| 2 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ ᠠᠴᠠ 28 ᠤ ᠡᠳᠦᠷ ᠤᠨ ᠦᠳᠡ ᠶᠢᠨ | ᠡᠮᠦᠨ᠎ᠡ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ 2016 ᠣᠨ ᠤ | ᠪᠦᠬᠦ ᠣᠷᠣᠨ ᠤ ᠭᠢᠨᠳᠠᠨ ᠤ ᠠᠵᠢᠯ ᠤᠨ ᠬᠤᠷᠠᠯ ᠬᠤᠷᠠᠯᠳᠤᠪᠠ᠃ ᠬᠠᠣᠯᠢ ᠴᠠᠭᠠᠵᠠ ᠶᠢᠨ ᠲᠢᠩᠬᠢᠮ ᠤᠨ ᠳᠡᠳ᠋ | ᠳᠠᠷᠤᠭ᠎ᠠ᠂ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠰᠢᠦᠢ ᠬᠤᠩ ᠭᠤᠸᠠᠩ ᠨᠥᠬᠦᠷ ᠠᠵᠢᠯ ᠤᠨ | ᠮᠡᠳᠡᠭᠦᠯᠦᠯᠲᠡ ᠬᠢᠪᠡ᠃ ᠭᠢᠨᠳᠠᠨ ᠤ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ ᠵᠢᠶᠠᠩ ᠡᠾᠧ ᠫᠢᠩ ᠨᠥᠬᠦᠷ | ᠬᠤᠷᠠᠯ ᠡᠷᠬᠢᠯᠡᠵᠦ᠂ ᠭᠢᠨᠳᠠᠨ ᠤ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠳᠡᠳ᠋ ᠲᠣᠭᠤᠷᠢᠨ | ᠪᠠᠶᠢᠴᠠᠭᠠᠭᠴᠢ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠭᠠᠵᠠᠷ ᠭᠡᠷ᠂ ᠶᠡᠷᠦᠩᠭᠡᠢ ᠠᠩᠭᠢ ᠶᠢᠨ ᠳᠡᠳ᠋ ᠭᠠᠵᠠᠷ ᠤᠨ | ᠳᠡᠰ ᠠᠴᠠ ᠳᠡᠭᠡᠭᠰᠢᠬᠢ ᠺᠠᠳ᠋ᠷ᠂ ᠪᠦᠬᠦ ᠣᠷᠣᠨ ᠤ ᠭᠢᠨᠳᠠᠨ ᠤ ᠨᠢᠭᠡᠴᠡ ᠶᠢᠨ ᠭᠤᠣᠯ ᠬᠠᠷᠢᠭᠤᠴᠠᠯᠭᠠᠲᠠᠳ ᠬᠤᠷᠠᠯ ᠳᠤ | ᠣᠷᠣᠯᠴᠠᠪᠠ᠃ | ᠲᠣᠪᠴᠢᠶ᠎ᠠ ᠶᠢᠨ ᠳᠠᠷᠤᠭ᠎ᠠ ᠰᠢᠦᠢ ᠬᠤᠩ ᠭᠤᠸᠠᠩ 2015 ᠣᠨ ᠤ ᠪᠦᠬᠦ ᠣᠷᠣᠨ ᠤ ᠭᠢᠨᠳᠠᠨ ᠤ ᠠᠵᠢᠯ ᠢ | ᠡᠷᠭᠢᠴᠡᠭᠦᠯᠦᠨ ᠳ᠋ᠦᠩᠨᠡᠵᠦ᠂ ︽13· 5︾ ᠶᠢᠨ ᠬᠤᠭᠤᠴᠠᠭᠠᠨ ᠳᠠᠬᠢ ᠪᠦᠬᠦ ᠣᠷᠣᠨ ᠤ ᠭᠢᠨᠳᠠᠨ ᠤ ᠠᠵᠢᠯ ᠤᠨ | ᠲᠡᠮᠡᠴᠡᠬᠦ ᠬᠠᠷᠠᠯᠲᠠ ᠶᠢ ᠳᠤᠷᠠᠳᠪᠠ᠄ ︽ᠬᠤᠶᠠᠷ ᠵᠢᠯ ᠳᠤ ᠰᠠᠭᠤᠷᠢ ᠲᠠᠯᠪᠢᠨ᠂ ᠭᠤᠷᠪᠠᠨ ᠵᠢᠯ ᠳᠤ ᠱᠠᠲᠤ ᠳᠠᠪᠰᠢᠵᠤ | ᠂ ᠲᠠᠪᠤᠨ ᠵᠢᠯ ᠳᠤ ᠲᠡᠷᠢᠭᠦᠨ ᠤ ᠡᠩᠨᠡᠭᠡᠨ ᠳᠤ ᠣᠷᠣᠨ᠎ᠠ︾᠃ 2016 ᠣᠨ ᠤ ᠪᠦᠬᠦ ᠣᠷᠣᠨ ᠤ ᠭᠢᠨᠳᠠᠨ ᠤ | ᠠᠵᠢᠯ ᠤᠨ ᠶᠡᠷᠦᠩᠭᠡᠢ ᠱᠠᠭᠠᠷᠳᠠᠯᠭ᠎ᠠ ᠪᠣᠯ ︽ᠡᠩᠬᠡ ᠠᠮᠤᠭᠤᠯᠠᠩ ᠭᠢᠨᠳᠠᠨ︾᠂ ︽ᠬᠠᠣᠯᠢ ᠪᠠᠷ ᠵᠠᠰᠠᠬᠤ ᠭᠢᠨᠳᠠᠨ︾ ᠢ | ᠪᠦᠲᠦᠭᠡᠨ ᠪᠠᠶᠢᠭᠤᠯᠬᠤ ᠪᠠᠷ ᠭᠤᠣᠯ ᠰᠢᠵᠢᠮ ᠪᠣᠯᠭᠠᠨ᠂ ᠶᠠᠯᠠᠲᠠᠳ ᠢ ᠥᠭᠡᠷᠡᠴᠢᠯᠡᠬᠦ ᠪᠠᠷ ᠭᠤᠣᠯ ᠪᠣᠯᠭᠠᠵᠤ᠂ | ᠨᠠᠷᠢᠯᠢᠭᠵᠢᠭᠤᠯᠤᠭᠰᠠᠨ ᠬᠠᠮᠢᠶᠠᠷᠤᠯᠲᠠ ᠪᠠᠷ ᠭᠠᠷᠳᠠᠴᠠ ᠪᠣᠯᠭᠠᠵᠤ᠂ ︽ᠭᠤᠷᠪᠠᠨ ᠶᠡᠭᠡ ᠥᠭᠡᠷᠡᠴᠢᠯᠡᠯᠲᠡ︾ ᠶᠢᠨ | ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠭᠤᠣᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠪᠣᠯᠣᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠰᠢᠯᠭᠠᠷᠠᠭᠰᠠᠨ ᠠᠷᠠᠳ ᠤᠨ ᠴᠠᠭᠳᠠᠭ᠎ᠠ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠭᠢᠨᠳᠠᠨ ᠤ ᠠᠵᠤ ᠠᠬᠤᠢ ᠶᠢ ᠪᠦᠬᠦ ᠲᠠᠯ᠎ᠠ ᠪᠠᠷ ᠬᠦᠭᠵᠢᠭᠦᠯᠵᠦ᠂ ᠨᠠᠮ ᠤᠨ ᠰᠤᠷᠳᠠᠯ ᠴᠢᠭᠡᠴᠢ | ᠵᠠᠰᠠᠭ ᠤᠨ ᠪᠦᠲᠦᠭᠡᠨ ᠪᠠᠶᠢᠭᠤᠯᠤᠯᠲᠠ ᠪᠣᠯᠣᠨ ᠢᠯᠵᠢᠷᠠᠯ ᠢ ᠡᠰᠡᠷᠭᠦᠴᠡᠬᠦ ᠳᠠᠶᠢᠨ ᠢ ᠪᠦᠬᠦ ᠲᠠᠯ᠎ᠠ ᠪᠠᠷ ᠦᠷᠨᠢᠭᠦᠯᠵᠦ᠂ | ᠭᠢᠨᠳᠠᠨ ᠤ ︽ᠳᠥᠷᠪᠡᠨ ᠦᠭᠡᠢ︾ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠂ ᠪᠦᠬᠦ ᠣᠷᠣᠨ ᠤ | ᠭᠢᠨᠳᠠᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠪᠡ᠃ | ᠲᠣᠪᠴᠢᠶ᠎ᠠ ᠶᠢᠨ ᠳᠠᠷᠤᠭ᠎ᠠ ᠰᠢᠦᠢ ᠬᠤᠩ ᠭᠤᠸᠠᠩ ᠴᠢᠬᠤᠯᠠᠴᠢᠯᠠᠭᠰᠠᠨ ᠨᠢ᠂ 2016 ᠣᠨ ᠤ ᠪᠦᠬᠦ | ᠣᠷᠣᠨ ᠤ ᠭᠢᠨᠳᠠᠨ ᠤ ᠠᠵᠢᠯ ᠤᠨ ᠭᠤᠣᠯ ᠡᠭᠦᠷᠭᠡ ᠪᠣᠯ ᠠᠮᠤᠷ ᠲᠥᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢᠨ | ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠭᠢᠨᠳᠠᠨ ᠤ ᠥᠷᠭᠦᠯᠵᠢᠯᠡᠨ ᠠᠮᠤᠷ | ᠲᠥᠪᠰᠢᠨ ᠲᠣᠭᠲᠠᠭᠤᠨ ᠪᠠᠶᠢᠬᠤ ᠶᠢ ᠪᠦᠬᠦ ᠲᠠᠯ᠎ᠠ ᠪᠠᠷ ᠦᠨᠡᠨ ᠬᠦ ᠪᠠᠲᠤᠯᠠᠨ᠎ᠠ︔ ᠶᠠᠯᠠᠲᠠᠳ ᠢ ᠥᠭᠡᠷᠡᠴᠢᠯᠡᠬᠦ | ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠥᠮᠥᠵᠢᠭᠦᠯᠦᠨ ᠥᠭᠡᠷᠡᠴᠢᠯᠡᠬᠦ ᠴᠢᠨᠠᠷ ᠴᠢᠨᠰᠠᠭ᠎ᠠ ᠶᠢ ᠴᠢᠷᠮᠠᠶᠢᠨ | ᠳᠡᠭᠡᠭᠰᠢᠯᠡᠭᠦᠯᠦᠨ᠎ᠡ︔ ᠠᠷᠠᠳ ᠤᠨ ᠴᠠᠭᠳᠠᠭ᠎ᠠ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠭᠢᠨᠳᠠᠨ ᠤ ᠠᠵᠢᠯ ᠤᠨ ᠥᠭᠡᠷᠡᠴᠢᠯᠡᠯᠲᠡ ᠭᠦᠭᠵᠢᠯᠲᠡ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠬᠠᠩᠭᠠᠨ᠎ᠠ︔ ᠨᠠᠷᠢᠯᠢᠬᠵᠢᠭᠤᠯᠤᠨ ᠬᠠᠮᠢᠶᠠᠷᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠭᠢᠨᠳᠠᠨ ᠤ | ᠳᠣᠲᠣᠭᠠᠳᠤ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠬᠦᠴᠦᠯᠡᠨ ᠳᠡᠭᠡᠭᠰᠢᠯᠡᠭᠦᠯᠦᠨ᠎ᠡ︔ ᠭᠢᠨᠳᠠᠨ ᠤ ᠠᠵᠤ | ᠠᠬᠤᠶᠢᠯᠠᠯ ᠤᠨ ᠬᠥᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠭᠢᠨᠳᠠᠨ ᠤ ᠡᠯ᠎ᠡ ᠵᠦᠢᠯ ᠤᠨ ᠠᠵᠢᠯ | ᠦᠢᠯᠡᠰ ᠤᠨ ᠳᠠᠪᠰᠢᠯᠳᠠ ᠶᠢ ᠶᠡᠬᠡᠪᠡᠷ ᠠᠬᠢᠭᠤᠯᠤᠨ᠎ᠠ︔ ᠭᠢᠨᠳᠠᠨ ᠤ ᠪᠠᠶᠢᠷᠢᠯᠠᠭᠤᠯᠤᠯᠲᠠ ᠶᠢᠨ ᠲᠣᠬᠢᠷᠠᠭᠤᠯᠤᠯᠲᠠ | ᠪᠣᠯᠣᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠭᠢᠨᠳᠠᠨ ᠤ ᠠᠵᠢᠯ ᠤᠨ ᠬᠥᠭᠵᠢᠯᠲᠡ ᠶᠢᠨ | ᠣᠷᠣᠨ ᠵᠠᠶ ᠶᠢ ᠴᠢᠷᠮᠠᠶᠢᠨ ᠥᠷᠭᠡᠳᠬᠡᠨ᠎ᠡ︔ ᠰᠤᠷᠤᠯᠴᠠᠬᠤ ᠬᠡᠯᠪᠡᠷᠢ ᠶᠢᠨ᠂ ᠰᠤᠳᠤᠯᠭᠠᠨ ᠤ ᠬᠡᠯᠪᠡᠷᠢ ᠶᠢᠨ ᠪᠣᠯᠣᠨ | ᠰᠢᠨ᠎ᠡ ᠶᠢ ᠡᠭᠦᠳᠬᠦ ᠬᠡᠯᠪᠡᠷᠢ ᠶᠢᠨ ᠪᠠᠶᠢᠭᠤᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠪᠣᠯᠣᠨ᠎ᠠ᠃ | ᠬᠤᠷᠠᠯ ᠨᠢ ᠭᠢᠨᠳᠠᠨ ᠤ ᠨᠢᠭᠡᠴᠡ ᠶᠢᠨ ᠲᠡᠷᠢᠭᠦᠨ ᠤ ᠬᠠᠮᠲᠤ ᠪᠣᠯᠤᠨ ᠬᠤᠪᠢ ᠬᠥᠮᠦᠨ ᠢ ᠬᠦᠬᠢᠭᠦᠯᠦᠭᠰᠡᠨ | ᠪᠥᠭᠡᠳ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠦᠪᠰᠢᠨ ᠢ ᠬᠠᠮᠠᠭᠠᠯᠠᠬᠤ | ᠠᠵᠢᠯ ᠢ ᠪᠠᠶᠢᠷᠢᠯᠠᠭᠤᠯᠵᠠᠶ᠃ |