ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 4 ᠳ᠋ᠦ᠋ᠭᠡᠷ ᠰᠠᠷ᠎ᠠ ᠶᠢᠨ 20᠎ ᠤ ᠡᠳᠦᠷ ᠠᠴᠠ ᠡᠮᠦᠨ᠎ᠡ ᠠᠰ ᠢᠶᠠᠷ ᠢᠶᠠᠨ ᠰᠤᠷᠤᠭᠴᠢ ᠡᠯᠰᠡᠵᠦ ᠳᠠᠭᠤᠰᠬᠠᠨ᠎ᠠ
ᠨᠡᠶᠢᠲᠡᠯᠡᠭᠰᠡᠨ ᠴᠠᠭ᠄
2016/3/17
     2016 ᠣᠨ ᠤ 4 ᠳ᠋ᠦ᠋ᠭᠡᠷ ᠰᠠᠷ᠎ᠠ ᠶᠢᠨ 20᠎ ᠤ ᠡᠳᠦᠷ ᠠᠴᠠ ᠡᠮᠦᠨ᠎ᠡ᠂ ᠣᠷᠣᠨ ᠤ ᠳᠣᠲᠣᠷᠠᠬᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠰ ᠢᠶᠠᠷ ᠢᠶᠠᠨ ᠰᠤᠷᠤᠭᠴᠢ ᠡᠯᠰᠡᠬᠦ ᠠᠵᠢᠯ ᠳᠠᠭᠤᠰᠬᠠᠨ᠎ᠠ᠃ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠰᠠᠶ᠋ᠢ ᠠᠰ ᠢᠶᠠᠷ ᠢᠶᠠᠨ ᠰᠢᠯᠭᠠᠨ ᠰᠤᠷᠤᠭᠴᠢ ᠡᠯᠰᠡᠬᠦ ᠬᠢᠷᠢ ᠬᠡᠮ ᠲᠠᠢ᠂ ᠣᠷᠣᠨ ᠤ ᠳᠣᠲᠣᠷᠠᠬᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠰ ᠢᠶᠠᠷ ᠢᠶᠠᠨ ᠰᠤᠷᠤᠭᠴᠢ ᠡᠯᠰᠡᠬᠦ ᠳᠤ ᠡᠯᠰᠡᠭᠳᠡᠭᠰᠡᠨ ᠰᠢᠯᠭᠠᠭᠤᠯᠤᠭᠴᠢ 6 ᠳ᠋ᠤᠭᠠᠷ ᠰᠠᠷ᠎ᠠ ᠳᠤ ᠪᠣᠯᠬᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠨᠢᠭᠡᠳᠦᠯᠲᠡᠶ ᠰᠢᠯᠭᠠᠯᠲᠠ ᠳᠤ ᠣᠷᠣᠯᠴᠠᠬᠤ ᠬᠡᠷᠡᠭ ᠦᠭᠡᠢ᠃      ᠣᠶᠢᠯᠠᠭᠠᠭᠰᠠᠨ ᠢᠶᠠᠷ᠂ ︽2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠥᠷᠥᠯ ᠬᠤᠪᠢᠶᠠᠨ ᠰᠢᠯᠭᠠᠵᠤ ᠰᠤᠷᠤᠭᠴᠢ ᠡᠯᠰᠡᠬᠦ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶︾ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠭ ᠣᠷᠣᠨ ᠤ ᠳᠣᠲᠣᠷᠠᠬᠢ ᠪᠤᠢ ᠪᠦᠬᠦᠢ ᠠᠯᠪᠠᠨ ᠠᠴᠠ ᠡᠷᠬᠢᠯᠡᠭᠰᠡᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠥᠪᠥᠷ ᠮᠣᠩᠭᠤᠯ ᠤᠨ ᠤᠮᠠᠷᠠᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠢᠴᠢ ᠥᠪᠥᠷ ᠮᠣᠩᠭᠤᠯ ᠤᠨ ᠹᠧᠩ ᠵᠧᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠴᠢᠩ ᠴᠧᠩ ᠬᠤᠪᠢᠶᠠᠷᠢ ᠰᠤᠷᠭᠠᠭᠤᠯᠢ ᠶᠢ ᠪᠠᠭᠲᠠᠭᠠᠭᠰᠠᠨ 2016 ᠣᠨ ᠳᠤ ᠠᠰ ᠢᠶᠠᠷ ᠢᠶᠠᠨ ᠰᠤᠷᠤᠭᠴᠢ ᠰᠢᠯᠭᠠᠨ ᠡᠯᠰᠡᠬᠦ ᠲᠤᠷᠰᠢᠯᠲᠠ ᠶᠢᠨ ᠬᠢᠷᠢ ᠬᠡᠮ ᠢ ᠪᠦᠷᠢᠯᠳᠦᠭᠦᠯᠦᠭᠰᠡᠨ ᠶᠡᠭᠡ ᠳᠡᠭᠡᠳᠦ ᠰᠤᠷᠭᠠᠭᠤᠯᠢ ᠨᠤᠭᠤᠳ ᠠᠰ ᠢᠶᠠᠷ ᠢᠶᠠᠨ ᠰᠤᠷᠤᠭᠴᠢ ᠡᠯᠰᠡᠬᠦ ᠰᠢᠯᠭᠠᠯᠲᠠ ᠳᠤ ︽ᠰᠣᠶᠣᠯ ᠤᠨ ᠬᠡᠪ ᠴᠢᠨᠠᠷ + ᠠᠵᠢᠯ ᠮᠡᠷᠭᠡᠵᠢᠯ ᠤᠨ ᠤᠷ᠎ᠠ ᠴᠢᠳᠠᠪᠤᠷᠢ︾ ᠎ ᠶᠢᠨ ᠦᠨᠡᠯᠡᠯᠲᠡ ᠶᠢᠨ ᠠᠷᠭ᠎ᠠ ᠶᠢ ᠬᠡᠷᠡᠭᠵᠢᠭᠦᠯᠦᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠰᠤᠷᠤᠭᠴᠢᠳ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠢᠯᠭᠠᠭᠤᠯᠬᠤ ᠳᠤ᠂ ᠰᠣᠶᠣᠯ ᠤᠨ ᠦᠨᠳᠦᠰᠦᠨ ᠮᠡᠳᠡᠯᠭᠡ ᠪᠣᠯᠣᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠤᠶᠠᠯᠳᠤᠭᠤᠯᠤᠭᠰᠠᠨ ᠰᠢᠯᠭᠠᠯᠲᠠ ᠳᠤ ᠣᠷᠣᠯᠴᠠᠨ᠎ᠠ᠃ ᠡ᠊ᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠰᠤᠷᠤᠭᠴᠢᠳ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠢᠯᠭᠠᠭᠤᠯᠬᠤ ᠳᠤ᠂ ᠠᠵᠢᠯ ᠮᠡᠷᠭᠡᠵᠢᠯ ᠤᠨ ᠵᠣᠬᠢᠴᠠᠬᠤ ᠰᠢᠯᠭᠠᠯᠲᠠ ᠳᠤ ᠣᠷᠣᠯᠴᠠᠵᠤ᠂ ᠰᠣᠶᠣᠯ ᠤᠨ ᠬᠡᠪ ᠴᠢᠨᠠᠷ ᠤᠨ ᠬᠢᠷᠢ ᠪᠦᠲᠦᠮᠵᠢ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠬᠢᠷᠢ ᠪᠦᠲᠦᠮᠵᠢ ᠪᠠ ᠶᠡᠷᠦᠩᠬᠡᠶ ᠬᠡᠪ ᠴᠢᠨᠠᠷ ᠤᠨ ᠦᠨᠡᠯᠡᠯᠲᠡ ᠶᠢᠨ ᠦᠷ᠎ᠡ ᠳ᠋ᠦᠩ ᠢ ᠨᠢ ᠠᠪᠴᠤ ᠪᠣᠯᠤᠨ᠎ᠠ᠃ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠠᠰ ᠢᠶᠠᠷ ᠢᠶᠠᠨ ᠵᠣᠬᠢᠶᠠᠨ ᠪᠠᠶᠢᠭᠤᠯᠤᠨ ᠰᠢᠯᠭᠠᠵᠤ ᠪᠣᠯᠬᠤ ᠮᠥᠷᠲᠡᠭᠡᠨ ᠪᠠᠰᠠ ᠪᠤᠰᠤᠳ ᠳᠡᠭᠡᠳᠦ ᠰᠤᠷᠭᠠᠭᠤᠯᠢ ᠲᠠᠢ ᠬᠠᠮᠲᠤᠷᠠᠨ ᠵᠣᠬᠢᠶᠠᠨ ᠪᠠᠶᠢᠭᠤᠯᠤᠨ ᠰᠢᠯᠭᠠᠵᠤ ᠪᠣᠯᠤᠨ᠎ᠠ᠃      ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠬᠦ ᠰᠤᠷᠤᠭᠴᠢᠳ ᠤᠨ ᠳᠣᠲᠣᠷᠠᠬᠢ ᠠᠴᠠ ᠰᠤᠷᠭᠠᠨ ᠬᠥᠮᠦᠵᠢᠯ ᠤᠨ ᠶᠠᠮᠤᠨ ᠤ ᠭᠤᠣᠯᠯᠠᠨ ᠡᠷᠭᠢᠯᠡᠭᠰᠡᠨ ᠪᠤᠶᠤ ᠬᠠᠮᠲᠤᠷᠠᠨ ᠡᠷᠬᠢᠯᠡᠭᠰᠡᠨ ᠪᠦᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠡᠷᠭᠡᠵᠢᠯ ᠴᠢᠳᠠᠪᠤᠷᠢ ᠶᠢᠨ ᠲᠤᠮᠤ ᠤᠷᠤᠯᠳᠤᠭᠠᠨ ᠤ ᠭᠤᠷᠪᠠᠳᠤᠭᠠᠷ ᠳᠡᠰ ᠤᠨ ᠱᠠᠩᠨᠠᠯ ᠵᠢᠴᠢ ᠲᠡᠭᠦᠨ ᠠᠴᠠ ᠳᠡᠭᠡᠭᠰᠢᠬᠢ ᠳᠡᠰ ᠤᠨ ᠱᠠᠩᠨᠠᠯ ᠬᠦᠷᠲᠡᠭᠰᠡᠨ᠂ ᠥᠪᠡᠷᠲᠡᠭᠡᠨ ᠵᠠᠰᠠᠬᠤ ᠣᠷᠣᠨ ᠎ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠭᠰᠡᠨ ᠪᠤᠶᠤ ᠬᠠᠮᠲᠤᠷᠠᠨ ᠡᠷᠬᠢᠯᠡᠭᠰᠡᠨ ᠪᠥᠬᠦ ᠣᠷᠣᠨ ᠎ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠡᠷᠭᠡᠵᠢᠯ ᠴᠢᠳᠠᠪᠤᠷᠢ ᠶᠢᠨ ᠲᠤᠮᠤ ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ ᠵᠢᠴᠢ ᠲᠡᠭᠦᠨ ᠠᠴᠠ ᠳᠡᠭᠡᠭᠰᠢᠬᠢ ᠳᠡᠰ ᠤᠨ ᠱᠠᠩᠨᠠᠯ ᠬᠦᠷᠲᠡᠭᠰᠡᠨ ᠰᠤᠷᠤᠭᠴᠢ ᠶᠢ ᠰᠢᠯᠭᠠᠬᠤ ᠦᠭᠡᠶ ᠪᠠᠷ ᠡᠯᠰᠡᠵᠦ ᠪᠣᠯᠤᠨ᠎ᠠ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠨᠢᠭᠡᠨᠲᠡ ᠲᠡᠭᠦᠰᠦᠭᠰᠡᠨ ᠰᠤᠷᠤᠭᠴᠢᠳ ᠤᠨ ᠳᠣᠲᠣᠷᠠᠬᠢ ᠣᠳᠣᠬᠠᠨ ᠳᠤ ᠠᠵᠢᠯᠯᠠᠵᠤ ᠪᠠᠶᠢᠭ᠎ᠠ ᠪᠠ ᠠᠵᠢᠯ ᠤᠨ ᠪᠠᠶᠢᠷᠢ ᠳᠡᠭᠡᠷ᠎ᠡ ᠪᠠᠶᠢᠭ᠎ᠠ ᠪᠥᠭᠡᠳ ᠳᠡᠭᠡᠳᠦ ᠵᠡᠷᠭᠡ ᠶᠢᠨ ᠠᠵᠢᠯᠴᠢᠨ ᠪᠤᠶᠤ ᠮᠠᠰᠲ᠋ᠧᠷ ᠤᠨ ᠬᠢᠷᠢ ᠬᠡᠮ ᠲᠠᠢ ᠵᠢᠴᠢ ᠰᠢᠶᠠᠨ ᠤ ᠱᠠᠲᠤ ᠪᠠ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠯᠭᠤᠭᠰᠠᠨ ᠬᠥᠳᠡᠯᠮᠦᠷᠢ ᠶᠢᠨ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠲᠠᠢ ᠰᠤᠷᠤᠭᠴᠢ ᠶᠢ ᠰᠢᠯᠭᠠᠬᠤ ᠦᠭᠡᠶ ᠪᠠᠷ ᠡᠯᠰᠡᠵᠦ ᠪᠣᠯᠤᠨ᠎ᠠ᠃      ᠰᠤᠷᠭᠠᠨ ᠬᠥᠮᠦᠵᠢᠯ ᠤᠨ ᠶᠠᠮᠤᠨ ᠤ ᠠᠩᠬᠠᠳᠠᠭᠴᠢ ᠪᠦᠯᠦᠭ ᠤᠳᠤ ᠦᠶ᠎ᠡ ᠶᠢᠨ ᠱᠠᠪᠢᠯᠠᠬᠤ ᠲᠦᠷᠢᠮ ᠤᠨ ᠲᠤᠷᠰᠢᠯᠲᠠ ᠶᠢᠨ ᠲᠥᠷᠥᠯ ᠵᠦᠢᠯ ᠳᠤ ᠵᠢᠭᠰᠠᠭᠠᠭᠳᠠᠭᠰᠠᠨ ᠶᠡᠭᠡ ᠳᠡᠭᠡᠳᠦ ᠰᠤᠷᠭᠠᠭᠤᠯᠢ ︽ᠠᠵᠢᠯ ᠤᠨ ᠡᠭᠦᠷᠭᠡ ᠶᠢᠨ ᠪᠢᠴᠢᠭ︾᠎  ᠶᠤᠰᠤᠭᠠᠷ ᠠᠬᠢᠴᠠ ᠪᠠᠨ ᠲᠥᠯᠥᠪᠯᠡᠵᠦ᠂ 2016 ᠣᠨ ᠤ ᠱᠠᠪᠢᠯᠠᠬᠤ ᠲᠦᠷᠢᠮ ᠤᠨ ᠲᠤᠷᠰᠢᠯᠲᠠ ᠶᠢᠨ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠲᠥᠯᠥᠪᠯᠡᠭᠡ ᠪᠠᠨ ᠲᠣᠬᠢᠷᠠᠭᠤᠯᠵᠦ᠂ ᠬᠤᠷᠰᠢᠬᠰᠡᠠ ᠠᠵᠤ ᠠᠬᠤᠶᠢᠯᠠᠯ ᠎ ᠯᠤᠭ᠎ᠠ ᠠᠰ ᠢᠶᠠᠷ ᠢᠶᠠᠨ ᠰᠢᠯᠭᠠᠯᠲᠠ ᠬᠢᠵᠦ ᠰᠤᠷᠤᠭᠴᠢ ᠡᠯᠰᠡᠬᠦ ᠲᠤᠰᠬᠠᠶ ᠮᠡᠷᠭᠡᠵᠢᠯ ᠪᠠ ᠬᠡᠪᠴᠢᠶ᠎ᠡ ᠶᠢ ᠵᠥᠪᠳᠡᠯᠴᠡᠵᠦ ︽ᠬᠠᠮᠲᠤᠷᠠᠨ ᠰᠤᠷᠤᠭᠴᠢ ᠡᠯᠰᠡᠬᠦ᠂ ᠬᠠᠮᠲᠤᠷᠠᠨ ᠬᠥᠮᠦᠵᠢᠭᠦᠯᠬᠦ᠂ ᠨᠢᠭᠡ ᠴᠣᠭᠴᠠᠵᠢᠭᠤᠯᠤᠨ ᠬᠥᠮᠦᠵᠢᠭᠦᠯᠬᠦ︾ ᠪᠠᠶᠢᠭᠤᠯᠤᠯ ᠢ ᠪᠣᠢ ᠪᠣᠯᠭᠠᠬᠤ ᠬᠡᠷᠡᠭᠲᠡᠢ᠃      ᠠᠰ ᠢᠶᠠᠷ ᠢᠶᠠᠨ ᠰᠢᠯᠭᠠᠨ ᠰᠤᠷᠤᠭᠴᠢ ᠡᠯᠰᠡᠬᠦ ᠳᠤ ᠡᠯᠰᠡᠭᠳᠡᠭᠰᠡᠤᠨ ᠰᠤᠷᠤᠯᠭ᠎ᠠ ᠶᠢᠨ ᠬᠠᠷᠢᠶ᠎ᠠ ᠶᠢᠨ ᠳᠠᠩᠰᠠᠯᠠᠯ ᠂ ᠰᠦᠢᠳᠬᠡᠯ ᠬᠤᠷᠢᠶᠠᠬᠤ᠂ ᠰᠤᠷᠤᠭᠴᠢ ᠶᠢᠨ ᠬᠠᠮᠢᠶᠠᠷᠤᠯᠲᠠ᠂ ᠱᠠᠩᠨᠠᠯ ᠲᠤᠰᠠᠯᠠᠮᠵᠢ ᠶᠢᠨ ᠮᠥᠩᠭᠦ᠂ ᠲᠡᠭᠦᠰᠦᠭᠰᠡᠨ ᠬᠠᠷᠠᠭᠠᠯᠵᠠᠯ ᠵᠡᠷᠭᠡ ᠲᠠᠯ᠎ᠠ ᠪᠠᠷ ᠪᠦᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠣᠷᠣᠯᠴᠠᠵᠤ ᠡᠯᠰᠡᠭᠳᠡᠭᠰᠡᠨ ᠰᠤᠷᠤᠭᠴᠢ ᠲᠠᠢ ᠠᠳᠠᠯᠢ ᠬᠠᠷᠠᠭᠠᠯᠵᠠᠯ ᠬᠦᠷᠲᠡᠨ᠎ᠡ᠃ ᠰᠢᠯᠭᠠᠬᠤ ᠪᠣᠳᠠᠲᠠᠶ ᠴᠠᠭ ᠬᠤᠭᠤᠴᠠᠭ᠎ᠠ ᠬᠢᠭᠡᠳ ᠠᠷᠭ᠎ᠠ ᠮᠠᠶ᠋ᠢᠭ ᠢ ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠨ ᠰᠤᠷᠭᠠᠭᠤᠯᠢ ᠠᠴᠠ ᠪᠠᠨ ᠠᠰᠠᠭᠤᠨ ᠯᠠᠪᠯᠠᠭᠠᠷᠠᠢ᠃      ᠪᠠᠰᠠ ᠣᠶᠢᠯᠠᠭᠠᠭᠰᠠᠨ ᠢᠶᠠᠷ᠂ ᠤᠢᠢᠷ᠎ᠠ ᠶᠢᠨ ᠬᠡᠳᠦᠨ ᠵᠢᠯ ᠳᠤ᠂ ᠣᠷᠣᠨ ᠤ ᠳᠣᠲᠣᠷᠠᠬᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠰ ᠢᠶᠠᠷ ᠢᠶᠠᠨ ᠰᠢᠯᠭᠠᠯᠲᠠ ᠬᠢᠵᠦ ᠰᠤᠷᠤᠭᠴᠢ ᠡᠯᠰᠡᠬᠦ ᠬᠡᠪᠴᠢᠶ᠎ᠡ ᠲᠠᠰᠤᠷᠠᠯᠲᠠ ᠦᠭᠡᠶ ᠥᠷᠭᠡᠳᠴᠦ᠂ 2015 ᠣᠨ ᠳᠤ 10 ᠶᠡᠭᠡ ᠳᠡᠭᠡᠳᠦ ᠰᠤᠷᠭᠠᠭᠤᠯᠢ ᠨᠡᠶᠢᠲᠡ 7279 ᠰᠤᠷᠤᠭᠴᠢ ᠡᠯᠰᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号