ᠦᠬᠠᠢ ᠬᠤᠳᠠ ᠵᠢᠴᠢ ᠤᠢᠢᠷᠠᠯᠴᠠᠭᠠᠬᠢ ᠭᠠᠵᠠᠷ ᠤᠷᠤᠨ ᠤ ᠠᠭᠠᠷ ᠮᠠᠨᠳᠠᠯ ᠤᠨ ᠪᠤᠬᠢᠷᠲᠤᠯ ᠢ ᠬᠤᠯᠪᠤᠭᠠᠯᠠᠨ ᠰᠡᠷᠭᠡᠶᠢᠯᠡᠵᠦ ᠡᠵᠡᠮᠳᠡᠬᠦ ᠠᠵᠢᠯ ᠤᠨ ᠤᠳᠤᠷᠢᠳᠬᠤ ᠲᠤᠭᠤᠢᠢᠯᠠᠩ ᠤᠨ ᠨᠢᠬᠡᠳᠦᠬᠡᠷ ᠤᠳᠠᠭ᠎ᠠ ᠶᠢᠨ ᠬᠤᠷᠠᠯ ᠬᠦᠬᠡᠬᠤᠳᠠ ᠳᠤ ᠬᠤᠷᠠᠯᠳᠤᠪᠠ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠹᠦ᠋ ᠲᠠᠢ ᠽᠧᠩ ᠶᠠᠷᠢᠶ᠎ᠠ ᠲᠠᠯᠪᠢᠵᠦ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠠᠩ ᠵᠢᠶᠦ᠋ᠨ ᠵᠧᠩ ᠬᠤᠷᠠᠯ ᠡᠷᠬᠢᠯᠡᠵᠡᠢ
ᠨᠡᠶᠢᠲᠡᠯᠡᠭᠰᠡᠨ ᠴᠠᠭ᠄
2016/3/2
    ᠦᠬᠠᠢ ᠬᠤᠳᠠ ᠵᠢᠴᠢ ᠤᠢᠢᠷᠠᠯᠴᠠᠭᠠᠬᠢ ᠭᠠᠵᠠᠷ ᠤᠷᠤᠨ ᠤ ᠠᠭᠠᠷ ᠮᠠᠨᠳᠠᠯ ᠤᠨ ᠪᠤᠬᠢᠷᠲᠤᠯ ᠢ ᠬᠤᠯᠪᠤᠭᠠᠯᠠᠨ ᠰᠡᠷᠭᠡᠶᠢᠯᠡᠵᠦ ᠡᠵᠡᠮᠳᠡᠬᠦ ᠠᠵᠢᠯ ᠤᠨ ᠤᠳᠤᠷᠢᠳᠬᠤ ᠲᠤᠭᠤᠢᠢᠯᠠᠩ ᠤᠨ ᠨᠢᠬᠡᠳᠦᠬᠡᠷ ᠤᠳᠠᠭ᠎ᠠ ᠶᠢᠨ ᠬᠤᠷᠠᠯ ᠬᠦᠬᠡᠬᠤᠳᠠ ᠳᠤ ᠬᠤᠷᠠᠯᠳᠤᠪᠠ
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠹᠦ᠋ ᠲᠠᠢ ᠽᠧᠩ ᠶᠠᠷᠢᠶ᠎ᠠ ᠲᠠᠯᠪᠢᠪᠠ
     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠠᠩ ᠵᠢᠶᠦ᠋ᠨ ᠵᠧᠩ ᠬᠤᠷᠠᠯ ᠡᠷᠬᠢᠯᠡᠵᠡᠢ      2 ᠳ᠋ᠤᠭᠠᠷ ᠰᠠᠷ᠎ᠠ ᠶᠢᠨ 29᠎ ᠤ ᠡᠳᠦᠷ ᠤᠨ ᠦᠳᠡ ᠶᠢᠨ ᠬᠤᠶᠢᠨ᠎ᠠ᠂ ᠦᠬᠠᠢ ᠬᠤᠳᠠ ᠵᠢᠴᠢ ᠤᠢᠢᠷᠠᠯᠴᠠᠭᠠᠬᠢ ᠭᠠᠵᠠᠷ ᠤᠷᠤᠨ ᠤ ᠠᠭᠠᠷ ᠮᠠᠨᠳᠠᠯ ᠤᠨ ᠪᠤᠬᠢᠷᠲᠤᠯ ᠢ ᠬᠤᠯᠪᠤᠭᠠᠯᠠᠨ ᠰᠡᠷᠭᠡᠶᠢᠯᠡᠵᠦ ᠡᠵᠡᠮᠳᠡᠬᠦ ᠠᠵᠢᠯ ᠤᠨ ᠤᠳᠤᠷᠢᠳᠬᠤ ᠲᠤᠭᠤᠢᠢᠯᠠᠩ ᠤᠨ ᠨᠢᠬᠡᠳᠦᠬᠡᠷ ᠤᠳᠠᠭ᠎ᠠ ᠶᠢᠨ ᠬᠤᠷᠠᠯ ᠬᠦᠬᠡᠬᠤᠳᠠ ᠳᠤ ᠬᠤᠷᠠᠯᠳᠤᠵᠦ᠂ ᠦᠬᠠᠢ ᠬᠤᠳᠠ ᠵᠢᠴᠢ ᠤᠢᠢᠷᠠᠯᠴᠠᠭᠠᠬᠢ ᠭᠠᠵᠠᠷ ᠤᠷᠤᠨ ᠤ ᠠᠭᠠᠷ ᠮᠠᠨᠳᠠᠯ ᠤᠨ ᠪᠤᠬᠢᠷᠲᠤᠯ ᠢ ᠵᠠᠰᠠᠬᠤ ᠲᠤᠬᠠᠢ ᠰᠤᠳᠤᠯᠤᠨ ᠪᠠᠶᠢᠷᠢᠯᠠᠭᠤᠯᠤᠬᠰᠠᠨ ᠪᠠᠶᠢᠨ᠎ᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠦᠬᠠᠢ ᠬᠤᠳᠠ ᠵᠢᠴᠢ ᠤᠢᠢᠷᠠᠯᠴᠠᠭᠠᠬᠢ ᠭᠠᠵᠠᠷ ᠤᠷᠤᠨ ᠤ ᠠᠭᠠᠷ ᠮᠠᠨᠳᠠᠯ ᠤᠨ ᠪᠤᠬᠢᠷᠲᠤᠯ ᠢ ᠬᠤᠯᠪᠤᠭᠠᠯᠠᠨ ᠰᠡᠷᠭᠡᠶᠢᠯᠡᠵᠦ ᠡᠵᠡᠮᠳᠡᠬᠦ ᠠᠵᠢᠯ ᠤᠨ ᠤᠳᠤᠷᠢᠳᠬᠤ ᠲᠤᠭᠤᠢᠢᠯᠠᠩ ᠤᠨ ᠲᠡᠳ᠋ ᠲᠠᠷᠤᠭ᠎ᠠ ᠹᠦ᠋ ᠲᠠᠢ ᠽᠧᠩ ᠬᠤᠷᠠᠯ ᠲᠡᠭᠡᠷ᠎ᠠ ᠶᠠᠷᠢᠶ᠎ᠠ ᠲᠠᠯᠪᠢᠵᠦ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠦᠬᠠᠢ ᠬᠤᠳᠠ ᠵᠢᠴᠢ ᠤᠢᠢᠷᠠᠯᠴᠠᠭᠠᠬᠢ ᠭᠠᠵᠠᠷ ᠤᠷᠤᠨ ᠤ ᠠᠭᠠᠷ ᠮᠠᠨᠳᠠᠯ ᠤᠨ ᠪᠤᠬᠢᠷᠲᠤᠯ ᠢ ᠬᠤᠯᠪᠤᠭᠠᠯᠠᠨ ᠰᠡᠷᠭᠡᠶᠢᠯᠡᠵᠦ ᠡᠵᠡᠮᠳᠡᠬᠦ ᠠᠵᠢᠯ ᠤᠨ ᠤᠳᠤᠷᠢᠳᠬᠤ ᠲᠤᠭᠤᠢᠢᠯᠠᠩ ᠤᠨ ᠠᠯᠪᠠᠨ ᠬᠡᠷ ᠤᠨ ᠡᠷᠬᠢᠯᠡᠭᠴᠢ ᠴᠠᠩ ᠵᠢᠶᠦ᠋ᠨ ᠵᠧᠩ ᠬᠤᠷᠠᠯ ᠢ ᠡᠷᠬᠢᠯᠡᠵᠡᠢ᠃      ᠹᠦ᠋ ᠲᠠᠢ ᠽᠧᠩ ᠵᠢᠭᠠᠵᠦ ᠭᠠᠷᠭᠠᠬᠰᠠᠨ ᠨᠢ᠂ ᠦᠬᠠᠢ ᠬᠤᠳᠠ ᠵᠢᠴᠢ ᠤᠢᠢᠷᠠᠯᠴᠠᠭᠠᠬᠢ ᠭᠠᠵᠠᠷ ᠤᠷᠤᠨ ᠤ ᠨᠡᠬᠦᠷᠡᠰᠦ ᠵᠡᠷᠭᠡ ᠠᠭᠤᠷᠬᠠᠢ ᠶᠢᠨ ᠡᠬᠢ ᠪᠠᠶᠠᠯᠢᠬ ᠡᠯᠪᠡᠭ᠂ ᠠᠮᠢ ᠠᠬᠤᠢ ᠶᠢᠨ ᠤᠷᠴᠢᠨ ᠲᠤᠭᠤᠷᠢᠨ ᠬᠡᠪᠡᠷᠡᠭ ᠪᠠᠶᠢᠵᠦ ᠂ ᠤᠯᠠᠨ ᠵᠢᠯ ᠤᠨ ᠲᠤᠷᠰᠢᠬᠢ ᠡᠬᠢ ᠪᠠᠶᠠᠯᠢᠬ ᠢ ᠨᠡᠬᠡᠬᠡᠨ ᠬᠦᠭᠵᠢᠬᠦᠯᠵᠤ ᠠᠰᠢᠬᠯᠠᠬᠤ ᠶᠠᠪᠤᠴᠠ ᠳᠤ᠂ ᠨᠡᠯᠢᠶᠡᠳ ᠤᠯᠠᠨ ᠠᠮᠢ ᠠᠬᠤᠢ ᠶᠢᠨ ᠠᠰᠠᠭᠤᠳᠠᠯ ᠲᠠᠭᠠᠯᠳᠤᠨ ᠬᠤᠷᠠᠮᠳᠤᠬᠰᠠᠨ ᠤ ᠲᠡᠭᠡᠷ᠎ᠠ ᠨᠢ ᠲᠡᠤᠬᠡ ᠶᠢᠨ ᠦᠷᠢ ᠦᠭᠴᠡᠭᠡ ᠨᠡᠯᠢᠶᠡᠳ ᠶᠡᠭᠡ ᠪᠠᠶᠢᠵᠦ᠂ ᠤᠷᠤᠨ ᠪᠦᠰᠡ ᠶᠢᠨ ᠤᠷᠴᠢᠨ ᠲᠤᠭᠤᠷᠢᠨ ᠤ ᠪᠤᠬᠢᠷᠲᠤᠯ ᠨᠢ ᠪᠦᠲᠦᠴᠡ ᠶᠢᠨ ᠬᠡᠯᠪᠡᠷᠢ᠂ ᠨᠡᠶᠢᠯᠡᠮᠡᠯ ᠬᠡᠯᠪᠡᠷᠢ ᠪᠠ ᠤᠷᠤᠨ ᠪᠦᠰᠡ ᠶᠢᠨ ᠬᠡᠯᠪᠡᠷᠢ ᠶᠢᠨ ᠤᠨᠴᠠᠯᠢᠬ ᠲᠠᠢ ᠪᠤᠯᠵᠦ᠂ ᠶᠡᠷᠦᠩᠬᠡᠶᠢᠯᠡᠨ ᠴᠡᠭᠴᠡᠯᠡᠨ ᠵᠠᠰᠠᠬᠤ ᠡᠬᠦᠷᠬᠡ ᠬᠦᠨᠳᠦ ᠬᠡᠴᠡᠬᠦᠦ ᠪᠤᠯᠤᠬᠰᠠᠨ ᠪᠠᠶᠢᠨ᠎ᠠ ᠬᠡᠪᠡ᠃      ᠹᠦ᠋ ᠲᠠᠢ ᠽᠧᠩ ᠱᠠᠭᠠᠷᠳᠠᠬᠰᠠᠨ ᠨᠢ᠂ ᠦᠬᠠᠢ ᠬᠤᠳᠠ ᠵᠢᠴᠢ ᠤᠢᠢᠷᠠᠯᠴᠠᠭᠠᠬᠢ ᠭᠠᠵᠠᠷ ᠤᠷᠤᠨ ᠤ ᠤᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠵᠦ ᠵᠠᠰᠠᠬᠤ ᠬᠠᠷᠢᠭᠤᠴᠠᠯᠭᠠᠳᠤ ᠰᠡᠳᠬᠢᠯᠬᠡ ᠪᠠ ᠪᠠᠴᠢᠮ ᠲᠤᠯᠭᠠᠮ᠎ᠠ ᠰᠡᠳᠬᠢᠯᠬᠡ ᠪᠠᠨ ᠦᠨᠡᠨᠬᠦ ᠴᠢᠩᠭᠠᠳᠬᠠᠨ᠂ ᠨᠡᠩ ᠶᠡᠭᠡ ᠡᠷᠡᠰ ᠴᠢᠩᠭ᠎ᠠ ᠰᠢᠢᠳᠪᠦᠷᠢᠳᠤ ᠵᠤᠷᠢᠬ᠂ ᠨᠡᠩ ᠬᠦᠴᠦᠨ ᠪᠦᠬᠦᠢ ᠠᠷᠭ᠎ᠠ ᠠᠪᠴᠠᠯ᠂ ᠨᠡᠩ ᠪᠤᠳᠠᠳᠤ ᠠᠵᠢᠯ ᠤᠨ ᠰᠤᠷᠳᠠᠯ ᠢᠶᠠᠷ ᠦᠬᠠᠢ ᠬᠤᠳᠠ ᠵᠢᠴᠢ ᠤᠢᠢᠷᠠᠯᠴᠠᠭᠠᠬᠢ ᠭᠠᠵᠠᠷ ᠤᠷᠤᠨ ᠤ ᠤᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠵᠦ ᠵᠠᠰᠠᠬᠤ ᠠᠵᠢᠯ ᠢ ᠪᠦᠬᠦ ᠲᠠᠯ᠎ᠠ ᠪᠠᠷ ᠠᠬᠢᠭᠤᠯᠤᠨ᠂ ᠤᠷᠤᠨ ᠪᠦᠰᠡ ᠶᠢᠨ ᠤᠷᠴᠢᠨ ᠲᠤᠭᠤᠷᠢᠨ ᠤ ᠶᠠᠰᠤ ᠴᠢᠨᠠᠷ ᠢ ᠴᠢᠷᠮᠠᠶᠢᠨ ᠰᠠᠶᠢᠵᠢᠷᠠᠭᠤᠯᠵᠦ᠂ ᠠᠷᠠᠳ ᠤᠯᠠᠨ ᠤ ᠡᠷᠡᠬᠦᠯ ᠮᠡᠨᠳᠤ ᠶᠢ ᠦᠨᠡᠨ ᠬᠦ ᠪᠠᠲᠤᠯᠠᠨ᠂ ᠤᠷᠤᠨ ᠪᠦᠰᠡ ᠶᠢᠨ ᠠᠵᠦ ᠠᠬᠤᠢ ᠨᠡᠶᠢᠬᠡᠮ ᠤᠨ ᠵᠤᠬᠢᠴᠠᠩᠭᠤᠢ᠂ ᠦᠷᠬᠦᠯᠵᠢᠯᠡᠨ ᠬᠦᠭᠵᠢᠬᠦ ᠶᠢ ᠠᠬᠢᠭᠤᠯᠬᠤ ᠬᠡᠷᠡᠭᠳᠡᠢ︔ ᠤᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠵᠦ ᠵᠠᠰᠠᠬᠤ ᠲᠦᠰᠦᠯ ᠢ ᠴᠢᠩᠭ᠎ᠠ ᠬᠡᠷᠡᠭᠵᠢᠬᠦᠯᠦᠨ᠂ ᠴᠢᠯᠠᠭᠤᠯᠢᠭ ᠨᠡᠬᠦᠷᠡᠰᠦ ᠪᠠ ᠨᠡᠬᠦᠷᠡᠰᠦᠨ ᠠᠭᠤᠷᠬᠠᠢ ᠶᠢᠨ ᠠᠶ᠋ᠨᠨᠳᠠᠭᠠᠨ ᠰᠢᠳᠠᠬᠤ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠦ᠂ ᠭᠤᠤᠯᠳᠠᠯᠭ᠎ᠠ ᠲᠠᠢ ᠠᠵᠢᠯ ᠲᠦᠷᠦᠯ ᠤᠨ ᠪᠤᠬᠢᠷᠲᠤᠯ ᠢ ᠵᠠᠰᠠᠬᠤ ᠠᠵᠢᠯ ᠢ ᠠᠬᠢᠭᠤᠯᠤᠨ᠂ ᠰᠢᠲᠠᠭᠠᠯᠭ᠎ᠠ ᠶᠢᠨ ᠨᠡᠬᠦᠷᠡᠰᠦᠨ ᠤ ᠪᠤᠬᠢᠷᠲᠤᠯ ᠢ ᠴᠢᠩᠭ᠎ᠠ ᠡᠵᠡᠮᠳᠡᠨ᠂ ᠰᠢᠷᠤᠢ ᠲᠤᠭᠤᠰᠤᠨ ᠤ ᠪᠤᠬᠢᠷᠲᠤᠯ ᠢ ᠪᠦᠲᠦᠮᠵᠢᠳᠡᠢ ᠡᠵᠡᠮᠳᠡᠵᠦ᠂ ᠠᠵᠦ ᠦᠢᠯᠡᠰ ᠤᠨ ᠪᠦᠲᠦᠴᠡ ᠶᠢ ᠲᠦᠷᠬᠡᠳᠬᠡᠨ᠂ ᠡᠬᠢ ᠡᠬᠦᠰᠦᠯ ᠠᠴᠠ ᠨᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠬᠦᠴᠦᠯᠡᠨ ᠴᠢᠩᠭᠠᠳᠬᠠᠬᠤ ᠬᠡᠷᠡᠭᠳᠡᠢ︔ ᠱᠠᠯᠠᠪᠳᠠᠭᠤᠯᠤᠨ ᠪᠠᠶᠢᠴᠠᠭᠠᠵᠦ ᠬᠠᠷᠢᠭᠤᠴᠠᠯᠭ᠎ᠠ ᠨᠡᠬᠡᠮᠵᠢᠯᠡᠬᠦ ᠬᠦᠴᠦᠯᠡᠴᠡ ᠶᠢ ᠴᠢᠨᠠᠬᠰᠢᠳᠠ ᠨᠡᠮᠡᠭᠳᠡᠬᠦᠯᠦᠨ᠂ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠂ ᠬᠠᠤᠯᠢ ᠬᠡᠷᠡᠭᠵᠢᠬᠦᠯᠬᠦ ᠡᠷᠴᠢᠮ ᠢᠶᠠᠨ ᠴᠢᠩᠭᠠᠳᠬᠠᠵᠦ᠂ ᠲᠦᠷᠦ ᠶᠢᠨ ᠪᠤᠳᠤᠯᠭ᠎ᠠ ᠠᠷᠭ᠎ᠠ ᠠᠪᠴᠠᠯ ᠢᠶᠠᠨ ᠲᠡᠬᠦᠯᠳᠡᠷᠵᠢᠬᠦᠯᠦᠨ᠂ ᠰᠢᠯᠭᠠᠨ ᠦᠨᠡᠯᠡᠬᠦ ᠠᠷᠭ᠎ᠠ ᠶᠢ ᠴᠢᠨᠠᠬᠰᠢᠳᠠ ᠪᠦᠷᠢᠨᠰᠢᠬᠦᠯᠬᠦ ᠬᠡᠷᠡᠭᠳᠡᠢ ᠬᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号