ᠮᠠᠨ ᠤ ᠤᠷᠤᠨ ᠵᠡᠭᠡᠯᠢ ᠪᠠᠯᠭᠠᠰᠦ ᠬᠦᠷᠢᠶᠡᠯᠡᠩ ᠲᠤᠭᠤᠷᠢᠬ ᠲᠤ 1039 ᠠᠵᠢᠯᠴᠢᠨ ᠤ ᠡᠪᠯᠡᠯ ᠪᠠᠶᠢᠭᠤᠯᠵᠤ  ᠰᠢᠨ᠎ᠠ ᠮᠠᠶ᠋ᠢᠬ ᠤᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠪᠠ
ᠨᠡᠶᠢᠲᠡᠯᠡᠭᠰᠡᠨ ᠴᠠᠭ᠄
2016/3/17
     3 ᠳ᠋ᠤᠭᠠᠷ ᠰᠠᠷ᠎ᠠ ᠶᠢᠨ 15᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠵᠢᠯᠴᠢᠨ ᠤ ᠶᠡᠷᠦᠩᠭᠡᠢ ᠡᠪᠯᠡᠯ ᠪᠤᠭᠤᠳᠦ ᠬᠤᠳᠠ ᠳᠤ ᠪᠦᠬᠦ ᠤᠷᠤᠨ ᠤ ᠵᠡᠭᠡᠯᠢ ᠪᠠᠯᠭᠠᠰᠦ ᠬᠦᠷᠢᠶᠡᠯᠡᠩ ᠲᠤᠭᠤᠷᠢᠬ ᠤᠨ ᠠᠵᠢᠯᠴᠢᠨ ᠤ ᠡᠪᠯᠡᠯ ᠤᠨ ᠬᠤᠤᠰ ᠰᠢᠯᠢᠳᠡᠭ ᠢ ᠡᠬᠦᠳᠬᠦ ᠲᠤᠷᠰᠢᠯᠭ᠎ᠠ ᠰᠤᠯᠢᠯᠴᠠᠬᠤ ᠬᠤᠷᠠᠯ ᠢ ᠬᠤᠷᠠᠯᠳᠤᠭᠤᠯᠵᠦ᠂ ᠡᠯ᠎ᠠ ᠭᠠᠵᠠᠷ ᠤᠨ ᠠᠵᠢᠯᠴᠢᠨ ᠤ ᠡᠪᠯᠡᠯ ᠤᠨ ᠵᠡᠭᠡᠯᠢ ᠪᠠᠯᠭᠠᠰᠦ ᠬᠦᠷᠢᠶᠡᠯᠡᠩ ᠲᠤᠭᠤᠷᠢᠬ ᠤᠨ ᠠᠵᠢᠯᠴᠢᠨ ᠤ ᠡᠪᠯᠡᠯ  ᠎ ᠤᠨ ᠠᠵᠢᠯ ᠢ ᠴᠢᠩᠭᠠᠳᠬᠠᠬᠰᠠᠠ ᠠᠷᠭ᠎ᠠ ᠪᠠᠷᠢᠯ ᠪᠤᠯᠤᠨ ᠲᠤᠷᠰᠢᠯᠭ᠎ᠠ ᠪᠠᠨ ᠰᠤᠯᠢᠯᠴᠠᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ᠂ ᠠᠵᠢᠯᠴᠢᠨ ᠤ ᠶᠡᠷᠦᠩᠭᠡᠢ ᠡᠪᠯᠡᠯ ᠤᠨ ᠲᠡᠷᠢᠬᠦᠯᠡᠭᠴᠢ ᠬᠠᠩ ᠭᠦᠢ ᠯᠢᠨ ᠬᠤᠷᠠᠯ ᠎ ᠳᠤ ᠤᠷᠤᠯᠴᠠᠪᠠ᠃      ᠬᠤᠷᠠᠯ ᠠᠴᠠ᠂ ᠤᠢᠢᠷ᠎ᠠ ᠶᠢᠨ ᠵᠢᠯ ᠠᠴᠠ ᠨᠠᠰᠢ᠂ ᠪᠦᠬᠦ ᠤᠷᠤᠨ ᠤ ᠡᠯ᠎ᠠ ᠱᠠᠳᠤᠨ ᠤ ᠠᠵᠢᠯᠴᠢᠨ ᠤ ᠡᠪᠯᠡᠯ ᠰᠤᠮᠦ ᠰᠢᠶᠠᠩ ᠪᠠᠯᠭᠠᠰᠦ ︵ᠵᠡᠭᠡᠯᠢ ᠭᠤᠳᠤᠮᠵᠢ︶᠎ ᠶᠢᠨ ᠠᠵᠢᠯᠴᠢᠨ ᠤ ᠡᠪᠯᠡᠯ ᠪᠤᠯᠤᠨ ᠨᠡᠭᠡᠭᠡᠯᠳᠡ ᠶᠢᠨ ᠲᠤᠭᠤᠷᠢᠬ ︵ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ︶᠎ ᠤᠨ ᠠᠵᠢᠯᠴᠢᠨ ᠤ ᠡᠪᠯᠡᠯ ︵ᠵᠡᠭᠡᠯᠢ ᠪᠠᠯᠭᠠᠰᠦ ᠬᠦᠷᠢᠶᠡᠯᠡᠩ ᠲᠤᠭᠤᠷᠢᠬ ᠤᠨ ᠠᠵᠢᠯᠴᠢᠨ ᠤ ᠡᠪᠯᠡᠯ ᠭᠡᠵᠦ ᠲᠦᠬᠦᠮᠴᠢᠯᠡᠨ᠎ᠠ︶᠎ ᠤᠨ ᠲᠦᠷᠢᠮᠵᠢᠭᠦᠯᠦᠯᠳᠡ ᠶᠢᠨ ᠪᠠᠶᠢᠭᠤᠯᠤᠯᠳᠠ ᠪᠠᠷ ᠭᠤᠤᠯᠳᠠᠯᠭ᠎ᠠ ᠪᠤᠯᠭᠠᠵᠦ᠂ ᠬᠤᠤᠰ ᠰᠢᠯᠢᠳᠡᠭ ᠢ ᠡᠬᠦᠳᠬᠦ ᠠᠵᠢᠯᠯᠠᠭ᠎ᠠ ᠦᠷᠨᠢᠭᠦᠯᠵᠦ᠂ ᠦᠨᠳᠦᠰᠦᠨ ᠱᠠᠳᠤᠨ ᠤ ᠠᠵᠢᠯᠴᠢᠨ ᠤ ᠡᠪᠯᠡᠯ ᠤᠨ ᠪᠠᠶᠢᠭᠤᠯᠤᠯᠳᠠ ᠰᠢᠨ᠎ᠠ ᠠᠬᠢᠯᠳᠠ ᠲᠠᠢ ᠪᠤᠯᠵᠠᠢ᠃ ᠨᠢᠳᠤᠨᠤᠨ ᠤ ᠰᠡᠬᠦᠯᠴᠢ ᠪᠤᠯᠳᠠᠯ᠎ᠠ᠂ ᠪᠦᠬᠦ ᠤᠷᠤᠨ ᠲᠠᠶᠠᠭᠠᠷ ᠵᠡᠭᠡᠯᠢ ᠪᠠᠯᠭᠠᠰᠦ ᠬᠦᠷᠢᠶᠡᠯᠡᠩ ᠲᠤᠭᠤᠷᠢᠬ ᠤᠨ ᠠᠵᠢᠯᠴᠢᠨ ᠤ ᠡᠪᠯᠡᠯ ᠢ 1039 ᠪᠠᠶᠢᠭᠤᠯᠵᠦ᠂ ᠰᠢᠨ᠎ᠠ ᠮᠠᠶ᠋ᠢᠬ ᠤᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ᠂ ᠠᠵᠢᠯᠳᠡᠨ ᠠᠵᠢᠯᠴᠢᠨ ᠢ ᠵᠤᠬᠢᠶᠠᠨ ᠪᠠᠶᠢᠭᠤᠯᠤᠨ ᠲᠠᠶᠢᠴᠢᠯᠠᠵᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠦᠢᠯᠡᠴᠢᠯᠡᠬᠦ ᠲᠠᠯ᠎ᠠ ᠪᠠᠷ ᠢᠳᠡᠪᠬᠢᠳᠠᠢ ᠦᠢᠯᠡᠳᠦᠯ ᠢᠶᠠᠨ ᠪᠠᠳᠠᠷᠠᠭᠤᠯᠵᠠᠢ᠃ ᠰᠢᠨ᠎ᠠ ᠪᠠᠶᠢᠳᠠᠯ ᠰᠢᠨ᠎ᠠ ᠡᠬᠦᠷᠭᠡ ᠳᠤ ᠬᠠᠨᠳᠤᠨ᠂ ᠵᠡᠭᠡᠯᠢ ᠪᠠᠯᠭᠠᠰᠦ ᠬᠦᠷᠢᠶᠡᠯᠡᠩ ᠲᠤᠭᠤᠷᠢᠬ ᠤᠨ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢ ᠤᠯᠠᠮ ᠴᠢᠩᠭᠠᠳᠬᠠᠵᠦ᠂ ᠵᠤᠬᠢᠶᠠᠨ ᠪᠠᠶᠢᠭᠤᠯᠤᠯᠳᠠ ᠶᠢᠨ ᠪᠠᠳᠦ ᠰᠠᠭᠤᠷᠢ ᠶᠢ ᠪᠠᠳᠤᠳᠬᠠᠵᠠᠢ᠃ ᠵᠡᠭᠡᠯᠢ ᠪᠠᠯᠭᠠᠰᠦ ᠬᠦᠷᠢᠶᠡᠯᠡᠩ ᠲᠤᠭᠤᠷᠢᠬ ᠤᠨ ᠠᠵᠢᠯᠴᠢᠨ ᠤ ᠡᠪᠯᠡᠯ ᠤᠨ ᠬᠢᠨ ᠬᠦᠭᠵᠢᠯᠳᠡ ᠶᠢᠨ ᠶᠡᠭᠡ ᠪᠠᠶᠢᠳᠠᠯ ᠳᠤ ᠦᠢᠯᠡᠴᠢᠯᠡᠬᠦ᠂ ᠠᠵᠢᠯᠳᠡᠨ ᠠᠵᠢᠯᠴᠢᠨ ᠤ ᠤᠯᠠᠨ ᠲᠦᠮᠡᠨ ᠳᠤ ᠦᠢᠯᠡᠴᠢᠯᠡᠬᠦ᠂ ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠤᠨ᠂ ᠠᠵᠢᠯᠳᠡᠨ ᠠᠵᠢᠯᠴᠢᠨ ᠤ ᠡᠷᠭᠡ ᠠᠰᠢᠬ  ᠎ ᠢ ᠬᠠᠮᠠᠭᠠᠯᠠᠬᠤ ᠵᠡᠷᠭᠡ ᠡᠬᠦᠷᠭᠡ ᠬᠠᠷᠢᠭᠤᠴᠠᠯᠭ᠎ᠠ ᠶᠢ ᠦᠨᠡᠨᠬᠦ ᠭᠦᠢᠴᠡᠳᠭᠡᠵᠦ᠂ ᠠᠵᠢᠯᠳᠡᠨ ᠠᠵᠢᠯᠴᠢᠨ ᠤ ᠨᠠᠶᠢᠳᠠᠪᠤᠷᠢᠳᠠᠢ ︽ᠠᠵᠢᠯᠳᠡᠨ ᠠᠵᠢᠯᠴᠢᠨ ᠤ ᠭᠡᠷ︾ ᠪᠤᠯᠬᠤ ᠪᠠᠷ ᠴᠢᠷᠮᠠᠶᠢᠵᠦ᠂ ᠠᠵᠢᠯᠳᠡᠨ ᠠᠵᠢᠯᠴᠢᠨ ᠤ ᠨᠠᠶᠢᠳᠠᠪᠤᠷᠢᠳᠡᠢ ︽ᠭᠡᠷ ᠤᠨ ᠬᠦᠮᠦᠰ︾ ᠪᠤᠯᠬᠤ ᠪᠠᠷ ᠴᠢᠷᠮᠠᠶᠢᠬᠤ ᠭᠡᠷᠡᠭᠳᠠᠢ᠃ ᠡᠯ᠎ᠠ ᠭᠠᠵᠠᠷ ᠤᠨ ᠠᠵᠢᠯᠴᠢᠨ ᠤ ᠡᠪᠯᠡᠯ ᠤᠨ ᠪᠠᠯᠭᠠᠰᠦ ᠵᠡᠭᠡᠯᠢ᠂ ᠬᠦᠷᠢᠶᠡᠯᠡᠩ ᠲᠤᠭᠤᠷᠢᠬ ᠎ ᠤᠨ ᠠᠵᠢᠯᠴᠢᠨ ᠤ ᠡᠪᠯᠡᠯ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠳᠠ ᠶᠢ ᠤᠯᠠᠮ ᠴᠢᠩᠭᠠᠳᠬᠠᠵᠦ᠂ ᠵᠡᠭᠡᠯᠢ ᠪᠠᠯᠭᠠᠰᠦ ᠬᠦᠷᠢᠶᠡᠯᠡᠩ ᠲᠤᠭᠤᠷᠢᠬ ᠤᠨ ᠠᠵᠢᠯᠴᠢᠨ ᠤ ᠡᠪᠯᠡᠯ ᠤᠨ ᠠᠵᠢᠯ ᠤᠨ ᠵᠢᠯᠤᠭᠤᠳᠤᠯᠭ᠎ᠠ ᠶᠢᠨ ᠪᠠᠳᠤᠯᠠᠭ᠎ᠠ ᠶᠢ ᠴᠢᠩᠭᠠᠳᠬᠠᠵᠦ᠂ ᠠᠵᠢᠯᠴᠢᠨ ᠤ ᠡᠪᠯᠡᠯ ᠤᠨ ᠠᠵᠢᠯ ᠤᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠨᠡᠭᠡᠭᠡᠬᠦ ᠭᠡᠷᠡᠭᠳᠠᠢ ᠭᠡᠵᠦ ᠵᠢᠭᠠᠵᠦ ᠭᠠᠷᠭᠠᠵᠠᠢ᠃      ᠬᠤᠷᠠᠯ ᠲᠡᠭᠡᠷ᠎ᠠ᠂ ᠪᠤᠭᠤᠳᠦ ᠬᠤᠳᠠ ᠶᠢᠨ ᠠᠵᠢᠯᠴᠢᠨ ᠤ ᠶᠡᠷᠦᠩᠭᠡᠢ ᠡᠪᠯᠡᠯ ᠵᠡᠷᠭᠡ 7 ᠨᠢᠭᠡᠴᠡ ᠶᠢᠨ ᠬᠠᠷᠢᠭᠤᠴᠠᠯᠭᠠᠳᠠᠨ ᠶᠠᠷᠢᠶ᠎ᠠ ᠲᠠᠯᠪᠢᠵᠦ᠂ ᠵᠡᠭᠡᠯᠢ ᠪᠠᠯᠭᠠᠰᠦ᠂ ᠬᠦᠷᠢᠶᠡᠯᠡᠩ ᠲᠤᠭᠤᠷᠢᠬ ᠤᠨ ᠠᠵᠢᠯᠴᠢᠨ ᠤ ᠡᠪᠯᠡᠯ ᠤᠨ ᠪᠠᠶᠢᠭᠤᠯᠤᠯᠳᠠ ᠶᠢ ᠴᠢᠩᠭᠠᠳᠬᠠᠬᠰᠠᠠ ᠲᠤᠷᠰᠢᠯᠭ᠎ᠠ ᠪᠠᠨ ᠲᠠᠨᠢᠯᠴᠠᠭᠤᠯᠵᠠᠢ᠃ ᠬᠤᠷᠠᠯ ᠳᠤ ᠤᠷᠤᠯᠴᠠᠬᠰᠠᠠ ᠲᠦᠯᠦᠭᠡᠯᠡᠭᠴᠢᠳ ᠪᠠᠰᠠ ᠪᠤᠭᠤᠳᠦ ᠬᠤᠳᠠ ᠶᠢᠨ ᠬᠦᠨᠳᠡᠯᠡᠨ ᠲᠤᠭᠤᠷᠢᠬ ᠤᠨ ᠬᠤᠳᠠ ᠶᠢᠨ ᠵᠠᠰᠠᠬ ᠤᠨ ᠤᠷᠳᠤᠨ ᠤ ᠵᠡᠬᠦᠨ ᠵᠠᠮ ᠤᠨ ᠵᠡᠭᠡᠯᠢ ᠭᠤᠳᠤᠮᠵᠢ ᠶᠢᠨ ᠠᠵᠢᠯᠴᠢᠨ ᠤ ᠡᠪᠯᠡᠯ ᠤᠨ ᠬᠤᠯᠪᠤᠭᠠᠳᠦ ᠬᠤᠷᠠᠯ ᠪᠤᠯᠤᠨ ᠪᠤᠭᠤᠳᠦ ᠶᠢᠨ ᠵᠡᠪᠰᠡᠭ ᠲᠤᠨᠤᠬᠯᠠᠯ ᠦᠢᠯᠡᠳᠬᠦ ᠠᠵᠦ ᠦᠢᠯᠡᠰ ᠤᠨ ᠬᠦᠷᠢᠶᠡᠯᠡᠩ ᠲᠤᠭᠤᠷᠢᠬ ᠤᠨ ᠠᠵᠢᠯᠴᠢᠨ ᠤ ᠡᠪᠯᠡᠯ ᠤᠨ ᠬᠤᠯᠪᠤᠭᠠᠳᠦ ᠬᠤᠷᠠᠯ ᠤᠨ ᠲᠦᠷᠢᠮᠵᠢᠭᠦᠯᠦᠯᠳᠡ ᠶᠢᠨ ᠪᠠᠶᠢᠭᠤᠯᠤᠯᠳᠠ ᠶᠢᠨ ᠬᠤᠤᠰ ᠰᠢᠯᠢᠳᠡᠭ ᠢ ᠡᠬᠦᠳᠬᠦ ᠠᠵᠢᠯᠯᠠᠭ᠎ᠠ ᠶᠢᠨ ᠪᠠᠶᠢᠳᠠᠯ ᠢ ᠲᠤᠭᠤᠷᠢᠨ ᠦᠵᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号