| | ᠬᠤᠷᠠᠯ ᠨᠢ 2015 ᠣᠨ ᠤ ᠪᠦᠬᠦ ᠤᠷᠤᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠭᠦᠢᠴᠡᠳ | ᠨᠤᠲᠠᠯᠠᠭᠠᠳ᠂ ᠵᠢᠭᠠᠵᠤ ᠭᠠᠷᠭᠠᠭᠰᠠᠨ ᠨᠢ᠂ ᠦᠩᠭᠡᠷᠡᠭᠰᠡᠨ ᠨᠢᠭᠡ ᠵᠢᠯ ᠤᠨ ᠲᠤᠷᠰᠢ᠂ ᠡᠯ᠎ᠡ ᠭᠠᠵᠠᠷ ᠤᠷᠤᠨ᠂ ᠡᠯ᠎ᠡ | ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠪᠦᠬᠦ ᠤᠷᠤᠨ ᠤ ᠵᠠᠬᠢᠳᠠᠯ ᠰᠤᠷᠪᠤᠯᠵᠢᠯᠠᠯ ᠤᠨ ᠰᠢᠰᠲ᠋ᠧᠮ ᠤᠳ | ᠲᠥᠪ ᠤᠨ ᠪᠠ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠦᠷᠢᠲᠦ | ᠪᠣᠳᠤᠯᠭ᠎ᠠ ᠶᠢᠨ ᠪᠠᠶᠢᠷᠢᠯᠠᠭᠤᠯᠤᠯᠲᠠ ᠶᠣᠰᠤᠭᠠᠷ᠂ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠳᠠᠯᠠᠨ᠂ | ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠂ ᠨᠡᠶᠢᠭᠡᠮ ᠤᠨ ᠪᠠᠶᠢᠳᠠᠯ ᠠᠷᠠᠳ ᠤᠨ ᠰᠡᠳᠭᠢᠯ ᠢ | ᠤᠶᠢᠯᠭᠠᠬᠤ᠂ ᠲᠣᠭᠳᠠᠭᠤᠨ ᠪᠠᠶᠢᠯᠭᠠᠬᠤ ᠳᠠᠬᠢ ᠲᠥᠭᠰᠢᠭᠦᠷᠢ ᠶᠢ ᠵᠠᠳᠠᠯᠬᠤ᠂ ᠵᠦᠷᠢᠴᠡᠯ ᠵᠢᠭᠤᠷᠠᠭᠠᠨ ᠢ ᠵᠢᠭᠰᠠᠭᠠᠨ | ᠪᠠᠶᠢᠴᠠᠭᠠᠬᠤ᠂ ᠵᠦᠢ ᠶᠣᠰᠤᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ | ᠳᠣᠪᠤᠶᠢᠮ᠎ᠠ ᠠᠮᠵᠢᠯᠲᠠ ᠲᠠᠢ ᠠᠵᠢᠯ ᠢ ᠬᠢᠵᠦ᠂ ᠪᠦᠬᠦ ᠤᠷᠤᠨ ᠤ ᠵᠠᠬᠢᠳᠠᠯ ᠰᠤᠷᠪᠤᠯᠵᠢᠯᠠᠯ ᠤᠨ ᠪᠠᠶᠢᠳᠠᠯ | ᠦᠷᠭᠦᠯᠵᠢᠯᠡᠨ ᠰᠠᠶᠢᠵᠢᠷᠠᠵᠤ᠂ ᠵᠠᠬᠢᠳᠠᠯ ᠰᠤᠷᠪᠤᠯᠵᠢᠯᠠᠯ ᠤᠨ ᠬᠡᠮᠵᠢᠶ᠎ᠡ ᠦᠷᠭᠦᠯᠵᠢᠯᠡᠨ ᠳᠣᠷᠤᠭᠰᠢᠯᠠᠵᠤ᠂ ᠵᠠᠬᠢᠳᠠᠯ | ᠰᠤᠷᠪᠤᠯᠵᠢᠯᠠᠯ ᠤᠨ ᠠᠵᠢᠯ ᠤᠨ ᠳᠦᠷᠢᠮ ᠤᠨ ᠦᠭᠡᠷᠡᠴᠢᠯᠡᠯᠲᠡ ᠲᠣᠭᠲᠠᠭᠤᠨ ᠢᠶᠠᠷ ᠠᠬᠢᠭᠤᠯᠵᠤ᠂ ᠵᠠᠬᠢᠳᠠᠯ | ᠰᠤᠷᠪᠤᠯᠵᠢᠯᠠᠯ ᠤᠨ ᠪᠦᠲᠦᠴᠡ ᠤᠯᠠᠮ ᠰᠢᠯᠢᠳᠡᠭᠵᠢᠵᠦ᠂ ᠪᠦᠬᠦ ᠤᠷᠤᠨ ᠤ ᠠᠵᠤ ᠠᠬᠤᠢ ᠨᠡᠶᠢᠭᠡᠮ ᠤᠨ | ᠬᠦᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠳᠤ ᠢᠳᠡᠪᠬᠢᠲᠡᠢ ᠬᠤᠪᠢ ᠨᠡᠮᠡᠷᠢ | ᠦᠵᠡᠭᠦᠯᠦᠭᠰᠡᠨ ᠪᠠᠶᠢᠨ᠎ᠠ ᠭᠡᠪᠡ᠃ | ᠬᠤᠷᠠᠯ ᠨᠢ ᠪᠦᠬᠦ ᠤᠷᠤᠨ ᠤ ᠵᠠᠬᠢᠳᠠᠯ ᠰᠤᠷᠪᠤᠯᠵᠢᠯᠠᠯ ᠤᠨ ᠠᠵᠢᠯ ᠳᠠᠬᠢ ᠳᠠᠷᠠᠭᠠᠴᠢ ᠶᠢᠨ ᠠᠯᠬᠤᠮ ᠤᠨ | ᠰᠡᠳᠭᠢᠮᠵᠢ ᠪᠠ ᠬᠠᠷᠠᠯᠲᠠ ᠪᠠᠨ ᠲᠣᠳᠤᠷᠬᠠᠶᠢᠯᠠᠨ᠂ 2016 ᠣᠨ ᠵᠢᠴᠢ ︽13᠂ 5︾ ᠶᠢᠨ ᠬᠤᠭᠤᠴᠠᠭᠠᠨ ᠳᠤ᠂ | ᠪᠦᠬᠦ ᠤᠷᠤᠨ ᠤ ᠵᠠᠬᠢᠳᠠᠯ ᠰᠤᠷᠪᠤᠯᠵᠢᠯᠠᠯ ᠤᠨ ᠠᠵᠢᠯ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ | ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠪᠠ ᠦᠪᠡᠷᠲᠡᠭᠡᠨ | ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ ᠳᠦᠷᠪᠡᠳᠦᠭᠡᠷ ᠤᠳᠠᠭᠠᠨ ᠤ | ᠪᠦᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠠᠯᠠᠭᠤᠯᠵᠤ᠂ ᠲᠥᠪ ᠤᠨ ᠪᠠ ᠦᠪᠡᠷᠲᠡᠭᠡᠨ | ᠵᠠᠰᠬᠠᠤ ᠤᠷᠤᠨ ᠤ ᠤᠳᠤᠷᠢᠳᠬᠤ ᠨᠦᠭᠦᠳ ᠤᠨ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠪᠠᠷ | ᠬᠦᠳᠡᠯᠭᠡᠬᠦ ᠬᠦᠴᠦᠨ ᠪᠣᠯᠭᠠᠨ᠂ ︽ᠭᠤᠷᠪᠠ ᠶᠢ ᠪᠠᠶᠢᠷᠢᠨ ᠳᠤᠨᠢ ᠬᠦᠷᠭᠡᠨ᠂ ᠨᠢᠭᠡ ᠶᠢ ᠰᠢᠢᠳᠪᠦᠷᠢᠯᠡᠬᠦ︾ ᠵᠠᠬᠢᠳᠠᠯ | ᠰᠤᠷᠪᠤᠯᠵᠢᠯᠠᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠶᠣᠰᠤᠭᠠᠷ᠂ ᠬᠠᠤᠯᠢ ᠪᠠᠷ ᠵᠠᠰᠠᠬᠤ ᠪᠠᠷ ᠶᠡᠷᠦᠩᠬᠡᠶᠢᠯᠡᠨ | ᠵᠠᠬᠢᠷᠴᠤ᠂ ᠦᠭᠡᠷᠡᠴᠢᠯᠡᠯᠲᠡ ᠬᠢᠬᠦ ᠪᠠᠷ ᠭᠤᠣᠯ ᠱᠤᠭᠤᠮ ᠪᠣᠯᠭᠠᠵᠤ᠂ ᠠᠰᠠᠭᠤᠳᠠᠯ ᠢ ᠰᠢᠢᠳᠪᠦᠷᠢᠯᠡᠬᠦ ᠪᠠᠷ | ᠤᠳᠤᠷᠢᠳᠤᠮᠵᠢ ᠪᠣᠯᠭᠠᠨ᠂ ︽ᠨᠠᠷᠠᠨ ᠭᠡᠷᠡᠯᠠᠲᠤ ᠵᠠᠬᠢᠳᠠᠯ ᠰᠤᠷᠪᠤᠯᠵᠢᠯᠠᠯ᠂ ᠬᠠᠷᠢᠭᠤᠴᠠᠯᠭᠠᠲᠤ ᠵᠠᠬᠢᠳᠠᠯ ᠰᠤᠷᠪᠤᠯᠵᠢᠯᠠᠯ᠂ | ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠯ︾ ᠤᠨ ᠭᠤᠷᠪᠠᠨ ᠵᠦᠢᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠂ ᠪᠦᠬᠦ ᠤᠷᠤᠨ ᠤ ᠵᠠᠬᠢᠳᠠᠯ ᠰᠤᠷᠪᠤᠯᠵᠢᠯᠠᠯ ᠤᠨ ᠦᠨᠳᠦᠰᠦᠨ ᠱᠠᠲᠤᠨ ᠤ ᠰᠠᠭᠤᠷᠢ᠂ ᠪᠠᠶᠢᠭᠤᠯᠤᠯ ᠲᠣᠭᠲᠠᠴᠠ᠂ ᠪᠠᠭ | ᠡᠩᠨᠡᠭᠡ᠂ ᠵᠠᠬᠢᠳᠠᠯ ᠰᠤᠷᠪᠤᠯᠵᠢᠯᠠᠯ ᠤᠨ ᠰᠤᠶᠤᠯ᠂ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠬᠢᠵᠢᠯᠲᠠ ᠶᠢᠨ ᠲᠠᠪᠤᠨ | ᠶᠡᠭᠡ ᠪᠦᠲᠦᠭᠡᠨ ᠪᠠᠶᠢᠭᠤᠯᠤᠯᠲᠠ ᠶᠢ ᠤᠯᠠᠮ ᠰᠠᠶᠢᠲᠤᠷ ᠠᠳᠬᠤᠨ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ | ᠬᠦᠯᠢᠶᠡᠨ ᠠᠪᠴᠤ ᠰᠢᠢᠳᠪᠦᠷᠢᠯᠡᠬᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠯᠭᠠᠨ ᠦᠨᠡᠯᠡᠬᠦ ᠬᠤᠶᠠᠷ | ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠨᠡᠶᠢᠭᠡᠮ ᠤᠨ ᠵᠦᠷᠢᠴᠡᠯ ᠢ ᠡᠵᠡᠮᠳᠡᠵᠦ ᠪᠣᠯᠬᠤ᠂ ᠵᠠᠬᠢᠳᠠᠯ | ᠰᠤᠷᠪᠤᠯᠵᠢᠯᠠᠯ ᠤᠨ ᠡᠮᠬᠢ ᠵᠢᠷᠤᠮ ᠰᠠᠶᠢᠨ ᠪᠠᠶᠢᠬᠤ᠂ ᠱᠠᠲᠤ ᠳᠠᠷᠠᠭᠠᠯᠠᠨ ᠰᠤᠷᠪᠤᠯᠵᠢᠯᠠᠯ ᠬᠢᠬᠦ ᠶᠢ ᠪᠠᠶᠢᠩᠭᠤᠵᠢᠭᠤᠯᠬᠤ᠂ | ᠵᠠᠬᠢᠳᠠᠯ ᠰᠤᠷᠪᠤᠯᠵᠢᠯᠠᠯ ᠤᠨ ᠪᠦᠲᠦᠴᠡ ᠶᠢ ᠰᠢᠯᠢᠳᠡᠭᠵᠢᠭᠦᠯᠬᠦ᠂ ᠦᠭᠡᠷᠡᠴᠢᠯᠡᠯᠲᠡ ᠳᠤ ᠠᠮᠵᠢᠯᠲᠠ ᠣᠯᠬᠤ᠂ | ᠪᠦᠲᠦᠭᠡᠨ ᠪᠠᠶᠢᠭᠤᠯᠤᠯᠲᠠ ᠳᠤ ᠦᠷ᠎ᠡ ᠪᠦᠲᠦᠭᠡᠯ ᠭᠠᠷᠭᠠᠬᠤ ᠠᠵᠢᠯ ᠤᠨ ᠬᠠᠷᠠᠯᠲᠠ ᠶᠢ ᠪᠡᠶᠡᠯᠡᠭᠦᠯᠬᠦ ᠬᠡᠷᠡᠭᠲᠡᠢ ᠭᠡᠪᠡ᠃ | | ᠦᠪᠡᠷᠲᠡᠭᠡᠨ ᠵᠠᠰᠬᠠᠤ ᠤᠷᠤᠨ ᠤ ᠵᠠᠬᠢᠳᠠᠯ ᠰᠤᠷᠪᠤᠯᠵᠢᠯᠠᠯ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ | ᠠᠶᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠬᠤᠪᠢᠳᠠᠨ | ᠬᠠᠮᠢᠶᠠᠷᠴᠤ ᠪᠠᠶᠢᠭ᠎ᠠ ᠨᠠᠮ ᠵᠠᠰᠠᠭ ᠤᠨ ᠤᠳᠤᠷᠢᠳᠤᠯᠭ᠎ᠠ ᠪᠠ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠳᠠᠷᠤᠭ᠎ᠠ᠂ | ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠨᠢᠭᠡᠴᠡ᠂ ᠲᠣᠮᠤ ᠠᠵᠤ ᠠᠬᠤᠶᠢᠯᠠᠯ ᠤᠨ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭᠠᠲᠠᠨ᠂ ᠦᠪᠡᠷᠲᠡᠭᠡᠨ ᠵᠠᠰᠠᠬᠤ ᠤᠷᠤᠨ ᠤ ᠵᠠᠬᠢᠳᠠᠯ ᠰᠤᠷᠪᠤᠯᠵᠢᠯᠠᠯ ᠤᠨ | ᠲᠣᠪᠴᠢᠶᠠᠨ ᠤ ᠳᠡᠳ᠋ ᠭᠠᠵᠠᠷ ᠤᠨ ᠳᠠᠷᠤᠭ᠎ᠠ ᠠᠴᠠ ᠳᠡᠭᠡᠭᠰᠢᠬᠢ ᠺᠠᠳ᠋ᠷ ᠤᠳ ᠬᠤᠷᠠᠯ ᠳᠤ ᠣᠷᠤᠯᠴᠠᠪᠠ᠃ |