︽ᠬᠢᠲᠠᠳ ᠡᠮ ᠤᠨ ᠦᠢᠯᠡᠳᠪᠦᠷᠢᠯᠡᠯ ᠤᠨ ᠳᠤᠮᠳᠠ ᠪᠣᠯᠪᠠᠰᠤᠷᠠᠭᠤᠯᠤᠨ ᠭᠠᠷᠭᠠᠬᠤ ᠪᠠ ᠪᠣᠯᠪᠠᠰᠤᠷᠠᠭᠤᠯᠤᠨ | ᠭᠠᠷᠭᠠᠭᠰᠠᠨ ᠪᠣᠳᠠᠰ ᠤᠨ ᠬᠢᠨᠠᠯᠲᠠ ᠬᠠᠮᠢᠶᠠᠷᠤᠯᠲᠠ ᠶᠢᠨ ᠲᠤᠬᠠᠢ ᠤᠯᠤᠰ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ︾ | ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠦᠬᠦ ᠣᠷᠣᠨ ᠤ ᠬᠡᠪᠴᠢᠶᠡᠨ ᠳᠤ ᠬᠢᠲᠠᠳ ᠡᠮ ᠠᠴᠠ ᠪᠣᠯᠪᠠᠰᠤᠷᠠᠭᠤᠯᠤᠨ | ᠭᠠᠷᠭᠠᠭᠰᠠᠨ ᠪᠤᠳᠠᠰ ᠢ ᠳᠠᠩᠰᠠᠯᠠᠭᠤᠯᠬᠤ ᠠᠵᠢᠯ ᠢ ᠥᠷᠨᠢᠭᠦᠯᠪᠡ᠃ ᠣᠶᠢᠯᠠᠭᠠᠭᠰᠠᠨ ᠢᠶᠠᠷ᠂ ᠪᠠᠶᠢᠳᠠᠯ ᠤᠨ | ᠪᠠᠶᠢᠴᠠᠭᠠᠯᠲᠠ ᠪᠠᠷ ᠳᠠᠮᠵᠢᠭᠠᠳ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠳᠠᠩᠰᠠᠯᠠᠭᠤᠯᠬᠤ ᠳᠤ ᠬᠤᠯᠪᠣᠭᠳᠠᠬᠤ ᠠᠵᠤ ᠠᠬᠤᠶᠢᠯᠠᠯ ᠪᠣᠯᠤᠨ ᠬᠤᠯᠪᠣᠭᠳᠠᠯ | ᠪᠦᠬᠦᠢ ᠡᠮ ᠤᠨ ᠵᠦᠢᠯ ᠤᠨ ᠲᠥᠷᠥᠯ ᠵᠦᠢᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠤᠢᠢᠯᠠᠭᠠᠨ ᠡᠵᠡᠮᠰᠢᠵᠦ᠂ | ᠡᠭᠦᠨ ᠤ ᠬᠠᠮᠲᠤ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠨ ᠬᠢᠲᠠᠳ ᠡᠮ ᠠᠴᠠ ᠪᠣᠯᠪᠠᠰᠤᠷᠠᠭᠤᠯᠤᠨ ᠭᠠᠷᠭᠠᠭᠰᠠᠨ | ᠪᠤᠳᠠᠰ ᠳᠠᠩᠰᠠᠯᠠᠭᠤᠯᠬᠤ᠂ ᠠᠵᠤ ᠠᠬᠤᠶᠢᠯᠠᠯ ᠤᠨ ᠳᠠᠩᠰᠠᠯᠠᠭᠤᠯᠤᠯᠲᠠ ᠶᠢ ᠵᠢᠯᠣᠭᠤᠳᠬᠤ ᠠᠵᠢᠯ ᠢ | ᠪᠠᠶᠢᠷᠢᠯᠠᠭᠤᠯᠤᠭᠰᠠᠨ ᠪᠥᠭᠡᠳ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ᠂ | ᠳᠠᠩᠰᠠᠯᠠᠬᠤ ᠪᠠ ᠬᠢᠨᠠᠨ ᠪᠠᠶᠢᠴᠠᠭᠠᠬᠤ ᠠᠵᠢᠯ ᠢ ᠨᠢᠭᠲᠠ ᠵᠣᠯᠭᠠᠭᠤᠯᠪᠠ᠃ | ᠲᠠᠨᠢᠯᠴᠠᠭᠤᠯᠤᠭᠰᠠᠨ ᠢᠶᠠᠷ᠂ ᠡᠨᠡ ᠤᠳᠠᠭᠠᠨ ᠤ ᠬᠢᠲᠠᠳ ᠡᠮ ᠠᠴᠠ ᠪᠣᠯᠪᠠᠰᠤᠷᠠᠭᠤᠯᠤᠨ ᠭᠠᠷᠭᠠᠭᠰᠠᠨ | ᠪᠣᠳᠠᠰ ᠢ ᠳᠠᠩᠰᠠᠯᠠᠭᠤᠯᠬᠤ ᠳᠤ ᠬᠢᠲᠠᠳ ᠡᠮ ᠠᠴᠠ ᠪᠣᠯᠪᠠᠰᠤᠷᠠᠭᠤᠯᠤᠨ ᠭᠠᠷᠭᠠᠭᠰᠠᠨ 21 ᠵᠦᠢᠯ ᠤᠨ ᠪᠣᠳᠠᠰ᠂ | ᠡᠮ ᠤᠨ ᠵᠦᠢᠯ ᠤᠨ 23 ᠠᠵᠤ ᠠᠬᠤᠶᠢᠯᠠᠯ ᠳᠤ ᠬᠤᠯᠪᠣᠭᠳᠠᠵᠤ᠂ ᠡᠭᠦᠨ ᠳᠤ ᠬᠢᠲᠠᠳ ᠡᠮ ᠠᠴᠠ ᠪᠣᠯᠪᠠᠰᠤᠷᠠᠭᠤᠯᠤᠨ | ᠭᠠᠷᠭᠠᠭᠰᠠᠨ ᠪᠣᠳᠠᠰ ᠢ ᠬᠡᠷᠡᠭᠯᠡᠬᠦ ᠠᠵᠤ ᠠᠬᠤᠶᠢᠯᠠᠯ 21 ᠪᠤᠢ᠃ ᠣᠳᠣᠬᠠᠨ ᠪᠣᠯᠲᠠᠯ᠎ᠠ᠂ ᠬᠢᠲᠠᠳ ᠡᠮ ᠠᠴᠠ | ᠪᠣᠯᠪᠠᠰᠤᠷᠠᠭᠤᠯᠤᠨ ᠭᠠᠷᠭᠠᠭᠰᠠᠨ ᠪᠣᠳᠠᠰ ᠦᠢᠯᠡᠳᠪᠦᠷᠢᠯᠡᠬᠦ ᠠᠵᠤ ᠠᠬᠤᠶᠢᠯᠠᠯ ᠨᠢᠭᠡᠨᠲᠡ 1 ᠲᠥᠷᠥᠯ ᠵᠦᠢᠯ ᠢ | ᠳᠠᠩᠰᠠᠯᠠᠭᠤᠯᠪᠠ︔ ᠬᠢᠲᠠᠳ ᠡᠮ ᠠᠴᠠ ᠪᠣᠯᠪᠠᠰᠤᠷᠠᠭᠤᠯᠤᠨ ᠭᠠᠷᠭᠠᠭᠰᠠᠨ ᠪᠣᠳᠠᠰ ᠢ ᠬᠡᠷᠡᠭᠯᠡᠬᠦ 4 ᠠᠵᠤ ᠠᠬᠤᠶᠢᠯᠠᠯ | 5 ᠲᠥᠷᠥᠯ ᠵᠦᠢᠯ ︵3 ᠪᠣᠯᠪᠠᠰᠤᠷᠠᠭᠤᠯᠤᠨ ᠭᠠᠷᠭᠠᠭᠰᠠᠨ ᠪᠣᠳᠠᠰ ᠲᠤ ᠬᠤᠯᠪᠣᠭᠳᠠᠨ᠎ᠠ︶ ᠢ ᠳᠠᠩᠰᠠᠯᠠᠭᠤᠯᠪᠠ᠃ | ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠶᠢᠴᠠᠭᠠᠵᠤ ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ | ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠡᠷᠡᠰ ᠰᠢᠢᠳᠪᠦᠷᠢᠯᠡᠬᠦ ᠪᠥᠭᠡᠳ ᠴᠠᠭ ᠲᠤᠬᠠᠶ ᠳᠤᠨᠢ ᠨᠡᠶᠢᠭᠡᠮ ᠳᠤ | ᠨᠡᠶᠢᠲᠡᠯᠡᠨ᠎ᠡ᠃ |