2015 ᠣᠨ ᠳᠤ ᠥᠪᠥᠷ ᠮᠣᠩᠭᠤᠯ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠰᠢᠭᠲᠠᠶ ᠣᠯᠠᠨ ᠲᠦᠷᠦᠯ ᠤᠨ ᠲᠦᠷᠦ ᠶᠢᠨ ᠪᠤᠳᠤᠯᠭ᠎ᠠ ᠨᠡᠶᠢᠲᠡᠯᠡᠪᠡ
ᠨᠡᠶᠢᠲᠡᠯᠡᠭᠰᠡᠨ ᠴᠠᠭ᠄
2016/3/16
     ᠨᠢᠳᠤᠨᠤᠨ᠂ ᠮᠠᠨ ᠤ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠯᠲᠠ ᠶᠢᠨ ᠲᠤᠭ᠎ᠠ 288.49 ᠳ᠋ᠦᠡᠭᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.71%᠎ ᠪᠠᠷ ᠨᠡᠮᠡᠭᠳᠡᠪᠡ︔ ᠭᠠᠷᠭᠠᠨ ᠠᠪᠤᠭᠰᠠᠨ ᠲᠤᠭ᠎ᠠ 200.11 ᠳ᠋ᠦᠡᠭᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ 67.09%᠎ ᠪᠠᠷ ᠨᠡᠮᠡᠭᠳᠡᠪᠡ︔ ᠵᠢᠭᠡᠯᠡᠯᠭᠡ ᠶᠢᠨ ᠲᠤᠭ᠎ᠠ 229.35 ᠳ᠋ᠦᠡᠭᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ 55.81%᠎ ᠪᠠᠷ ᠨᠡᠮᠡᠭᠳᠡᠪᠡ᠃ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠬᠡᠷᠡᠭᠯᠡᠬᠦ ᠨᠢ ᠬᠡᠷ ᠪᠠᠶᠢᠰᠢᠩ ᠬᠤᠳᠠᠯᠳᠤᠨ ᠠᠪᠤᠭᠴᠢ ᠶᠢᠨ ᠪᠡᠯᠡ ᠮᠥᠩᠭᠦ ᠶᠢᠨ ᠠᠷᠭ᠎ᠠ ᠵᠠᠮ ᠤᠨ ᠲᠡᠷᠢᠬᠦᠨ ᠰᠤᠩᠭᠤᠯᠲᠠ ᠪᠣᠯᠤᠨ᠎ᠠ᠃ 2015 ᠣᠨ ᠳᠤ ᠮᠠᠨ ᠤ ᠣᠷᠣᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠥᠭᠡᠷᠡᠴᠢᠯᠡᠯᠲᠡ ᠶᠢᠨ ᠡᠷᠴᠢᠮ ᠣᠷᠣᠨ ᠵᠠᠶ ᠲᠠᠢ ᠪᠠᠶᠢᠵᠤ᠂ ᠣᠯᠠᠨ ᠲᠦᠷᠦᠯ ᠤᠨ ᠠᠰᠢᠭᠲᠠᠶ ᠲᠥᠷᠥ ᠶᠢᠨ ᠪᠣᠳᠣᠯᠭ᠎ᠠ ᠶᠢ ᠨᠡᠶᠢᠲᠡᠯᠡᠨ᠂ ᠬᠡᠷᠡᠭᠯᠡᠭᠴᠢᠳ ᠨᠡᠶᠢᠳᠡᠮ ᠲᠤᠰᠬᠠᠭᠰᠠᠨ ᠨᠢ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ ᠬᠤᠷᠢᠭ᠎ᠠ ᠪᠠᠭᠠᠰᠴᠤ᠂ ᠠᠷᠭ᠎ᠠ ᠵᠠᠮ ᠤᠯᠠᠰᠢᠷᠠᠭᠰᠠᠨ ᠪᠠᠶᠢᠨ᠎ᠠ ᠭᠡᠵᠡᠭᠡᠪᠡ᠃      2015 ᠣᠨ ᠳᠤ᠂ ᠮᠠᠨ ᠤ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠠᠴᠠ ᠬᠠᠮᠤᠭ ᠤᠨ ᠶᠡᠭᠡ ᠠᠰᠢᠭ ᠬᠦᠷᠲᠡᠪᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠺᠣᠮᠢᠰ ᠪᠣᠯᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠷᠢᠳ ᠬᠤᠵᠢᠳ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠡᠷᠡᠭᠯᠡᠬᠦ ᠨᠤᠷᠮ᠎ᠠ ᠪᠤᠯᠤᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ︾ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠠᠷ ᠣᠷᠣᠨ ᠰᠠᠭᠤᠴᠠ ᠶᠢᠨ ᠬᠡᠷᠡᠭᠯᠡᠭᠡ ᠶᠢ ᠳᠡᠮᠵᠢᠬᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠲᠠᠷᠬᠠᠭᠠᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠯᠲᠡ ᠳᠤ ᠴᠢᠬᠤᠯᠠ ᠶᠡᠭᠡ ᠲᠤᠬᠢᠷᠠᠭᠤᠯᠤᠯᠳᠠ ᠬᠢᠵᠤ᠂ ᠭᠤᠤᠯᠳᠠᠭᠤ ᠭᠠᠷᠭᠠᠨ ᠠᠪᠬᠤ ᠪᠠ ᠬᠡᠷᠡᠭᠯᠡᠬᠦ ᠬᠡᠪᠴᠢᠶ᠎ᠡ ᠶᠢ ᠦᠷᠭᠡᠳᠭᠡᠪᠡ᠂ ᠵᠢᠱᠢᠶᠡᠯᠡᠪᠡᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠵᠤ ᠠᠪᠬᠤ᠂ ᠵᠢᠭᠡᠯᠡᠯᠭᠡ ᠶᠢ ᠬᠡᠷᠡᠭᠯᠡᠬᠦ ᠬᠡᠪᠴᠢᠶ᠎ᠡ ᠶᠢ ᠲᠤᠰᠢᠶᠠᠨ ᠬᠠᠳᠠᠭᠠᠯᠠᠭᠤᠯᠤᠭᠴᠢ ᠠᠵᠢᠯᠲᠠᠨ ᠠᠵᠢᠯᠴᠢᠨ ᠤ ᠰᠢᠭᠤᠳ ᠲᠦᠷᠦᠯ ᠰᠠᠳᠤᠨ ᠳᠤ ᠬᠦᠷᠲᠡᠯ᠎ᠡ ᠦᠷᠭᠡᠳᠭᠡᠪᠡ︔ ︽ᠨᠢᠴᠦᠬᠦᠨ ᠤᠷᠤᠨ ᠰᠠᠭᠤᠴᠠ︾ ᠬᠤᠳᠠᠯᠳᠤᠨ ᠠᠪᠤᠪᠠᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠠᠷ ᠵᠠᠰᠠᠵᠤ ᠴᠢᠮᠡᠬᠦ ᠪᠠᠷ ᠭᠤᠶᠤᠴᠢᠯᠠᠵᠤ ᠪᠣᠯᠤᠨ᠎ᠠ︔ ᠣᠷᠣᠨ ᠰᠠᠭᠤᠴᠠ ᠲᠠᠢ ᠢᠵᠢᠯ ᠨᠢᠭᠡ ᠲᠣᠭᠤᠷᠢᠭ ᠤᠨ ᠲᠡᠷᠭᠡᠨ ᠬᠥᠮᠥᠷᠭᠡ ᠪᠣᠯᠤᠨ ᠭᠠᠵᠠᠷ ᠳᠤᠤᠷᠠᠬᠢ ᠲᠡᠷᠭᠡᠨ ᠬᠥᠮᠥᠷᠭᠡ ᠬᠤᠳᠠᠯᠳᠤᠨ ᠠᠪᠬᠤ ᠶᠢ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠡᠭᠭᠦ ᠶᠢ ᠭᠠᠷᠭᠠᠨ ᠠᠪᠬᠤ ᠪᠠ ᠵᠢᠭᠡᠯᠡᠯᠭᠡ ᠲᠠᠯᠪᠢᠬᠤ ᠬᠡᠪᠴᠢᠶ᠎ᠡ ᠳᠤ ᠤᠷᠤᠭᠤᠯᠪᠠ᠃ ᠡᠯ᠎ᠡ ᠭᠠᠵᠠᠷ ᠲᠤ ᠪᠤᠳᠠᠳᠠᠢ ᠬᠡᠷᠡᠭᠵᠢᠬᠦᠯᠬᠦ ᠠᠷᠭ᠎ᠠ ᠲᠤᠭᠲᠠᠭᠠᠵᠤ᠂ ᠬᠤᠪᠢᠨ ᠤ ᠣᠷᠣᠨ ᠰᠠᠭᠤᠴᠠ ᠦᠭᠡᠶ ᠠᠵᠢᠯᠲᠠᠨ ᠠᠵᠢᠯᠴᠢᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠭᠡᠷ ᠤᠨ ᠳᠦᠷᠢᠶᠡᠰᠦ ᠪᠠᠨ ᠲᠤᠰᠢᠶᠠᠵᠤ ᠪᠤᠯᠬᠤ ᠶᠢ ᠱᠠᠭᠠᠷᠳᠠᠭᠰᠠᠨ ᠵᠡᠷᠭᠡ ᠪᠤᠯᠤᠨ᠎ᠠ᠃ ᠨᠦᠭᠦᠭᠡ ᠲᠠᠯ᠎ᠠ ᠪᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠠᠭ᠎ᠠ ᠶᠢᠨ ᠮᠥᠩᠭᠦ ᠶᠢ ᠭᠠᠷᠭᠠᠨ ᠠᠪᠬᠤ ᠪᠠ ᠵᠢᠭᠡᠯᠡᠬᠦ ᠬᠤᠷᠢᠭ᠎ᠠ ᠶᠢ ᠴᠦᠭᠡᠳᠭᠡᠵᠤ᠂ ᠲᠤᠰᠢᠶᠠᠨ ᠬᠠᠳᠠᠭᠠᠯᠠᠭᠤᠯᠤᠭᠴᠢ ᠠᠵᠢᠯᠲᠠᠨ ᠠᠵᠢᠯᠴᠢᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠬᠡᠷᠡᠭᠯᠡᠬᠦ ᠳᠤ ᠨᠥᠬᠦᠴᠡᠯ ᠪᠦᠷᠢᠯᠳᠦᠭᠦᠯᠵᠦ ᠦᠭᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号