ᠲᠥᠪ ᠬᠤᠷᠢᠶᠠᠨ ᠤ ᠤᠬᠠᠭᠤᠯᠬᠤ ᠬᠡᠯᠲᠡᠰ᠂ ᠤᠯᠤᠰ ᠤᠨ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ | ᠲᠧᠯᠸᠢᠰ ᠤᠨ ᠶᠡᠷᠦᠩᠬᠡᠶ ᠲᠤᠪᠴᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠤᠰᠤᠭᠠᠡᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ 2015 ᠤᠨ ᠤ | 2 ᠳ᠋ᠤᠭᠠᠷ ᠰᠠᠷ᠎ᠠ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡᠨ ᠤ ᠨᠢᠭᠡᠴᠡ ᠶᠢᠨ ᠠᠶᠢᠮᠠᠭ | ᠬᠤᠳᠠ ᠳᠤ ᠰᠠᠭᠤᠭ᠎ᠠ ᠬᠤᠪᠢᠶᠠᠷᠢ ᠪᠠᠶᠢᠭᠤᠯᠤᠮᠵᠢ ᠶᠢ ᠴᠡᠭᠴᠡᠯᠡᠪᠡ᠃ ᠪᠠᠶᠢᠴᠠᠭᠠᠨ ᠰᠤᠳᠤᠯᠤᠯᠲᠠ ᠬᠢᠵᠦ᠂ | ᠮᠠᠲ᠋ᠧᠷᠢᠶᠠᠯ ᠢ ᠬᠢᠨᠠᠨ ᠬᠠᠷᠭᠤᠭᠤᠯᠵᠤ᠂ ᠬᠤᠷᠢᠶᠠᠩᠭᠤᠶᠢᠯᠠᠨ ᠡᠮᠬᠢᠯᠡᠬᠦ ᠵᠡᠷᠭᠡ ᠠᠵᠢᠯ ᠢᠶᠠᠷ ᠳᠠᠮᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠢᠯᠭᠠᠷᠠᠭᠤᠯᠤᠨ ᠴᠡᠭᠴᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠢᠶᠠᠷ | ᠵᠦᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠳᠠ ᠶᠢᠨ47 ᠬᠤᠪᠢᠶᠠᠷᠢ | ᠪᠠᠶᠢᠭᠤᠯᠤᠮᠵᠢ ᠶᠢ ᠦᠯᠡᠳᠡᠭᠡᠬᠦ ᠪᠠᠷ ᠲᠤᠭᠲᠠᠭᠠᠪᠠ᠃ ᠡᠭᠦᠨ ᠳᠤ ᠥᠪᠥᠷ ᠮᠣᠩᠭᠤᠯ ᠤᠨ ᠡᠳᠦᠷ ᠤᠨ ᠰᠣᠨᠢᠨ ᠤ | ᠬᠤᠷᠢᠶ᠎ᠠ ᠶᠢᠨ ᠪᠦᠬᠦ ᠣᠷᠣᠨ ᠤ 12 ᠠᠶᠢᠮᠠᠭ ᠬᠤᠳᠠ ᠶᠢᠨ ᠪᠠᠶᠢᠭ᠎ᠠ ᠭᠠᠵᠠᠷ ᠵᠢᠴᠢ ᠡᠷᠢᠶᠡᠨ ᠬᠤᠳᠠ ᠪᠤᠯᠤᠨ | ᠮᠠᠨᠵᠤᠤᠷ ᠬᠤᠲᠠ ᠳᠤ ᠪᠠᠶᠢᠭ᠎ᠠ ᠨᠡᠶᠢᠲᠡ 14 ᠰᠤᠷᠪᠤᠯᠵᠢᠯᠠᠭᠴᠢ ᠶᠢᠨ ᠥᠷᠲᠡᠭᠡ᠂ ᠥᠪᠥᠷ ᠮᠣᠩᠭᠤᠯ ᠤᠨ ᠷᠠᠳᠢᠣ᠋ | ᠨᠡᠪᠲᠡᠷᠡᠭᠦᠯᠭᠡ ᠲᠧᠯᠸᠢᠰ ᠬᠤᠷᠢᠶᠠᠨ ᠤ ᠪᠦᠬᠦ ᠣᠷᠣᠨ ᠤ 12 ᠠᠶᠢᠮᠠᠭ ᠬᠤᠳᠠ ᠶᠢᠨ ᠪᠠᠶᠢᠭ᠎ᠠ ᠭᠠᠵᠠᠷ ᠵᠢᠴᠢ ᠡᠷᠢᠶᠡᠨ | ᠬᠤᠳᠠ ᠪᠤᠯᠤᠨ ᠮᠠᠨᠵᠤᠤᠷ ᠬᠤᠲᠠ ᠳᠤ ᠪᠠᠶᠢᠭ᠎ᠠ ᠨᠡᠶᠢᠲᠡ 14 ᠰᠣᠷᠪᠤᠵᠢᠯᠠᠭᠴᠢ ᠶᠢᠨ ᠥᠷᠲᠡᠭᠡ᠂ ᠥᠪᠥᠷ | ᠮᠣᠩᠭᠤᠯ ᠤᠨ ᠬᠠᠤᠯᠢ ᠳᠦᠷᠢᠮ ᠤᠨ ᠰᠣᠨᠢᠨ ᠤ 8 ᠰᠣᠷᠪᠤᠵᠢᠯᠠᠭᠴᠢ ᠶᠢᠨ ᠥᠷᠲᠡᠭᠡ᠂ ᠥᠪᠥᠷ ᠮᠣᠩᠭᠤᠯ ᠤᠨ | ᠥᠷᠯᠥᠭᠡ ᠶᠢᠨ ᠰᠣᠨᠢᠨ11 ᠰᠣᠷᠪᠤᠵᠢᠯᠠᠭᠴᠢ ᠶᠢᠨ ᠦᠷᠲᠡᠭᠡ ᠪᠠᠭᠲᠠᠨ᠎ᠠ᠃ |