ᠥᠪᠥᠷ ᠮᠣᠩᠭᠤᠯ ᠬᠠᠨ ᠤᠯᠤᠰ ᠤᠨ ᠦᠶ᠎ᠡ ᠶᠢᠨ ᠪᠠᠬᠢᠯᠡᠯᠲᠡ ᠶᠢᠨ ᠬᠡᠷᠡᠮ ᠵᠢᠴᠢ ᠭᠠᠰᠢᠭᠤᠨ ᠨᠠᠭᠤᠷ ᠬᠤᠲᠠ ᠶᠢᠨ ᠪᠠᠭᠤᠷᠢ ᠶᠢ ᠢᠯᠡᠷᠡᠭᠦᠯᠪᠡ
ᠨᠡᠶᠢᠲᠡᠯᠡᠭᠰᠡᠨ ᠴᠠᠭ᠄
2016/3/16
      ᠥᠪᠥᠷ ᠮᠣᠩᠭᠤᠯ ᠤᠨ ᠴᠠᠭᠠᠨ ᠬᠡᠷᠡᠮ ᠢ ᠪᠠᠶᠢᠴᠠᠭᠠᠬᠤ ᠠᠩᠬᠢ ᠭᠠᠰᠢᠭᠤᠨ ᠨᠠᠭᠤᠷ ᠤᠨ ᠬᠢᠯᠢ ᠶᠢᠨ ᠪᠣᠭᠤᠮᠲᠠ ᠎ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠪᠡ᠃ ᠣᠳᠣᠬᠠᠨ ᠳᠤ ᠡᠵᠡᠮᠰᠢᠵᠦ ᠪᠠᠶᠢᠭ᠎ᠠ ᠬᠠᠭᠤᠴᠢ ᠰᠤᠳᠤᠯᠤᠯ ᠤᠨ ᠪᠠᠶᠢᠴᠠᠭᠠᠯᠲᠠ ᠶᠢᠨ ᠲᠡᠮᠳᠡᠭᠯᠡᠯ ᠠᠴᠠ ᠦᠵᠡᠪᠡᠯ᠂ ᠵᠢᠤᠢ ᠶᠠᠨ ᠣᠷᠣᠨ ᠤ ᠬᠠᠨ ᠤᠯᠤᠰ ᠤᠨ ᠦᠶ᠎ᠡ ᠶᠢᠨ ᠦᠯᠡᠳᠡᠭᠳᠡᠯ ᠭᠡᠪᠡᠯ᠂ 3 ᠾᠧᠦ ᠳᠤ ᠬᠠᠷᠢᠶᠠᠯᠠᠭᠳᠠᠬᠤ ᠪᠠᠬᠢᠯᠡᠯᠲᠡ ᠬᠤᠲᠠ᠂ ᠳᠣᠬᠢᠶᠠᠨ ᠤᠳᠤᠭ᠎ᠠ᠂ ᠲᠠᠷᠢᠶᠠᠨ ᠮᠠᠨᠳᠤᠯ ᠵᠡᠷᠭᠡ ᠦᠯᠡᠳᠡᠭᠳᠡᠯ ᠠᠴᠠ ᠭᠠᠳᠠᠨ᠎ᠠ᠂ ᠭᠠᠰᠢᠭᠤᠨ ᠨᠠᠭᠤᠷ ᠤᠨ ᠪᠠᠶᠠᠨ ᠪᠦᠷᠢᠳᠦ ᠳᠣᠲᠣᠷᠠᠬᠢ ᠬᠠᠨ ᠤᠯᠤᠰ ᠤᠨ ᠪᠠᠭᠤᠷᠢ ᠨᠢ ᠭᠤᠣᠯᠳᠠᠭᠤ ᠡᠷᠲᠡᠨ ᠤ 5 ᠬᠤᠲᠠ᠂ 1 ᠪᠠᠬᠢᠯᠡᠯᠲᠡ ᠶᠢᠨ ᠬᠤᠲᠠ ᠶᠢᠨ ᠰᠠᠭᠤᠷᠢ᠂ 24 ᠳᠣᠬᠢᠶᠠᠨ ᠤᠳᠤᠭ᠎ᠠ ᠶᠢᠨ ᠪᠠᠭᠤᠷᠢ ᠪᠠᠶᠢᠨ᠎ᠠ᠃ 5 ᠡᠷᠲᠡᠨ ᠤ ᠬᠤᠲᠠ ᠶᠢᠨ ᠪᠠᠭᠤᠷᠢ ᠨᠢ ᠲᠤᠰ ᠪᠦᠷᠢ ᠳᠠᠷᠤᠢ K688 ᠬᠤᠲᠠ ︵ᠨᠦᠭᠦᠭᠡ ᠨᠡᠷ᠎ᠡ ᠨᠢ ᠶᠠᠪᠠᠷᠠᠢ ᠬᠤᠲᠠ︶᠂ K710 ᠬᠤᠲᠠ᠂ ᠴᠠᠭᠠᠨ ᠬᠤᠲᠠ᠂ K749 ᠬᠤᠲᠠ᠂ ᠨᠣᠭᠤᠭᠠᠨ ᠬᠤᠲᠠ ᠪᠣᠯᠤᠨ᠎ᠠ᠂ 1 ᠪᠡᠬᠡᠯᠡᠯᠲᠡ ᠶᠢᠨ ᠬᠤᠲᠠ ᠨᠢ ᠤᠯᠠᠭᠠᠨ ᠬᠤᠲᠠ ᠪᠣᠯᠤᠨ᠎ᠠ᠃ ᠲᠡᠤᠬᠡᠨ ᠲᠡᠮᠳᠡᠭᠯᠡᠯ ᠲᠠᠢ ᠤᠶᠠᠯᠳᠤᠭᠤᠯᠪᠠᠯ᠂ ᠡᠳᠡᠭᠡᠷ ᠦᠯᠡᠳᠡᠭᠳᠡᠯ ᠨᠢ ᠪᠠᠬᠢᠯᠡᠯᠲᠡ ᠶᠢᠨ ᠬᠡᠷᠡᠮ᠂ ᠭᠠᠰᠢᠭᠤᠨ ᠨᠠᠭᠤᠷ ᠬᠤᠲᠠ᠂ ᠭᠠᠰᠢᠭᠤᠨ ᠨᠠᠭᠤᠷ ᠰᠢᠶᠠᠨ ᠪᠠ ᠭᠠᠰᠢᠭᠤᠨ ᠨᠠᠭᠤᠷ ᠤᠨ ᠾᠧᠦ ᠵᠡᠷᠭᠡ ᠵᠠᠰᠠᠭ ᠵᠠᠬᠢᠷᠭ᠎ᠠ᠂ ᠴᠡᠷᠢᠭ ᠤᠨ ᠶᠠᠪᠤᠳᠠᠯ ᠤᠨ ᠪᠠᠶᠢᠭᠤᠯᠤᠯ ᠤᠨ ᠣᠷᠳᠣᠳ ᠪᠣᠯᠤᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠬᠠᠭᠤᠴᠢ ᠰᠤᠳᠤᠯᠤᠯ ᠤᠨ ᠰᠤᠳᠤᠯᠬᠤ ᠭᠠᠵᠠᠷ ᠤᠨ ᠳᠡᠳ᠋ ᠳᠠᠷᠤᠭ᠎ᠠ᠂ ᠥᠪᠥᠷ ᠮᠣᠩᠭᠤᠯ ᠤᠨ ᠴᠠᠭᠠᠨ ᠬᠡᠷᠡᠮ ᠤᠨ ᠡᠬᠢ ᠰᠤᠷᠪᠤᠯᠵᠢ ᠶᠢ ᠪᠠᠶᠢᠴᠠᠭᠠᠬᠤ ᠲᠥᠷᠥᠯ ᠵᠦᠢᠯ ᠤᠨ ᠳᠤᠭᠤᠶᠢᠯᠠᠩ ᠤᠨ ᠬᠠᠷᠢᠭᠤᠴᠠᠯᠭᠠᠲᠠᠨ ᠵᠠᠩ ᠸᠧᠨ ᠫᠢᠩ ᠲᠠᠨᠢᠯᠴᠠᠭᠤᠯᠤᠭᠰᠠᠨ ᠨᠢ᠂ ᠭᠠᠰᠢᠭᠤᠨ ᠨᠠᠭᠤᠷ ᠲᠡᠦᠬᠡᠨ ᠭᠠᠵᠠᠷ ᠤᠨ ᠨᠡᠷᠡᠶᠢᠳᠦᠯ ᠪᠣᠯᠤᠭᠰᠠᠨ ᠤ ᠬᠤᠪᠢ ᠳᠤ᠂ ᠬᠠᠮᠤᠭ ᠠᠩᠬ᠎ᠠ ︽ᠰᠤᠳᠤᠷ ᠲᠡᠮᠳᠡᠭᠯᠡᠯ︾᠎ ᠳᠤ ᠲᠡᠮᠳᠡᠭᠯᠡᠵᠠᠶ᠃ ᠥᠪᠥᠷ ᠮᠣᠩᠭᠤᠯ ᠤᠨ ᠴᠠᠭᠠᠨ ᠬᠡᠷᠡᠮ ᠤᠨ ᠡᠬᠢ ᠰᠤᠷᠪᠤᠯᠵᠢ ᠶᠢ ᠪᠠᠶᠢᠴᠠᠭᠠᠬᠤ ᠬᠤᠭᠤᠴᠠᠭᠠᠨ ᠳᠤ᠂ ᠭᠠᠰᠢᠭᠤᠨ ᠨᠠᠭᠤᠷ ᠤᠨ ᠬᠠᠪᠢ ᠳᠤ ᠴᠠᠭᠠᠨ ᠬᠤᠲᠠ ᠶᠢ ᠢᠯᠡᠷᠡᠭᠦᠯᠦᠨ᠂ ᠲᠡᠭᠦᠨ ᠤ ᠬᠡᠪᠴᠢᠶ᠎ᠡ ᠨᠢ K710 ᠬᠤᠲᠠ᠂ K688 ᠬᠤᠲᠠ ︵ᠨᠦᠭᠦᠭᠡ ᠨᠡᠷ᠎ᠡ ᠨᠢ ᠶᠠᠪᠠᠷᠠᠢ ᠬᠤᠲᠠ︶᠎ ᠲᠠᠢ ᠶᠡᠭᠡ ᠲᠥᠯᠥᠪ ᠠᠳᠠᠯᠢ ᠪᠠᠶᠢᠵᠤ᠂ ᠬᠠᠪᠲᠠᠭᠠᠶ ᠨᠢ ᠶᠡᠭᠡ ᠲᠥᠯᠥᠪ ᠳᠥᠷᠪᠡᠯᠵᠢᠨ ᠬᠡᠯᠪᠡᠷᠢ ᠲᠠᠢ᠂ ᠲᠠᠯ᠎ᠠ ᠶᠢᠨ ᠣᠷᠳᠣ ᠨᠢ 130 ᠮᠧᠲᠷ ᠰᠢᠬᠠᠮ ᠪᠠᠶᠢᠪᠠ ᠭᠡᠪᠡ᠃ ᠡᠨᠡ ᠲᠤᠬᠠᠢ᠂ ᠵᠠᠩ ᠸᠧᠨ ᠫᠢᠩ ᠬᠡᠯᠡᠭᠰᠡᠨ ᠨᠢ᠂ ᠡᠨᠡ 3 ᠬᠤᠳᠠ ᠨᠢ ᠶᠡᠭᠡ ᠲᠥᠯᠥᠪ ᠰᠢᠯᠤᠭᠤᠨ ᠱᠤᠭᠤᠮ ᠳᠡᠭᠡᠷ᠎ᠡ ᠪᠠᠶᠢᠷᠢᠯᠠᠨ ᠭᠠᠰᠢᠭᠤᠨ ᠨᠠᠭᠤᠷ ᠤᠨ ᠨᠠᠮᠤᠭ ᠤᠨ ᠳᠣᠲᠣᠷ᠎ᠠ ᠲᠠᠯ᠎ᠠ ᠳᠤ ᠲᠠᠷᠬᠠᠵᠤ᠂ K710 ᠬᠤᠲᠠ ᠳᠤᠮᠳᠠ ᠨᠢ ᠰᠠᠭᠤᠷᠢᠰᠢᠵᠤ᠂ ᠪᠤᠰᠤᠳ ᠬᠤᠶᠠᠷ ᠬᠤᠲᠠ ᠨᠢ ᠵᠡᠭᠦᠨ ᠪᠠᠷᠠᠭᠤᠨ ᠬᠤᠶᠠᠷ ᠭᠠᠷᠯᠠᠨ ᠪᠠᠶᠢᠷᠢᠯᠠᠵᠠᠢ︔ K710 ᠬᠤᠲᠠ ᠶᠢᠨ ᠳᠥᠷᠪᠡᠨ ᠦᠨᠴᠦᠭ ᠲᠤᠨᠢ ᠳᠡᠨᠵᠢ ᠪᠣᠰᠬᠠᠵᠤ᠂ ᠡᠮᠦᠨ᠎ᠡ ᠬᠠᠭᠠᠯᠭ᠎ᠠ ᠶᠢᠨ ᠭᠠᠳᠠᠨ᠎ᠠ ᠨᠢ ᠳᠥᠷᠪᠡᠯᠵᠢᠨ ᠬᠠᠭᠠᠯᠠᠭᠠᠲᠤ ᠬᠤᠳᠠ ᠪᠠᠷᠢᠵᠠᠢ᠂ ᠭᠡᠲᠡᠯ᠎ᠡ ᠪᠤᠰᠤᠳ ᠬᠤᠶᠠᠷ ᠬᠤᠲᠠ ᠨᠢ ᠦᠨᠴᠦᠭ ᠤᠨ ᠳᠡᠨᠵᠢ᠂ ᠬᠠᠭᠠᠯᠭ᠎ᠠ ᠬᠤᠳᠠ ᠪᠠᠶᠢᠬᠤ ᠦᠭᠡᠢ᠃ ᠡᠨᠡᠬᠦ 130 ᠮᠧᠲᠷ ᠳᠥᠷᠪᠡᠯᠵᠢᠨ ᠡᠷᠲᠡᠨ ᠤ ᠬᠤᠲᠠ ᠨᠢ᠂ ᠦᠶᠤᠸᠠᠨ ᠤ ᠪᠣᠭᠤᠮᠲᠠ ᠶᠢᠨ ᠭᠠᠳᠠᠨᠠᠬᠢ ᠡᠷᠲᠡᠨ ᠤ ᠬᠤᠲᠠ ᠶᠢ ᠳᠠᠭᠠᠵᠤ ᠦᠷᠭᠦᠯᠵᠢᠯᠡᠭᠰᠡᠨ ᠬᠤᠲᠠ ᠶᠢᠨ ᠪᠠᠷᠢᠮᠵᠢᠶ᠎ᠠ ᠪᠠᠷ ᠪᠠᠶᠢᠭᠤᠯᠵᠠᠢ᠂ ᠡᠨᠡ ᠨᠢ ᠬᠠᠨ ᠤᠯᠤᠰ ᠤᠨ ᠭᠠᠳᠠᠷ ᠴᠠᠭᠠᠨ ᠬᠡᠷᠡᠮ ᠎ ᠢ ᠳᠠᠭᠠᠭᠤᠯᠵᠤ ᠪᠠᠶᠢᠭᠤᠯᠤᠭᠰᠠᠨ ᠡᠷᠲᠡᠨ ᠤ ᠬᠤᠲᠠ ᠶᠢᠨ ᠳᠣᠲᠤᠷ᠎ᠠ ᠪᠠᠶᠢᠩᠭᠤ ᠬᠠᠷᠠᠭᠳᠠᠳᠠᠭ ᠭᠡᠪᠡ᠃      ᠣᠶᠢᠯᠠᠭᠠᠭᠰᠠᠨ ᠢᠶᠠᠷ᠂ ᠴᠢ ᠯᠢᠶᠠᠨ ᠱᠠᠨ ᠠᠭᠤᠯᠠ ᠠᠴᠠ ᠡᠭᠦᠰᠦᠯᠲᠡᠶ ᠬᠠᠷ᠎ᠠ ᠭᠤᠣᠯ ᠨᠢ ᠬᠠᠲᠤᠨ ᠭᠤᠣᠯ ᠤᠨ ᠪᠠᠷᠠᠭᠤᠨ ᠬᠥᠨᠳᠡᠶ ᠪᠠᠷ ᠤᠷᠤᠰᠤᠨ ᠬᠤᠰᠢᠭᠤ ᠶᠢᠨ ᠭᠠᠰᠢᠭᠤᠨ ᠨᠠᠭᠤᠷ ᠲᠤ ᠴᠢᠳᠬᠤᠨ᠎ᠠ᠃ ᠭᠤᠪᠢ ᠳᠣᠲᠤᠷᠠᠬᠢ ᠡᠵᠡᠨ᠎ᠡ ᠬᠤᠰᠢᠭᠤ ᠨᠢ᠂ ᠬᠠᠷ᠎ᠠ ᠭᠤᠣᠯ ᠤᠨ ᠤᠰᠤ᠂ ᠭᠠᠰᠢᠭᠤᠨ ᠨᠠᠭᠤᠷ ᠤᠨ ᠠᠮᠢᠯᠠᠭᠤᠯᠤᠯ ᠢᠶᠠᠷ᠂ 3 ᠲᠦᠮᠡ ᠭᠠᠷᠤᠶ ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠲᠠᠢ ᠪᠠᠶᠠᠨ ᠪᠦᠷᠢᠳᠦ ᠶᠢ ᠪᠣᠢ ᠪᠣᠯᠭᠠᠪᠠ᠃ ᠭᠤᠪᠢ ᠬᠠᠩᠭᠠᠶ᠂ ᠪᠠᠶᠠᠨ ᠪᠦᠷᠢᠳᠦ᠂ ᠬᠠᠷ᠎ᠠ ᠭᠤᠣᠯ᠂ ᠭᠠᠰᠢᠭᠤᠨ ᠨᠠᠭᠤᠷ᠂ ᠲᠣᠣᠷᠠᠶ ᠤᠯᠢᠶᠠᠰᠤ᠂ ᠤᠯᠠᠭᠠᠨ ᠰᠤᠬᠠᠶ᠂ ᠭᠠᠰᠢᠭᠤᠨ ᠨᠠᠭᠤᠷ ᠤᠨ ᠬᠠᠨ ᠤᠯᠤᠰ ᠤᠨ ᠬᠤᠯᠤᠰᠤᠨ ᠪᠢᠴᠢᠭᠡᠰᠦ᠂ ᠬᠠᠷ᠎ᠠ ᠬᠤᠲᠠ ᠶᠢᠨ ᠪᠢᠴᠢᠭ ᠬᠠᠷ᠎ᠠ᠂ ᠲᠣᠷᠭᠤᠳ ᠮᠣᠩᠭᠤᠯ ᠠᠶᠢᠮᠠᠭ ᠨᠢ ᠡᠵᠡᠨ᠎ᠡ ᠬᠤᠰᠢᠭᠤ ᠶᠢᠨ ᠥᠪᠡᠷᠮᠢᠴᠡ ᠣᠨᠴᠠᠯᠢᠭ ᠪᠦᠬᠦᠢ ᠰᠣᠶᠣᠯ ᠤᠨ ᠪᠡᠯᠭᠡ ᠲᠡᠮᠳᠡᠭ ᠢ ᠬᠠᠮᠲᠤ ᠪᠠᠷ ᠪᠦᠷᠢᠯᠳᠦᠭᠦᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号