2015 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠭᠦᠢᠴᠡᠳᠬᠡᠭᠰᠡᠨ ᠪᠠᠶᠢᠳᠠᠯ ᠬᠢᠭᠡᠳ 2016 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠠᠷᠪᠠᠨ | ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ | ᠵᠠᠰᠠᠭ ᠠᠵᠤ ᠠᠬᠤᠶ ᠶᠢᠨ ᠵᠦᠪᠯᠡᠯ ᠤᠨ ᠮᠡᠳᠡᠭᠦᠯᠦᠯᠲᠡ | ︵2016 ᠤᠨ ᠤ 3 ᠳ᠋ᠤᠭᠠᠷ ᠰᠠᠷ᠎ᠠ ᠶᠢᠨ 13 ᠤ ᠡᠳᠦᠷ ᠠᠷᠪᠠᠨ ᠬᠤᠶᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ | ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠬᠤᠷᠠᠯᠳᠤᠭᠠᠨ ᠠᠴᠠ ᠪᠠᠲᠤᠯᠠᠪᠠ︶ | ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠳᠤ᠄ | ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ ᠠᠴᠠ ᠲᠦᠷᠥ ᠶᠢᠨ ᠶᠠᠪᠤᠳᠠᠯ ᠤᠨ ᠬᠤᠷᠢᠶᠠᠨ ᠤ ᠳᠤᠷᠠᠳᠤᠭᠰᠠᠨ ︽ | 2015 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠭᠦᠢᠴᠡᠳᠬᠡᠭᠰᠡᠨ ᠪᠠᠶᠢᠳᠠᠯ ᠬᠢᠭᠡᠳ ᠲᠤᠬᠠᠶ 2016 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠶ ᠮᠡᠳᠡᠭᠦᠯᠦᠯᠲᠡ︾ ᠵᠢᠴᠢ 2016 ᠣᠨ ᠤ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠪᠠ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ | ᠵᠦᠪᠯᠡᠯ ᠠᠴᠠ ᠲᠥᠯᠥᠪᠯᠡᠭᠡ ᠶᠢᠨ ᠮᠡᠳᠡᠭᠦᠯᠦᠯᠲᠡ ᠪᠠ ᠲᠥᠯᠥᠪᠯᠡᠭᠡ ᠶᠢᠨ ᠲᠥᠰᠦᠯ ᠢ ᠠᠩᠬ᠎ᠠ ᠠᠯᠬᠤᠮ ᠬᠢᠨᠠᠨ | ᠪᠠᠶᠢᠴᠠᠭᠠᠭᠰᠠᠨ ᠰᠠᠭᠤᠷᠢᠨ ᠳᠡᠭᠡᠷ᠎ᠡ᠂ ᠡᠯ᠎ᠡ ᠲᠥᠯᠥᠭᠡᠯᠡᠭᠴᠢᠳ ᠤᠨ ᠪᠦᠯᠬᠦᠮ ᠪᠣᠯᠤᠨ ᠬᠤᠯᠪᠣᠭᠳᠠᠯ ᠪᠦᠬᠦᠢ ᠲᠤᠰᠬᠠᠶ | ᠵᠦᠪᠯᠡᠯ ᠤᠨ ᠬᠢᠨᠠᠨ ᠪᠠᠶᠢᠴᠠᠭᠠᠭᠰᠠᠨ ᠰᠠᠨᠠᠯ ᠢ ᠦᠨᠳᠦᠰᠦᠯᠡᠨ᠂ ᠤᠯᠠᠮ ᠴᠢᠨᠠᠭᠰᠢᠳᠠ ᠬᠢᠨᠠᠨ ᠪᠠᠶᠢᠴᠠᠭᠠᠪᠠ᠃ | ᠲᠦᠷᠦ ᠶᠢᠨ ᠶᠠᠪᠤᠳᠠᠯ ᠤᠨ ᠬᠤᠷᠢᠶ᠎ᠠ ᠠᠴᠠ ᠬᠢᠨᠠᠨ ᠪᠠᠶᠢᠴᠠᠭᠠᠭᠰᠠᠨ ᠰᠠᠨᠠᠯ ᠢ ᠦᠨᠳᠦᠰᠦᠯᠡᠨ ᠲᠥᠯᠥᠪᠯᠡᠭᠡ ᠶᠢᠨ | ᠮᠡᠳᠡᠭᠦᠯᠦᠯᠲᠡ ᠳᠤ ᠵᠠᠰᠠᠪᠤᠷᠢ ᠣᠷᠣᠭᠤᠯᠪᠠ᠃ ᠦᠨᠦ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠳᠣᠣᠷᠠᠬᠢ ᠮᠡᠲᠦ ᠪᠠᠷ | ᠮᠡᠳᠡᠭᠦᠯᠪᠡ᠃ | ᠡᠳ᠋ ᠤᠨ ᠵᠠᠰᠠᠭ ᠠᠵᠤ ᠠᠬᠤᠶ ᠶᠢᠨ ᠵᠦᠪᠯᠡᠯ ᠤᠨ ᠦᠵᠡᠬᠦ ᠪᠠᠷ᠂ 2015 ᠣᠨ ᠤ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠶᠡᠷᠦᠩᠬᠡᠶ ᠳᠡᠭᠡᠨ | ᠰᠠᠶᠢᠨ ᠪᠠᠶᠢᠨ᠎ᠠ᠃ ᠲᠦᠪᠡᠭ ᠪᠤᠳᠤᠯᠢᠶᠠᠨᠲᠠᠶ ᠳᠡᠯᠡᠬᠡᠶ ᠶᠢᠨ ᠣᠷᠴᠢᠨ ᠲᠤᠭᠤᠷᠢᠨ ᠪᠠ ᠬᠠᠲᠠᠭᠤ ᠪᠡᠷᠬᠡ ᠪᠥᠭᠡᠳ | ᠨᠦᠰᠡᠷ ᠬᠦᠨᠳᠦ ᠤᠯᠤᠰ ᠤᠨ ᠳᠣᠲᠣᠭᠠᠳᠤ ᠶᠢᠨ ᠦᠭᠡᠷᠴᠢᠯᠡᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠡᠭᠦᠷᠭᠡ ᠳᠤ | ᠬᠠᠨᠳᠤᠭᠤᠯᠤᠨ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠨᠤᠭᠤᠳ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ | ᠪᠠ ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ ᠳᠤᠷᠠᠳᠤᠭᠰᠠᠨ ᠡᠯ᠎ᠡ ᠵᠦᠢᠯ ᠤᠨ ᠱᠠᠭᠠᠷᠳᠠᠯᠭ᠎ᠠ ᠬᠢᠨᠠᠮᠠᠭᠠᠶ | ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ | ᠵᠣᠬᠢᠴᠠᠵᠤ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠶ ᠬᠦᠭ ᠠᠶᠠᠰ ᠢ ᠪᠠᠷᠢᠮᠲᠠᠯᠠᠵᠤ᠂ | ᠬᠦᠨᠳᠦ ᠶᠡᠭᠡ ᠲᠦᠭᠰᠢᠭᠦᠷᠢ ᠶᠢ ᠲᠣᠬᠢᠲᠠᠶ ᠠᠷᠭᠠᠴᠠᠵᠤ᠂ ᠪᠦᠬᠦ ᠵᠢᠯ ᠤᠨ ᠭᠤᠣᠯ ᠬᠠᠷᠠᠯᠲᠠ ᠶᠢᠨ ᠡᠭᠦᠷᠭᠡ ᠶᠢ | ᠪᠡᠶᠡᠯᠡᠭᠦᠯᠦᠭᠡᠳ᠂ ᠠᠵᠤ ᠠᠬᠤᠶ ᠨᠡᠶᠢᠭᠡᠮ ᠤᠨ ᠬᠥᠭᠵᠢᠯᠲᠡ ᠪᠤᠯᠤᠨ ᠥᠭᠡᠷᠡᠴᠢᠯᠡᠯᠲᠡ ᠨᠡᠭᠡᠭᠡᠯᠲᠡ ᠶᠢᠨ ᠦᠢᠯᠡᠰ | ᠴᠢᠬᠤᠯᠠ ᠶᠡᠭᠡ ᠠᠬᠢᠴᠠ ᠲᠠᠢ ᠪᠤᠯᠤᠭᠰᠠᠨ ᠪᠠᠶᠢᠨ᠎ᠠ᠃ ᠤᠯᠤᠰ ᠠᠷᠠᠳ ᠤᠨ ᠠᠵᠤ ᠠᠬᠤᠶ ᠶᠢᠨ ᠠᠵᠢᠯᠯᠠᠭ᠎ᠠ | ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠠᠬᠢᠵᠤ᠂ ᠲᠣᠭᠲᠠᠭᠤᠨ ᠤ ᠳᠤᠮᠳᠠ ᠰᠠᠶᠢᠵᠢᠷᠠᠵᠤ᠂ | ᠠᠵᠤ ᠠᠬᠤᠶ ᠶᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠥᠭᠡᠷᠡᠴᠢᠯᠡᠯᠲᠡ ᠨᠡᠭᠡᠭᠡᠯᠲᠡ ᠤᠯᠠᠮ ᠭᠦᠨ ᠲᠡᠰᠢ | ᠠᠭᠢᠵᠤ᠂ ᠠᠷᠠᠳ ᠤᠨ ᠠᠮᠢᠳᠤᠷᠠᠯ ᠲᠠᠰᠤᠷᠠᠯᠲᠠ ᠦᠭᠡᠶ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠶᠢᠨ ᠪᠠᠶᠢᠳᠠᠯ | ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠬᠢᠯᠪᠠᠷ ᠪᠤᠰᠤ ᠠᠮᠵᠢᠯᠲᠠ ᠤᠯᠤᠭᠰᠠᠨ ᠪᠠᠶᠢᠨ᠎ᠠ᠃ ᠡᠭᠦᠨ ᠤ ᠵᠡᠷᠭᠡᠴᠡᠭᠡᠪᠡᠷ᠂ | ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠣᠯᠤᠨ ᠥᠷᠢᠰᠥᠯᠳᠦᠭᠡᠨ | ᠣᠷᠣᠰᠢᠵᠤ ᠪᠠᠶᠢᠬᠤ ᠶᠢ ᠤᠯᠵᠤ ᠬᠠᠷᠠᠬᠤ ᠬᠡᠷᠡᠭᠲᠡᠢ᠃ ᠡᠭᠦᠨ ᠳᠤ ᠭᠤᠣᠯᠳᠠᠭᠤ᠄ ᠵᠠᠷᠢᠮ ᠭᠦᠢᠴᠡᠳᠬᠡᠯ ᠲᠤᠭ᠎ᠠ | ᠵᠢᠱᠢᠯᠲᠡ ᠳᠤ ᠬᠦᠷᠴᠦ ᠴᠢᠳᠠᠭᠰᠠᠨ ᠦᠭᠡᠢ᠂ ᠠᠵᠤ ᠠᠬᠤᠶ ᠪᠠᠭᠤᠷᠠᠬᠤ ᠳᠠᠷᠤᠯᠲᠠ ᠨᠡᠯᠢᠶᠡᠳ ᠶᠡᠭᠡ ᠪᠠᠶᠢᠨ᠎ᠠ︔ | ᠪᠦᠲᠦᠮᠵᠢᠲᠡᠶ ᠬᠡᠷᠡᠭᠴᠡᠭᠡ ᠱᠠᠭᠠᠷᠳᠠᠯᠭ᠎ᠠ ᠮᠠᠭᠤᠳᠠᠭᠰᠠᠨ ᠪᠠ ᠪᠦᠲᠦᠮᠵᠢᠲᠡᠶ ᠬᠠᠩᠭᠠᠯᠭ᠎ᠠ ᠬᠦᠷᠦᠯᠴᠡᠬᠦ ᠦᠭᠡᠢ ᠪᠠᠶᠢᠬᠤ | ᠶᠠᠪᠤᠳᠠᠯ ᠵᠡᠷᠭᠡᠴᠡᠨ ᠣᠷᠣᠰᠢᠵᠤ᠂ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠤᠰᠤ᠂ ᠠᠵᠤ ᠠᠬᠤᠶ ᠶᠢᠨ | ᠪᠦᠲᠦᠴᠡ ᠶᠢᠨ ᠲᠤᠬᠢᠷᠡᠭᠤᠯᠦᠯᠳᠠ ᠪᠠ ᠬᠡᠯᠪᠡᠷᠢ ᠬᠤᠪᠢᠷᠠᠭᠤᠯᠤᠨ ᠲᠡᠰ ᠳᠡᠪᠰᠢᠭᠦᠯᠬᠦ ᠡᠭᠦᠷᠭᠡ ᠪᠡᠷᠬᠡ ᠬᠠᠲᠠᠭᠤᠵᠢᠯᠲᠠᠶ | ᠪᠠᠶᠢᠨ᠎ᠠ︔ ᠠᠵᠤ ᠠᠬᠤᠶᠢᠯᠠᠯ ᠤᠨ ᠥᠪᠡᠷ ᠤᠨ ᠦᠷᠳᠡᠭ ᠨᠡᠮᠡᠭᠳᠡᠵᠦ᠂ ᠦᠢᠯᠡᠳᠪᠦᠷᠢᠯᠡᠯ ᠡᠵᠡᠩᠨᠡᠯᠲᠡ ᠶᠢᠨ | ᠬᠦᠴᠢᠷᠳᠡᠯ ᠶᠡᠬᠡᠰᠴᠦ᠂ ᠬᠡᠰᠡᠭ ᠠᠵᠤ ᠠᠬᠤᠶᠢᠯᠠᠯ ᠤᠨ ᠠᠵᠢᠯᠳᠡᠨ ᠤ ᠲᠤᠭ᠎ᠠ ᠶᠢ ᠬᠠᠰᠤᠬᠤ ᠪᠠ ᠳᠠᠯᠳᠠ ᠴᠢᠨᠠᠷᠲᠠᠢ | ᠠᠵᠢᠯ ᠠᠯᠳᠠᠭᠰᠠᠳ ᠢ ᠠᠩᠬᠠᠷᠤᠭᠤᠰᠢᠲᠠᠶ ᠪᠠᠶᠢᠨ᠎ᠠ︔ ᠤᠯᠤᠰ ᠤᠨ ᠳᠣᠲᠣᠭᠠᠳᠤ ᠶᠢᠨ ᠭᠤᠣᠯ ᠪᠣᠯᠬᠤ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠥᠪᠡᠷ ᠤᠨ ᠦᠷᠲᠡᠭ ᠥᠨᠳᠥᠷ᠂ ᠬᠥᠮᠥᠷᠭᠡ ᠳᠤ | ᠳᠠᠷᠤᠭᠳᠠᠬᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠮᠠᠭᠤᠳᠠᠭᠰᠠᠨ ᠵᠡᠷᠭᠡ ᠠᠰᠠᠭᠤᠳᠠᠯ ᠲᠤᠪᠤᠶᠢᠮ᠎ᠠ | ᠣᠷᠣᠰᠢᠵᠤ᠂ ᠲᠠᠷᠢᠶᠠᠯᠠᠩ ᠤᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠨ ᠬᠤᠪᠢᠷᠠᠭᠤᠯᠬᠤ ᠴᠢᠬᠤᠯᠠᠲᠠᠢ ᠪᠠᠶᠢᠨ᠎ᠠ︔ | ᠡᠳ᠋ ᠤᠨ ᠵᠠᠰᠠᠭ ᠮᠥᠩᠭᠦᠨ ᠭᠦᠢᠯᠭᠡᠭᠡᠨ ᠤ ᠬᠦᠷᠢᠶᠡᠨ ᠳᠤ ᠠᠶᠤᠯ ᠲᠦᠭᠰᠢᠭᠦᠷᠢ ᠶᠢᠨ ᠲᠠᠯᠳᠠ ᠭᠡᠮ ᠣᠷᠣᠰᠢᠵᠤ᠂ | ᠰᠢᠰᠲ᠋ᠧᠮᠲᠦ ᠴᠢᠨᠠᠷᠲᠠᠶ ᠣᠷᠣᠨ ᠪᠦᠰᠡ ᠶᠢᠨ ᠴᠢᠨᠠᠷᠲᠠᠶ ᠠᠶᠤᠯ ᠲᠦᠭᠰᠢᠭᠦᠷᠢ ᠡᠭᠦᠰᠬᠦ ᠠᠴᠠ ᠰᠡᠷᠭᠡᠶᠢᠯᠡᠬᠦ ᠳᠠᠷᠤᠯᠲᠠ | ᠨᠡᠮᠡᠭᠳᠡᠵᠦ ᠪᠠᠶᠢᠨ᠎ᠠ︔ ᠠᠮᠢ ᠠᠬᠤᠶ ᠶᠢᠨ ᠣᠷᠴᠢᠨ ᠲᠤᠭᠤᠷᠢᠨ ᠤ ᠬᠠᠮᠠᠭᠠᠯᠠᠯᠲᠠ᠂ ᠠᠶᠤᠯ ᠥᠭᠡᠢ | ᠦᠢᠯᠡᠳᠪᠦᠷᠢᠯᠡᠯ ᠤᠨ ᠪᠠᠶᠢᠳᠠᠯ ᠮᠥᠨ ᠯᠡ ᠬᠦᠨᠳᠦ ᠨᠣᠴᠢᠲᠠᠶ ᠪᠠᠶᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ | ᠵᠢᠴᠢ ᠨᠡᠶᠢᠭᠡᠮ ᠤᠨ ᠬᠠᠮᠢᠶᠠᠷᠤᠯᠲᠠ ᠵᠡᠷᠭᠡ ᠲᠠᠯ᠎ᠠ ᠪᠠᠷ ᠮᠥᠨ ᠯᠡ ᠴᠥᠭᠡᠨ ᠪᠤᠰᠤ ᠵᠥᠷᠢᠴᠡᠯ ᠪᠠ ᠠᠰᠠᠭᠤᠳᠠᠯ | ᠣᠷᠣᠰᠢᠵᠤ ᠪᠠᠶᠢᠨ᠎ᠠ᠃ ᠡᠭᠦᠨ ᠳᠤ᠂ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠶ ᠰᠢᠢᠳᠪᠦᠷᠢᠯᠡᠬᠦ ᠬᠡᠷᠡᠭᠲᠡᠶ᠃ | ᠡᠳ᠋ ᠤᠨ ᠵᠠᠰᠠᠭ ᠠᠵᠤ ᠠᠬᠤᠶ ᠶᠢᠨ ᠵᠦᠪᠯᠡᠯ ᠤᠨ ᠦᠵᠡᠬᠦ ᠪᠠᠷ᠂ ᠲᠦᠷᠦ ᠶᠢᠨ ᠶᠠᠪᠤᠳᠠᠯ ᠤᠨ ᠬᠤᠷᠢᠶᠠᠨ ᠤ | ᠳᠤᠷᠠᠳᠤᠭᠰᠠᠨ 2016 ᠣᠨ ᠤ ᠲᠥᠯᠥᠪᠯᠡᠭᠡ ᠶᠢᠨ ᠮᠡᠳᠡᠭᠦᠯᠦᠯᠲᠡ ᠪᠣᠯᠤᠨ ᠲᠥᠯᠥᠪᠯᠡᠭᠡ ᠶᠢᠨ ᠲᠥᠰᠦᠯ ᠨᠢ ︽ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢ ᠲᠤᠭᠲᠠᠭᠠᠬᠤ ᠲᠤᠬᠠᠶ ᠲᠤᠮᠳᠠᠲᠤ ᠤᠯᠤᠰ ᠤᠨ ᠡᠪ ᠬᠠᠮᠲᠤ ᠨᠠᠮ ᠲᠦᠪ ᠬᠤᠷᠢᠶ᠎ᠠ ᠶᠢᠨ | ᠰᠠᠨᠠᠭᠤᠯᠭ᠎ᠠ︾ ᠪᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠲᠠᠢ ᠨᠡᠶᠢᠴᠡᠵᠦ᠂ | ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠶᠢᠴᠡᠵᠦ᠂ | ᠵᠢᠯᠣᠭᠤᠳᠬᠤ ᠦᠵᠡᠯ ᠰᠠᠨᠠᠭ᠎ᠠ ᠨᠢ ᠲᠣᠳᠣᠷᠬᠠᠶ᠂ ᠭᠤᠣᠯᠳᠠᠯᠭ᠎ᠠ ᠨᠢ ᠳᠤᠪᠤᠶᠢᠮ᠎ᠠ᠂ ᠭᠤᠣᠯ ᠬᠠᠷᠠᠯᠲᠠ ᠪᠠ ᠠᠵᠢᠯ ᠤᠨ | ᠲᠤᠬᠢᠷᠠᠭᠤᠯᠤᠯᠳᠠ ᠨᠢ ᠶᠡᠷᠦᠩᠬᠡᠶ ᠳᠡᠭᠡᠨ ᠪᠣᠯᠤᠮᠵᠢᠲᠠᠶ ᠪᠠᠶᠢᠨ᠎ᠠ᠂ ᠲᠦ᠋ᠷᠦ ᠶᠢᠨ ᠶᠠᠪᠤᠳᠠᠯ ᠤᠨ ᠬᠤᠷᠢᠶᠠᠨ ᠤ | ᠳᠤᠷᠠᠳᠤᠭᠰᠠᠨ ︽2015 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2016 ᠣᠨ ᠤ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠶ ᠮᠡᠳᠡᠭᠦᠯᠦᠯᠲᠡ︾ ᠶᠢ ᠬᠢᠨᠠᠨ | ᠵᠦᠪᠰᠢᠶᠡᠷᠡᠵᠦ᠂ 2016 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢᠨ ᠲᠥᠰᠦᠯ ᠢ ᠬᠢᠨᠠᠨ ᠵᠦᠪᠰᠢᠶᠡᠷᠡᠬᠦ ᠶᠢ ᠰᠠᠨᠠᠭᠤᠯᠵᠤ ᠪᠠᠶᠢᠨ᠎ᠠ᠃ | ᠡᠳ᠋ ᠤᠨ ᠵᠠᠰᠠᠭ ᠠᠵᠤ ᠠᠬᠤᠶ ᠶᠢᠨ ᠵᠦᠪᠯᠡᠯ ᠤᠨ ᠦᠵᠡᠬᠦ ᠪᠠᠷ᠂ 2016 ᠣᠨ ᠪᠣᠯ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠰᠢᠢᠳᠪᠦᠷᠢᠲᠦ ᠱᠠᠲᠤᠨ ᠤ ᠡᠬᠢᠯᠡᠯᠲᠡ ᠶᠢᠨ ᠵᠢᠯ ᠮᠦᠨ᠂ ᠪᠠᠰᠠᠴᠤ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠰᠢᠪᠲᠤᠯᠤᠯᠲᠠ ᠶᠢᠨ ᠵᠢᠯ ᠮᠥᠨ᠃ | ᠲᠥᠯᠥᠪᠯᠡᠭᠡ ᠶᠢ ᠭᠦᠢᠴᠡᠳᠬᠡᠬᠦ ᠶᠠᠪᠤᠴᠠ ᠳᠤᠮᠳᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ | ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠ᠂ ᠳᠥᠷᠪᠡ᠂ ᠲᠠᠪᠤᠳᠤᠭᠠᠷ ᠪᠥᠬᠦᠳᠡ ᠬᠤᠷᠠᠯ ᠵᠢᠴᠢ | ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠳᠤ ᠲᠤᠤᠱᠠᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠯᠢ ᠤᠯᠠᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ | ᠪᠠᠶᠢᠷᠢᠰᠢᠯ ᠪᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠯᠠᠭᠤᠯᠤᠯ ᠤᠨ ᠶᠣᠰᠣᠭᠠᠷ᠂ | ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠲᠤᠯ ᠦᠭᠡᠢ ᠪᠠᠶᠢᠯᠭᠠᠬᠤ᠂ ᠨᠡᠭᠡᠭᠡᠯᠳᠡ ᠬᠢᠬᠦ᠂ ᠬᠠᠮᠲᠤ ᠪᠠᠷ ᠡᠳ᠋ᠯᠡᠬᠦ | ᠰᠢᠨ᠎ᠡ ᠬᠥᠭᠵᠢᠯᠲᠡ ᠶᠢᠨ ᠣᠨᠤᠯᠵᠢᠬᠤᠨ ᠢ ᠪᠠᠲᠤ ᠪᠠᠬᠢ ᠪᠤᠢ ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠰᠢᠨ᠎ᠡ ᠬᠡᠪ ᠪᠠᠶᠢᠳᠠᠯ ᠳᠤ ᠵᠣᠬᠢᠴᠠᠬᠤ᠂ ᠰᠢᠨ᠎ᠡ ᠬᠡᠪ ᠪᠠᠶᠢᠳᠠᠯ ᠢ ᠡᠵᠡᠮᠰᠢᠬᠦ᠂ ᠰᠢᠨ᠎ᠡ ᠬᠡᠪ ᠪᠠᠶᠢᠳᠠᠯ ᠢ ᠬᠦᠲᠦᠯᠦᠨ | ᠳᠠᠭᠠᠭᠤᠯᠬᠤ ᠶᠢᠨ ᠤᠬᠠᠮᠰᠠᠷᠲᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠣᠭᠲᠠᠭᠤᠨ ᠳᠤᠮᠳᠠ | ᠤᠷᠤᠭᠰᠢᠯᠬᠤ ᠠᠵᠢᠯ ᠤᠨ ᠶᠡᠷᠦᠩᠬᠡᠶ ᠬᠦᠭ ᠠᠶᠠᠰ ᠢ ᠪᠠᠷᠢᠮᠳᠠᠯᠠᠨ᠂ ᠬᠤᠷᠸ᠎ᠠ ᠲᠦᠷᠦ ᠶᠢᠨ ᠪᠤᠳᠤᠯᠭ᠎ᠠ ᠨᠢ | ᠲᠣᠭᠲᠠᠭᠤᠨ ᠪᠠᠶᠢᠬᠤ᠂ ᠠᠵᠤ ᠦᠢᠯᠡᠰ ᠤᠨ ᠲᠥᠷᠥ ᠶᠢᠨ ᠪᠤᠳᠤᠯᠭ᠎ᠠ ᠨᠢ ᠣᠨᠣᠪᠴᠢᠲᠠᠶ ᠪᠠᠶᠢᠬᠤ᠂ ᠬᠤᠮᠠᠬᠢ | ᠲᠦᠷᠦ ᠶᠢᠨ ᠪᠤᠳᠤᠯᠭ᠎ᠠ ᠨᠢ ᠠᠮᠢᠳᠤᠯᠢᠭ ᠪᠠᠶᠢᠬᠤ᠂ ᠥᠭᠡᠷᠡᠴᠢᠯᠡᠯᠲᠡ ᠶᠢᠨ ᠲᠦᠷᠦ ᠶᠢᠨ ᠪᠤᠳᠦᠯᠭ᠎ᠠ ᠨᠢ ᠪᠣᠳᠠᠲᠠᠶ | ᠪᠠᠶᠢᠬᠤ᠂ ᠨᠡᠶᠢᠭᠡᠮ ᠤᠨ ᠲᠦᠷᠦ ᠶᠢᠨ ᠪᠤᠳᠤᠯᠭ᠎ᠠ ᠨᠢ ᠰᠠᠭᠤᠷᠢᠲᠠᠢ ᠪᠠᠶᠢᠬᠤ ᠶᠡᠷᠦᠩᠬᠡᠶ ᠰᠡᠳᠬᠢᠴᠡ ᠶᠢ ᠬᠡᠷᠡᠭᠵᠢᠭᠦᠯᠵᠦ᠂ | ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠬᠦ᠂ ᠬᠠᠳᠠᠭᠠᠯᠠᠮᠵᠢ ᠶᠢ ᠪᠠᠭᠠᠰᠬᠠᠬᠤ᠂ ᠬᠦᠰᠢᠭᠦᠷᠭᠡ ᠶᠢ ᠠᠷᠢᠯᠭᠠᠬᠤ᠂ | ᠦᠪᠡᠷ ᠤᠨ ᠦᠷᠲᠡᠭ ᠢ ᠪᠠᠭᠤᠷᠠᠭᠤᠯᠬᠤ᠂ ᠳᠤᠲᠠᠮᠠᠭ ᠲᠠᠯ᠎ᠠ ᠪᠠᠨ ᠨᠦᠬᠦᠪᠦᠷᠢᠯᠡᠬᠦ ᠵᠡᠷᠭᠡ ᠠᠵᠢᠯ ᠢ ᠡᠷᠴᠢᠮᠲᠡᠢ | ᠠᠳᠬᠤᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠪᠠᠲᠤᠯᠠᠨ᠂ ︽ | 13᠂ 5︾ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ ᠡᠬᠢᠯᠡᠯᠲᠡ ᠶᠢ | ᠴᠢᠷᠮᠠᠶᠢᠨ ᠪᠡᠶᠡᠯᠡᠭᠦᠯᠬᠦ ᠬᠡᠷᠡᠭᠲᠡᠢ᠃ ᠡᠭᠦᠨ ᠤ ᠲᠤᠯᠠᠳᠠ᠂ ᠡᠳ᠋ ᠤᠨ ᠵᠠᠰᠠᠭ ᠠᠵᠤ ᠠᠬᠤᠶ ᠶᠢᠨ ᠺᠣᠮᠢᠰ ᠠᠴᠠ | ᠳᠣᠣᠷᠠᠬᠢ ᠮᠡᠲᠦ ᠰᠠᠨᠠᠭᠤᠯᠭ᠎ᠠ ᠳᠤᠷᠠᠳᠪᠠ᠄ | ︵ᠨᠢᠭᠡ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠢᠳᠡᠪᠬᠢᠲᠡᠶ | ᠲᠦᠯᠬᠢᠨ ᠠᠬᠢᠭᠤᠯᠬᠤ ᠬᠡᠷᠡᠭᠲᠡᠢ᠃ ᠶᠡᠷᠦᠩᠬᠡᠶ ᠬᠡᠷᠡᠭᠴᠡᠭᠡ ᠱᠠᠭᠠᠷᠳᠠᠯᠭ᠎ᠠ ᠶᠢ ᠲᠣᠬᠢᠷᠠᠮᠵᠢᠲᠠᠶ ᠥᠷᠭᠡᠳᠬᠡᠬᠦ ᠪᠠ | ᠬᠡᠷᠡᠭᠴᠡᠭᠡ ᠱᠠᠭᠠᠷᠳᠠᠯᠭ᠎ᠠ ᠶᠢᠨ ᠪᠦᠲᠦᠴᠡ ᠶᠢ ᠲᠣᠬᠢᠷᠠᠭᠤᠯᠬᠤ ᠶᠢᠨ ᠬᠠᠮᠲᠤ᠂ ᠬᠠᠩᠭᠠᠯᠭ᠎ᠠ ᠶᠢᠨ ᠪᠦᠲᠦᠴᠡ ᠶᠢ | ᠰᠠᠶᠢᠵᠢᠷᠠᠭᠤᠯᠤᠨ᠂ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠭᠤᠣᠯ | ᠰᠢᠪᠲᠤᠯᠤᠯᠲᠠ ᠶᠢᠨ ᠴᠢᠭᠯᠡᠯ ᠪᠣᠯᠭᠠᠬᠤ ᠬᠡᠷᠡᠭᠲᠡᠢ᠃ ᠮᠡᠷᠭᠡᠵᠢᠯ᠂ ᠪᠦᠲᠦᠭᠡᠭᠳᠡᠬᠦᠨ᠂ ᠡᠵᠡᠩᠨᠡᠯᠲᠡ ᠶᠢᠨ ᠬᠡᠯᠪᠡᠷᠢ | ᠪᠠᠶᠢᠳᠠᠯ ᠵᠡᠷᠭᠡ ᠲᠠᠯ᠎ᠠ ᠪᠠᠷ ᠰᠢᠨ᠎ᠡ ᠶᠢ ᠡᠭᠦᠳᠬᠦ ᠪᠠᠨ ᠲᠦᠷᠭᠡᠳᠬᠡᠵᠦ᠂ ᠰᠢᠨ᠎ᠡ ᠬᠠᠩᠭᠠᠯᠭ᠎ᠠ ᠶᠢ ᠲᠠᠰᠣᠷᠠᠯᠳᠠ ᠦᠭᠡᠢ | ᠡᠭᠦᠳᠴᠦ᠂ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰ ᠤᠨ ᠪᠦᠲᠦᠴᠡ ᠶᠢ | ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ | ᠮᠡᠷᠭᠡᠵᠢᠯ ᠤᠨ ᠥᠭᠡᠷᠡᠴᠢᠯᠡᠯᠲᠡ ᠪᠠ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢ ᠳᠡᠮᠵᠢᠵᠦ᠂ ᠰᠢᠨ᠎ᠡ ᠪᠠᠷ | ᠬᠥᠭᠵᠢᠭᠰᠡᠨ ᠠᠵᠤ ᠦᠢᠯᠡᠰ ᠢ ᠶᠡᠬᠡᠪᠡᠷ ᠪᠣᠶᠢᠵᠢᠭᠤᠯᠤᠨ᠂ ᠡᠷᠡᠭᠦᠯ ᠮᠡᠨᠳᠦ᠂ ᠰᠣᠶᠣᠯ᠂ ᠨᠠᠰᠤᠵᠢᠯ ᠤᠨ ᠠᠰᠠᠷᠠᠮᠵᠢ᠂ | ᠵᠤᠭᠠᠴᠠᠯ ᠵᠡᠷᠭᠡ ᠦᠢᠯᠡᠴᠢᠯᠡᠭᠡᠨ ᠤ ᠦᠢᠯᠡᠰ ᠢ ᠢᠳᠡᠪᠬᠢᠲᠡᠶ ᠪᠠᠷ ᠬᠦᠭᠵᠢᠭᠦᠯᠬᠦ ᠬᠡᠷᠡᠭᠲᠡᠢ᠃ ᠲᠦᠷᠦ ᠶᠢᠨ ᠪᠤᠳᠤᠯᠭ᠎ᠠ | ᠪᠠᠷ ᠬᠥᠲᠥᠯᠥᠨ ᠵᠢᠯᠤᠭᠤᠳᠬᠤ ᠪᠠ ᠳᠡᠮᠵᠢᠯᠭᠡ ᠦᠵᠡᠭᠦᠯᠬᠦ ᠶᠢ ᠴᠢᠩᠭᠠᠳᠬᠠᠵᠤ᠂ ᠤᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡᠪᠡᠷ ᠠᠪᠴᠤ ᠦᠯᠡᠭᠦᠳᠡᠯ ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠨ᠂ ᠭᠡᠷ ᠭᠠᠵᠠᠷ | ᠬᠦᠷᠦᠩᠭᠡ ᠶᠢᠨ ᠬᠠᠳᠠᠭᠠᠯᠠᠮᠵᠢ ᠶᠢ ᠢᠳᠡᠪᠬᠢᠲᠡᠶ ᠯᠠᠪᠳᠠᠭᠤᠨ ᠢᠶᠠᠷ ᠰᠢᠢᠳᠪᠦᠷᠢᠯᠡᠬᠦ ᠬᠡᠷᠡᠭᠲᠡᠢ᠃ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠤᠮᠳᠠᠬᠢ ᠪᠡᠶᠡᠴᠢ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ | ᠬᠤᠮᠠᠬᠢ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠦᠢ ᠣᠯᠠᠨ ᠢᠶᠠᠷ ᠢᠶᠠᠨ ᠠᠳᠠᠯ ᠦᠢᠯᠡᠰ | ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠤᠷᠠᠮᠰᠢᠭᠤᠯᠬᠤ ᠬᠡᠷᠡᠭᠲᠡᠢ᠃ ᠡᠯ᠎ᠡ ᠬᠦᠷᠢᠶᠡᠨ ᠤ | ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠡᠭᠡᠭᠡᠨ᠂ | ᠤᠯᠤᠰ ᠤᠨ ᠦᠮᠴᠢᠯᠡᠯᠲᠦ ᠠᠵᠤ ᠠᠬᠤᠶᠢᠯᠠᠯ᠂ ᠦᠨ᠎ᠡ ᠬᠠᠩᠰᠢ᠂ ᠨᠡᠶᠢᠭᠡᠮ ᠤᠨ ᠪᠠᠲᠤᠯᠠᠭ᠎ᠠ ᠵᠡᠷᠭᠡ ᠴᠢᠬᠤᠯᠠ | ᠬᠦᠷᠢᠶ᠎ᠡ ᠪᠠ ᠵᠠᠩᠭᠢᠯᠠᠭ᠎ᠠ ᠶᠢᠨ ᠲᠠᠯ᠎ᠠ ᠳᠠᠬᠢ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠂ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠬᠤᠪᠢᠷᠠᠭᠤᠯᠵᠤ᠂ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠵᠦ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠵᠦ᠂ ᠦᠢᠯᠡᠴᠢᠯᠡᠭᠡ ᠶᠢ ᠰᠢᠯᠢᠳᠡᠭᠵᠢᠭᠦᠯᠵᠦ | ᠂ ᠲᠥᠪ ᠭᠤᠣᠯᠴᠢ ᠪᠠᠷ ᠥᠷᠢᠰᠥᠯᠳᠦᠬᠦ᠂ ᠰᠢᠯᠢᠳᠡᠭ ᠢ ᠨᠢ ᠠᠪᠴᠤ ᠮᠠᠭᠤ ᠶᠢ ᠨᠢ ᠰᠢᠭᠰᠢᠭᠳᠡᠭᠦᠯᠬᠦ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠪᠠ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ | ᠬᠤᠳᠠᠯᠳᠤᠭ᠎ᠠ ᠡᠵᠡᠩᠨᠡᠬᠦ ᠣᠷᠴᠢᠨ ᠠᠬᠤᠶ ᠪᠠ ᠨᠡᠬᠡᠬᠡᠯᠲᠡ ᠶᠢᠨ ᠪᠠᠶᠢᠷᠢᠰᠢᠯ ᠢ ᠪᠦᠷᠢᠨᠰᠢᠭᠦᠯᠵᠦ᠂ ᠦᠢᠯᠡᠴᠢᠯᠡᠭᠡᠨ ᠤ | ᠠᠷᠠᠯᠵᠢᠶ᠎ᠠ ᠶᠢᠨ ᠬᠥᠭᠵᠢᠯᠲᠡ ᠶᠢ ᠲᠦᠷᠭᠡᠳᠬᠡᠨ᠂ ᠭᠠᠳᠠᠭᠠᠳᠤ ᠠᠵᠤ ᠠᠬᠤᠶ ᠶᠢᠨ ᠰᠢᠨ᠎ᠡ ᠳᠠᠪᠠᠭᠤᠯᠢᠭ ᠢ | ᠪᠣᠶᠢᠵᠢᠭᠤᠯᠬᠤ ᠬᠡᠷᠡᠭᠲᠡᠢ᠃ | ︵ᠬᠤᠶᠠᠷ︶ ᠪᠣᠳᠠᠲᠤ ᠴᠣᠭᠴᠠ ᠶᠢᠨ ᠠᠵᠤ ᠠᠬᠤᠶ ᠶᠢ ᠳᠡᠮᠵᠢᠬᠦ ᠡᠷᠴᠢᠮ ᠢᠶᠠᠨ ᠦᠨᠡᠨᠬᠦ ᠴᠢᠩᠭᠠᠷᠠᠭᠤᠯᠬᠤ | ᠬᠡᠷᠡᠭᠲᠡᠢ᠃ ᠢᠳᠡᠪᠬᠢᠲᠡᠢ ᠡᠳ᠋ ᠤᠨ ᠵᠠᠰᠠᠭ ᠤᠨ ᠲᠥᠷᠦ ᠶᠢᠨ ᠪᠤᠳᠤᠯᠭ᠎ᠠ ᠪᠠ ᠯᠠᠪᠳᠠᠭᠤᠨ ᠲᠣᠭᠲᠠᠭᠤᠨ ᠵᠣᠭᠤᠰᠣᠨ ᠤ | ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠤᠯᠠᠨ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ | ᠪᠠᠷᠢᠯ ᠢ ᠨᠢᠭᠡᠳᠦᠯᠲᠡᠶ ᠬᠡᠷᠡᠭᠯᠡᠨ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠬᠡᠷᠡᠭᠲᠡᠢ᠃ | ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠭᠠᠶᠢᠯᠢ ᠢ ᠬᠠᠰᠤᠨ ᠵᠠᠷᠤᠳᠠᠯ ᠢ | ᠦᠭᠡᠶᠢᠰᠬᠡᠬᠦ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠵᠡᠷᠭᠡ ᠲᠥᠷᠦ ᠶᠢᠨ ᠪᠣᠳᠤᠯᠭ᠎ᠠ ᠶᠢ ᠤᠯᠠᠮ ᠨᠢᠭᠡ | ᠠᠯᠬᠤᠮ ᠨᠠᠶᠢᠳᠠᠪᠤᠷᠢᠵᠢᠭᠤᠯᠬᠤ ᠬᠡᠷᠡᠭᠲᠡᠢ᠃ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ ᠪᠠᠶᠢᠭᠠᠳ᠂ ᠠᠵᠤ | ᠠᠬᠤᠶᠢᠯᠠᠯ ᠤᠨ ᠠᠷᠠᠯᠵᠢᠶ᠎ᠠ ᠰᠣᠯᠢᠯᠴᠠᠭ᠎ᠠ᠂ ᠬᠥᠮᠦᠨ ᠤ ᠬᠦᠴᠦ᠂ ᠡᠳ᠋ ᠪᠠᠷᠠᠭᠠᠨ ᠤ ᠭᠦᠢᠯᠭᠡᠭᠡ᠂ ᠡᠳ᠋ ᠤᠨ ᠶᠠᠪᠤᠳᠠᠯ᠂ | ᠡᠨᠧᠷᠭᠢ ᠬᠡᠷᠡᠭᠯᠡᠬᠦ ᠵᠡᠷᠭᠡ ᠥᠪᠡᠷ ᠤᠨ ᠦᠷᠳᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠨᠡᠶᠢᠭᠡᠮ ᠤᠨ | ᠳᠠᠭᠠᠳᠬᠠᠯ ᠤᠨ ᠰᠦᠢᠳᠭᠡᠯ ᠤᠨ ᠳᠠᠷᠤᠭᠠᠰᠤ ᠶᠢ ᠬᠦᠩᠭᠡᠷᠡᠭᠦᠯᠦᠨ᠂ ᠵᠠᠭᠤᠴᠢ ᠦᠢᠯᠡᠴᠢᠯᠡᠭᠡᠨ ᠤ ᠰᠦᠢᠳᠬᠡᠯ | ᠬᠤᠷᠢᠶᠠᠬᠤ ᠶᠢ ᠢᠯᠭᠠᠷᠠᠭᠤᠯᠤᠨ ᠵᠢᠷᠤᠮᠵᠢᠭᠤᠯᠬᠤ ᠬᠡᠷᠡᠭᠲᠡᠢ᠃ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠶᠢᠨ | ᠳᠡᠭᠡᠭᠰᠢᠯᠡᠭᠦᠯᠬᠦ ᠬᠡᠮᠵᠢᠶ᠎ᠡ ᠶᠢ ᠵᠦᠢ ᠵᠣᠬᠢᠰᠲᠠᠶ ᠡᠵᠡᠮᠳᠡᠬᠦ ᠬᠡᠷᠡᠭᠲᠡᠢ᠃ ᠪᠡᠯᠡ ᠣᠷᠣᠭᠤᠯᠤᠯᠲᠠ ᠶᠢᠨ ᠪᠦᠲᠦᠴᠡ ᠶᠢ | ᠰᠢᠯᠢᠳᠡᠭᠵᠢᠭᠦᠯᠦᠨ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠵᠣᠭᠤᠰᠣᠨ ᠤ | ᠲᠦᠷᠦ ᠶᠢᠨ ᠪᠤᠳᠤᠯᠭ᠎ᠠ ᠶᠢ ᠤᠶᠠᠨ ᠬᠠᠲᠠᠨ ᠵᠣᠬᠢᠰᠲᠠᠢ ᠪᠠᠶᠢᠯᠭᠠᠵᠤ᠂ ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ | ᠬᠦᠷᠦᠯᠴᠡᠭᠡ ᠲᠠᠢ ᠪᠠᠶᠢᠬᠤ ᠶᠢ ᠪᠠᠲᠤᠯᠠᠵᠤ᠂ ᠬᠦᠷᠦᠩᠭᠡ ᠶᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠤᠨ᠂ ᠰᠢᠭᠤᠳ | ᠪᠡᠯᠡ ᠲᠣᠬᠢᠷᠠᠭᠤᠯᠬᠤ ᠬᠤᠪᠢ ᠶᠢᠨ ᠵᠢᠩ ᠢ ᠥᠷᠭᠡᠳᠬᠡᠵᠦ᠂ ᠪᠣᠳᠠᠲᠤ ᠴᠣᠭᠴᠠ ᠶᠢᠨ ᠠᠵᠤ ᠠᠬᠤᠶ ᠶᠢᠨ ᠪᠡᠯᠡ | ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠤᠨ᠂ ᠪᠡᠯᠡ ᠲᠣᠬᠢᠷᠠᠭᠤᠯᠭ᠎ᠠ ᠬᠦᠴᠢᠷᠲᠡᠶ ᠪᠠ ᠦᠨᠡᠲᠡᠶ ᠪᠠᠶᠢᠬᠤ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠠᠴᠠ ᠪᠣᠳᠠᠲᠤ ᠴᠣᠭᠴᠠ ᠶᠢᠨ ᠠᠵᠤ | ᠠᠬᠤᠶ ᠳᠤ ᠦᠢᠯᠡᠴᠢᠯᠡᠬᠦ ᠦᠷ᠎ᠡ ᠪᠦᠲᠦᠮᠵᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠵᠦᠢᠯ ᠤᠨ ᠦᠮᠴᠢᠯᠡᠯᠲᠦ ᠠᠵᠤ | ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠡᠯ᠎ᠡ ᠵᠦᠢᠯ ᠤᠨ ᠦᠮᠴᠢᠯᠡᠯᠲᠦ ᠠᠵᠤ | ᠠᠬᠤᠶᠢᠯᠠᠯ ᠤᠨ ᠰᠢᠨ᠎ᠡ ᠶᠢ ᠡᠭᠦᠳᠦᠨ ᠬᠦᠭᠵᠢᠭᠦᠯᠬᠦ ᠶᠢ ᠨᠢ ᠵᠣᠷᠢᠭᠵᠢᠭᠤᠯᠤᠨ ᠳᠡᠮᠵᠢᠵᠦ᠂ ᠠᠵᠤ ᠠᠬᠤᠶᠢᠯᠠᠯ ᠤᠨ | ᠪᠡᠯᠡ ᠣᠷᠣᠭᠤᠯᠬᠤ ᠢᠲᠡᠭᠡᠯ ᠵᠣᠷᠢᠭ ᠢ ᠬᠥᠪᠴᠢᠯᠡᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠲᠥᠰᠦᠪᠯᠡᠯ ᠢ | ᠰᠠᠶᠢᠵᠢᠷᠠᠭᠤᠯᠬᠤ ᠬᠡᠷᠡᠭᠲᠡᠢ᠃ | ︵ᠭᠤᠷᠪᠠ︶ ᠬᠥᠳᠡᠭᠡ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠥᠷᠭᠡᠨ ᠬᠤᠪᠢᠷᠠᠭᠤᠯᠬᠤ | ᠬᠡᠷᠡᠭᠲᠡᠢ᠃ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠬᠥᠳᠡᠭᠡ ᠠᠵᠤ | ᠠᠬᠤᠶ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠨᠢᠭᠡ ᠬᠤᠶᠠᠷ | ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠤᠨ᠂ ᠲᠠᠷᠢᠶᠠᠯᠠᠩ ᠤᠨ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ | ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠡᠮᠬᠢ | ᠵᠢᠷᠤᠮ ᠲᠠᠢ ᠪᠠᠷ ᠡᠷᠭᠢᠯᠳᠦᠭᠦᠯᠬᠦ ᠶᠢ ᠬᠠᠤᠯᠢ ᠶᠣᠰᠣᠭᠠᠷ ᠠᠬᠢᠭᠤᠯᠵᠤ᠂ ᠤᠯᠠᠨ ᠵᠦᠢᠯ ᠤᠨ ᠬᠡᠯᠪᠡᠷᠢ ᠪᠦᠬᠦᠢ ᠵᠣᠬᠢᠬᠤ | ᠬᠡᠪᠴᠢᠶᠡᠨ ᠤ ᠡᠵᠡᠩᠨᠡᠯᠲᠡ ᠶᠢ ᠲᠥᠷᠭᠡᠨ ᠬᠦᠭᠵᠢᠭᠦᠯᠬᠦ ᠬᠡᠷᠡᠭᠲᠡᠢ᠃ ᠬᠥᠳᠡᠭᠡ ᠲᠣᠰᠬᠤᠨ ᠤ ᠬᠠᠮᠲᠤ ᠶᠢᠨ | ᠥᠮᠴᠢᠯᠡᠯ ᠤᠨ ᠡᠷᠬᠡ ᠶᠢᠨ ᠳᠦᠷᠢᠮ᠂ ᠲᠠᠷᠢᠶᠠᠨ ᠭᠠᠵᠠᠷ ᠬᠠᠭᠠᠯᠪᠤᠷᠢᠯᠠᠯᠲᠠ ᠪᠣᠯᠤᠨ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠲᠠᠷᠢᠶᠠᠯᠠᠩ ᠤᠨ | ᠪᠦᠲᠦᠭᠡᠭᠳᠡᠬᠦᠨ ᠤ ᠦᠨ᠎ᠡ ᠬᠠᠩᠰᠢ ᠶᠢ ᠦᠭᠡᠷᠡᠴᠢᠯᠡᠬᠦ ᠶᠢ ᠲᠣᠭᠲᠠᠴᠠ ᠪᠣᠯᠭᠠᠵᠤ᠂ ᠠᠮᠤ ᠪᠤᠳᠠᠭ᠎ᠠ ᠵᠡᠷᠭᠡ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠢ ᠬᠤᠷᠢᠶᠡᠨ ᠨᠥᠭᠡᠴᠡᠯᠡᠬᠦ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠲᠠᠷᠢᠶᠠᠨ | ᠡᠮ᠂ ᠬᠢᠮᠢ ᠶᠢᠨ ᠪᠤᠷᠳᠤᠭᠤᠷ᠂ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠣᠣ ᠶᠢ ᠬᠡᠷᠡᠭᠯᠡᠭᠦᠯᠬᠦ ᠶᠢ ᠪᠠᠭᠠᠰᠬᠠᠬᠤ ᠶᠢ | ᠲᠦᠯᠬᠢᠨ ᠠᠬᠢᠭᠤᠯᠵᠤ᠂ ᠲᠠᠷᠢᠶᠠᠯᠠᠩ ᠤᠨ ᠤᠯᠠᠨ ᠡᠬᠢᠳᠦ ᠪᠣᠬᠢᠷᠲᠤᠯ ᠢ ᠰᠡᠷᠭᠡᠶᠢᠯᠡᠨ ᠵᠠᠰᠠᠬᠤ ᠪᠠᠨ ᠴᠢᠩᠭᠠᠳᠬᠠᠨ᠂ | ᠲᠠᠷᠢᠶᠠᠯᠠᠩ ᠤᠨ ᠪᠠᠷᠢᠮᠵᠢᠶᠠᠵᠢᠭᠰᠠᠨ ᠦᠢᠯᠡᠳᠪᠦᠷᠢᠯᠡᠯ ᠢ ᠳᠡᠯᠭᠡᠷᠡᠭᠦᠯᠵᠦ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ | ᠬᠦᠷᠲᠡᠯᠡᠬᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ ᠢᠳᠡᠭᠡᠨ ᠤ ᠠᠮᠤᠷ ᠲᠥᠪᠰᠢᠨ ᠢ ᠬᠢᠨᠠᠨ | ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠲᠠᠷᠢᠶᠠᠴᠢᠳ ᠤᠨ ᠦᠢᠯᠡᠳᠪᠦᠷᠢᠯᠡᠯ | ᠠᠮᠢᠳᠤᠷᠠᠯ ᠤᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠲᠠᠷᠢᠶᠠᠯᠠᠩ ᠠᠴᠠ ᠰᠢᠯᠵᠢᠭᠰᠡᠨ ᠬᠥᠮᠦᠨ | ᠠᠮᠠ ᠶᠢ ᠬᠤᠲᠠ ᠶᠢᠨ ᠠᠷᠠᠳ ᠪᠣᠯᠭᠠᠬᠤ ᠶᠢ ᠲᠥᠷᠭᠡᠳᠬᠡᠨ᠂ ᠡᠳ᠋ ᠤᠨ ᠵᠠᠰᠠᠭ ᠤᠨ ᠰᠢᠯᠵᠢᠭᠦᠯᠦᠨ ᠥᠭᠬᠦ ᠶᠢ | ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠶᠠᠪᠤᠳᠠᠯ ᠲᠠᠢ ᠬᠤᠯᠪᠣᠭᠳᠠᠭᠤᠯᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ ᠬᠤᠳᠠ ᠪᠠᠯᠭᠠᠰᠣᠵᠢᠯᠳᠡ ᠪᠠ ᠲᠠᠷᠢᠶᠠᠯᠠᠩ ᠤᠨ | ᠣᠳᠣᠬᠢᠴᠢᠯᠠᠯᠲᠠ ᠶᠢᠨ ᠬᠠᠷᠢᠯᠴᠠᠨ ᠬᠤᠯᠪᠣᠭᠳᠠᠵᠤ ᠬᠠᠷᠢᠯᠴᠠᠨ ᠨᠥᠬᠦᠴᠡᠯᠳᠦᠬᠦ ᠶᠢ ᠠᠬᠢᠭᠤᠯᠵᠤ᠂ ᠵᠣᠬᠢᠴᠠᠩᠭᠤᠶ ᠪᠠᠷ | ᠬᠦᠭᠵᠢᠭᠦᠯᠬᠦ ᠬᠡᠷᠡᠭᠲᠡᠢ᠃ | ︵ᠲᠦᠷᠪᠡ︶ ᠡᠬᠢ ᠪᠠᠶᠠᠯᠢᠭ ᠢ ᠠᠷᠪᠢᠯᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ | ᠶᠡᠭᠡ ᠪᠠᠷ ᠲᠦᠯᠬᠢᠨ ᠠᠬᠢᠭᠤᠯᠬᠤ ᠬᠡᠷᠡᠭᠲᠡᠶ᠃ ᠠᠮᠢ ᠠᠬᠤᠶ ᠶᠢᠨ ᠪᠣᠯᠪᠠᠰᠤᠨ ᠤ ᠬᠠᠷᠠᠯᠲᠠ ᠶᠢ ᠦᠨᠡᠯᠡᠨ ᠰᠢᠯᠭᠠᠬᠤ | ᠠᠷᠭ᠎ᠠ ᠶᠢ ᠲᠣᠭᠲᠠᠭᠠᠨ ᠨᠡᠶᠢᠲᠡᠯᠡᠵᠦ᠂ ᠪᠣᠬᠢᠷᠲᠤᠯ ᠦᠭᠡᠢ ᠦᠢᠯᠡᠳᠪᠦᠷᠢᠯᠡᠯ ᠤᠨ ᠠᠷᠭ᠎ᠠ ᠮᠠᠶ᠋ᠢᠭ ᠪᠣᠯᠤᠨ | ᠠᠮᠢᠳᠤᠷᠠᠯ ᠤᠨ ᠬᠡᠯᠪᠡᠷᠢ ᠶᠢᠨ ᠪᠦᠷᠢᠯᠳᠦᠯ ᠢ ᠠᠬᠢᠭᠤᠯᠬᠤ ᠶᠢ ᠨᠡᠩ ᠴᠢᠬᠤᠯᠠᠴᠢᠯᠠᠬᠤ ᠬᠡᠷᠡᠭᠲᠡᠢ᠃ ᠬᠢᠵᠠᠭᠠᠷᠯᠠᠬᠤ | ᠴᠢᠨᠠᠷᠲᠠᠶ ᠭᠦᠢᠴᠡᠳᠬᠡᠬᠦ ᠲᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠰᠤᠷᠪᠤᠯᠵᠢ ᠪᠣᠯᠣᠨ | ᠤᠰᠤᠨ ᠤ ᠡᠬᠢ ᠪᠠᠶᠠᠯᠢᠭ ᠤᠨ ᠬᠤᠷᠣᠭᠳᠠᠯ᠂ ᠪᠦᠳᠣᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠶᠡᠷᠦᠩᠬᠡᠶ | ᠬᠡᠮᠵᠢᠶ᠎ᠡ ᠪᠣᠯᠣᠨ ᠬᠦᠴᠦᠯᠡᠴᠡ ᠬᠤᠶᠠᠷ ᠢ ᠬᠢᠵᠠᠭᠠᠷᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠪᠣᠬᠢᠷᠲᠤᠯ | ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠡ ᠰᠣᠯᠢᠯᠴᠠᠭᠠᠨ ᠤ ᠵᠠᠬ᠎ᠠ | ᠳᠡᠯᠭᠡᠭᠦᠷ ᠢ ᠪᠤᠶᠢᠵᠢᠭᠤᠯᠤᠨ ᠬᠥᠭᠵᠢᠭᠦᠯᠬᠦ ᠬᠡᠷᠡᠭᠲᠡᠢ᠃ ᠰᠠᠯᠬᠢᠨ ᠤ ᠡᠨᠧᠷᠭᠢ᠂ ᠨᠡᠷᠡᠨ ᠤ ᠡᠨᠧᠷᠭᠢ᠂ ᠠᠮᠢᠳᠤ | ᠪᠣᠳᠠᠰ ᠤᠨ ᠮᠠᠰ ᠤᠨ ᠡᠨᠧᠷᠭᠢ ᠵᠡᠷᠭᠡ ᠴᠡᠪᠡᠷ ᠡᠨᠧᠷᠭᠢ ᠶᠢ ᠢᠳᠡᠪᠬᠢᠲᠡᠶ ᠪᠠᠷ ᠬᠥᠭᠵᠢᠭᠦᠯᠦᠨ ᠠᠰᠢᠭᠯᠠᠵᠤ᠂ | ᠡᠨᠧᠷᠭᠢ ᠶᠢᠨ ᠬᠡᠷᠡᠭᠯᠡᠭᠡᠨ ᠳᠠᠬᠢ ᠨᠡᠭᠦᠷᠡᠰᠦ ᠶᠢᠨ ᠬᠤᠪᠢ ᠶᠢᠨ ᠵᠢᠩ ᠢ ᠪᠠᠭᠤᠷᠠᠭᠤᠯᠬᠤ ᠬᠡᠷᠡᠭᠲᠡᠢ᠃ ᠨᠡᠭᠦᠷᠡᠰᠦ | ᠠᠰᠢᠭᠯᠠᠬᠤ ᠲᠥᠪᠯᠡᠷᠡᠯ ᠤᠨ ᠬᠡᠮᠵᠢᠶ᠎ᠡ ᠪᠣᠯᠣᠨ ᠨᠡᠭᠦᠷᠡᠰᠦ ᠰᠢᠲᠠᠭᠠᠬᠤ ᠮᠡᠷᠭᠡᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ | ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠮᠡᠷᠭᠡᠵᠢᠯ ᠢ ᠳᠡᠯᠭᠡᠷᠡᠭᠦᠯᠦᠨ᠂ | ᠰᠢᠳᠠᠭᠠᠯᠭ᠎ᠠ ᠶᠢᠨ ᠲᠤᠰᠤᠨ ᠤ ᠴᠢᠨᠠᠷ ᠢ ᠳᠡᠭᠡᠭᠰᠢᠯᠡᠭᠦᠯᠵᠦ᠂ ᠠᠭᠠᠷ ᠮᠠᠨᠳᠠᠯ ᠤᠨ ᠪᠣᠬᠢᠷ ᠮᠠᠨᠠᠨ ᠢ ᠶᠡᠬᠡᠬᠡᠨ ᠬᠦᠴᠦ | ᠣᠷᠣᠭᠤᠯᠵᠤ ᠵᠠᠰᠠᠬᠤ ᠬᠡᠷᠡᠭᠲᠡᠢ᠃ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠪᠣᠬᠢᠷᠲᠤᠯ ᠦᠭᠡᠢ | ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠦᠢᠯᠡᠳᠬᠦ ᠦᠢᠯᠡᠰ ᠤᠨ ᠪᠣᠬᠢᠷᠲᠤᠯ ᠦᠭᠡᠢ | ᠥᠭᠡᠷᠡᠴᠢᠯᠡᠯᠲᠡ ᠶᠢ ᠥᠷᠨᠢᠭᠦᠯᠦᠨ᠂ ᠪᠣᠬᠢᠷᠲᠤᠯ ᠦᠭᠡᠢ ᠴᠡᠪᠡᠷ ᠦᠢᠯᠡᠳᠪᠦᠷᠢᠯᠡᠯ ᠢ ᠳᠡᠮᠵᠢᠵᠦ᠂ ᠣᠷᠴᠢᠯ ᠠᠵᠤ | ᠠᠬᠤᠢ ᠶᠢ ᠲᠦᠷᠭᠡᠨ ᠬᠥᠭᠵᠢᠭᠦᠯᠬᠦ ᠬᠡᠷᠡᠭᠲᠡᠢ᠃ ᠬᠤᠳᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠬᠥᠳᠡᠭᠡ ᠲᠣᠰᠬᠤᠨ ᠤ ᠣᠷᠴᠢᠨ ᠲᠣᠭᠤᠷᠢᠨ ᠢ ᠵᠠᠰᠠᠬᠤ ᠡᠷᠴᠢᠮ ᠢ ᠴᠢᠩᠭᠠᠷᠠᠭᠤᠯᠤᠨ᠂ ᠰᠠᠪᠠ ᠭᠠᠵᠠᠷ ᠤᠨ ᠤᠰᠤᠨ ᠤ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠢ᠃ ᠣᠷᠴᠢᠨ ᠲᠣᠭᠤᠷᠢᠨ ᠢ | ᠬᠠᠮᠠᠭᠠᠯᠠᠬᠤ ᠰᠢᠨ᠎ᠡ ᠬᠠᠤᠯᠢ ᠶᠢ ᠴᠢᠩᠭ᠎ᠠ ᠬᠡᠷᠡᠭᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠬᠡᠮᠵᠢᠬᠦ | ᠬᠢᠷᠢ ᠬᠡᠮᠵᠢᠶ᠎ᠡ ᠪᠣᠯᠣᠨ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ︵ᠲᠠᠪᠤ︶ ᠨᠡᠶᠢᠭᠡᠮ ᠤᠨ ᠦᠢᠯᠡᠰ ᠪᠣᠯᠣᠨ ᠠᠷᠠᠳ ᠤᠨ ᠠᠮᠢᠳᠤᠷᠠᠯ ᠤᠨ ᠰᠠᠶᠢᠵᠢᠷᠠᠭᠤᠯᠤᠯᠲᠠ ᠶᠢ | ᠥᠷᠭᠦᠯᠵᠢᠯᠡᠨ ᠬᠥᠭᠵᠢᠬᠦᠯᠬᠦ ᠬᠡᠷᠡᠭᠲᠡᠶ᠃ ᠰᠤᠷᠭᠠᠨ ᠬᠥᠮᠦᠵᠢᠯ ᠤᠨ ᠭᠤᠣᠯᠴᠢ ᠬᠥᠭᠵᠢᠯᠲᠡ ᠪᠣᠯᠣᠨ ᠶᠠᠰᠤ ᠴᠢᠨᠠᠷ ᠤᠨ | ᠳᠡᠭᠡᠭᠰᠢᠯᠡᠯᠲᠡ ᠶᠢ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠨᠢᠬᠡᠲᠦᠯᠲᠡᠢ ᠪᠣᠯᠭᠠᠵᠤ᠂ ᠣᠯᠠᠨ ᠨᠡᠶᠢᠲᠡ ᠶᠢᠨ ᠰᠤᠷᠭᠠᠨ | ᠬᠥᠮᠦᠵᠢᠯ ᠤᠨ ᠣᠷᠣᠭᠤᠯᠤᠯᠲᠠ ᠶᠢ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠪᠣᠯᠣᠨ ᠬᠢᠯᠢ ᠬᠢᠵᠠᠭᠠᠷ ᠣᠷᠣᠨ᠂ | ᠶᠠᠳᠠᠭᠤ ᠬᠦᠴᠢᠷᠳᠡᠯᠲᠡᠶ ᠭᠠᠵᠠᠷ ᠣᠷᠣᠨ ᠲᠡᠰᠢ ᠬᠡᠯᠪᠠᠶᠢᠯᠭᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠰᠢᠨᠵᠢᠯᠡᠬᠦ | ᠤᠬᠠᠭᠠᠨ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ ᠨᠡᠶᠢᠭᠡᠮ ᠤᠨ ᠦᠢᠯᠡᠰ ᠤᠨ | ᠥᠭᠡᠷᠡᠴᠢᠯᠡᠯᠲᠡ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ ᠠᠵᠢᠯ ᠣᠯᠭᠤᠯᠲᠠ ᠶᠢᠨ ᠨᠡᠩ ᠢᠳᠡᠪᠬᠢᠲᠡᠶ | ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ | ᠳᠠᠶᠢᠴᠢᠯᠠᠬᠤ ᠶᠢ ᠵᠣᠷᠢᠭᠵᠢᠭᠤᠯᠵᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠪᠣᠯᠣᠨ ᠳᠠᠬᠢᠨ ᠠᠵᠢᠯ | ᠣᠯᠭᠤᠬᠤ ᠶᠢ ᠰᠠᠶᠢᠲᠤᠷ ᠠᠳᠬᠤᠵᠤ᠂ ᠬᠡᠰᠡᠭ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠠᠴᠠ ᠪᠠᠨ ᠪᠠᠭᠤᠵᠤ | ᠠᠵᠢᠯ ᠠᠯᠳᠠᠬᠤ᠂ ᠣᠷᠣᠯᠭ᠎ᠠ ᠪᠠᠭᠤᠷᠠᠬᠤ ᠵᠡᠷᠭᠡ ᠠᠰᠠᠭᠤᠳᠠᠯ ᠢ ᠲᠣᠬᠢᠲᠠᠶ ᠠᠷᠭᠠᠴᠠᠬᠤ ᠬᠡᠷᠡᠭᠲᠡᠢ᠃ ᠤᠯᠤᠰ ᠤᠨ | ᠥᠮᠴᠢᠯᠡᠯ ᠤᠨ ᠬᠡᠰᠡᠭ ᠬᠥᠷᠥᠩᠭᠡ ᠶᠢ ᠬᠤᠪᠢᠶᠠᠨ ᠰᠢᠯᠵᠢᠭᠦᠯᠵᠦ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ | ᠳᠡᠭᠦᠯᠳᠡᠷᠵᠢᠭᠦᠯᠬᠦ ᠠᠷᠭ᠎ᠠ ᠶᠢ ᠲᠣᠭᠲᠠᠭᠠᠬᠤ ᠬᠡᠷᠡᠭᠲᠡᠢ᠃ ᠠᠵᠢᠯᠳᠠᠨ ᠠᠵᠢᠯᠴᠢᠨ ᠤ ᠨᠠᠰᠤᠵᠢᠯ ᠤᠨ ᠦᠨᠳᠦᠰᠦᠨ | ᠠᠰᠠᠷᠠᠮᠵᠢ ᠶᠢᠨ ᠮᠥᠩᠭᠦ ᠶᠢ ᠪᠦᠬᠦ ᠤᠯᠤᠰ ᠲᠤ ᠨᠢᠭᠡᠳᠦᠯᠲᠡᠶ ᠲᠥᠯᠥᠪᠯᠡᠬᠦ ᠶᠢ ᠲᠦᠯᠬᠢᠨ ᠠᠬᠢᠭᠤᠯᠵᠤ᠂ ᠨᠠᠰᠤᠵᠢᠯ ᠤᠨ | ᠦᠨᠳᠦᠰᠦᠨ ᠠᠰᠠᠷᠠᠮᠵᠢ ᠶᠢᠨ ᠮᠥᠩᠭᠦ ᠶᠢ ᠵᠦᠢ ᠵᠣᠬᠢᠰᠲᠠᠶ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ | ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠬᠤ ᠠᠷᠭ᠎ᠠ ᠬᠡᠮᠵᠢᠶ᠎ᠡ ᠪᠣᠯᠣᠨ ᠬᠤᠶᠠᠷ ᠬᠡᠦᠬᠡᠳ ᠠᠪᠴᠤ ᠪᠣᠯᠬᠤ | ᠲᠥᠬᠦᠷ ᠲᠦᠷᠦ ᠶᠢᠨ ᠪᠤᠳᠤᠯᠭ᠎ᠠ ᠶᠢ ᠱᠠᠯᠠᠪᠳᠠᠨ ᠰᠤᠳᠤᠯᠤᠨ ᠲᠣᠭᠲᠠᠭᠠᠬᠤ ᠬᠡᠷᠡᠭᠲᠡᠢ᠃ ᠦᠨᠳᠦᠰᠦᠨ ᠱᠠᠲᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠤᠯᠤᠰ ᠳᠠᠶᠠᠭᠠᠷ ᠲᠤ ᠰᠦᠯᠵᠢᠶᠡᠵᠢᠭᠦᠯᠬᠦ ᠪᠠ ᠡᠮᠨᠡᠭᠦᠯᠭᠡ ᠶᠢ ᠣᠨᠳᠣᠣ | ᠭᠠᠵᠠᠷ ᠲᠠᠰᠤᠯᠤᠨ ᠪᠤᠳᠤᠬᠤ ᠶᠢ ᠲᠦᠷᠭᠡᠨ ᠠᠬᠢᠭᠤᠯᠵᠤ᠂ ᠬᠦᠨᠳᠦ ᠡᠪᠡᠳᠴᠢᠨ ᠤ ᠳᠠᠭᠠᠳᠬᠠᠯ ᠤᠨ ᠪᠦᠷᠢᠨ | ᠪᠦᠷᠭᠦᠭᠦᠯᠲᠡ ᠶᠢ ᠪᠡᠶᠡᠯᠡᠭᠦᠯᠵᠦ᠂ ᠬᠦᠨᠳᠦ ᠡᠪᠡᠳᠴᠢᠨ ᠲᠠᠢ ᠡᠪᠡᠳᠴᠢᠲᠡᠨ ᠤ ᠡᠮᠴᠢᠯᠡᠭᠦᠯᠬᠦ ᠳᠠᠷᠤᠭᠠᠰᠤ ᠶᠢ ᠨᠢ | ᠪᠦᠲᠦᠮᠵᠢᠲᠡᠶ ᠪᠠᠷ ᠬᠥᠡᠭᠭᠡᠷᠡᠭᠦᠯᠬᠦ ᠬᠡᠷᠡᠭᠲᠡᠢ᠃ ᠲᠦᠷ ᠴᠠᠭ ᠤᠨ ᠠᠪᠤᠷᠠᠨ ᠲᠤᠰᠠᠯᠠᠬᠤ ᠲᠦᠷᠢᠮ ᠢ | ᠨᠠᠶᠢᠳᠠᠪᠤᠷᠢᠵᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ | ᠲᠡᠵᠢᠭᠡᠬᠦ᠂ ᠵᠡᠮᠳᠡᠭᠴᠦᠳ ᠤᠨ ᠪᠠᠲᠤᠯᠠᠭ᠎ᠠ ᠵᠡᠷᠭᠡ ᠰᠠᠭᠤᠷᠢ ᠴᠢᠨᠠᠷᠲᠠᠶ ᠳᠦᠷᠢᠮ ᠢ ᠪᠦᠷᠢᠨᠰᠢᠭᠦᠯᠬᠦ ᠬᠡᠷᠡᠭᠲᠡᠢ᠃ | ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠢ᠃ ᠲᠦᠢᠯ ᠤᠨ ᠣᠨᠣᠪᠴᠢᠲᠠᠢ ᠪᠠᠷ ᠶᠠᠳᠠᠭᠤ ᠶᠢ | ᠲᠡᠳᠬᠦᠬᠦ ᠪᠠ ᠶᠠᠳᠠᠭᠤ ᠠᠴᠠ ᠠᠩᠭᠢᠵᠢᠷᠠᠭᠤᠯᠬᠤ ᠶᠢ ᠲᠦᠯᠬᠢᠨ ᠠᠬᠢᠭᠤᠯᠵᠤ᠂ ᠶᠠᠳᠠᠭᠤ ᠬᠦᠴᠢᠷᠳᠡᠯᠲᠡᠶ ᠬᠥᠮᠦᠨ | ᠠᠮᠠ ᠶᠢ ᠶᠠᠳᠠᠭᠤ ᠠᠴᠠ ᠠᠩᠭᠢᠵᠢᠷᠠᠭᠤᠯᠬᠤ ᠣᠨ ᠤ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ︵ᠵᠢᠷᠭᠤᠭ᠎ᠠ︶ ᠳᠠᠯᠳᠠ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠶ᠃ | ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠠᠵᠤ ᠠᠬᠤᠶ ᠶᠢᠨ | ᠪᠠᠭᠤᠷᠠᠯᠲᠠ ᠶᠢᠨ ᠪᠣᠯᠣᠭᠰᠠᠨ ᠳᠠᠯᠳᠠ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ | ᠦᠢᠯᠡᠳᠪᠦᠷᠢᠯᠡᠯ ᠤᠨ ᠴᠢᠳᠠᠮᠵᠢ ᠶᠢ ᠦᠭᠡᠶᠢᠰᠬᠡᠬᠦ᠂ ᠬᠥᠮᠥᠷᠭᠡ ᠶᠢᠨ ᠬᠠᠳᠠᠭᠠᠯᠠᠮᠵᠢ ᠶᠢ ᠪᠠᠭᠠᠰᠬᠠᠬᠤ᠂ ᠬᠥᠰᠢᠭᠦᠷᠭᠡ ᠶᠢ | ᠦᠭᠡᠶᠢᠰᠬᠡᠬᠦ︾ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠣᠷᠣᠨ ᠨᠤᠲᠤᠭ ᠤᠨ ᠵᠠᠰᠠᠭ ᠤᠨ ᠣᠷᠳᠣᠨ ᠤ ᠦᠯᠡᠳᠡᠵᠦ ᠪᠠᠶᠢᠭ᠎ᠠ ᠥᠷᠢ ᠥᠭᠴᠡᠭᠡ ᠶᠢ ᠰᠣᠯᠢᠬᠤ ᠠᠵᠢᠯ ᠢ | ᠰᠠᠶᠢᠲᠤᠷ ᠬᠢᠵᠦ᠂ ᠵᠠᠷᠢᠮ ᠭᠠᠵᠠᠷ ᠣᠷᠣᠨ ᠳᠤ ᠰᠢᠨ᠎ᠡ ᠪᠠᠷ ᠪᠤᠢ ᠪᠣᠯᠤᠭᠰᠠᠨ ᠥᠷᠢ ᠥᠭᠴᠡᠭᠡᠨ ᠤ ᠲᠦᠭᠰᠢᠭᠦᠷᠢ ᠶᠢᠨ | ᠢᠯᠡᠷᠡᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠪᠦᠬᠦ ᠰᠢᠰᠲ᠋ᠧᠮ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ | ᠬᠠᠮᠢᠶᠠᠷᠤᠯᠲᠠ ᠶᠢ ᠪᠦᠷᠢᠨᠰᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠭ᠎ᠠ ᠶᠢᠨ | ᠲᠠᠪᠴᠠᠩ ᠢ ᠵᠠᠬ᠎ᠠ ᠳᠡᠯᠭᠡᠭᠦᠷᠴᠢᠯᠡᠨ ᠬᠡᠯᠪᠡᠷᠢ ᠶᠢ ᠨᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠣᠷᠣᠨ | ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ | ᠰᠢᠢᠳᠪᠦᠷᠢᠯᠡᠬᠦ ᠬᠡᠷᠡᠭᠲᠡᠢ᠃ ᠢᠲᠡᠭᠡᠮᠵᠢ ᠶᠢᠨ ᠭᠡᠷ᠎ᠡ ᠵᠥᠷᠢᠴᠡᠭᠰᠡᠨ ᠢ ᠬᠠᠤᠯᠢ ᠶᠣᠰᠣᠭᠠᠷ ᠰᠢᠢᠳᠪᠦᠷᠢᠯᠡᠵᠦ᠂ | ᠬᠤᠳᠠᠯᠳᠤᠭᠠᠨ ᠤ ᠪᠠᠩᠬᠢ ᠶᠢᠨ ᠡᠷᠡᠭᠦᠯ ᠪᠤᠰᠤ ᠵᠢᠭᠡᠯᠡᠯᠭᠡ ᠶᠢ ᠬᠢᠨᠠᠵᠤ ᠬᠠᠷᠭᠤᠭᠤᠯᠬᠤ ᠪᠠ ᠰᠢᠢᠳᠪᠦᠷᠢᠯᠡᠬᠦ ᠠᠬᠢᠴᠠ ᠶᠢ | ᠲᠥᠷᠭᠡᠳᠬᠡᠬᠦ ᠬᠡᠷᠡᠭᠲᠡᠢ᠃ ᠡᠯ᠎ᠡ ᠲᠥᠷᠥᠯ ᠤᠨ ᠪᠡᠯᠡ ᠲᠣᠬᠢᠷᠠᠭᠤᠯᠬᠤ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ | ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠨᠲ᠋ᠧᠷ ᠰᠦᠯᠵᠢᠶᠡᠨ ᠤ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠲᠤᠰᠬᠠᠶ ᠴᠡᠭᠴᠡᠯᠡᠨ ᠵᠠᠰᠠᠬᠤ ᠶᠢ ᠥᠷᠨᠢᠭᠦᠯᠵᠦ᠂ ᠠᠶᠤᠯ ᠲᠦᠭᠰᠢᠭᠦᠷᠢ ᠶᠢᠨ | ᠬᠡᠷᠡᠭ ᠢ ᠲᠣᠬᠢᠲᠠᠶ ᠰᠢᠢᠳᠪᠦᠷᠢᠯᠡᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ ᠱᠠᠯᠠᠪᠳᠠᠨ ᠰᠤᠳᠤᠯᠤᠨ ᠳᠤᠷᠠᠳᠴᠤ᠂ ᠶᠡᠷᠦᠩᠬᠡᠶᠢᠯᠡᠭᠰᠡᠨ | ᠬᠢᠨᠠᠯᠲᠠ ᠬᠠᠮᠢᠶᠠᠷᠤᠯᠲᠠ ᠪᠣᠯᠤᠨ ᠡᠭᠦᠷᠭᠡ ᠴᠢᠳᠠᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ | ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠠᠷᠭᠠᠴᠠᠬᠤ | ᠪᠤᠳᠤᠯᠭ᠎ᠠ ᠪᠣᠯᠣᠨ ᠰᠢᠢᠳᠪᠦᠷᠢᠯᠡᠬᠦ ᠲᠥᠰᠦᠯ ᠢᠶᠠᠨ ᠰᠠᠶᠢᠲᠤᠷ ᠪᠡᠯᠡᠳᠬᠡᠵᠦ᠂ ᠰᠢᠰᠲ᠋ᠧᠮᠲᠦ ᠴᠢᠨᠠᠷᠲᠠᠶ ᠣᠷᠣᠨ | ᠪᠦᠰᠡ ᠶᠢᠨ ᠴᠢᠨᠠᠷᠲᠠᠶ ᠠᠶᠤᠯ ᠲᠦᠭᠰᠢᠭᠦᠷᠢ ᠶᠢ ᠥᠯᠦ ᠡᠭᠦᠰᠭᠡᠬᠦ ᠬᠤᠷᠢᠭ᠎ᠠ ᠱᠣᠭᠤᠮ ᠢ ᠪᠠᠲᠤ ᠰᠠᠬᠢᠬᠤ ᠬᠡᠷᠡᠭᠲᠡᠢ᠃ | | ᠳᠡᠭᠡᠷᠡᠬᠢ ᠮᠡᠳᠡᠭᠦᠯᠦᠯᠲᠡ ᠶᠢ ᠬᠢᠨᠠᠨ ᠵᠦᠪᠯᠡᠬᠦ ᠪᠣᠯᠪᠠᠤ᠃ | ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠦᠪᠯᠡᠯ | 2016 ᠣᠨ ᠤ 3 ᠳ᠋ᠤᠭᠠᠷ ᠰᠠᠷ᠎ᠠ ᠶᠢᠨ 13 ᠤ ᠡᠳᠦᠷ |