2015 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2016 | ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ | ᠲᠣᠬᠠᠢ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠮᠡᠳᠡᠭᠦᠯᠦᠯᠲᠡ | ︵2016 ᠣᠨ ᠤ 3 ᠳ᠋ᠤᠭᠠᠷ ᠰᠠᠷ᠎ᠠ ᠶᠢᠨ 13 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ | ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠬᠤᠷᠠᠯᠳᠤᠭᠠᠨ ᠠᠴᠠ ᠪᠠᠲᠤᠯᠠᠪᠠ︶ | | ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ᠄ | ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ ᠠᠴᠠ ᠲᠦᠷᠥ ᠶᠢᠨ ᠶᠠᠪᠤᠳᠠᠯ ᠤᠨ ᠬᠤᠷᠢᠶ᠎ᠠ ᠶᠢᠨ ᠳᠤᠷᠠᠳᠤᠭᠰᠠᠨ ︽ | 2015 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2016 | ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠤᠨ ᠲᠤᠬᠠᠶ ᠮᠡᠳᠡᠭᠦᠯᠦᠯᠲᠡ︾ ᠵᠢᠴᠢ | 2015 ᠣᠨ ᠤ ᠪᠦᠬᠦ ᠤᠯᠤᠰ ᠤᠨ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2016 ᠣᠨ ᠤ ᠪᠦᠬᠦ | ᠤᠯᠤᠰ ᠤᠨ ᠲᠥᠰᠦᠪ ᠤᠨ ᠲᠥᠰᠦᠯ ᠢ ᠬᠢᠨᠠᠨ ᠪᠠᠶᠢᠴᠠᠭᠠᠪᠠ᠃ ᠲᠥᠰᠦᠪ ᠤᠨ ᠮᠡᠳᠡᠭᠦᠯᠦᠯᠲᠡ ᠵᠢᠴᠢ ᠲᠥᠰᠦᠪ ᠤᠨ | ᠲᠥᠰᠦᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ | ᠠᠬᠤᠶ ᠶᠢᠨ ᠵᠥᠪᠯᠡᠯ ᠠᠩᠬ᠎ᠠ ᠠᠯᠬᠤᠮ ᠬᠢᠨᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠡᠯ᠎ᠡ ᠲᠥᠯᠥᠭᠡᠯᠡᠭᠴᠢᠳ ᠤᠨ | ᠪᠦᠯᠬᠦᠮ ᠪᠣᠯᠤᠨ ᠬᠤᠯᠪᠣᠭᠳᠠᠯ ᠪᠦᠬᠦᠢ ᠲᠤᠰᠬᠠᠶ ᠵᠥᠪᠯᠡᠯ ᠤᠨ ᠬᠢᠨᠠᠨ ᠪᠠᠶᠢᠴᠠᠭᠠᠭᠰᠠᠨ ᠰᠠᠨᠠᠯ ᠢ ᠦᠨᠳᠦᠰᠦᠯᠡᠨ᠂ | ᠲᠠᠬᠢᠨ ᠨᠢᠭᠡ ᠠᠯᠬᠤᠮ ᠬᠢᠨᠠᠨ ᠪᠠᠶᠢᠴᠠᠭᠠᠪᠠ᠃ ᠲᠦᠷᠦ ᠶᠢᠨ ᠶᠠᠪᠤᠳᠠᠯ ᠤᠨ ᠬᠤᠷᠢᠶ᠎ᠠ ᠬᠢᠨᠠᠨ ᠪᠠᠶᠢᠴᠠᠭᠠᠭᠰᠠᠨ ᠰᠠᠨᠠᠯ ᠢ | ᠦᠨᠳᠦᠰᠦᠯᠡᠨ ᠲᠥᠰᠦᠪ ᠤᠨ ᠮᠡᠳᠡᠭᠦᠯᠦᠯᠲᠡ ᠳᠤ ᠵᠠᠰᠠᠪᠤᠷᠢ ᠣᠷᠣᠭᠤᠯᠪᠠ᠃ ᠤᠳᠤ ᠬᠢᠨᠠᠨ ᠪᠠᠶᠢᠴᠠᠭᠠᠭᠰᠠᠨ ᠦᠷ᠎ᠡ | ᠳ᠋ᠦᠩ ᠢ ᠳᠣᠣᠷᠠᠬᠢ ᠮᠡᠲᠦ ᠮᠡᠳᠡᠭᠦᠯᠦᠶ᠎ᠡ᠃ | ᠨᠢᠭᠡ᠂ ᠲᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠦᠯᠦᠭᠰᠡᠨ 2015 ᠣᠨ ᠤ ᠲᠥᠪ ᠤᠨ ᠪᠠ ᠣᠷᠣᠨ | ᠨᠤᠲᠤᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠢ ᠦᠨᠳᠦᠰᠦᠯᠡᠪᠡᠯ᠂ ᠪᠦᠬᠦ ᠤᠯᠤᠰ ᠤᠨ ᠡ᠊ᠩ ᠤᠨ ᠤᠯᠠᠨ | ᠨᠡᠶᠢᠲᠡ ᠶᠢᠨ ᠲᠥᠰᠦᠪ ᠤᠨ ᠣᠷᠣᠯᠭ᠎ᠠ 152217 ᠳ᠋ᠦᠩᠰᠢᠭᠤᠷ ᠲᠥᠭᠦᠷᠢᠭ ᠲᠤ ᠬᠦᠷᠴᠦ᠂ ᠲᠥᠰᠦᠪ ᠢ 98. | 6% ᠪᠠᠷ ᠪᠡᠶᠡᠯᠡᠭᠦᠯᠵᠦ᠂ 2014 ᠣᠨ ᠤ ᠲᠥᠰᠦᠪ ᠤᠨ ᠭᠦᠢᠴᠡᠳᠬᠡᠯ ᠲᠤᠭ᠎ᠠ ᠠᠴᠠ ︵ᠠᠳᠠᠯᠢ ᠲᠦᠷᠦᠯᠵᠢᠯ᠂ | ᠳᠣᠷᠣᠭᠰᠢ ᠠᠳᠠᠯᠢ︶ 5.8% ᠪᠠᠷ ᠨᠡᠮᠡᠭᠳᠡᠵᠦ᠂ ᠡᠭᠦᠨ ᠤ ᠳᠡᠭᠡᠷ᠎ᠡ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠵᠢᠴᠢ | ᠰᠢᠯᠵᠢᠭᠦᠯᠦᠨ ᠣᠷᠣᠭᠤᠯᠤᠭᠰᠠᠨ 8055 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠡᠮᠡᠪᠡᠯ ᠂ | ᠣᠷᠣᠯᠭ᠎ᠠ ᠶᠢᠨ ᠶᠡᠷᠦᠩᠬᠡᠶ ᠬᠡᠮᠵᠢᠶ᠎ᠡ ᠨᠢ160272 ᠳ᠋ᠦᠩᠰᠢᠭᠤᠷ ᠲᠥᠭᠦᠷᠢᠭ ᠪᠣᠯᠣᠨ᠎ᠠ︔ ᠡ᠊ᠩ ᠤᠨ ᠣᠯᠠᠨ | ᠨᠡᠶᠢᠲᠡ ᠶᠢᠨ ᠲᠥᠰᠦᠪ ᠤᠨ ᠵᠠᠷᠤᠯᠭ᠎ᠠ 175768 ᠳ᠋ᠦᠩᠰᠢᠭᠤᠷ ᠲᠥᠭᠦᠷᠢᠭ ᠲᠤ ᠬᠦᠷᠴᠦ᠂ ᠲᠥᠰᠦᠪ ᠢ 102. | 5% ᠪᠠᠷ ᠪᠡᠶᠡᠯᠡᠭᠦᠯᠵᠦ᠂ 13.2% ᠢᠶᠠᠷ ᠨᠡᠮᠡᠭᠳᠡᠵᠦ᠂ ᠡᠭᠦᠨ ᠤ ᠳᠡᠭᠡᠷ᠎ᠡ ᠲᠥᠪ ᠤᠨ ᠲᠥᠰᠦᠪ ᠤᠨ | ᠲᠣᠭᠲᠠᠪᠤᠷᠢᠵᠢᠭᠤᠯᠤᠨ ᠲᠣᠬᠢᠷᠠᠭᠤᠯᠬᠤ 704 ᠳ᠋ᠦᠩᠰᠢᠭᠤᠷ ᠲᠥᠭᠦᠷᠢᠭ ᠤᠨ ᠰᠠᠭᠤᠷᠢ ᠮᠥᠩᠭᠦ ᠶᠢ ᠨᠡᠮᠡᠪᠡᠯ ᠂ | ᠵᠠᠷᠤᠯᠭ᠎ᠠ ᠶᠢᠨ ᠶᠡᠷᠦᠩᠬᠡᠶ ᠬᠡᠮᠵᠢᠶ᠎ᠡ ᠨᠢ 176472 ᠳ᠋ᠦᠩᠰᠢᠭᠤᠷ ᠲᠥᠭᠦᠷᠢᠭ ᠪᠣᠯᠣᠨ᠎ᠠ︔ ᠣᠷᠣᠯᠭ᠎ᠠ | ᠵᠠᠷᠤᠯᠭ᠎ᠠ ᠶᠢᠨ ᠶᠡᠷᠦᠩᠬᠡᠶ ᠬᠡᠮᠵᠢᠶ᠎ᠡ ᠶᠢ ᠲᠤᠯᠭᠠᠵᠤ ᠪᠤᠳᠤᠪᠠᠯ᠂ 16200 ᠳ᠋ᠦᠡᠭᠰᠢᠭᠤᠷ ᠲᠥᠭᠦᠷᠢᠭ ᠤᠨ ᠤᠯᠠᠭᠠᠨ | ᠲᠤᠭ᠎ᠠ ᠭᠠᠷᠴᠤ᠂ ᠲᠥᠰᠦᠪ ᠲᠠᠢ ᠲᠡᠩᠴᠡᠭᠦᠷᠢᠰᠢᠪᠡ᠃ ᠡᠭᠦᠨ ᠳᠤ᠂ ᠲᠥᠪ ᠤᠨ ᠡ᠊ᠩ ᠤᠨ ᠤᠯᠠᠨ ᠨᠡᠶᠢᠲᠡ ᠶᠢᠨ | ᠲᠥᠰᠦᠪ ᠤᠨ ᠣᠷᠣᠯᠭ᠎ᠠ 69234 ᠳ᠋ᠦᠩᠰᠢᠭᠤᠷ ᠲᠥᠭᠦᠷᠢᠭ ᠲᠤ ᠬᠦᠷᠴᠦ᠂ ᠲᠥᠰᠦᠪ ᠢ 100% ᠪᠠᠷ | ᠪᠡᠶᠡᠯᠡᠭᠦᠯᠵᠦ᠂ 7% ᠪᠠᠷ ᠨᠡᠮᠡᠭᠳᠡᠵᠦ᠂ ᠡᠭᠦᠨ ᠤ ᠳᠡᠭᠡᠷ᠎ᠡ ᠲᠥᠪ ᠤᠨ ᠲᠥᠰᠦᠪ ᠢ ᠲᠣᠭᠲᠠᠪᠤᠷᠢᠵᠢᠭᠤᠯᠤᠨ | ᠲᠣᠬᠢᠷᠠᠭᠤᠯᠬᠤ 1000 ᠳ᠋ᠦᠩᠰᠢᠭᠤᠷ ᠲᠥᠭᠦᠷᠢᠭ ᠤᠨ ᠰᠠᠭᠤᠷᠢ ᠮᠥᠩᠭᠦ ᠶᠢ ᠨᠡᠮᠡᠪᠡᠯ᠂ ᠣᠷᠣᠯᠭ᠎ᠠ ᠶᠢᠨ ᠶᠡᠷᠦᠩᠬᠡᠶ | ᠬᠡᠮᠵᠢᠶ᠎ᠡ ᠨᠢ 70234 ᠳ᠋ᠦᠩᠰᠢᠭᠤᠷ ᠲᠥᠭᠦᠷᠢᠭ ᠪᠣᠯᠣᠨ᠎ᠠ︔ ᠲᠥᠪ ᠤᠨ ᠡ᠊ᠩ ᠤᠨ ᠤᠯᠠᠨ ᠨᠡᠶᠢᠲᠡ ᠶᠢᠨ | ᠲᠥᠰᠦᠪ ᠤᠨ ᠵᠠᠷᠤᠯᠭ᠎ᠠ 80730 ᠳ᠋ᠦᠩᠰᠢᠭᠤᠷ ᠲᠥᠭᠦᠷᠢᠭ ᠲᠤ ᠬᠦᠷᠴᠦ᠂ ᠲᠥᠰᠦᠪ ᠢ 99.1% ᠪᠠᠷ | ᠪᠡᠶᠡᠯᠡᠭᠦᠯᠵᠦ᠂ 8.6% ᠪᠠᠷ ᠨᠡᠮᠡᠭᠳᠡᠵᠦ᠂ ᠡᠭᠦᠨ ᠤ ᠳᠡᠭᠡᠷ᠎ᠡ ᠲᠥᠪ ᠤᠨ ᠲᠥᠰᠦᠪ ᠤᠨ ᠲᠣᠭᠲᠠᠪᠤᠷᠢᠵᠢᠭᠤᠯᠤᠨ | ᠲᠣᠬᠢᠷᠠᠭᠤᠯᠬᠤ 704 ᠳ᠋ᠦᠩᠰᠢᠭᠤᠷ ᠲᠥᠭᠦᠷᠢᠭ ᠤᠨ ᠰᠠᠭᠤᠷᠢ ᠮᠥᠩᠭᠦ ᠶᠢ ᠨᠡᠮᠡᠪᠡᠯ᠂ ᠵᠠᠷᠤᠯᠭ᠎ᠠ ᠶᠢᠨ ᠶᠡᠷᠦᠩᠬᠡᠶ | ᠬᠡᠮᠵᠢᠶ᠎ᠡ ᠨᠢ 81434 ᠳ᠋ᠦᠩᠰᠢᠭᠤᠷ ᠲᠥᠭᠦᠷᠢᠭ ᠪᠣᠯᠣᠨ᠎ᠠ︔ ᠣᠷᠣᠯᠭ᠎ᠠ ᠵᠠᠷᠤᠯᠭ᠎ᠠ ᠶᠢᠨ ᠶᠡᠷᠦᠩᠬᠡᠶ ᠬᠡᠮᠵᠢᠶ᠎ᠡ ᠶᠢ | ᠲᠤᠯᠭᠠᠵᠤ ᠪᠤᠳᠤᠪᠠᠯ᠂ ᠲᠥᠪ ᠤᠨ ᠡᠳ᠋ ᠤᠨ ᠵᠠᠰᠠᠭ ᠤᠨ ᠤᠯᠠᠭᠠᠨ ᠲᠤᠭ᠎ᠠ 11200 ᠳ᠋ᠦᠩᠰᠢᠭᠤᠷ ᠲᠥᠭᠦᠷᠢᠭ ᠲᠤ | ᠬᠦᠷᠴᠦ᠂ ᠲᠥᠰᠦᠪ ᠲᠠᠢ ᠲᠡᠩᠴᠡᠭᠦᠷᠢᠰᠢᠪᠡ᠃ 2015 ᠣᠨ ᠤ ᠡᠴᠦᠰ ᠲᠤ᠂ ᠲᠥᠪ ᠤᠨ ᠡᠳ᠋ ᠤᠨ ᠵᠠᠰᠠᠭ ᠤᠨ | ᠤᠯᠤᠰ ᠤᠨ ᠵᠢᠭᠡᠯᠡᠯᠭᠡ 106599.59 ᠳ᠋ᠦᠩᠰᠢᠭᠤᠷ ᠲᠥᠭᠦᠷᠢᠭ ᠦᠯᠡᠳᠡᠵᠦ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠵᠥᠪᠰᠢᠶᠡᠷᠡᠭᠰᠡᠨ111908.35 ᠳ᠋ᠦᠩᠰᠢᠭᠤᠷ ᠲᠥᠭᠦᠷᠢᠭ ᠤᠨ | ᠳᠣᠲᠣᠷ᠎ᠠ ᠬᠢᠵᠠᠭᠠᠷᠯᠠᠨ ᠡᠵᠡᠮᠳᠡᠪᠡ᠃ ᠲᠥᠪ ᠤᠨ ᠲᠥᠰᠦᠪ ᠢ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ | ᠮᠥᠩᠭᠦ1156.37 ᠳ᠋ᠦᠩᠰᠢᠭᠤᠷ ᠲᠥᠭᠦᠷᠢᠭ ᠦᠯᠡᠳᠡᠪᠡ᠃ | 2015 ᠣᠨ ᠳᠤ᠂ ᠪᠦᠬᠦ ᠤᠯᠤᠰ ᠤᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ | 42330 ᠳ᠋ᠦᠩᠰᠢᠭᠤᠷ ᠲᠥᠭᠦᠷᠢᠭ ᠲᠤ ᠬᠦᠷᠴᠦ᠂ ᠲᠥᠰᠦᠪ ᠢ 86.6% ᠪᠠᠷ ᠪᠡᠶᠡᠯᠡᠭᠦᠯᠵᠦ᠂ 15.9% ᠪᠠᠷ | ᠪᠠᠭᠤᠷᠠᠪᠠ︔ ᠪᠦᠬᠦ ᠤᠯᠤᠰ ᠤᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠵᠠᠷᠤᠯᠭ᠎ᠠ 42364 | ᠳ᠋ᠦᠩᠰᠢᠭᠤᠷ ᠲᠥᠭᠦᠷᠢᠭ ᠲᠤ ᠬᠦᠷᠴᠦ᠂ ᠲᠥᠰᠦᠪ ᠢ 83.7% ᠪᠠᠷ ᠪᠡᠶᠡᠯᠡᠭᠦᠯᠵᠦ᠂ 12.7% ᠪᠠᠷ ᠪᠠᠭᠤᠷᠠᠪᠠ᠃ | ᠡᠭᠦᠨ ᠳᠤ᠂ ᠲᠥᠪ ᠤᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ 4112 | ᠳ᠋ᠦᠩᠰᠢᠭᠤᠷ ᠲᠥᠭᠦᠷᠢᠭ ᠲᠤ ᠬᠦᠷᠴᠦ᠂ ᠲᠥᠰᠦᠪ ᠢ 94.2% ᠢᠶᠠᠷ ᠪᠡᠶᠡᠯᠡᠭᠦᠯᠵᠦ᠂ 5.2% ᠢᠶᠠᠷ ᠨᠡᠮᠡᠭᠳᠡᠪᠡ︔ | ᠲᠥᠪ ᠤᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠵᠠᠷᠤᠯᠭ᠎ᠠ 4356 ᠳ᠋ᠦᠩᠰᠢᠭᠤᠷ | ᠲᠥᠭᠦᠷᠢᠭ ᠲᠤ ᠬᠦᠷᠴᠦ᠂ ᠲᠥᠰᠦᠪ ᠢ 85.7% ᠪᠠᠷ ᠪᠡᠶᠡᠯᠡᠭᠦᠯᠵᠦ᠂ 7.5% ᠪᠠᠷ ᠨᠡᠮᠡᠭᠳᠡᠪᠡ᠃ ᠪᠦᠬᠦ | ᠤᠯᠤᠰ ᠤᠨ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ 2560 | ᠳ᠋ᠦᠩᠰᠢᠭᠤᠷ ᠲᠥᠭᠦᠷᠢᠭ ᠲᠤ ᠬᠦᠷᠴᠦ᠂ ᠲᠥᠰᠦᠪ ᠢ 113.1% ᠪᠠᠷ ᠪᠡᠶᠡᠯᠡᠭᠦᠯᠵᠦ᠂ 27.5% ᠪᠠᠷ ᠨᠡᠮᠡᠭᠳᠡᠪᠡ︔ | ᠪᠦᠬᠦ ᠤᠯᠤᠰ ᠤᠨ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ 2079 | ᠳ᠋ᠦᠩᠰᠢᠭᠤᠷ ᠲᠥᠭᠦᠷᠢᠭ ᠲᠤ ᠬᠦᠷᠴᠦ᠂ ᠲᠥᠰᠦᠪ ᠢ 86.4% ᠪᠠᠷ ᠪᠡᠶᠡᠯᠡᠭᠦᠯᠵᠦ᠂ 3.2% ᠢᠶᠠᠷ ᠨᠡᠮᠡᠭᠳᠡᠪᠡ᠃ | ᠡᠭᠦᠨ ᠳᠤ᠂ ᠲᠥᠪ ᠤᠨ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ | 1613 ᠳ᠋ᠦᠩᠰᠢᠭᠤᠷ ᠲᠥᠭᠦᠷᠢᠭ ᠲᠤ ᠬᠦᠷᠴᠦ᠂ ᠲᠥᠰᠦᠪ ᠢ 104.1% ᠪᠠᠷ ᠪᠡᠶᠡᠯᠡᠭᠦᠯᠵᠦ᠂14.3% ᠪᠠᠷ | ᠨᠡᠮᠡᠭᠳᠡᠪᠡ︔ ᠲᠥᠪ ᠤᠨ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ | 1360 ᠳ᠋ᠦᠩᠰᠢᠭᠤᠷ ᠲᠥᠭᠦᠷᠢᠭ ᠲᠤ ᠬᠦᠷᠴᠦ᠂ ᠲᠥᠰᠦᠪ ᠢ 80.3% ᠪᠠᠷ ᠪᠡᠶᠡᠯᠡᠭᠦᠯᠵᠦ᠂ 4.2% ᠢᠶᠠᠷ | ᠪᠠᠭᠤᠷᠠᠪᠠ᠃ ᠪᠦᠬᠦ ᠤᠯᠤᠰ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 44660 | ᠳ᠋ᠦᠩᠰᠢᠭᠤᠷ ᠲᠥᠭᠦᠷᠢᠭ ᠲᠤ ᠬᠦᠷᠴᠦ᠂ ᠲᠥᠰᠦᠪ ᠢ103.6% ᠪᠠᠷ ᠪᠡᠶᠡᠯᠡᠭᠦᠯᠵᠦ᠂ ᠪᠦᠬᠦ ᠤᠯᠤᠰ ᠤᠨ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 39357 ᠳ᠋ᠦᠩᠰᠢᠭᠤᠷ ᠲᠥᠭᠦᠷᠢᠭ ᠲᠤ ᠬᠦᠷᠴᠦ᠂ | ᠲᠥᠰᠦᠪ ᠢ 102.3% ᠪᠠᠷ ᠪᠡᠶᠡᠯᠡᠭᠦᠯᠵᠦ᠂ ᠲᠣᠰ ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ 5304 | ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠡᠴᠦᠰ ᠤᠨ ᠥᠩᠭᠦᠷᠢᠭᠡ ᠬᠠᠳᠠᠭᠠᠯᠠᠮᠵᠢ ᠶᠢᠨ ᠦᠯᠡᠳᠡᠪᠦᠷᠢ 57002 | ᠳ᠋ᠦᠩᠰᠢᠭᠤᠷ ᠲᠥᠭᠦᠷᠢᠭ ᠲᠤ ᠬᠦᠷᠪᠡ᠃ | ᠡᠳ᠋ ᠤᠨ ᠵᠠᠰᠠᠭ ᠠᠵᠤ ᠠᠬᠤᠶ ᠶᠢᠨ ᠵᠦᠪᠯᠡᠯ ᠤᠨ ᠦᠵᠡᠬᠦ ᠪᠠᠷ᠂ 2015 ᠣᠨ ᠤ ᠲᠥᠪ ᠤᠨ ᠪᠠ ᠣᠷᠣᠨ | ᠨᠤᠲᠤᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠶᠡᠷᠦᠩᠬᠡᠶ ᠳᠡᠭᠡᠨ ᠰᠠᠶᠢᠨ ᠪᠠᠶᠢᠨ᠎ᠠ᠃ ᠲᠦᠷᠦ ᠶᠢᠨ ᠶᠠᠪᠤᠳᠠᠯ ᠤᠨ | ᠬᠤᠷᠢᠶ᠎ᠠ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠠᠮ ᠤᠨ ᠲᠥᠪ | ᠬᠤᠷᠢᠶᠠᠨ ᠤ ᠲᠣᠭᠲᠠᠭᠠᠭᠰᠠᠨ ᠴᠢᠭᠯᠡᠯᠲᠡ ᠲᠦᠷᠦ ᠶᠢᠨ ᠪᠤᠳᠤᠯᠭ᠎ᠠ ᠪᠠ ᠠᠷᠪᠠᠨ ᠬᠤᠶᠠᠳᠤᠭᠠᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠭᠤᠷᠪᠠᠳᠤᠭᠠᠷ ᠬᠤᠷᠠᠯᠳᠤᠭᠠᠨ ᠠᠴᠠ ᠳᠤᠷᠠᠳᠤᠭᠰᠠᠨ ᠡᠯ᠎ᠡ | ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠦ᠂ ᠲᠥᠰᠦᠪ ᠤᠨ ᠬᠠᠤᠯᠢ ᠶᠢ ᠲᠤᠤᠱᠯᠠᠭᠤᠯᠤᠨ | ᠬᠡᠷᠡᠭᠵᠢᠭᠦᠯᠵᠦ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ | ᠵᠣᠬᠢᠴᠠᠵᠤ᠂ ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠡᠳ᠋ ᠤᠨ ᠵᠠᠰᠠᠭ | ᠭᠠᠶᠢᠯᠢ ᠶᠢᠨ ᠶᠠᠪᠤᠳᠠᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠲᠥᠰᠦᠪ ᠤᠨ ᠬᠠᠮᠢᠶᠠᠷᠤᠯᠲᠠ ᠶᠢ | ᠵᠢᠷᠤᠮᠵᠢᠭᠤᠯᠵᠤ᠂ ᠭᠤᠣᠯᠳᠠᠯᠭ᠎ᠠ ᠲᠠᠢ ᠵᠠᠷᠤᠯᠭ᠎ᠠ ᠶᠢ ᠪᠠᠲᠤᠯᠠᠵᠤ᠂ ᠤᠯᠤᠰ ᠤᠨ ᠡᠳ᠋ ᠤᠨ ᠵᠠᠰᠠᠭ ᠠᠵᠤ ᠠᠬᠤᠶ ᠶᠢᠨ | ᠲᠣᠭᠲᠠᠭᠤᠨ ᠨᠡᠮᠡᠭᠳᠡᠯ ᠢ ᠠᠬᠢᠭᠤᠯᠬᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠬᠤ ᠪᠠ ᠨᠡᠶᠢᠭᠡᠮ ᠤᠨ | ᠡᠶ᠎ᠡ ᠵᠤᠬᠢᠴᠠᠯ ᠢ ᠲᠣᠭᠲᠠᠭᠤᠨ ᠪᠠᠶᠢᠯᠭᠠᠬᠤ ᠳᠤ ᠴᠢᠬᠤᠯᠠ ᠦᠢᠯᠡᠳᠦᠯ ᠦᠵᠡᠭᠦᠯᠵᠡᠢ᠃ ᠡᠭᠦᠨ ᠤ ᠵᠡᠷᠭᠡᠴᠡᠭᠡ ᠪᠠᠷ᠂ | ᠲᠥᠰᠦᠪ ᠤᠨ ᠭᠦᠢᠴᠡᠳᠬᠡᠯ ᠪᠠ ᠡᠳ᠋ ᠤᠨ ᠵᠠᠰᠠᠭ ᠤᠨ ᠬᠠᠮᠢᠶᠠᠷᠤᠯᠲᠠ ᠳᠤᠮᠳᠠ ᠪᠠᠰᠠ ᠵᠠᠷᠢᠮ ᠣᠮᠲᠣᠭᠠᠶᠢᠯᠠᠵᠤ | ᠪᠣᠯᠤᠰᠢ ᠦᠭᠡᠢ ᠠᠰᠠᠭᠤᠳᠠᠯ ᠣᠷᠣᠰᠢᠵᠤ ᠪᠠᠶᠢᠨ᠎ᠠ᠂ ᠡᠭᠦᠨ ᠳᠤ ᠭᠤᠣᠯᠳᠠᠭᠤ᠄ ᠲᠥᠰᠦᠪ ᠤᠨ ᠣᠷᠣᠯᠭ᠎ᠠ | ᠵᠠᠷᠤᠯᠭ᠎ᠠ ᠶᠢᠨ ᠵᠦᠢᠯᠡᠰ ᠤᠨ ᠬᠤᠪᠢᠷᠠᠯᠲᠠ ᠨᠡᠯᠢᠶᠡᠳ ᠶᠡᠭᠡ᠂ ᠵᠠᠷᠢᠮ ᠵᠦᠢᠯ ᠢ ᠪᠡᠶᠡᠯᠡᠭᠦᠯᠦᠭᠰᠡᠨ ᠨᠢ ᠲᠡᠶᠢᠮᠦ ᠶᠡᠭᠡ | ᠬᠠᠩᠭᠠᠮᠵᠢ ᠲᠠᠢ ᠪᠢᠰᠢ᠂ ᠲᠥᠰᠦᠪ ᠢ ᠨᠠᠶᠢᠷᠠᠭᠤᠯᠤᠨ ᠵᠣᠬᠢᠶᠠᠬᠤ ᠳᠠᠬᠢ ᠰᠢᠨᠵᠢᠯᠡᠬᠦ ᠤᠬᠠᠭᠠᠨᠴᠢ ᠴᠢᠨᠠᠷ ᠪᠠ | ᠲᠥᠰᠦᠪ ᠤᠨ ᠭᠦᠢᠴᠡᠳᠬᠡᠯ ᠤᠨ ᠴᠢᠩᠭ᠎ᠠ ᠨᠢᠮᠪᠠᠶ ᠴᠢᠨᠠᠷ ᠢ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠶ︔ | ᠡᠳ᠋ ᠤᠨ ᠵᠠᠰᠠᠭ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭ᠎ᠠ | ᠵᠢᠷᠤᠮᠵᠢᠭᠤᠯᠵᠤ ᠴᠢᠳᠠᠭᠰᠠᠨ ᠦᠭᠡᠢ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ︔ ᠵᠠᠷᠢᠮ ᠠᠷᠠᠳ ᠤᠨ ᠠᠮᠢᠳᠤᠷᠠᠯ ᠤᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ ᠪᠠ ᠭᠤᠣᠯᠳᠠᠯᠭ᠎ᠠ ᠲᠠᠢ ᠲᠦᠷᠦᠯ ᠵᠦᠢᠯ ᠢ ᠲᠦᠯᠬᠢᠨ ᠠᠬᠢᠭᠤᠯᠬᠤ ᠶᠢ | ᠪᠣᠳᠠᠲᠠᠶᠢᠵᠢᠭᠤᠯᠤᠭᠰᠠᠨ ᠢᠶᠠᠷ ᠬᠦᠷᠦᠯᠴᠡᠬᠦ ᠦᠭᠡᠢ︔ ᠬᠡᠰᠡᠭ ᠭᠠᠵᠠᠷ ᠣᠷᠣᠨ ᠳᠤ ᠲᠣᠭᠲᠠᠭᠠᠯ ᠠᠴᠠ ᠵᠥᠷᠢᠴᠡᠵᠦ | ᠵᠢᠭᠡᠯᠡᠯᠭᠡ ᠲᠠᠯᠪᠢᠬᠤ᠂ ᠬᠡᠯᠪᠡᠷᠢ ᠶᠢ ᠨᠢ ᠥᠭᠡᠷᠡᠲᠡᠭᠦᠯᠦᠨ ᠥᠷᠢ ᠲᠠᠯᠪᠢᠬᠤ ᠪᠠᠶᠢᠳᠠᠯ ᠮᠦᠨ ᠣᠷᠣᠰᠢᠵᠤ᠂ ᠳᠠᠯᠳᠠ | ᠠᠶᠤᠯ ᠲᠦᠭᠰᠢᠭᠦᠷᠢ ᠶᠢ ᠰᠡᠷᠭᠡᠶᠢᠯᠡᠬᠦ ᠡᠭᠦᠷᠭᠡ ᠮᠠᠰᠢ ᠨᠦᠰᠡᠷ ᠬᠦᠨᠳᠦ ᠪᠠᠶᠢᠨ᠎ᠠ᠃ ᠡᠳᠡᠭᠡᠷ ᠠᠰᠠᠭᠤᠳᠠᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠶ ᠪᠠᠷ ᠰᠢᠢᠳᠪᠦᠷᠢᠯᠡᠬᠦ ᠬᠡᠷᠡᠭᠲᠡᠶ᠃ | ᠬᠤᠶᠠᠷ᠂ ᠲᠦᠷᠦ ᠶᠢᠨ ᠶᠠᠪᠤᠳᠠᠯ ᠤᠨ ᠬᠤᠷᠢᠶᠠᠨ ᠤ ᠳᠤᠷᠠᠳᠤᠭᠰᠠᠨ 2016 ᠤᠨ ᠤ ᠲᠥᠪ ᠤᠨ ᠪᠠ ᠣᠷᠣᠨ | ᠨᠤᠲᠤᠭ ᠤᠨ ᠲᠥᠰᠦᠪ ᠤᠨ ᠲᠥᠰᠦᠯ ᠳᠤ᠂ ᠪᠦᠬᠦ ᠤᠯᠤᠰ ᠤᠨ ᠡ᠊ᠩ ᠤᠨ ᠤᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ157200 ᠳ᠋ᠦᠩᠰᠢᠭᠤᠷ ᠲᠥᠭᠦᠷᠢᠭ ᠲᠤᠬᠢᠷᠠᠭᠤᠯᠵᠤ᠂ 2015 ᠣᠨ ᠤ ᠲᠥᠰᠦᠪ ᠤᠨ | ᠭᠦᠢᠴᠡᠳᠬᠡᠯ ᠲᠤᠭ᠎ᠠ ︵ᠠᠳᠠᠯᠢ ᠲᠦᠷᠦᠯᠵᠢᠯ᠂ ᠳᠣᠷᠣᠭᠰᠢ ᠠᠳᠠᠯᠢ︶ ᠠᠴᠠ 3% ᠪᠠᠷ ᠨᠡᠮᠡᠭᠳᠡᠭᠦᠯᠦᠨ᠎ᠡ᠂ ᠡᠭᠦᠨ ᠤ | ᠳᠡᠭᠡᠷ᠎ᠡ ᠰᠢᠯᠵᠢᠭᠦᠯᠦᠨ ᠣᠷᠣᠭᠤᠯᠤᠭᠰᠠᠨ ᠪᠡᠯᠡ ᠮᠥᠩᠭᠦ 1715 ᠳ᠋ᠦᠩᠰᠢᠭᠤᠷ ᠲᠥᠭᠦᠷᠢᠭ ᠢ ᠨᠡᠮᠡᠪᠡᠯ᠂ | ᠲᠣᠬᠢᠷᠠᠭᠤᠯᠵᠤ ᠪᠣᠯᠬᠤᠶᠢᠴᠠ ᠣᠷᠣᠯᠭ᠎ᠠ ᠶᠢᠨ ᠶᠡᠷᠦᠩᠬᠡᠶ ᠬᠡᠮᠵᠢᠶ᠎ᠡ ᠨᠢ158915 ᠳ᠋ᠦᠩᠰᠢᠭᠤᠷ ᠲᠥᠭᠦᠷᠢᠭ | ᠪᠤᠯᠤᠨ᠎ᠠ︔ ᠪᠦᠬᠦ ᠤᠯᠤᠰ ᠤᠨ ᠡ᠊ᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ180715 ᠳ᠋ᠦᠩᠰᠢᠭᠤᠷ | ᠲᠥᠭᠦᠷᠢᠭ᠂ ᠣᠷᠣᠨ ᠨᠤᠲᠤᠭ ᠤᠨ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠠ ᠰᠢᠯᠵᠢᠭᠦᠯᠵᠦ | ᠣᠷᠣᠭᠤᠯᠤᠭᠰᠠᠨ ᠪᠡᠯᠡ ᠮᠥᠩᠭᠦ ᠶᠢ ᠬᠠᠰᠤᠪᠠᠯ ᠠᠳᠠᠯᠢ ᠲᠦᠷᠦᠯᠵᠢᠯ ᠢᠶᠠᠷ 6.7% ᠨᠡᠮᠡᠭᠳᠡᠨ᠎ᠡ︔ ᠣᠷᠣᠯᠭ᠎ᠠ | ᠵᠠᠷᠤᠯᠭ᠎ᠠ ᠶᠢᠨ ᠶᠡᠷᠦᠩᠬᠡᠶ ᠬᠡᠮᠵᠢᠶ᠎ᠡ ᠶᠢ ᠲᠤᠯᠭᠠᠵᠤ ᠪᠤᠳᠤᠪᠠᠯ᠂ ᠤᠯᠠᠭᠠᠨ ᠲᠤᠭ᠎ᠠ 21800 ᠳ᠋ᠦᠩᠰᠢᠭᠤᠷ | ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 5600 ᠳ᠋ᠦᠩᠰᠢᠭᠤᠷ ᠲᠥᠭᠦᠷᠢᠭ ᠨᠡᠮᠡᠭᠳᠡᠪᠡ᠃ ᠡᠭᠦᠨ | ᠳᠤ᠂ ᠲᠥᠪ ᠤᠨ ᠡ᠊ᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ 70570 ᠳ᠋ᠦᠩᠰᠢᠭᠤᠷ ᠲᠥᠭᠦᠷᠢᠭ | ᠪᠠᠶᠢᠵᠤ᠂ 2.2% ᠢᠶᠠᠷ ᠨᠡᠮᠡᠭᠳᠡᠭᠦᠯᠪᠡ᠂ ᠲᠥᠪ ᠤᠨ ᠲᠥᠰᠦᠪ ᠢ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ | ᠮᠥᠩᠭᠦ ᠠᠴᠠ1000 ᠳ᠋ᠦᠩᠰᠢᠭᠤᠷ ᠲᠥᠭᠦᠷᠢᠭ ᠰᠢᠯᠵᠢᠭᠦᠯᠦᠨ ᠤᠷᠤᠭᠤᠯᠵᠤ᠂ ᠲᠦᠪ ᠤᠨ ᠵᠠᠰᠠᠭ ᠤᠨ ᠭᠠᠵᠠᠷ ᠤᠨ | ᠴᠢᠨᠠᠷᠲᠠᠢ ᠰᠠᠭᠤᠷᠢ ᠮᠥᠩᠭᠦ ᠶᠢᠨ ᠲᠥᠰᠦᠪ᠂ ᠲᠥᠪ ᠤᠨ ᠤᠯᠤᠰ ᠤᠨ ᠦᠮᠴᠢᠯᠡᠯᠲᠤ ᠬᠥᠷᠥᠩᠭᠡ ᠶᠢᠨ | ᠡᠵᠡᠩᠨᠡᠯᠲᠡ ᠶᠢᠨ ᠲᠥᠰᠦᠪ ᠠᠴᠠ 315 ᠳ᠋ᠦᠩᠰᠢᠭᠤᠷ ᠲᠥᠭᠦᠷᠢᠭ ᠰᠢᠯᠵᠢᠭᠦᠯᠦᠨ ᠤᠷᠤᠭᠤᠯᠪᠠᠯ᠂ ᠣᠷᠣᠯᠭ᠎ᠠ ᠶᠢᠨ | ᠶᠡᠷᠦᠩᠬᠡᠶ ᠬᠡᠮᠵᠢᠶ᠎ᠡ 71885 ᠳ᠋ᠦᠩᠰᠢᠭᠤᠷ ᠲᠥᠭᠦᠷᠢᠭ ᠪᠤᠯᠤᠨ᠎ᠠ︔ ᠲᠥᠪ ᠤᠨ ᠡ᠊ᠩ ᠤᠨ ᠤᠯᠠᠨ ᠨᠡᠶᠢᠲᠡ ᠶᠢᠨ | ᠲᠥᠰᠦᠪ ᠤᠨ ᠵᠠᠷᠤᠯᠭ᠎ᠠ 85885 ᠳ᠋ᠦᠩᠰᠢᠭᠤᠷ ᠲᠥᠭᠦᠷᠢᠭ᠂ 6.3% ᠪᠠᠷ ᠨᠡᠮᠡᠭᠳᠡᠭᠦᠯᠦᠨ᠎ᠡ︔ ᠣᠷᠣᠯᠭ᠎ᠠ | ᠵᠠᠷᠤᠯᠭ᠎ᠠ ᠶᠢᠨ ᠶᠡᠷᠦᠩᠬᠡᠶ ᠬᠡᠮᠵᠢᠶ᠎ᠡ ᠶᠢ ᠲᠤᠯᠭᠠᠵᠤ ᠪᠤᠳᠤᠪᠠᠯ᠂ ᠲᠥᠪ ᠤᠨ ᠡᠳ᠋ ᠤᠨ ᠵᠠᠰᠠᠭ ᠤᠨ ᠤᠯᠠᠭᠠᠨ ᠲᠤᠭ᠎ᠠ | 14000 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 2800 ᠳ᠋ᠦᠩᠰᠢᠭᠤᠷ | ᠲᠥᠭᠦᠷᠢᠭ ᠨᠡᠮᠡᠭᠳᠡᠪᠡ︔ ᠲᠥᠪ ᠤᠨ ᠡᠳ᠋ ᠤᠨ ᠵᠠᠰᠠᠭ ᠤᠨ ᠤᠯᠤᠰ ᠤᠨ ᠵᠢᠭᠡᠯᠡᠯᠭᠡ ᠶᠢᠨ ᠦᠯᠡᠳᠡᠪᠦᠷᠢ | ᠲᠤᠭ᠎ᠠ ᠶᠢ125908.35 ᠳ᠋ᠦᠩᠰᠢᠭᠤᠷ ᠲᠥᠭᠦᠷᠢᠭ ᠢᠶᠠᠷ ᠬᠢᠵᠠᠭᠠᠷᠯᠠᠬᠤ ᠪᠣᠯᠤᠨ᠎ᠠ᠃ ᠣᠷᠣᠨ ᠨᠤᠲᠤᠭ ᠤᠨ | ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ107072.4 ᠳ᠋ᠦᠩᠰᠢᠭᠤᠷ | ᠲᠥᠭᠦᠷᠢᠭ ᠢᠶᠠᠷ ᠬᠢᠵᠠᠭᠠᠷᠯᠠᠬᠤ ᠪᠣᠯᠤᠨ᠎ᠠ᠃ | 2016 ᠣᠨ ᠳᠤ᠂ ᠪᠦᠬᠦ ᠤᠯᠤᠰ ᠤᠨ ᠵᠠᠰᠠᠭ ᠤᠨ ᠭᠠᠵᠠᠷ ᠤᠨ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ | 37174 ᠳ᠋ᠦᠩᠰᠢᠭᠤᠷ ᠲᠥᠭᠦᠷᠢᠭ᠂ ᠡᠭᠦᠨ ᠤ ᠳᠡᠭᠡᠷ᠎ᠡ ᠲᠦᠷᠦᠭᠦᠦ ᠵᠢᠯ ᠤᠨ ᠳ᠋ᠦᠩᠨᠡᠨ ᠰᠢᠯᠵᠢᠭᠦᠯᠦᠭᠰᠡᠨ | ᠣᠷᠣᠯᠭ᠎ᠠ 248 ᠳ᠋ᠦᠩᠰᠢᠭᠤᠷ ᠲᠥᠭᠦᠷᠢᠭ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ | ᠵᠢᠭᠡᠯᠡᠯᠭᠡ ᠶᠢᠨ ᠲᠡᠮᠳᠡᠭᠲᠦ ᠶᠢᠨ ᠣᠷᠣᠯᠭ᠎ᠠ 4000 ᠳ᠋ᠦᠩᠰᠢᠭᠤᠷ ᠲᠦᠬᠦᠷᠢᠭ ᠢ ᠨᠡᠮᠡᠪᠡᠯ᠂ ᠣᠷᠣᠯᠭ᠎ᠠ ᠶᠢᠨ ᠶᠡᠷᠦᠩᠬᠡᠶ | ᠬᠡᠮᠵᠢᠶ᠎ᠡ ᠨᠢ 41422 ᠳ᠋ᠦᠩᠰᠢᠭᠤᠷ ᠲᠥᠭᠦᠷᠢᠭ ᠪᠤᠯᠤᠨ᠎ᠠ︔ ᠪᠦᠬᠦ ᠤᠯᠤᠰ ᠤᠨ ᠵᠠᠰᠠᠭ ᠤᠨ ᠭᠠᠵᠠᠷ ᠤᠨ | ᠴᠢᠨᠠᠷᠲᠠᠶ ᠰᠠᠭᠤᠷᠢ ᠮᠥᠩᠭᠦ ᠶᠢᠨ ᠬᠤᠯᠪᠣᠭᠳᠠᠯ ᠪᠦᠬᠦᠢ ᠵᠠᠷᠤᠯᠭ᠎ᠠ 41422 ᠳ᠋ᠦᠩᠰᠢᠭᠤᠷ ᠲᠥᠭᠦᠷᠢᠭ ᠪᠣᠯᠤᠨ᠎ᠠ᠃ | ᠡᠭᠦᠨ ᠳᠤ᠂ ᠲᠥᠪ ᠤᠨ ᠵᠠᠰᠠᠭ ᠤᠨ ᠭᠠᠵᠠᠷ ᠤᠨ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ 4272 | ᠳ᠋ᠦᠩᠰᠢᠭᠤᠷ ᠲᠥᠭᠦᠷᠢᠭ ᠪᠠᠶᠢᠵᠤ᠂ ᠡᠭᠦᠨ ᠤ ᠳᠡᠭᠡᠷ᠎ᠡ ᠲᠦᠷᠦᠭᠦᠦ ᠵᠢᠯ ᠤᠨ ᠳ᠋ᠦᠩᠨᠡᠨ ᠰᠢᠯᠵᠢᠭᠦᠯᠦᠭᠰᠡᠨ ᠣᠷᠣᠯᠭ᠎ᠠ | 248 ᠳ᠋ᠦᠩᠰᠢᠭᠤᠷ ᠲᠥᠭᠦᠷᠢᠭ ᠢ ᠨᠡᠮᠡᠪᠠᠯ᠂ ᠣᠷᠣᠯᠭ᠎ᠠ ᠶᠢᠨ ᠶᠡᠷᠦᠩᠬᠡᠶ ᠬᠡᠮᠵᠢᠶ᠎ᠡ ᠨᠢ 4520 ᠳ᠋ᠦᠩᠰᠢᠭᠤᠷ | ᠲᠥᠭᠦᠷᠢᠭ᠂ ᠲᠦᠪ ᠤᠨ ᠵᠠᠰᠠᠭ ᠤᠨ ᠭᠠᠵᠠᠷ ᠤᠨ ᠴᠢᠨᠠᠷᠲᠠᠶ ᠰᠠᠭᠤᠷᠢ ᠮᠥᠩᠭᠦ ᠶᠢᠨ ᠵᠠᠷᠤᠯᠭ᠎ᠠ 4520 ᠳ᠋ᠦᠩᠰᠢᠭᠤᠷ | ᠲᠥᠭᠦᠷᠢᠭ ᠪᠣᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠦᠯᠡᠳᠡᠪᠦᠷᠢ | ᠲᠤᠭ᠎ᠠ ᠶᠢ 64801.9 ᠳ᠋ᠦᠩᠰᠢᠭᠤᠷ ᠲᠥᠭᠦᠷᠢᠭ ᠢᠶᠠᠷ ᠬᠢᠵᠠᠭᠠᠷᠯᠠᠬᠤ ᠪᠣᠯᠤᠨ᠎ᠠ᠃ ᠪᠦᠬᠦ ᠤᠯᠤᠰ ᠤᠨ ᠤᠯᠤᠰ ᠤᠨ | ᠦᠮᠴᠢᠯᠡᠯᠲᠤ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ 2295 ᠳ᠋ᠦᠩᠰᠢᠭᠤᠷ ᠲᠥᠭᠦᠷᠢᠭ᠂ | ᠡᠭᠦᠨ ᠤ ᠳᠡᠭᠡᠷ᠎ᠡ ᠲᠦᠷᠦᠭᠦᠦ ᠵᠢᠯ ᠤᠨ ᠳ᠋ᠦᠩᠨᠡᠨ ᠰᠢᠯᠵᠢᠭᠦᠯᠦᠭᠰᠡᠨ ᠣᠷᠣᠯᠭ᠎ᠠ 397 ᠳ᠋ᠦᠩᠰᠢᠭᠤᠷ ᠲᠥᠭᠦᠷᠢᠭ ᠢ | ᠨᠡᠮᠡᠪᠡᠯ᠂ ᠣᠷᠣᠯᠭ᠎ᠠ ᠶᠢᠨ ᠶᠡᠷᠦᠩᠬᠡᠶ ᠬᠡᠮᠵᠢᠶ᠎ᠡ ᠨᠢ 2692 ᠳ᠋ᠦᠩᠰᠢᠭᠤᠷ ᠲᠥᠭᠦᠷᠢᠭ ᠪᠤᠯᠤᠨ᠎ᠠ︔ ᠪᠦᠬᠦ | ᠤᠯᠤᠰ ᠤᠨ ᠤᠯᠤᠰ ᠤᠨ ᠦᠮᠴᠢᠯᠡᠯᠲᠤ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ 2259 | ᠳ᠋ᠦᠩᠰᠢᠭᠤᠷ ᠲᠥᠭᠦᠷᠢᠭ ᠪᠠᠶᠢᠵᠤ᠂ 433 ᠳ᠋ᠦᠡᠭᠰᠢᠭᠤᠷ ᠲᠥᠭᠦᠷᠢᠭ ᠢ ᠡᠩ ᠤᠨ ᠤᠯᠠᠨ ᠨᠡᠶᠢᠲᠡ ᠶᠢᠨ | ᠲᠥᠰᠦᠪ ᠲᠤ ᠰᠢᠯᠵᠢᠭᠦᠯᠦᠨ ᠦᠭᠬᠦ ᠪᠣᠯᠤᠨ᠎ᠠ᠃ ᠡᠭᠦᠨ ᠳᠤ᠂ ᠲᠥᠪ ᠤᠨ ᠤᠯᠤᠰ ᠤᠨ ᠦᠮᠴᠢᠯᠡᠯᠲᠤ | ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ1400 ᠳ᠋ᠦᠩᠰᠢᠭᠤᠷ ᠲᠥᠭᠦᠷᠢᠭ᠂ ᠡᠭᠦᠨ ᠤ ᠳᠡᠭᠡᠷ᠎ᠡ | ᠲᠦᠷᠦᠭᠦᠦ ᠵᠢᠯ ᠤᠨ ᠳ᠋ᠦᠩᠨᠡᠨ ᠰᠢᠯᠵᠢᠭᠦᠯᠦᠭᠰᠡᠨ ᠣᠷᠣᠯᠭ᠎ᠠ 397 ᠳ᠋ᠦᠩᠰᠢᠭᠤᠷ ᠲᠥᠭᠦᠷᠢᠭ ᠢ ᠨᠡᠮᠡᠪᠡᠯ᠂ | ᠣᠷᠣᠯᠭ᠎ᠠ ᠶᠢᠨ ᠶᠡᠷᠦᠩᠬᠡᠶ ᠬᠡᠮᠵᠢᠶ᠎ᠡ ᠨᠢ1797 ᠳ᠋ᠦᠩᠰᠢᠭᠤᠷ ᠲᠥᠭᠦᠷᠢᠭ ᠪᠤᠯᠤᠨ᠎ᠠ︔ ᠲᠥᠪ ᠤᠨ ᠤᠯᠤᠰ ᠤᠨ | ᠦᠮᠴᠢᠯᠡᠯᠲᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ 1551 ᠳ᠋ᠦᠩᠰᠢᠭᠤᠷ ᠲᠥᠭᠦᠷᠢᠭ | ᠪᠠᠶᠢᠵᠤ᠂ 246 ᠳ᠋ᠦᠩᠰᠢᠭᠤᠷ ᠲᠥᠭᠦᠷᠢᠭ ᠢ ᠡᠩ ᠤᠨ ᠤᠯᠠᠨ ᠨᠡᠶᠢᠲᠡ ᠶᠢᠨ ᠲᠥᠰᠦᠪ ᠲᠤ ᠰᠢᠯᠵᠢᠭᠦᠯᠦᠨ ᠦᠭᠬᠦ | ᠪᠣᠯᠤᠨ᠎ᠠ᠃ ᠪᠦᠬᠦ ᠤᠯᠤᠰ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 47144 | ᠳ᠋ᠦᠩᠰᠢᠭᠤᠷ ᠲᠥᠭᠦᠷᠢᠭ᠂ ᠪᠦᠬᠦ ᠤᠯᠤᠰ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ | 43547 ᠳ᠋ᠦᠩᠰᠢᠭᠤᠷ ᠲᠥᠭᠦᠷᠢᠭ᠂ ᠲᠤᠰ ᠵᠢᠯ ᠤᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ 3598 | ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠴᠦᠰ ᠤᠨ ᠦᠩᠭᠦᠷᠢᠭᠡ ᠬᠠᠳᠠᠭᠠᠯᠠᠮᠵᠢ ᠶᠢᠨ ᠦᠯᠡᠳᠡᠪᠦᠷᠢ | 60600 ᠳ᠋ᠦᠩᠰᠢᠭᠤᠷ ᠲᠥᠭᠦᠷᠢᠭ ᠬᠦᠷᠬᠦ ᠪᠤᠯᠤᠨ᠎ᠠ᠃ | ᠡᠳ᠋ ᠤᠨ ᠵᠠᠰᠠᠭ ᠠᠵᠤ ᠠᠬᠤᠶ ᠶᠢᠨ ᠵᠦᠪᠯᠡᠯ ᠤᠨ ᠦᠵᠡᠬᠦ ᠪᠠᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠳᠤᠷᠠᠳᠤᠭᠰᠠᠨ 2016 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠨᠢ᠂ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠ᠂ | ᠳᠥᠷᠪᠡ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠳᠤ ᠨᠡᠶᠢᠴᠡᠨ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ | ᠨᠡᠭᠡᠭᠡᠯᠳᠡ ᠬᠢᠬᠦ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠰᠢᠨ᠎ᠡ ᠣᠨᠤᠯᠵᠢᠬᠤᠨ ᠢ ᠢᠯᠡᠷᠡᠭᠦᠯᠵᠦ᠂ ᠠᠵᠤ | ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠣᠬᠢᠴᠠᠨ᠂ ᠥᠭᠡᠷᠡᠴᠢᠯᠡᠯᠲᠡ ᠬᠢᠵᠦ ᠴᠢᠯᠥᠭᠡᠲᠡᠶ | ᠶᠠᠪᠤᠯᠴᠠᠬᠤ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠬᠤ ᠠᠵᠢᠯ ᠤᠨ ᠶᠡᠷᠦᠩᠬᠡᠶ ᠬᠦᠭ ᠠᠶᠠᠰ ᠢ | ᠪᠠᠷᠢᠮᠳᠠᠯᠠᠨ᠂ ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ | ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠲᠥᠷᠭᠡᠳᠬᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠦᠨᠳᠦᠰᠦᠨ ᠵᠠᠷᠤᠯᠭ᠎ᠠ ᠶᠢ ᠭᠤᠣᠯᠳᠠᠯᠭ᠎ᠠ ᠲᠠᠢ ᠪᠠᠲᠤᠯᠠᠨ᠂ | ᠡᠳ᠋ ᠤᠨ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠪᠠ ᠨᠡᠶᠢᠭᠡᠮ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠲᠥᠯᠬᠢᠨ ᠠᠬᠢᠭᠤᠯᠪᠠ᠃ ᠲᠥᠰᠦᠪ ᠤᠨ | ᠬᠠᠤᠯᠢ ᠵᠡᠷᠭᠡ ᠬᠠᠤᠯᠢ ᠴᠠᠭᠠᠵᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠥᠪ ᠤᠨ ᠦᠨᠳᠦᠰᠦᠨ ᠪᠦᠳᠦᠭᠡᠨ | ᠪᠠᠶᠢᠭᠤᠯᠤᠯᠲᠠ ᠶᠢᠨ ᠵᠠᠷᠤᠯᠭ᠎ᠠ ᠶᠢᠨ ᠲᠥᠰᠦᠪ ᠤᠨ ᠬᠦᠰᠦᠨᠦᠭᠲᠦ᠂ ᠣᠷᠣᠨ ᠨᠤᠲᠤᠭ ᠤᠨ ᠵᠠᠰᠠᠭ ᠤᠨ ᠣᠷᠳᠣᠨ ᠤ | ᠥᠭᠴᠡᠭᠡᠨ ᠤ ᠪᠠᠶᠢᠳᠠᠯ ᠤᠨ ᠬᠦᠰᠦᠨᠦᠭᠲᠦ᠂ ᠰᠢᠯᠵᠢᠭᠦᠯᠦᠨ ᠥᠭᠬᠦ ᠲᠥᠰᠦᠪ ᠤᠨ ᠬᠦᠰᠦᠨᠦᠭᠲᠦ ᠵᠡᠷᠭᠡ ᠲᠥᠰᠦᠪ ᠤᠨ | ᠬᠦᠰᠦᠨᠦᠭᠲᠦ ᠶᠢ ᠲᠡᠭᠦᠯᠳᠡᠷᠵᠢᠭᠦᠯᠬᠦ ᠬᠡᠷᠡᠭᠲᠡᠢ ᠪᠠᠶᠢᠨ᠎ᠠ᠃ ᠲᠥᠰᠦᠪ ᠤᠨ ᠲᠥᠰᠦᠯ ᠨᠢ ᠬᠡᠷᠡᠭᠵᠢᠭᠦᠯᠰᠢᠲᠡᠢ ᠭᠡᠪᠡ᠃ | ᠡᠳ᠋ ᠤᠨ ᠵᠠᠰᠠᠭ ᠠᠵᠤ ᠠᠬᠤᠶ ᠶᠢᠨ ᠵᠦᠪᠯᠡᠯ ᠠᠴᠠ ᠰᠠᠨᠠᠭᠤᠯᠤᠭᠰᠠᠨ ᠨᠢ᠂ ᠠᠷᠪᠠᠨ ᠬᠤᠶᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠳᠤ ᠳᠦᠷᠦ ᠶᠢᠨ ᠶᠠᠪᠤᠳᠠᠯ ᠤᠨ ᠬᠤᠷᠢᠶᠠᠨ ᠤ ᠳᠤᠷᠠᠳᠤᠭᠰᠠᠨ ︽2015 ᠣᠨ ᠤ ᠲᠥᠪ ᠤᠨ ᠪᠠ | ᠣᠷᠣᠨ ᠨᠤᠲᠤᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2016 ᠣᠨ ᠤ ᠲᠥᠪ ᠤᠨ ᠪᠠ ᠣᠷᠣᠨ | ᠨᠤᠲᠤᠭ ᠤᠨ ᠲᠥᠰᠦᠪ ᠤᠨ ᠲᠥᠰᠦᠯ ᠤᠨ ᠲᠤᠬᠠᠶ ᠮᠡᠳᠡᠭᠦᠯᠦᠯᠲᠡ︾ ᠶᠢ ᠵᠦᠪᠰᠢᠶᠡᠷᠡᠨ᠎ᠡ᠂ 2016 ᠣᠨ ᠤ | ᠲᠥᠪ ᠤᠨ ᠲᠥᠰᠦᠪ ᠤᠨ ᠲᠥᠰᠦᠯ ᠢ ᠵᠥᠪᠰᠢᠶᠡᠷᠡᠬᠦ ᠶᠢᠨ ᠬᠠᠮᠲᠤ ᠣᠷᠣᠨ ᠨᠤᠲᠤᠭ ᠤᠨ ᠵᠠᠰᠠᠭ ᠤᠨ ᠣᠷᠳᠣᠨ ᠤ | ᠡᠩ ᠤᠨ ᠥᠭᠴᠡᠭᠡᠨ ᠤ ᠦᠯᠡᠳᠡᠪᠦᠷᠢ ᠲᠤᠭ᠎ᠠ ᠶᠢ 107072.4 ᠳ᠋ᠦᠩᠰᠢᠭᠤᠷ ᠲᠥᠭᠦᠷᠢᠭ ᠳᠣᠲᠤᠷ᠎ᠠ | ᠬᠢᠵᠠᠭᠠᠷᠯᠠᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠥᠭᠴᠡᠭᠡᠨ ᠤ ᠦᠯᠡᠳᠡᠪᠦᠷᠢ ᠲᠤᠭ᠎ᠠ ᠶᠢ | 64801.9 ᠳ᠋ᠦᠩᠰᠢᠭᠤᠷ ᠲᠥᠭᠦᠷᠢᠭ ᠳᠣᠲᠤᠷ᠎ᠠ ᠬᠢᠵᠠᠭᠠᠷᠯᠠᠬᠤ ᠶᠢ ᠵᠦᠪᠰᠢᠶᠡᠷᠡᠨ᠎ᠡ᠃ ᠣᠷᠣᠨ ᠨᠤᠲᠤᠭ ᠤᠨ ᠡᠯ᠎ᠡ | ᠱᠠᠲᠤᠨ ᠤ ᠵᠠᠰᠠᠭ ᠤᠨ ᠣᠷᠳᠣᠨ ᠤ ᠲᠥᠰᠦᠪ ᠢ ᠬᠠᠤᠯᠢ ᠶᠣᠰᠣᠭᠠᠷ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃ ᠡᠯ᠎ᠡ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠨᠤᠭᠤᠳ | ᠲᠦᠷᠦ ᠶᠢᠨ ᠶᠠᠪᠤᠳᠠᠯ ᠤᠨ ᠬᠤᠷᠢᠶ᠎ᠠ ᠠᠴᠠ ᠪᠠᠭᠤᠯᠭᠠᠭᠰᠠᠨ ᠦᠭᠴᠡᠭᠡᠨ ᠤ ᠬᠢᠵᠠᠭᠠᠷ ᠲᠤᠭ᠎ᠠ ᠶᠣᠰᠣᠭᠠᠷ ᠲᠠᠯᠪᠢᠭᠰᠠᠨ | ᠵᠢᠭᠡᠯᠡᠯᠭᠡ ᠶᠢ ᠲᠤᠰ ᠱᠠᠲᠤᠨ ᠤ ᠲᠥᠰᠦᠪ ᠤᠨ ᠲᠤᠬᠢᠷᠡᠭᠤᠯᠦᠯᠳᠠ ᠶᠢᠨ ᠲᠥᠰᠦᠯ ᠳᠤ ᠣᠷᠣᠭᠤᠯᠵᠤ᠂ ᠲᠤᠰ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠦᠨ ᠬᠠᠤᠯᠢ ᠶᠣᠰᠣᠭᠠᠷ ᠵᠥᠪᠰᠢᠶᠡᠷᠡᠭᠦᠯᠬᠦ | ᠬᠡᠷᠡᠭᠲᠡᠶ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠣᠷᠣᠨ ᠨᠤᠲᠤᠭ ᠤᠨ ᠲᠥᠰᠦᠪ ᠢ ᠬᠤᠷᠢᠶᠠᠩᠭᠤᠶᠢᠯᠠᠨ | ᠳ᠋ᠦᠩᠨᠡᠭᠰᠡᠨ ᠤ ᠲᠠᠷᠠᠭ᠎ᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ ᠭᠡᠪᠡ᠃ | ᠭᠤᠷᠪᠠ᠂ 2016 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ | ᠰᠢᠢᠳᠪᠦᠷᠢᠲᠦ ᠱᠠᠲᠤᠨ ᠤ ᠡᠬᠢᠯᠡᠯᠲᠡ ᠶᠢᠨ ᠵᠢᠯ ᠮᠥᠨ᠂ ᠪᠠᠰᠠᠴᠤ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ | ᠰᠢᠪᠲᠤᠯᠤᠯᠲᠠ ᠶᠢᠨ ᠵᠢᠯ ᠮᠥᠨ᠃ ᠡᠳ᠋ ᠤᠨ ᠵᠠᠰᠠᠭ ᠤᠨ ᠲᠥᠰᠦᠪ ᠤᠨ ᠠᠵᠢᠯ ᠢ ᠰᠠᠶᠢᠲᠤᠷ ᠬᠢᠵᠦ᠂ ᠡᠨᠡ ᠵᠢᠯ ᠤᠨ | ᠲᠥᠰᠦᠪ ᠢ ᠠᠮᠵᠢᠯᠲᠠ ᠲᠠᠢ ᠪᠡᠶᠡᠯᠡᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠭᠦᠨ ᠤ ᠲᠤᠯᠠᠳᠠ᠂ | ᠡᠳ᠋ ᠤᠨ ᠵᠠᠰᠠᠭ ᠠᠵᠤ ᠠᠬᠤᠶ ᠶᠢᠨ ᠵᠦᠪᠯᠡᠯ ᠠᠴᠠ ᠳᠣᠣᠷᠠᠬᠢ ᠮᠡᠲᠦ ᠰᠠᠨᠠᠭᠤᠯᠭ᠎ᠠ ᠳᠤᠷᠠᠳᠪᠠ᠄ | ︵ᠨᠢᠭᠡ︶ ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠶᠢᠨ ᠴᠢᠬᠤᠯᠠ ᠦᠢᠯᠡᠳᠦᠯ ᠢ | ᠭᠦᠢᠴᠡᠳ ᠪᠠᠳᠠᠷᠠᠭᠤᠯᠬᠤ ᠬᠡᠷᠡᠭᠲᠡᠶ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ | ᠪᠠᠶᠢᠷᠢᠯᠠᠭᠤᠯᠤᠯᠲᠠ ᠶᠢ ᠡᠷᠴᠢᠮᠯᠡᠨ ᠴᠢᠩᠭᠠᠷᠠᠭᠤᠯᠬᠤ ᠪᠠ ᠦᠢᠯᠡᠳᠪᠦᠷᠢᠯᠡᠯ ᠤᠨ ᠴᠢᠳᠠᠪᠬᠢ ᠶᠢ ᠦᠭᠡᠶᠢᠰᠬᠡᠬᠦ᠂ | ᠬᠠᠳᠠᠭᠠᠯᠠᠮᠵᠢ ᠶᠢ ᠪᠠᠭᠠᠰᠬᠠᠬᠤ᠂ ᠬᠦᠰᠢᠭᠦᠷᠭᠡ ᠶᠢ ᠠᠷᠢᠯᠭᠠᠬᠤ᠂ ᠥᠪᠡᠷ ᠤᠨ ᠥᠷᠲᠡᠭ ᠢ ᠪᠠᠭᠤᠷᠠᠭᠤᠯᠬᠤ᠂ ᠳᠤᠲᠠᠮᠠᠭ | ᠲᠠᠯ᠎ᠠ ᠪᠠᠨ ᠨᠦᠬᠦᠪᠦᠷᠢᠯᠡᠬᠦ ᠵᠡᠷᠭᠡ ᠠᠵᠢᠯ ᠢ ᠰᠠᠶᠢᠲᠤᠷ ᠠᠳᠬᠤᠬᠤ ᠱᠠᠭᠠᠷᠳᠠᠯᠭ᠎ᠠ ᠶᠣᠰᠤᠭᠠᠷ᠂ ᠡᠳ᠋ ᠤᠨ ᠵᠠᠰᠠᠭ ᠤᠨ | ᠢᠳᠡᠪᠬᠢᠲᠡᠶ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠢ᠃ ᠤᠯᠤᠰ ᠠᠴᠠ | ᠨᠡᠶᠢᠲᠡᠯᠡᠭᠰᠡᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠰᠠᠶᠢᠲᠤᠷ ᠨᠠᠶᠢᠳᠠᠪᠤᠷᠢᠵᠢᠭᠤᠯᠵᠤ᠂ ᠰᠦᠢᠳᠬᠡᠯ ᠬᠤᠷᠢᠶᠠᠬᠤ ᠰᠠᠭᠤᠷᠢ ᠮᠥᠩᠭᠦ ᠶᠢ ᠢᠯᠭᠠᠷᠠᠭᠤᠯᠤᠨ ᠵᠢᠷᠤᠮᠵᠢᠭᠤᠯᠬᠤ | ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠠᠵᠤ | ᠠᠬᠤᠶᠢᠯᠠᠯ ᠤᠨ ᠬᠥᠭᠵᠢᠯᠲᠡ ᠶᠢᠨ ᠬᠥᠳᠡᠯᠭᠡᠭᠴᠢ ᠬᠦᠴᠦ ᠶᠢ ᠴᠢᠩᠭᠠᠷᠠᠭᠤᠯᠬᠤ ᠬᠡᠷᠡᠭᠲᠡᠢ᠃ ᠬᠠᠤᠯᠢ ᠶᠣᠰᠣᠭᠠᠷ | ᠭᠠᠶᠢᠯᠢ ᠲᠠᠲᠠᠪᠤᠷᠢᠯᠠᠬᠤ ᠶᠢ ᠪᠠᠷᠢᠮᠳᠠᠯᠠᠨ᠂ ᠬᠤᠷᠢᠶᠠᠬᠤ ᠶᠣᠰᠣᠲᠠᠶ ᠶᠢ ᠨᠢ ᠬᠤᠷᠢᠶᠠᠵᠤ᠂ ︽ᠬᠡᠲᠦᠷᠡᠮᠡᠬᠡᠶ ᠭᠠᠶᠢᠯᠢ︾ | ᠬᠤᠷᠢᠶᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠡᠳ᠋ ᠤᠨ ᠵᠠᠰᠠᠭ ᠤᠨ ᠪᠡᠯᠡ ᠮᠦᠩᠭᠦᠨ ᠤ ᠲᠦᠷᠦ ᠶᠢᠨ | ᠪᠤᠳᠤᠯᠭ᠎ᠠ ᠶᠢᠨ ᠤᠳᠤᠷᠢᠳᠤᠮᠵᠢ ᠪᠠ ᠬᠦᠰᠢᠬᠦᠷᠭᠡ ᠶᠢᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠠᠳᠠᠯ | ᠦᠢᠯᠡᠰ ᠴᠣᠭᠴᠠᠯᠠᠬᠤ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠭᠵᠢᠭᠡᠨ᠂ ᠠᠵᠤ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠬᠤ ᠪᠠ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ | ᠬᠦᠭᠵᠢᠭᠦᠯᠬᠦ ᠶᠢ ᠬᠦᠴᠦᠲᠡᠶ ᠳᠡᠮᠵᠢᠬᠦ ᠬᠡᠷᠡᠭᠲᠡᠢ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ | ᠠᠯᠬᠤᠮ ᠰᠢᠯᠢᠳᠡᠭᠵᠢᠭᠦᠯᠦᠨ᠂ ᠡᠳ᠋ ᠤᠨ ᠵᠠᠰᠠᠭ ᠤᠨ ᠪᠡᠯᠡ ᠮᠦᠩᠭᠦᠨ ᠤ ᠠᠷᠠᠳ ᠤᠨ ᠦᠨᠳᠦᠰᠦᠨ ᠠᠮᠢᠳᠤᠷᠠᠯ ᠢ | ᠪᠠᠲᠤᠯᠠᠬᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ | ᠠᠬᠢᠭᠤᠯᠬᠤ ᠬᠡᠷᠡᠭᠲᠡᠢ᠃ | ︵ᠬᠤᠶᠠᠷ︶ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠥᠭᠡᠷᠡᠴᠢᠯᠡᠯᠲᠡ ᠬᠢᠭᠡᠳ ᠬᠠᠤᠯᠢ | ᠲᠣᠭᠲᠠᠭᠠᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠬᠤ ᠬᠡᠷᠡᠭᠲᠡᠢ᠃ 2016 ᠣᠨ ᠤ ᠡᠳ᠋ ᠤᠨ ᠵᠠᠰᠠᠭ | ᠭᠠᠶᠢᠯᠢ ᠶᠢᠨ ᠶᠠᠪᠤᠳᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠠᠵᠢᠯ ᠪᠠ ᠡᠭᠦᠷᠭᠡ ᠶᠢᠨ | ᠪᠠᠶᠢᠷᠢᠯᠠᠭᠤᠯᠤᠯᠲᠠ ᠶᠣᠰᠣᠭᠠᠷ᠂ ᠡᠯ᠎ᠡ ᠵᠦᠢᠯ ᠤᠨ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠥᠭᠡᠷᠡᠴᠢᠯᠡᠯᠲᠡ ᠶᠢ | ᠢᠳᠡᠪᠬᠢᠲᠡᠶ ᠲᠦᠯᠬᠢᠨ ᠠᠬᠢᠭᠤᠯᠬᠤ ᠬᠡᠷᠡᠭᠲᠡᠢ᠃ ᠡᠵᠡᠩᠨᠡᠯᠲᠡ ᠶᠢᠨ ᠭᠠᠶᠢᠯᠢ ᠲᠠᠲᠠᠪᠤᠷᠢ ᠶᠢᠨ ᠦᠭᠡᠷᠡᠴᠢᠯᠡᠯᠲᠡ ᠪᠠ | ᠥᠷᠲᠡᠭ ᠨᠡᠮᠡᠭᠳᠡᠯ ᠤᠨ ᠭᠠᠶᠢᠯᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ᠃ | ᠶᠡᠷᠦᠩᠬᠡᠶᠢᠯᠡᠭᠰᠡᠨ ᠬᠢᠭᠡᠳ ᠲᠦᠷᠦᠯ ᠬᠤᠪᠢᠶᠠᠬᠤ ᠶᠢ ᠤᠶᠠᠯᠳᠤᠭᠤᠯᠤᠭᠰᠠᠨ ᠬᠤᠪᠢ ᠬᠥᠮᠦᠨ ᠤ ᠠᠰᠢᠭ | ᠣᠷᠣᠯᠭ᠎ᠠ ᠶᠢᠨ ᠭᠠᠶᠢᠯᠢ ᠶᠢᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠬᠤ ᠬᠡᠷᠡᠭᠲᠡᠢ᠃ ᠲᠥᠪ ᠤᠨ ᠪᠠ ᠣᠷᠣᠨ | ᠨᠤᠲᠤᠭ ᠤᠨ ᠣᠷᠣᠯᠭ᠎ᠠ ᠶᠢᠨ ᠬᠤᠪᠢᠶᠠᠷᠢᠯᠠᠯᠲᠠ ᠶᠢ ᠤᠯᠠᠮ ᠨᠢᠭᠡ ᠠᠯᠬᠤᠮ ᠰᠢᠯᠤᠭᠤᠳᠬᠠᠨ᠂ ᠠᠵᠢᠯ ᠶᠠᠪᠤᠳᠠᠯ ᠤᠨ | ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠬᠠᠷᠢᠯᠴᠠᠨ ᠵᠣᠬᠢᠴᠠᠭᠰᠠᠨ ᠲᠦᠷᠢᠮ ᠢ ᠲᠦᠷᠭᠡᠨ ᠪᠠᠶᠢᠭᠤᠯᠵᠤ᠂ ᠲᠥᠪ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠶ ᠴᠢᠩᠭᠠᠳᠬᠠᠨ᠂ ᠲᠥᠪ ᠤᠨ ᠪᠠ | ᠣᠷᠣᠨ ᠨᠤᠲᠤᠭ ᠤᠨ ᠢᠳᠡᠪᠬᠢᠵᠢᠯ ᠢ ᠳᠠᠶᠢᠴᠢᠯᠠᠬᠤ ᠬᠡᠷᠡᠭᠲᠡᠶ᠃ ᠭᠠᠶᠢᠯᠢ ᠲᠠᠲᠠᠪᠤᠷᠢ ᠶᠢ ᠨᠠᠶᠢᠳᠠᠪᠤᠷᠢᠵᠢᠭᠤᠯᠬᠤ | ᠬᠠᠤᠯᠢ ᠪᠠᠷ ᠲᠣᠭᠲᠠᠭᠠᠭᠰᠠᠨ ᠵᠠᠷᠴᠢᠮ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠭᠦᠢ ᠭᠠᠶᠢᠯᠢ ᠲᠠᠲᠠᠪᠤᠷᠢ ᠶᠢᠨ | ᠲᠦᠷᠢᠮ ᠢ ᠲᠦᠷᠭᠡᠪᠴᠢᠯᠡᠨ ᠬᠠᠤᠯᠢ ᠴᠠᠭᠠᠵᠠ ᠪᠣᠯᠭᠠᠨ ᠳᠡᠭᠡᠭᠰᠢᠯᠡᠭᠦᠯᠬᠦ ᠬᠡᠷᠡᠭᠲᠡᠢ᠃ 2016 ᠣᠨ ᠳᠤ ᠣᠷᠴᠢᠨ | ᠲᠣᠭᠤᠷᠢᠨ ᠢ ᠬᠠᠮᠠᠭᠠᠯᠠᠬᠤ ᠭᠠᠶᠢᠯᠢ ᠶᠢᠨ ᠬᠠᠤᠯᠢ᠂ ᠣᠩᠭᠤᠴᠠ ᠰᠠᠯ ᠤᠨ ᠲᠣᠨ ᠤ ᠭᠠᠶᠢᠯᠢ ᠶᠢᠨ ᠬᠠᠤᠯᠢ᠂ ᠨᠠᠪᠴᠢᠨ | ᠲᠠᠮᠠᠬᠢᠨ ᠤ ᠭᠠᠶᠢᠯᠢ ᠶᠢᠨ ᠬᠠᠤᠯᠢ ᠵᠡᠷᠭᠡ ᠲᠤᠰᠬᠠᠶ ᠬᠠᠤᠯᠢ ᠶᠢᠨ ᠲᠥᠰᠦᠯ ᠢ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠬᠢᠨᠠᠨ ᠵᠦᠪᠯᠡᠭᠦᠯᠵᠦ᠂ ᠭᠠᠶᠢᠯᠢ | ᠲᠠᠲᠠᠪᠤᠷᠢᠯᠠᠬᠤ ᠬᠠᠮᠢᠶᠠᠷᠤᠯᠲᠠ ᠶᠢᠨ ᠬᠠᠤᠯᠢ ᠳᠤ ᠵᠠᠰᠠᠪᠤᠷᠢ ᠣᠷᠣᠭᠤᠯᠬᠤ ᠬᠤᠯᠪᠣᠭᠳᠠᠯ ᠪᠦᠬᠦᠢ ᠠᠵᠢᠯ ᠢ ᠢᠳᠡᠪᠬᠢᠲᠡᠶ | ᠰᠠᠶᠢᠲᠤᠷ ᠬᠢᠬᠦ ᠬᠡᠷᠡᠭᠲᠡᠶ᠃ ᠲᠣᠬᠢᠷᠠᠭᠤᠯᠬᠤ ᠴᠢᠬᠤᠯᠠᠲᠠᠢ ᠭᠠᠶᠢᠯᠢ ᠶᠢᠨ ᠵᠦᠢᠯ᠂ ᠭᠠᠶᠢᠯᠢ ᠶᠢᠨ ᠨᠤᠷᠮ᠎ᠠ ᠪᠠ | ᠭᠠᠶᠢᠯᠢ ᠶᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠲᠦᠷᠦ ᠶᠢᠨ ᠪᠤᠳᠤᠯᠭ᠎ᠠ ᠳᠤ ᠲᠣᠬᠢᠷᠠᠭᠤᠯᠤᠯᠲᠠ ᠬᠢᠬᠦ | ᠴᠢᠬᠤᠯᠠᠲᠠᠢ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠶᠢ ᠴᠢᠩᠭ᠎ᠠ ᠵᠢᠷᠤᠮᠯᠠᠨ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠤᠨ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ᠃ | ︵ᠭᠤᠷᠪᠠ︶ ᠡᠳ᠋ ᠤᠨ ᠵᠠᠰᠠᠭ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢ ᠬᠦᠴᠦ ᠲᠠᠯᠪᠢᠨ | ᠳᠡᠭᠡᠭᠰᠢᠯᠡᠭᠦᠯᠬᠦ ᠬᠡᠷᠡᠭᠲᠡᠶ᠃ ᠲᠥᠰᠦᠪ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠵᠥᠪᠰᠢᠶᠡᠷᠡᠭᠰᠡᠨ ᠤ ᠲᠠᠷᠠᠭ᠎ᠠ ᠴᠠᠭ ᠲᠤᠬᠠᠶ ᠳᠤᠨᠢ ᠴᠣᠬᠤᠯᠠᠪᠤᠷᠢᠯᠠᠵᠤ᠂ ᠲᠥᠪ ᠤᠨ ᠦᠨᠳᠦᠰᠦᠨ ᠪᠦᠳᠦᠭᠡᠨ | ᠪᠠᠶᠢᠭᠤᠯᠤᠯᠲᠠ ᠶᠢᠨ ᠵᠠᠷᠤᠯᠭ᠎ᠠ᠂ ᠲᠥᠪ ᠠᠴᠠ ᠣᠷᠣᠨ ᠨᠤᠲᠤᠭ ᠲᠤ ᠰᠢᠯᠵᠢᠭᠦᠯᠦᠨ ᠥᠭᠬᠦ ᠵᠢᠴᠢ ᠣᠷᠣᠯᠠᠨ | ᠨᠠᠶᠢᠷᠠᠭᠤᠯᠵᠤ ᠥᠭᠭᠦᠭᠰᠡᠨ ᠲᠥᠰᠦᠪ ᠢ ᠲᠣᠭᠲᠠᠭᠰᠠᠨ ᠬᠤᠭᠤᠴᠠᠭᠠᠨ ᠳᠣᠲᠣᠷ᠎ᠠ᠂ ᠪᠣᠳᠠᠲᠠᠶ ᠲᠥᠷᠥᠯ ᠵᠦᠢᠯ ᠪᠠ | ᠨᠢᠭᠡᠴᠡ ᠳᠤ ᠲᠦᠷᠭᠡᠨ ᠵᠠᠳᠠᠯᠤᠠ ᠪᠠᠭᠤᠯᠭᠠᠵᠤ᠂ ᠲᠥᠰᠦᠪ ᠲᠤ ᠪᠠᠶᠢᠷᠢᠯᠠᠭᠤᠯᠤᠭᠰᠠᠨ ᠪᠡᠯᠡ ᠮᠥᠩᠭᠦ ᠬᠡᠷᠡᠭᠯᠡᠬᠦ ᠦᠷ᠎ᠡ | ᠪᠦᠲᠦᠮᠵᠢ ᠶᠢ ᠴᠠᠭ ᠲᠤᠬᠠᠶ ᠳᠤᠨᠢ ᠪᠠᠳᠠᠷᠠᠭᠤᠯᠬᠤ ᠬᠡᠷᠡᠭᠲᠡᠶ᠃ ᠲᠥᠰᠦᠪ ᠢ ᠭᠦᠢᠴᠡᠳᠬᠡᠬᠦ᠂ ᠲᠥᠰᠦᠪ ᠲᠤ ᠨᠡᠮᠡᠯᠲᠡ | ᠬᠢᠬᠦ ᠶᠢ ᠬᠢᠵᠠᠭᠠᠷᠯᠠᠬᠤ ᠪᠠ ᠪᠠᠭᠠᠰᠬᠠᠬᠤ ᠶᠢ ᠴᠢᠩᠭ᠎ᠠ ᠵᠢᠷᠤᠮᠵᠢᠭᠤᠯᠵᠤ᠂ ᠵᠢᠯ ᠤᠨ ᠡᠴᠦᠰ ᠲᠤ ᠬᠡᠲᠦᠷᠬᠡᠶ ᠳ᠋ᠦᠩᠨᠡᠨ | ᠰᠢᠯᠵᠢᠭᠦᠯᠦᠭᠰᠡᠨ ᠦᠯᠡᠳᠡᠪᠦᠷᠢ ᠪᠤᠢ ᠪᠣᠯᠬᠤ ᠠᠴᠠ ᠵᠠᠶᠢᠯᠠᠰᠬᠢᠬᠦ ᠬᠡᠷᠡᠭᠲᠡᠶ᠃ ᠰᠢᠨ᠎ᠡ ᠡᠭᠦᠳᠦᠯᠲᠡ ᠶᠢᠨ ᠤᠯᠠᠨ | ᠨᠡᠶᠢᠲᠡ ᠶᠢᠨ ᠦᠢᠯᠡᠴᠢᠯᠡᠭᠡ ᠳᠤ ᠠᠷᠭ᠎ᠠ ᠮᠠᠶ᠋ᠢᠭ ᠬᠠᠩᠭᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ | ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠡᠷᠡᠭᠯᠡᠬᠦ ᠦᠷ᠎ᠡ | ᠠᠰᠢᠭ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠶᠢ ᠤᠯᠠᠮ ᠨᠢᠭᠡ | ᠠᠯᠬᠤᠮ ᠡᠮᠬᠢᠯᠡᠨ ᠵᠢᠷᠤᠮᠵᠢᠭᠤᠯᠵᠤ᠂ ᠲᠥᠪ ᠤᠨ ᠰᠠᠯᠠᠭ᠎ᠠ ᠮᠥᠴᠢᠷ ᠲᠥᠷᠥᠯ ᠵᠦᠢᠯ ᠤᠨ ᠪᠡᠯᠡ ᠮᠥᠩᠭᠦ ᠪᠠ | ᠲᠥᠪ ᠠᠴᠠ ᠣᠷᠣᠨ ᠨᠤᠲᠤᠭ ᠲᠤ ᠲᠤᠰᠬᠠᠶ ᠰᠢᠯᠵᠢᠭᠦᠯᠦᠨ ᠥᠭᠬᠦ ᠪᠡᠯᠡ ᠮᠥᠩᠭᠦ ᠶᠢ ᠠᠵᠢᠯ ᠤᠨ ᠠᠮᠵᠢᠯᠲᠠ | ᠪᠦᠲᠦᠮᠵᠢ ᠪᠠᠷ ᠦᠨᠡᠯᠡᠬᠦ ᠠᠵᠢᠯ ᠢ ᠴᠢᠩᠭᠠᠳᠬᠠᠵᠤ ᠂ ᠠᠷᠠᠳ ᠤᠨ ᠠᠮᠢᠳᠤᠷᠠᠯ ᠤᠨ ᠲᠦᠷᠦ ᠶᠢᠨ ᠪᠣᠳᠣᠯᠭ᠎ᠠ ᠪᠠ | ᠴᠢᠬᠤᠯᠠ ᠶᠡᠭᠡ ᠲᠤᠰᠬᠠᠶ ᠵᠠᠷᠤᠯᠭ᠎ᠠ ᠶᠢᠨ ᠠᠮᠵᠢᠯᠲᠠ ᠪᠦᠲᠦᠮᠵᠢ ᠶᠢ ᠦᠨᠡᠯᠡᠬᠦ ᠲᠣᠭᠲᠠᠴᠠ ᠶᠢ ᠭᠤᠣᠯᠳᠠᠯᠭ᠎ᠠ ᠲᠠᠢ | ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ 2015 ᠣᠨ ᠤ ᠲᠥᠪ ᠤᠨ ᠲᠥᠰᠦᠪ ᠤᠨ ᠭᠦᠢᠴᠡᠳᠬᠡᠯ ᠳᠤ᠂ ᠬᠡᠰᠡᠭ | ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠦᠷᠦ ᠶᠢᠨ ᠪᠣᠳᠣᠯᠭ᠎ᠠ ᠪᠠ ᠴᠢᠬᠤᠯᠠ ᠶᠡᠭᠡ ᠲᠤᠰᠬᠠᠶ | ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ᠂ ᠡᠳ᠋ ᠤᠨ ᠵᠠᠰᠠᠭ ᠤᠨ ᠬᠠᠳᠠᠭᠠᠯᠠᠵᠤ | ᠪᠠᠶᠢᠭ᠎ᠠ ᠪᠡᠯᠡ ᠮᠥᠩᠭᠦ ᠶᠢ ᠢᠯᠭᠠᠷᠠᠭᠤᠯᠤᠨ ᠠᠮᠢᠳᠤᠯᠢᠭ ᠪᠣᠯᠭᠠᠬᠤ ᠪᠠᠶᠢᠳᠠᠯ ᠵᠡᠷᠭᠡ ᠶᠢ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠬᠦ ᠬᠡᠷᠡᠭᠲᠡᠢ᠃ | ︵ᠲᠦᠷᠪᠡ︶ ᠵᠠᠰᠠᠭ ᠤᠨ ᠣᠷᠳᠣᠨ ᠤ ᠥᠭᠴᠡᠭᠡ ᠶᠢᠨ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠪᠠ ᠰᠡᠷᠭᠡᠶᠢᠯᠡᠬᠦ ᠬᠡᠷᠡᠭᠲᠡᠢ᠃ ᠲᠥᠰᠦᠪ ᠤᠨ ᠬᠠᠤᠯᠢ᠂ ᠳᠠᠭᠠᠭᠠᠯᠲᠠ ᠶᠢᠨ ᠬᠠᠤᠯᠢ ᠵᠡᠷᠭᠡ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠵᠠᠰᠠᠭ ᠤᠨ ᠣᠷᠳᠣᠨ ᠤ | ᠥᠭᠴᠡᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠷᠣᠨ ᠨᠤᠲᠤᠭ ᠤᠨ ᠵᠠᠰᠠᠭ ᠤᠨ | ᠣᠷᠳᠣᠨ ᠪᠣᠯᠤᠨ ᠲᠡᠭᠦᠨ ᠤ ᠬᠠᠷᠢᠶ᠎ᠠ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠵᠦ ᠶᠠᠮᠠᠷᠪᠠ ᠨᠢᠭᠡᠴᠡ ᠪᠠ ᠬᠤᠪᠢ | ᠬᠥᠮᠦᠨ ᠤ ᠥᠭᠴᠡᠭᠡ ᠳᠤ ᠳᠠᠭᠠᠭᠠᠯᠲᠠ ᠬᠠᠩᠭᠠᠵᠤ ᠪᠣᠯᠬᠤ ᠦᠭᠡᠢ᠂ ᠬᠦᠷᠦᠩᠭᠡ ᠮᠥᠩᠭᠦ ᠶᠢ ᠥᠷᠢᠲᠦᠵᠦ | ᠤᠳᠠᠭᠠᠰᠢᠷᠠᠭᠤᠯᠵᠤ ᠪᠣᠯᠬᠤ ᠤᠢᠭᠡᠢ᠂ ᠪᠤᠴᠠᠭᠠᠵᠤ ᠬᠤᠳᠠᠯᠳᠤᠨ ᠣᠷᠣᠭᠤᠯᠬᠤ ᠬᠡᠯᠡᠯᠴᠡᠭᠡᠷ ᠲᠣᠭᠲᠠᠭᠠᠬᠤ ᠪᠠ | ᠠᠮᠠᠯᠠᠯᠲᠠ ᠶᠢᠨ ᠲᠣᠭᠲᠠᠮᠠᠯ ᠠᠰᠢᠭ ᠤᠯᠬᠤ ᠵᠡᠷᠭᠡ ᠬᠡᠯᠪᠡᠷᠢ ᠪᠠᠷ ᠵᠠᠰᠠᠭ ᠤᠨ ᠣᠷᠳᠣᠨ ᠤ ᠥᠭᠴᠡᠭᠡ ᠶᠢ | ᠥᠭᠡᠷᠡᠲᠡᠭᠦᠯᠦᠨ ᠥᠷᠭᠡᠳᠬᠡᠵᠦ ᠪᠣᠯᠬᠤ ᠤᠢᠭᠡᠢ᠃ ᠡᠯ᠎ᠡ ᠵᠦᠢᠯ ᠤᠨ ᠡᠳ᠋ ᠤᠨ ᠵᠠᠰᠠᠭ ᠤᠨ ᠴᠢᠨᠠᠷᠲᠠᠶ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠵᠠᠰᠠᠭ ᠤᠨ ᠣᠷᠳᠣᠨ ᠤ | ᠴᠢᠨᠠᠷᠲᠠᠶ ᠰᠠᠭᠤᠷᠢ ᠮᠥᠩᠭᠦ ᠶᠢᠨ ᠲᠥᠰᠦᠪ ᠪᠤᠶᠤ ᠲᠤᠰᠬᠠᠶ ᠵᠦᠢᠯ ᠤᠨ ᠣᠷᠣᠯᠭ᠎ᠠ ᠶᠢ ᠲᠤᠰᠬᠠᠶ ᠥᠭᠴᠡᠭᠡ ᠶᠢᠨ ᠡᠬᠡ | ᠮᠥᠩᠭᠦ ᠶᠢ ᠪᠤᠴᠠᠭᠠᠭᠰᠠᠨ ᠵᠠᠷᠤᠯᠭ᠎ᠠ ᠳᠤ ᠲᠣᠬᠢᠷᠠᠭᠤᠯᠬᠤ ᠬᠡᠷᠡᠭᠲᠡᠶ᠃ ᠲᠦᠷᠦ ᠶᠢᠨ ᠪᠤᠳᠤᠯᠭ᠎ᠠ ᠶᠢᠨ ᠴᠢᠨᠠᠷᠲᠠᠶ | ᠪᠠᠩᠬᠢ ᠶᠢᠨ ᠪᠣᠳᠠᠲᠠᠶ ᠬᠠᠮᠢᠶᠠᠷᠤᠯᠲᠠ ᠶᠢᠨ ᠳᠦᠷᠢᠮ ᠠᠷᠭ᠎ᠠ ᠶᠢ ᠱᠠᠯᠠᠪᠳᠠᠨ ᠲᠣᠭᠲᠠᠭᠠᠨ ᠲᠡᠭᠦᠯᠳᠡᠷᠵᠢᠭᠦᠯᠵᠦ᠂ | ᠲᠦᠷᠦ ᠶᠢᠨ ᠪᠤᠳᠤᠯᠭ᠎ᠠ ᠶᠢᠨ ᠴᠢᠨᠠᠷᠲᠠᠶ ᠪᠠᠩᠬᠢ ᠶᠢᠨ ᠵᠦᠢ ᠵᠣᠬᠢᠰᠲᠠᠶ ᠥᠷᠢ ᠶᠢᠨ ᠬᠡᠪᠴᠢᠶ᠎ᠡ ᠶᠢ ᠪᠠᠲᠤᠯᠠᠬᠤ ᠬᠡᠷᠡᠭᠲᠡᠢ᠃ | ᠵᠠᠰᠠᠭ ᠤᠨ ᠣᠷᠳᠣᠨ ᠤ ᠥᠭᠴᠡᠭᠡ ᠶᠢᠨ ᠤᠷᠲᠤᠪᠲᠤᠷ ᠪᠠ ᠤᠷᠳᠤ ᠬᠤᠭᠤᠴᠠᠭᠠᠨ ᠤ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠬᠡᠷᠡᠭᠲᠡᠢ᠃ | ︵ᠲᠠᠪᠤ︶ ᠲᠥᠰᠦᠪ ᠤᠨ ᠬᠠᠤᠯᠢ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠥᠰᠦᠪ ᠤᠨ ᠬᠠᠮᠢᠶᠠᠷᠤᠯᠲᠠ ᠶᠢ | ᠵᠢᠷᠤᠮᠵᠢᠭᠤᠯᠬᠤ ᠬᠡᠷᠡᠭᠲᠡᠶ᠃ ᠲᠥᠰᠦᠪ ᠤᠨ ᠬᠠᠤᠯᠢ ᠶᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠵᠦ᠂ | ᠲᠥᠰᠦᠪ ᠤᠨ ᠬᠠᠤᠯᠢ ᠶᠢ ᠬᠡᠷᠡᠭᠵᠢᠭᠦᠯᠬᠦ ᠲᠥᠷᠢᠮ ᠳᠤ ᠵᠠᠰᠠᠪᠤᠷᠢ ᠣᠷᠣᠭᠤᠯᠬᠤ ᠠᠵᠢᠯ ᠢ ᠲᠦᠷᠭᠡᠪᠴᠢᠯᠡᠨ | ᠪᠡᠶᠡᠯᠡᠭᠦᠯᠵᠦ᠂ ᠲᠥᠰᠦᠪ ᠤᠨ ᠬᠠᠤᠯᠢ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠡᠷᠬᠡ ᠣᠯᠭᠤᠬᠤ ᠵᠢᠴᠢ | ᠲᠡᠭᠦᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠣᠭᠲᠠᠭᠠᠭᠰᠠᠨ ᠬᠤᠯᠪᠣᠭᠳᠠᠯ ᠪᠦᠬᠦᠢ ᠳᠦᠷᠢᠮ ᠠᠷᠭ᠎ᠠ ᠶᠢ | ᠲᠦᠷᠭᠡᠪᠴᠢᠯᠡᠨ ᠲᠡᠭᠦᠯᠳᠡᠷᠵᠢᠭᠦᠯᠬᠦ ᠬᠡᠷᠡᠭᠲᠡᠶ᠃ ᠲᠥᠰᠦᠪ ᠢ ᠨᠠᠶᠢᠷᠠᠭᠤᠯᠤᠨ ᠵᠣᠬᠢᠶᠠᠬᠤ ᠠᠵᠢᠯ ᠢ ᠨᠠᠷᠢᠯᠢᠬᠵᠢᠭᠤᠯᠵᠥ᠂ | ᠲᠥᠰᠦᠪ ᠤᠨ ᠵᠢᠯ ᠤᠨ ᠡᠬᠢᠨ ᠤ ᠣᠷᠣᠯᠠᠨ ᠨᠠᠶᠢᠷᠠᠭᠤᠯᠬᠤ ᠬᠡᠪᠴᠢᠶ᠎ᠡ ᠶᠢ ᠤᠯᠠᠮ ᠨᠢᠭᠡ ᠠᠯᠬᠤᠮ ᠪᠠᠭᠠᠰᠬᠠᠬᠤ | ᠬᠡᠷᠡᠭᠲᠡᠶ᠃ ᠲᠥᠪ ᠤᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠥᠰᠦᠪ ᠤᠨ | ᠬᠠᠮᠢᠶᠠᠷᠤᠯᠲᠠ ᠪᠣᠯᠤᠨ ᠲᠦᠷᠤᠯ ᠵᠦᠢᠯ ᠤᠨ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠦᠷᠤᠯ ᠵᠦᠢᠯ | ᠤᠨ ᠢᠯᠡᠳᠬᠡᠮᠵᠢ ᠶᠣᠰᠣᠭᠠᠷ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠳᠡᠪᠰᠢᠭᠦᠯᠦᠭᠰᠡᠨ ᠲᠥᠪ ᠤᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠯᠠᠭᠤᠯᠤᠯᠲᠠ ᠶᠢᠨ | ᠵᠠᠷᠤᠯᠭ᠎ᠠ ᠳᠠᠬᠢ ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ | ᠴᠢᠨᠠᠷᠲᠠᠶ ᠰᠠᠭᠤᠷᠢ ᠮᠥᠩᠭᠦᠨ ᠤ ᠲᠥᠷᠥᠯ ᠵᠦᠢᠯ ᠢ ᠤᠯᠠᠮ ᠨᠢᠭᠡ ᠠᠯᠬᠤᠮ ᠢᠯᠭᠠᠷᠠᠭᠤᠯᠵᠤ᠂ ᠵᠠᠰᠠᠭ ᠤᠨ | ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠢ ᠵᠢᠷᠤᠮᠵᠢᠭᠤᠯᠬᠤ ᠬᠡᠷᠡᠭᠲᠡᠶ᠃ ᠤᠯᠤᠰ ᠤᠨ ᠥᠮᠴᠢᠯᠡᠯ ᠤᠨ | ᠪᠡᠯᠡ ᠬᠥᠷᠥᠩᠭᠡ ᠶᠢᠨ ᠦᠨᠳᠦᠰᠦᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠵᠠᠬᠢᠷᠭᠠᠨ ᠤ | ᠠᠵᠢᠯ ᠦᠢᠯᠡᠰ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠵᠠᠰᠠᠭ ᠤᠨ ᠣᠷᠳᠣᠨ ᠤ ᠡᠵᠡᠩᠨᠡᠨ | ᠬᠠᠮᠢᠶᠠᠷᠤᠯᠲᠠ ᠶᠢᠨ ᠡᠳ᠋ ᠬᠥᠷᠥᠩᠭᠡ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠷᠬᠡ ᠠᠰᠢᠭ ᠢ | ᠪᠠᠭᠲᠠᠭᠠᠭᠰᠠᠨ ᠵᠠᠰᠠᠭ ᠤᠨ ᠣᠷᠳᠣᠨ ᠤ ᠪᠡᠯᠡ ᠬᠦ᠋ᠷᠦᠩᠭᠡ ᠶᠢᠨ ᠮᠡᠳᠡᠭᠦᠯᠦᠯᠲᠡ ᠶᠢᠨ ᠲᠦᠷᠢᠮ ᠢ ᠪᠠᠶᠢᠭᠤᠯᠬᠤ ᠬᠡᠷᠡᠭᠲᠡᠶ᠃ | ᠤᠯᠤᠰ ᠤᠨ ᠥᠮᠴᠢᠯᠡᠯ ᠤᠨ ᠭᠦᠷᠤᠩᠭᠡ ᠶᠢᠨ ᠡᠵᠡᠩᠨᠡᠯᠲᠡ ᠶᠢᠨ ᠲᠥᠰᠦᠪ ᠤᠨ ᠲᠦᠷᠢᠮ ᠢ ᠲᠡᠭᠦᠯᠳᠡᠷᠵᠢᠭᠦᠯᠬᠦ | ᠬᠡᠷᠡᠭᠲᠡᠢ᠃ ᠵᠠᠰᠠᠭ ᠤᠨ ᠣᠷᠳᠣᠨ ᠤ ᠨᠢᠭᠲᠠᠯᠠᠨ ᠪᠤᠳᠤᠬᠤ ᠬᠤᠯᠪᠣᠭᠳᠠᠯ ᠪᠦᠬᠦᠢ ᠪᠣᠳᠠᠲᠠᠶ ᠪᠠᠷᠢᠮᠵᠢᠶ᠎ᠠ ᠶᠢ | ᠲᠦᠷᠭᠡᠪᠴᠢᠯᠡᠨ ᠲᠣᠭᠲᠠᠭᠠᠵᠤ᠂ ᠡᠷᠬᠡ ᠬᠠᠷᠢᠭᠤᠴᠠᠯᠭ᠎ᠠ ᠶᠢᠨ ᠡᠭᠦᠰᠦᠯ ᠢᠶᠠᠷ ᠵᠠᠰᠠᠭ ᠤᠨ ᠣᠷᠳᠣᠨ ᠤ | ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠲᠦᠷᠢᠮ ᠲᠣᠭᠲᠠᠭᠠᠬᠤ ᠶᠢ ᠲᠦᠷᠭᠡᠪᠴᠢᠯᠡᠨ | ᠪᠠᠶᠢᠭᠤᠯᠬᠤ ᠬᠡᠷᠡᠭᠲᠡᠢ᠃ ᠲᠥᠰᠦᠪ ᠢ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠬᠦ ᠪᠥᠭᠡᠳ ᠡᠳ᠋ ᠤᠨ ᠵᠠᠰᠠᠭ ᠤᠨ | ᠰᠢᠯᠵᠢᠭᠦᠯᠦᠨ ᠥᠭᠬᠦ ᠪᠠ ᠵᠠᠰᠠᠭ ᠤᠨ ᠣᠷᠳᠣᠨ ᠤ ᠵᠢᠭᠡᠯᠡᠯᠭᠡ ᠶᠢᠨ ᠪᠠᠶᠢᠳᠠᠯ ᠵᠡᠷᠭᠡ ᠴᠢᠬᠤᠯᠠ ᠬᠡᠷᠡᠭ | ᠶᠠᠪᠤᠳᠠᠯ ᠤᠳ ᠲᠤ ᠲᠣᠳᠣᠷᠬᠠᠶᠢᠯᠠᠯᠲᠠ ᠬᠢᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠰᠠᠯᠠᠭ᠎ᠠ | ᠮᠥᠴᠢᠷ ᠤᠳ ᠲᠦᠷᠦᠭᠦᠯᠡᠨ ᠨᠠᠷᠢᠯᠠᠵᠤ ᠠᠮᠢᠳᠤᠷᠠᠬᠤ ᠦᠵᠡᠯ ᠰᠠᠨᠠᠭ᠎ᠠ ᠶᠢ ᠪᠣᠢ ᠪᠣᠯᠭᠠᠵᠤ᠂ ᠦᠨᠡᠨᠬᠦ ᠪᠠᠭᠠᠰᠬᠠᠵᠤ | ᠪᠣᠯᠬᠤ ᠵᠠᠷᠤᠯᠭ᠎ᠠ ᠶᠢ ᠡᠷᠡᠰ ᠪᠠᠭᠠᠰᠬᠠᠵᠦ᠂ ᠬᠡᠷᠡᠭᠯᠡᠬᠦ ᠦᠭᠡᠢ ᠪᠠᠶᠢᠵᠤ ᠪᠣᠯᠬᠤ ᠵᠣᠭᠤᠰ ᠢ ᠡᠷᠡᠰ ᠬᠡᠷᠡᠭᠯᠡᠬᠦ ᠦᠭᠡᠢ | ᠪᠠᠶᠢᠬᠤ ᠬᠡᠷᠡᠭᠲᠡᠢ᠃ | ︵ᠵᠢᠷᠭᠤᠭ᠎ᠠ︶ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠬᠤ ᠬᠡᠷᠡᠭᠲᠡᠶ᠃ ᠡᠳ᠋ ᠤᠨ ᠵᠠᠰᠠᠭ ᠠᠵᠤ | ᠠᠬᠤᠶ ᠶᠢᠨ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ᠂ ᠲᠥᠷᠥ ᠶᠢᠨ ᠶᠠᠪᠤᠳᠠᠯ ᠤᠨ | ᠬᠤᠷᠢᠶᠠᠨ ᠤ ᠬᠢᠨᠠᠨ ᠪᠤᠳᠤᠬᠤ ᠪᠠᠶᠢᠭᠤᠯᠭ᠎ᠠ ᠲᠥᠰᠦᠪ ᠤᠨ ᠬᠠᠮᠢᠶᠠᠷᠤᠯᠲᠠ ᠪᠠ ᠭᠦᠢᠴᠡᠳᠬᠡᠭᠰᠡᠨ ᠪᠠᠶᠢᠳᠠᠯ ᠤᠨ ᠬᠢᠨᠠᠨ | ᠪᠤᠲᠣᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ᠂ ᠡᠳ᠋ ᠤᠨ ᠵᠠᠰᠠᠭ ᠤᠨ | ᠶᠠᠳᠠᠭᠤ ᠶᠢ ᠲᠡᠳᠬᠦᠬᠦ ᠪᠡᠯᠡ ᠮᠥᠩᠭᠦ᠂ ᠣᠷᠴᠢᠨ ᠲᠣᠭᠤᠷᠢᠨ ᠢ ᠬᠠᠮᠠᠭᠠᠯᠠᠬᠤ ᠪᠡᠯᠡ ᠮᠥᠩᠭᠦ᠂ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠣᠯᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠪᠡᠯᠡ ᠮᠥᠩᠭᠦ ᠶᠢᠨ | ᠬᠢᠨᠠᠨ ᠪᠤᠲᠣᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ ᠪᠠ ᠭᠤᠣᠯᠳᠠᠯᠭ᠎ᠠ ᠲᠠᠢ ᠲᠦᠷᠦᠯ ᠵᠦᠢᠯ ᠤᠨ ᠲᠦᠯᠬᠢᠨ ᠠᠬᠢᠭᠤᠯᠤᠯᠲᠠ ᠶᠢᠨ ᠪᠠᠶᠢᠳᠠᠯ ᠤᠨ | ᠬᠢᠨᠠᠨ ᠪᠤᠲᠣᠯᠲᠠ ᠶᠢ ᠴᠢᠩᠭᠠᠳᠬᠠᠬᠤ ᠬᠡᠷᠡᠭᠲᠡᠢ᠃ ᠬᠤᠯᠪᠣᠭᠳᠠᠯ ᠪᠦᠬᠦᠢ ᠣᠷᠣᠨ ᠨᠤᠲᠤᠭ ᠤᠨ ᠵᠠᠰᠠᠭ ᠤᠨ ᠣᠷᠳᠣᠨ᠂ | ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠬᠢᠨᠠᠨ ᠪᠤᠲᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ | ᠴᠡᠭᠴᠡᠯᠡᠨ ᠥᠭᠡᠷᠡᠴᠢᠯᠡᠬᠦ ᠡᠷᠴᠢᠮ ᠢ ᠴᠢᠩᠭᠠᠷᠠᠭᠤᠯᠵᠤ᠂ ᠴᠢᠩᠭ᠎ᠠ ᠨᠡᠬᠡᠮᠵᠢᠯᠡᠨ ᠲᠤᠯᠭᠠᠨ ᠠᠰᠠᠭᠤᠬᠤ᠂ ᠨᠢᠭᠲᠠᠯᠠᠨ | ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠪᠠᠶᠢᠭᠤᠯᠤᠯ ᠲᠣᠭᠲᠠᠴᠠ ᠶᠢᠨ ᠲᠠᠯ᠎ᠠ ᠠᠴᠠ ᠰᠢᠢᠳᠪᠦᠷᠢᠯᠡᠵᠦ᠂ | ᠡᠳ᠋ ᠤᠨ ᠵᠠᠰᠠᠭ ᠤᠨ ᠪᠡᠯᠡ ᠮᠥᠩᠭᠦ ᠶᠢ ᠦᠨᠡᠨ ᠬᠦ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠬᠡᠷᠡᠭᠲᠡᠶ᠃ | ᠳᠡᠭᠡᠷᠡᠬᠢ ᠮᠡᠳᠡᠭᠦᠯᠦᠯᠲᠡ ᠶᠢ ᠬᠢᠨᠠᠨ ᠵᠥᠪᠯᠡᠬᠦ ᠪᠣᠯᠪᠠᠤ᠃ | ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ | 2016 ᠣᠨ ᠤ 3 ᠳ᠋ᠤᠭᠠᠷ ᠰᠠᠷ᠎ᠠ ᠶᠢᠨ 13 ᠤ ᠡᠳᠦᠷ | |