︽12.5︾᠎ ᠶᠢᠨ ᠬᠤᠭᠤᠴᠠᠭᠠᠨ ᠳᠤ ᠥᠪᠥᠷ ᠮᠣᠩᠭᠤᠯ 273 ᠬᠤᠴᠣᠷᠤᠩᠭᠤᠶ ᠦᠢᠯᠡᠳᠪᠦᠷᠢᠯᠡᠯ ᠤᠨ ᠴᠢᠳᠠᠮᠵᠢᠲᠤ ᠲᠥᠷᠥᠯ ᠵᠦᠢᠯ ᠢ ᠰᠢᠭᠰᠢᠭᠳᠡᠭᠦᠯᠪᠡ
ᠨᠡᠶᠢᠲᠡᠯᠡᠭᠰᠡᠨ ᠴᠠᠭ᠄
2016/3/18
     ︽12.5︾᠎ ᠶᠢᠨ ᠬᠤᠭᠤᠴᠠᠭᠠᠨ ᠳᠤ᠂ ᠥᠪᠥᠷ ᠮᠣᠩᠭᠤᠯ ᠡᠳ᠋ ᠤᠨ ᠵᠠᠰᠠᠭ ᠤᠨ ᠣᠷᠣᠭᠤᠯᠤᠯᠲᠠ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠨᠧᠷᠭᠢ ᠠᠷᠪᠢᠯᠠᠵᠤ ᠬᠤᠷᠣᠭᠳᠠᠯ ᠪᠠᠭᠠᠰᠬᠠᠬᠤ ᠪᠠ ᠬᠤᠴᠣᠷᠤᠩᠭᠤᠶ  ᠦᠢᠯᠡᠳᠪᠦᠷᠢᠯᠡᠯ ᠤᠨ ᠴᠢᠳᠠᠮᠵᠢ ᠶᠢᠨ ᠰᠢᠭᠰᠢᠭᠳᠡᠭᠦᠯᠦᠯᠲᠡ ᠶᠢ ᠲᠦᠯᠬᠢᠨ ᠠᠬᠢᠭᠤᠯᠬᠤ ᠪᠠᠷ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠬᠦᠴᠦᠯᠡᠨ ᠳᠡᠮᠵᠢᠪᠡ᠃      ᠡᠨᠧᠷᠭᠢ ᠠᠷᠪᠢᠯᠠᠵᠤ ᠬᠤᠷᠣᠭᠳᠠᠯ ᠪᠠᠭᠠᠰᠬᠠᠬᠤ ᠶᠢ ᠲᠥᠯᠬᠢᠨ ᠠᠬᠢᠭᠤᠯᠤᠭᠰᠠᠨ ᠪᠠᠶᠢᠳᠠᠯ ᠠᠴᠠ ᠦᠵᠡᠪᠡᠯ᠂ ︽12.5︾᠎ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠨᠧᠷᠭᠢ ᠠᠷᠪᠢᠯᠠᠬᠤ ᠮᠡᠷᠭᠡᠵᠢᠯ ᠤᠨ ᠬᠠᠯᠠᠨ ᠰᠠᠶᠢᠵᠢᠷᠠᠭᠤᠯᠤᠯᠲᠠ ᠶᠢᠨ ᠲᠠᠯ᠎ᠠ ᠪᠠᠷ ᠡᠳ᠋ ᠤᠨ ᠵᠠᠰᠠᠭ ᠤᠨ ᠱᠠᠩᠨᠠᠯ ᠤᠨ ᠪᠡᠯᠡ ᠮᠥᠩᠭᠦ ᠶᠢ ᠨᠡᠶᠢᠲᠡ 6.5 ᠳ᠋ᠦᠩᠰᠢᠭᠤᠷ ᠲᠥᠭᠦᠷᠢᠭ ᠴᠤᠭᠯᠠᠭᠤᠯᠵᠤ᠂ ᠲᠦᠯᠡᠰᠢᠨ ᠨᠡᠭᠦᠷᠡᠰᠦᠨ ᠤ ᠠᠵᠤ ᠦᠢᠯᠡᠳᠪᠦᠷᠢ ᠶᠢᠨ ᠵᠣᠤᠬ᠎ᠠ ︵ᠨᠦᠬᠡᠨ ᠵᠤᠤᠬ᠎ᠠ︶᠎ ᠶᠢ ᠬᠠᠯᠠᠨ ᠰᠠᠶᠢᠵᠢᠷᠠᠭᠤᠯᠬᠤ᠂ ᠦᠯᠡᠳᠡᠭᠦᠴᠡ ᠢᠯᠴᠢ ᠦᠯᠡᠳᠡᠭᠦᠴᠡ ᠳᠠᠷᠤᠯᠲᠠ ᠶᠢ ᠠᠰᠢᠭᠯᠠᠬᠤ᠂ ᠴᠠᠬᠢᠯᠭᠠᠨ ᠮᠠᠰᠢᠨ ᠤ ᠰᠢᠰᠲ᠋ᠧᠮᠵᠢ ᠪᠠᠷ ᠡᠨᠧᠷᠭᠢ ᠠᠷᠪᠢᠯᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠦᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠱᠠᠩᠨᠠᠨ ᠬᠥᠬᠢᠭᠦᠯᠪᠡ᠂ ᠡᠭᠦᠨ ᠤ ᠳᠣᠲᠣᠷᠠᠬᠢ 340 ᠡᠨᠧᠷᠭᠢ ᠠᠷᠪᠢᠯᠠᠬᠤ ᠮᠡᠷᠭᠡᠵᠢᠯ ᠢ ᠬᠠᠯᠠᠨ ᠰᠠᠶᠢᠵᠢᠷᠠᠭᠤᠯᠬᠤ ᠲᠥᠷᠥᠯ ᠵᠦᠢᠯ ᠢ ᠪᠡᠶᠡᠯᠡᠭᠦᠯᠦᠭᠡᠳ᠂ 385 ᠲᠥᠮᠡᠨ ᠲᠣᠨ ᠪᠠᠷᠢᠮᠵᠢᠶᠠᠲᠤ ᠨᠡᠭᠦᠷᠡᠰᠦ ᠠᠷᠪᠢᠯᠠᠪᠠ᠃ ᠬᠤᠴᠣᠷᠤᠩᠭᠤᠶ ᠦᠢᠯᠡᠳᠪᠦᠷᠢᠯᠡᠯ ᠤᠨ ᠴᠢᠳᠠᠮᠵᠢ ᠶᠢ ᠰᠢᠭᠰᠢᠭᠳᠡᠭᠦᠯᠦᠭᠰᠡᠨ ᠪᠠᠶᠢᠳᠠᠯ ᠠᠴᠠ ᠠᠪᠴᠤ ᠦᠵᠡᠪᠡᠯ᠂ ︽12.5︾᠎ ᠶᠢᠨ ᠬᠤᠭᠤᠴᠠᠭᠠᠨ ᠳᠤ᠂ ᠲᠥᠪ ᠤᠨ ᠪᠣᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠤᠴᠣᠷᠤᠩᠭᠤᠶ ᠦᠢᠯᠡᠳᠪᠦᠷᠢᠯᠡᠯ ᠤᠨ ᠴᠢᠳᠠᠮᠵᠢ ᠶᠢ ᠰᠢᠯᠢᠭᠳᠡᠭᠦᠯᠦᠭᠰᠡᠨ ᠱᠠᠩᠨᠠᠯ ᠤᠨ ᠪᠡᠯᠡ ᠮᠥᠩᠭᠦ ᠶᠢ ᠨᠡᠶᠢᠳᠡ 9.3 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠬᠤᠴᠣᠷᠤᠩᠭᠤᠶ ᠦᠢᠯᠡᠳᠪᠦᠷᠢᠯᠡᠯ ᠤᠨ ᠴᠢᠳᠠᠮᠵᠢ ᠶᠢᠨ ᠲᠥᠷᠥᠯ ᠵᠦᠢᠯ ᠠᠴᠠ 273᠎ ᠶᠢ ᠨᠢ ᠰᠢᠭᠰᠢᠭᠳᠡᠭᠦᠯᠵᠦ᠂ ᠴᠥᠭᠡᠨ ᠪᠤᠰᠤ ᠬᠤᠴᠣᠷᠤᠩᠭᠤᠶ ᠦᠢᠯᠡᠳᠪᠦᠷᠢᠯᠡᠯ ᠤᠨ ᠴᠢᠳᠠᠮᠵᠢ ᠢᠯᠠᠩᠭᠤᠶ᠎ᠠ ᠠᠵᠤ ᠦᠢᠯᠡᠳᠪᠦᠷᠢ ᠶᠢᠨ ᠬᠦᠷᠢᠶᠡᠨ ᠎ ᠳᠠᠬᠢ ᠬᠤᠴᠣᠷᠤᠩᠭᠤᠶ ᠦᠢᠯᠡᠳᠪᠦᠷᠢᠯᠡᠯ ᠤᠨ ᠴᠢᠳᠠᠮᠵᠢ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠠᠴᠠ ᠤᠬᠤᠷᠢᠨ ᠭᠠᠷᠴᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠪᠦᠲᠦᠴᠡ ᠶᠢᠨ ᠰᠢᠯᠢᠳᠡᠭᠵᠢᠭᠦᠯᠦᠯᠲᠡ ᠶᠢ ᠲᠦᠷᠭᠡᠨ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠠᠷᠪᠢᠯᠠᠬᠤ ᠶᠢ ᠡᠩ ᠲᠡᠷᠢᠭᠦᠨ ᠳᠤ ᠲᠠᠯᠪᠢᠬᠤ ᠪᠠ ᠡᠬᠢ ᠪᠠᠶᠠᠯᠢᠭ ᠢ ᠳᠠᠬᠢᠨ ᠠᠰᠢᠭᠯᠠᠬᠤ ᠵᠡᠷᠭᠡ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ︽12.5︾᠎ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠡᠶᠢᠲᠡ 2.05 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠬᠠᠶᠠᠭᠳᠠᠮᠠᠯ ᠤᠰᠤ᠂ ᠬᠠᠶᠠᠭᠳᠠᠮᠠᠯ ᠬᠡᠢ᠂ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠭᠰᠠᠨ 55 ᠲᠦᠷᠦᠯ ᠵᠦᠢᠯ ᠤᠨ ᠣᠷᠴᠢᠯ ᠠᠵᠤ ᠠᠬᠤᠶ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠣᠯᠣᠨ ᠣᠷᠴᠢᠯᠳᠤᠨ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠲᠤᠷᠰᠢᠯᠲᠠ ᠶᠢᠨ ᠴᠢᠭ᠋ ᠲᠤ ᠵᠢᠭᠰᠠᠭᠠᠭᠳᠠᠭᠰᠠᠨ ᠬᠦᠷᠢᠶᠡᠯᠡᠩ ᠲᠣᠭᠤᠷᠢᠭ ᠲᠤ ᠨᠥᠬᠦᠪᠦᠷᠢ ᠣᠯᠭᠤᠵᠤ᠂ ᠪᠥᠬᠦ ᠣᠷᠣᠨ ᠤ ᠣᠷᠴᠢᠯ ᠠᠵᠤ ᠠᠬᠤᠶ ᠶᠢᠨ ᠬᠡᠯᠬᠢᠶ᠎ᠡ ᠶᠢ ᠤᠷᠲᠤᠳᠬᠠᠬᠤ ᠪᠠ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠪᠠᠷ ᠣᠨᠴᠠᠯᠢᠭ ᠪᠣᠯᠭᠠᠭᠰᠠᠨ ᠨᠢᠭᠡ ᠪᠦᠯᠦᠭ ᠰᠢᠨ᠎ᠡ ᠡᠨᠧᠷᠭᠢ ᠶᠢᠨ ᠠᠵᠤ ᠦᠢᠯᠡᠰ ᠤᠨ ᠲᠥᠷᠥᠯ ᠵᠦᠢᠯ ᠥᠪᠥᠷ ᠮᠣᠩᠭᠤᠯ ᠳᠤ ᠪᠣᠢ ᠪᠣᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号