᠠᠬᠤᠶᠢᠯᠠᠯ 1᠂ ᠭᠠᠳᠠᠭᠠᠳᠤ ᠶᠢᠨ ᠬᠤᠳᠠᠯᠳᠤᠭᠠᠴᠢᠨ ᠤ ᠲᠤᠰᠠᠭᠠᠷ ᠪᠡᠯᠡᠲᠦ ᠠᠵᠤ ᠠᠬᠤᠶᠢᠯᠠᠯ 2 ᠪᠤᠢ︔ ᠰᠢᠨ᠎ᠡ ᠪᠠᠷ ᠵᠥᠪᠰᠢᠶᠡᠷᠡᠭᠰᠡᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠭᠤᠣᠯ ᠢᠷᠡᠯᠲᠡ ᠨᠢ ᠰᠢᠶᠠᠩᠭᠠᠩ᠂ ᠮᠣᠩᠭᠤᠯ ᠤᠯᠤᠰ᠂ ᠶᠠᠫᠣᠨ ᠪᠠ ᠪᠡᠯᠡ ᠣᠷᠣᠭᠤᠯᠤᠯᠲᠠ ᠶᠢᠨ ᠴᠢᠨᠠᠷᠲᠠᠶ ᠺᠣᠮᠫᠠᠨᠢ ᠠᠴᠠ ᠪᠡᠯᠡ ᠣᠷᠣᠭᠤᠯᠪᠠ᠃ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ 2985 ᠲᠦᠮᠡᠨ ᠳ᠋ᠣᠯᠯᠠᠷ ᠲᠤ ᠬᠦᠷᠪᠡ᠃ ᠠᠵᠢᠯ ᠲᠦᠷᠦᠯ ᠢᠶᠠᠷ ᠨᠢ ᠠᠪᠴᠤ ᠦᠵᠡᠪᠡᠯ᠂ ᠭᠤᠣᠯᠳᠠᠭᠤ ᠮᠥᠩᠭᠦᠨ ᠭᠦᠢᠯᠭᠡᠭᠡᠨ ᠤ ᠦᠢᠯᠡᠰ᠂ ᠦᠢᠯᠡᠳᠬᠦ ᠦᠢᠯᠡᠰ᠂ ᠵᠠᠮ ᠲᠡᠭᠡᠭᠡᠪᠦᠷᠢ ᠬᠥᠮᠥᠷᠭᠡᠯᠡᠨ ᠬᠠᠳᠠᠭᠠᠯᠠᠬᠤ ᠪᠠ ᠰᠢᠦᠳᠠᠨ ᠤ ᠦᠢᠯᠡᠰ᠂ ᠪᠥᠭᠡᠮ ᠢᠶᠠᠷ ᠬᠤᠳᠠᠯᠳᠤᠬᠤ ᠵᠢᠵᠢᠭᠯᠡᠨ ᠬᠤᠳᠠᠯᠳᠤᠬᠤ ᠦᠢᠯᠡᠰ ᠲᠤ ᠲᠥᠪᠯᠡᠷᠡᠵᠦ᠂ ᠭᠠᠵᠠᠷ ᠣᠷᠣᠨ ᠤ ᠲᠠᠷᠬᠠᠯᠲᠠ ᠠᠴᠠ ᠨᠢ ᠦᠵᠡᠪᠡᠯ᠂ ᠭᠤᠣᠯᠳᠠᠭᠤ ᠬᠥᠬᠡᠬᠤᠲᠠ ᠪᠠ ᠠᠯᠠᠱᠠ ᠠᠶᠢᠮᠠᠭ ᠲᠤ ᠲᠥᠪᠯᠡᠷᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号