ᠪᠦᠬᠦ ᠣᠷᠣᠨ ᠤ ᠭᠠᠳᠠᠭᠠᠳᠤ ᠠᠴᠠ ᠣᠷᠣᠭᠤᠯᠵᠦ ᠭᠠᠷᠭᠠᠬᠤ ᠲᠠᠸᠠᠷ ᠢ ᠰᠢᠯᠭᠠᠨ ᠪᠠᠶᠢᠴᠠᠭᠠᠬᠤ ᠬᠢᠨᠠᠨ ᠬᠠᠮᠢᠶᠠᠷᠬᠤ ᠠᠵᠢᠯ ᠤᠨ ᠬᠤᠷᠠᠯ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2016/3/2
     3 ᠳ᠋ᠤᠭᠠᠷ ᠰᠠᠷ᠎ᠠ ᠶᠢᠨ 1᠎ ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠠᠴᠠ ᠪᠥᠬᠦ ᠣᠷᠣᠨ ᠤ ᠭᠠᠳᠠᠭᠠᠳᠤ ᠠᠴᠠ ᠣᠷᠤᠭᠤᠯᠵᠤ ᠭᠠᠷᠭᠠᠬᠤ ᠲᠠᠸᠠᠷ ᠢ ᠰᠢᠯᠭᠠᠨ ᠪᠠᠶᠢᠴᠠᠭᠠᠬᠤ ᠬᠢᠨᠠᠨ ᠬᠠᠮᠢᠶᠠᠷᠬᠤ ᠠᠵᠢᠯ ᠤᠨ ᠬᠤᠷᠠᠯ ᠢ ᠬᠤᠷᠠᠯᠳᠤᠭᠤᠯᠪᠠ᠃      ᠬᠤᠷᠠᠯ ᠳᠤ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ ᠲᠣᠪᠴᠢᠶᠠᠨ ᠤ ᠳᠡᠳ᠋ ᠳᠠᠷᠤᠭ᠎ᠠ ᠰᠦᠨ ᠳ᠋ᠠ ᠸᠧᠢ᠂ ᠰᠢᠯᠭᠠᠨ ᠪᠠᠶᠢᠴᠠᠭᠠᠬᠤ ᠬᠢᠨᠠᠨ ᠬᠠᠮᠢᠶᠠᠷᠬᠤ ᠵᠤᠷᠭᠠᠨ ᠤ ᠳᠠᠷᠤᠭ᠎ᠠ ᠰᠦᠨ ᠸᠧᠨ ᠺᠠᠩ ᠤᠨ ᠪᠦᠬᠦ ᠤᠯᠤᠰ ᠤᠨ ᠭᠠᠳᠠᠭᠠᠳᠤ ᠠᠴᠠ ᠣᠷᠣᠭᠤᠯᠵᠦ ᠭᠠᠷᠭᠠᠬᠤ ᠲᠠᠸᠠᠷ ᠢ ᠰᠢᠯᠭᠠᠨ ᠪᠠᠶᠢᠴᠠᠭᠠᠬᠤ ᠬᠢᠨᠠᠨ ᠬᠠᠮᠢᠶᠠᠷᠬᠤ ᠠᠵᠢᠯ ᠤᠨ ᠬᠤᠷᠠᠯ ᠳᠡᠭᠡᠷ᠎ᠡ ᠲᠠᠯᠪᠢᠭᠰᠠᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃      ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶᠠᠨ ᠤ ᠳᠡᠳ᠋ ᠳᠠᠷᠤᠭ᠎ᠠ ᠬᠤᠸᠠᠩ ᠶᠦᠩ ᠲᠣᠪᠴᠢᠶᠠᠨ ᠳᠠᠷᠤᠭ᠎ᠠ ᠵᠠᠨ ᠱᠣᠣ ᠲᠦᠩ ᠢ ᠲᠦᠯᠦᠭᠡᠯᠡᠨ ᠠᠵᠢᠯ ᠤᠨ ᠢᠯᠡᠳᠬᠡᠯ ᠬᠢᠵᠦ᠂ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶᠠᠨ ᠤ 2015 ᠣᠨ ᠤ ᠰᠢᠯᠭᠠᠨ ᠪᠠᠶᠢᠴᠠᠭᠠᠬᠤ ᠬᠢᠨᠠᠨ ᠬᠠᠮᠢᠶᠠᠷᠬᠤ ᠠᠵᠢᠯ ᠳᠤ ᠳ᠋ᠦᠩᠨᠡᠯᠲᠡ ᠬᠢᠭᠰᠡᠨ ᠪᠥᠭᠡᠳ ᠡᠯ᠎ᠡ ᠰᠠᠯᠪᠤᠷᠢ ᠪᠠᠶᠢᠭᠤᠯᠤᠮᠵᠢ ᠶᠢᠨ ᠰᠢᠯᠭᠠᠨ ᠪᠠᠶᠢᠴᠠᠭᠠᠬᠤ ᠬᠢᠨᠠᠨ ᠬᠠᠮᠢᠶᠠᠷᠬᠤ ᠠᠵᠢᠯ ᠤᠨ ᠲᠣᠪᠤᠶᠢᠮ᠎ᠠ ᠠᠮᠵᠢᠯᠲᠠ ᠭᠠᠷᠭᠠᠭᠰᠠᠨ ᠨᠢᠭᠡᠴᠡ ᠶᠢ ᠮᠡᠳᠡᠭᠡᠯᠡᠨ ᠰᠠᠶᠢᠰᠢᠶᠠᠵᠤ᠂ 2016 ᠣᠨ ᠤ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶᠠᠨ ᠤ ᠰᠢᠯᠭᠠᠨ ᠪᠠᠶᠢᠴᠠᠭᠠᠬᠤ ᠬᠢᠨᠠᠨ ᠬᠠᠮᠢᠶᠠᠷᠬᠤ ᠠᠵᠢᠯ ᠳᠤ ᠪᠠᠶᠢᠷᠢᠯᠠᠭᠤᠯᠤᠯᠲᠠ ᠬᠢᠵᠦ᠂ ᠱᠠᠭᠠᠷᠳᠠᠯᠭ᠎ᠠ ᠳᠤᠷᠠᠳᠪᠠ᠃      ᠬᠤᠷᠠᠯ ᠨᠢ ᠪᠦᠬᠦ ᠰᠢᠰᠲ᠋ᠧᠮ ᠤᠨ ᠬᠠᠷᠠᠭᠠᠨ ᠳᠠᠪᠲᠠᠮᠵᠢ ᠶᠢᠨ ᠠᠷᠭ᠎ᠠ ᠪᠠᠷ ᠬᠤᠷᠠᠯᠳᠤᠵᠤ᠂ ᠬᠤᠷᠠᠯ ᠨᠢ ᠬᠤᠷᠠᠯ ᠢᠶᠠᠷ ᠪᠣᠯᠪᠠᠰᠤᠷᠠᠯ ᠢ ᠣᠷᠤᠯᠠᠭᠤᠯᠵᠦ᠂ ᠵᠢᠶᠠᠩᠰᠦ ᠮᠤᠵᠢ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶᠠᠨ ᠤ ᠲᠥᠭᠰᠢᠭᠦᠷᠢ ᠶᠢᠨ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠳ᠋ᠦᠩ ᠰᠢᠶᠠᠨ ᠵᠦᠩ ᠢ ᠤᠷᠢᠨ ᠣᠳᠣᠬᠠᠨ ᠤ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠬᠢᠨᠠᠨ ᠬᠠᠮᠢᠶᠠᠷᠬᠤ ᠠᠵᠢᠯ ᠤᠨ ᠲᠥᠭᠰᠢᠭᠦᠷᠢ ᠶᠢᠨ ᠬᠠᠮᠢᠶᠠᠷᠤᠯᠲᠠ ᠶᠢᠨ ᠲᠤᠬᠠᠶ ᠭᠦᠨᠵᠡᠭᠡᠶ ᠵᠠᠳᠠᠯᠤᠯᠲᠠ ᠪᠠ ᠲᠠᠶᠢᠯᠪᠤᠷᠢᠯᠠᠯᠲᠠ ᠬᠢᠯᠭᠡᠪᠡ᠃      ᠪᠦᠬᠦ ᠰᠢᠰᠲ᠋ᠧᠮ ᠬᠢᠭᠡᠳ ᠰᠢᠯᠭᠠᠨ ᠪᠠᠶᠢᠴᠠᠭᠠᠬᠤ ᠬᠢᠨᠠᠨ ᠬᠠᠮᠢᠶᠠᠷᠬᠤ ᠠᠵᠢᠯ ᠲᠠᠢ ᠬᠤᠯᠪᠣᠭᠳᠠᠯ ᠪᠦᠬᠦᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠬᠢᠨᠠᠨ ᠬᠠᠮᠢᠶᠠᠷᠬᠤ ᠠᠵᠢᠯᠲᠠᠨ ᠵᠢᠴᠢ ᠪᠣᠭᠤᠮᠲᠠ ᠥᠩᠭᠡᠷᠡᠬᠦ᠂ ᠬᠠᠤᠯᠢ ᠳᠦᠷᠢᠮ᠂ ᠮᠡᠷᠭᠡᠵᠢᠯ ᠤᠨ ᠲᠥᠪ᠂ ᠳᠤᠮᠳᠠᠳᠤ ᠤᠯᠤᠰ ᠤᠨ ᠬᠢᠯᠢ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠺᠣᠮᠫᠠᠨᠢ ᠶᠢᠨ ᠬᠤᠯᠪᠣᠭᠳᠠᠯ ᠪᠦᠬᠦᠢ ᠬᠥᠮᠦᠰ ᠬᠤᠷᠠᠯ ᠪᠠ ᠪᠣᠯᠪᠠᠰᠤᠷᠠᠭᠤᠯᠤᠯ ᠳᠤ ᠣᠷᠤᠯᠴᠠᠵᠤ᠂ ᠡᠯ᠎ᠡ ᠬᠤᠪᠢᠶᠠᠷᠢ ᠰᠠᠯᠪᠤᠷᠢ ᠪᠠᠶᠢᠭᠤᠯᠤᠮᠵᠢ᠂ ᠬᠡᠷᠡᠭ ᠡᠷᠬᠢᠯᠡᠬᠦ ᠭᠠᠵᠠᠷ ᠤᠨ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠬᠢᠨᠠᠨ ᠬᠠᠮᠢᠶᠠᠷᠬᠤ ᠠᠵᠢᠯᠲᠠᠳ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠪᠠ ᠪᠣᠯᠪᠠᠰᠤᠷᠠᠭᠤᠯᠤᠯ ᠳᠤ ᠣᠷᠤᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号