ᠥᠪᠥᠷ ᠵᠠᠰᠠᠭ ᠠᠯᠪᠠᠨ ᠲᠠᠷᠬᠠᠭᠠᠭᠰᠠᠨ ﹇2015﹈ 118 ᠳ᠋ᠤᠭᠠᠷ ᠲᠤᠭᠠᠳᠤ | 2015 ᠣᠨ ᠤ 10 ᠳ᠋ᠤᠭᠠᠷ ᠰᠠᠷ᠎ᠠ ᠶᠢᠨ 26 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ | ᠪᠣᠯ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠨᠢᠭᠡ | ᠵᠦᠢᠯ ᠤᠨ ᠴᠢᠬᠤᠯᠠ ᠡᠭᠦᠷᠭᠡ ᠪᠣᠯᠣᠨ᠎ᠠ᠃ ︽ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠣᠷᠰᠢᠯᠲᠠ ᠶᠢᠨ ᠴᠢᠬ ᠤᠨ ᠲᠣᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇ | 2015﹈ 38 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠣᠬᠠᠢ ᠦᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠨᠢᠭᠡᠲᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠤᠰᠤᠭᠠᠷ᠂ ᠪᠦᠬᠦ | ᠣᠷᠣᠨ ᠤ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ | ᠦᠭᠡᠷᠡᠴᠢᠯᠡᠯᠲᠡ ᠶᠢᠨ ᠲᠣᠷᠰᠢᠯᠲᠠ ᠶᠢᠨ ᠴᠢᠬ ᠤᠨ ᠠᠵᠢᠯ ᠢ ᠲᠦᠷᠭᠡᠳᠭᠡᠨ ᠠᠬᠢᠭᠤᠯᠬᠤ ᠶᠢᠨ ᠲᠤᠰᠠᠳᠠ᠂ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ ᠮᠠᠨ ᠤ ᠣᠷᠣᠨ ᠤ | ᠪᠤᠲᠠᠲᠠᠢ ᠲᠠᠢ ᠪᠠᠨ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠄ | ᠨᠢᠭᠡ᠂ ᠶᠡᠷᠦᠩᠬᠡᠢ ᠱᠠᠭᠠᠷᠳᠠᠯᠭ᠎ᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠣᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠦᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ | ᠦᠭᠡᠷᠡᠴᠢᠯᠡᠯᠲᠡ ᠶᠢᠨ ᠴᠢᠭᠯᠡᠯ ᠪᠠ ᠵᠠᠷᠴᠢᠮ ᠢ ᠵᠢᠷᠤᠮᠯᠠᠭᠰᠠᠨ ᠪᠠᠶᠢᠳᠠᠯ ᠳᠣᠣᠷ᠎ᠠ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠪᠠᠷᠢᠮᠲᠠᠯᠠᠵᠤ᠂ ᠵᠠᠰᠠᠭ ᠤᠨ ᠣᠷᠳᠤᠨ ᠤ | ᠡᠮᠨᠡᠯᠭᠡ ᠡᠷᠬᠢᠯᠡᠬᠦ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠡᠪᠡᠳᠴᠢᠨ ᠢᠶᠠᠨ | ᠦᠵᠡᠭᠦᠯᠵᠦ ᠡᠮᠨᠡᠭᠦᠯᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠠᠶᠢᠭᠤᠯᠤᠯ ᠲᠣᠭᠲᠠᠴᠠ ᠶᠢᠨ ᠰᠢᠨ᠎ᠡ ᠶᠢ | ᠡᠭᠦᠳᠬᠦ ᠳᠤ ᠴᠢᠭᠯᠡᠭᠦᠯᠦᠨ᠂ ᠬᠠᠮᠢᠶᠠᠷᠤᠯᠲᠠ ᠶᠢᠨ ᠪᠠᠶᠢᠭᠤᠯᠤᠯ᠂ ᠠᠵᠢᠯᠯᠠᠭᠠᠨ ᠤ ᠲᠣᠭᠲᠠᠴᠠ᠂ ᠦᠨ᠎ᠡ ᠬᠠᠩᠰᠢ ᠶᠢᠨ | ᠲᠣᠭᠲᠠᠴᠠ᠂ ᠠᠵᠢᠯᠲᠠᠨ ᠤ ᠣᠷᠣᠨ ᠲᠤᠭ᠎ᠠ᠂ ᠣᠷᠣᠯᠭ᠎ᠠ ᠶᠢᠨ ᠬᠤᠪᠢᠶᠠᠷᠢᠯᠠᠯ᠂ ᠡᠮᠴᠢᠯᠡᠭᠡᠨ ᠤ ᠬᠢᠨᠠᠯᠲᠠ | ᠬᠠᠮᠢᠶᠠᠷᠤᠯᠲᠠ ᠵᠡᠷᠭᠡ ᠪᠠᠶᠢᠭᠤᠯᠤᠯ ᠲᠣᠭᠲᠠᠴᠠ ᠶᠢᠨ ᠦᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠡᠮᠴᠢᠯᠡᠭᠡ᠂ | ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠬᠢᠨ ᠤ ᠬᠠᠮᠲᠤᠷᠠᠨ ᠦᠢᠯᠡᠳᠦᠯᠴᠡᠬᠦ ᠶᠢ ᠪᠠᠷᠢᠮᠲᠠᠯᠠᠵᠤ᠂ | ᠦᠭᠡᠷᠡᠴᠢᠯᠡᠯᠲᠡ ᠶᠢᠨ ᠰᠢᠰᠲ᠋ᠧᠮᠵᠢᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠬᠤ | ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢᠨ ᠠᠬᠢᠭᠤᠯᠤᠯᠲᠠ ᠳᠤ | ᠬᠠᠷᠢᠶᠠᠲᠤ ᠭᠠᠵᠠᠷ ᠤᠨ ᠬᠠᠮᠢᠶᠠᠷᠤᠯᠲᠠ ᠶᠢᠨ ᠵᠠᠷᠴᠢᠮ ᠢ ᠪᠠᠷᠢᠮᠲᠠᠯᠠᠵᠤ᠂ ᠬᠠᠷᠢᠶ᠎ᠠ ᠣᠷᠣᠨ ᠳᠤᠲᠤᠷᠠᠬᠢ ᠡᠮᠨᠡᠯᠭᠡ | ᠡᠷᠬᠢᠯᠡᠬᠦ ᠠᠳᠠᠯᠢ ᠪᠤᠰᠤ ᠭᠤᠣᠯ ᠴᠤᠭᠴᠠ ᠨᠤᠭᠤᠳ ᠤᠨ ᠡᠷᠬᠢᠯᠡᠭᠰᠡᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢ ᠪᠦᠷ ᠲᠣᠷᠰᠢᠯᠲᠠ ᠶᠢᠨ ᠴᠢᠬ ᠪᠣᠯᠬᠤ ᠬᠤᠲᠠ ᠶᠢᠨ ᠦᠭᠡᠷᠡᠴᠢᠯᠡᠯᠲᠡ ᠶᠢᠨ ᠬᠡᠪᠴᠢᠶ᠎ᠡ ᠳᠤ ᠨᠢᠭᠡᠲᠦᠯᠲᠡᠢ | ᠣᠷᠤᠭᠤᠯᠤᠨ᠂ ᠲᠣᠷᠰᠢᠯᠲᠠ ᠶᠢᠨ ᠴᠢᠬ ᠪᠣᠯᠬᠤ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠦᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠣᠷ᠎ᠠ᠂ ᠨᠢᠭᠡᠲᠦᠯᠲᠡᠢ | ᠲᠦᠯᠦᠪᠯᠡᠨ ᠲᠦᠯᠦᠪᠵᠢᠭᠦᠯᠵᠦ᠂ ᠣᠷᠣᠨ ᠪᠦᠰᠡ ᠶᠢᠨ ᠬᠠᠮᠲᠤᠷᠠᠨ ᠦᠢᠯᠡᠳᠦᠯᠴᠡᠬᠦ ᠶᠢ ᠴᠢᠩᠭᠠᠳᠬᠠᠨ᠂ ᠬᠤᠲᠠ ᠶᠢᠨ | ᠬᠠᠷᠢᠶ᠎ᠠ ᠣᠷᠣᠨ ᠳᠣᠲᠤᠷᠠᠬᠢ ᠪᠤᠢ ᠪᠦᠬᠦᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠦᠭᠡᠷᠡᠴᠢᠯᠡᠯᠲᠡ ᠶᠢ ᠬᠠᠮᠵᠢᠯᠴᠠᠨ ᠠᠬᠢᠭᠤᠯᠬᠤ ᠬᠡᠷᠡᠭᠲᠡᠢ᠃ ᠲᠣᠬᠠᠢ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠬᠤ ᠶᠢ ᠪᠠᠷᠢᠮᠲᠠᠯᠠᠨ᠂ ᠲᠦᠷᠦᠯ ᠬᠤᠪᠢᠶᠠᠨ ᠵᠢᠯᠤᠭᠤᠳᠴᠤ᠂ ᠠᠳᠠᠯᠢ ᠪᠤᠰᠤ ᠱᠠᠲᠦ ᠳᠡᠰ᠂ ᠠᠳᠠᠯᠢ ᠪᠤᠰᠤ | ᠲᠦᠷᠦᠯ ᠬᠡᠯᠪᠡᠷᠢ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠴᠢᠭᠯᠡᠭᠦᠯᠦᠨ᠂ ᠡᠮᠴᠢᠯᠡᠭᠡᠨ ᠤ | ᠳᠠᠭᠠᠳᠬᠠᠯ ᠤᠨ ᠮᠦᠩᠭᠦ ᠣᠯᠭᠤᠬᠤ᠂ ᠦᠨ᠎ᠡ ᠬᠠᠩᠰᠢ ᠶᠢ ᠲᠣᠬᠢᠷᠠᠭᠤᠯᠬᠤ᠂ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠵᠡᠷᠭᠡ ᠲᠠᠯ᠎ᠠ ᠪᠠᠷ ᠵᠦᠷᠢᠶᠡᠴᠢᠯᠡᠭᠰᠡᠨ ᠦᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ | ᠲᠣᠭᠲᠠᠭᠠᠬᠤ ᠬᠡᠷᠡᠭᠲᠡᠢ᠃ ᠲᠣᠷᠰᠢᠯᠲᠠ ᠶᠢᠨ ᠴᠢᠬ ᠪᠣᠯᠬᠤ ᠬᠤᠲᠠ ᠶᠢᠨ ᠵᠣᠷᠢᠭᠲᠠᠢ ᠰᠦᠪᠡᠭᠴᠢᠯᠡᠬᠦ᠂ ᠤᠷᠢᠳᠠᠪᠠᠷ | ᠬᠡᠷᠡᠭᠵᠢᠭᠦᠯᠦᠨ ᠤᠷᠢᠳᠠᠪᠠᠷ ᠲᠣᠷᠰᠢᠬᠤ ᠶᠢ ᠵᠣᠷᠢᠬᠵᠢᠭᠤᠯᠵᠤ᠂ ᠦᠢᠯᠡᠳᠦᠯᠭᠡ ᠶᠢᠨ ᠲᠣᠷᠰᠢᠯᠭ᠎ᠠ ᠪᠠᠨ | ᠪᠠᠶᠠᠯᠢᠬᠵᠢᠭᠤᠯᠤᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ | ᠬᠤᠶᠠᠷ᠂ ᠦᠨᠳᠦᠰᠦᠨ ᠬᠠᠷᠠᠯᠲᠠ | ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢᠨ | ᠲᠣᠷᠰᠢᠯᠲᠠ ᠶᠢᠨ ᠴᠢᠬ ᠤᠨ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠲᠣᠷᠰᠢᠯᠲᠠ ᠶᠢᠨ ᠴᠢᠬ ᠪᠣᠯᠬᠤ ᠬᠤᠲᠠ ᠳᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠰᠢᠭ ᠬᠦᠭᠡᠭᠡᠴᠡᠯᠳᠦᠬᠦ ᠲᠣᠭᠲᠠᠴᠠ ᠶᠢ ᠠᠷᠢᠯᠭᠠᠨ᠂ | ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠱᠠᠲᠤ ᠬᠤᠪᠢᠶᠠᠵᠤ ᠤᠨᠤᠰᠢᠯᠠᠨ ᠡᠮᠨᠡᠬᠦ | ᠳᠦᠷᠢᠮ ᠢ ᠲᠦᠷᠭᠡᠳᠭᠡᠨ ᠪᠠᠶᠢᠭᠤᠯᠤᠨ᠎ᠠ᠃ ᠦᠨᠳᠦᠰᠦᠨ ᠡᠮᠴᠢᠯᠡᠭᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ | ᠳᠡᠭᠡᠭᠰᠢᠯᠡᠭᠦᠯᠦᠨ᠎ᠡ᠃ ᠡᠮ ᠡᠮᠨᠡᠯᠭᠡ ᠶᠢᠨ ᠦᠨ᠎ᠡ ᠬᠠᠩᠰᠢ ᠶᠢᠨ ᠰᠢᠰᠲ᠋ᠧᠮᠵᠢ ᠶᠢ ᠰᠢᠯᠤᠭᠤᠳᠬᠠᠵᠤ᠂ ᠡᠮ ᠤᠨ | ᠵᠦᠢᠯᠡᠰ ᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠤᠨ ᠤ ᠤᠳᠤᠷᠢᠳᠬᠤ ᠬᠠᠷᠢᠭᠤᠴᠠᠯᠭ᠎ᠠ᠂ ᠪᠠᠲᠤᠯᠠᠬᠤ ᠬᠠᠷᠢᠭᠤᠴᠠᠯᠭ᠎ᠠ᠂ ᠬᠠᠮᠢᠶᠠᠷᠬᠤ ᠬᠠᠷᠢᠭᠤᠴᠠᠯᠭ᠎ᠠ | ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠲᠣᠭᠲᠠᠴᠠ ᠶᠢᠨ | ᠲᠣᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷ ᠢ ᠬᠠᠮᠠᠭᠠᠯᠠᠬᠤ᠂ | ᠢᠳᠡᠪᠬᠢ ᠴᠢᠨᠠᠷ ᠢ ᠳᠠᠶᠢᠴᠢᠯᠠᠬᠤ᠂ ᠦᠷᠭᠦᠯᠵᠢᠯᠡᠬᠦ ᠴᠢᠨᠠᠷ ᠢ ᠪᠠᠲᠤᠯᠠᠬᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠠᠵᠢᠯᠯᠠᠭᠠᠨ ᠤ ᠰᠢᠨ᠎ᠡ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ 2015 ᠣᠨ ᠤ | ᠵᠢᠯ ᠤᠨ ᠰᠡᠭᠦᠯᠴᠢ ᠠᠴᠠ ᠡᠮᠦᠨ᠎ᠡ᠂ ᠣᠷᠳᠤᠰ ᠬᠤᠲᠠ᠂ ᠦᠬᠠᠢ ᠬᠤᠲᠠ᠂ ᠬᠦᠬᠡᠬᠤᠲᠠ ᠪᠣᠯᠣᠨ ᠲᠦᠩᠯᠢᠶᠣᠣ | ᠬᠤᠲᠠ ᠶᠢᠨ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢᠨ | ᠲᠣᠷᠰᠢᠯᠲᠠ ᠶᠢᠨ ᠴᠢᠬ ᠤᠨ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠤᠨ᠎ᠠ᠃ 2016 ᠣᠨ ᠳᠤ ᠬᠤᠲᠠ ᠶᠢᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ | ᠲᠣᠷᠰᠢᠯᠲᠠ ᠶᠢᠨ ᠴᠢᠬ ᠤᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠭᠡᠨ᠎ᠡ᠃ 2017 ᠣᠨ ᠳᠤ ᠪᠦᠬᠦ | ᠣᠷᠣᠨ ᠳᠤ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢ ᠪᠦᠬᠦ | ᠲᠠᠯ᠎ᠠ ᠪᠠᠷ ᠶᠠᠪᠤᠭᠳᠠᠭᠤᠯᠵᠤ᠂ ᠣᠳᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠢ | ᠠᠩᠬ᠎ᠠ ᠠᠯᠬᠤᠮ ᠪᠠᠶᠢᠭᠤᠯᠤᠨ᠂ ᠡᠮᠴᠢᠯᠡᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠴᠢᠳᠠᠪᠤᠷᠢ ᠶᠢ ᠢᠯᠡᠳᠲᠡ | ᠳᠡᠭᠡᠭᠰᠢᠯᠡᠭᠦᠯᠵᠦ᠂ ᠡᠮᠨᠡᠭᠦᠯᠬᠦ ᠡᠮᠬᠢ ᠲᠢᠭᠯᠢᠮ ᠢ ᠰᠠᠶᠢᠵᠢᠷᠠᠭᠤᠯᠤᠨ᠂ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠶᠡᠷᠦᠩᠬᠡᠢ ᠤᠨᠤᠰᠢᠯᠠᠨ ᠡᠮᠨᠡᠬᠦ ᠬᠦᠮᠦᠨ ᠤᠳᠠᠭ᠎ᠠ ᠳᠤ ᠡᠵᠡᠯᠡᠬᠦ ᠬᠤᠲᠠ ᠶᠢᠨ ᠭᠤᠷᠪᠠᠨ ᠳᠡᠰ ᠤᠨ | ᠡᠮᠨᠡᠯᠭᠡ ᠶᠢᠨ ᠬᠤᠷᠢᠶ᠎ᠠ ᠶᠢᠨ ᠡᠩ ᠤᠨ ᠡᠭᠦᠳᠡᠨ ᠡᠮᠨᠡᠯᠭᠡ ᠳᠤ ᠡᠮᠨᠡᠭᠦᠯᠬᠦ ᠬᠦᠮᠦᠨ ᠤᠳᠠᠭ᠎ᠠ ᠶᠢᠨ ᠬᠤᠪᠢ ᠶᠢᠨ ᠵᠢᠩ ᠢ | ᠢᠯᠡᠳᠲᠡ ᠪᠠᠭᠤᠷᠠᠭᠤᠯᠵᠤ᠂ ᠡᠮ ᠡᠮᠨᠡᠯᠭᠡ ᠶᠢᠨ ᠵᠠᠷᠤᠳᠠᠯ ᠤᠨ ᠵᠦᠢ ᠵᠣᠬᠢᠰ ᠦᠭᠡᠢ ᠨᠡᠮᠡᠭᠳᠡᠬᠦ ᠶᠢ ᠪᠦᠲᠦᠮᠵᠢᠲᠡᠢ | ᠡᠵᠡᠮᠳᠡᠨ᠂ ᠡᠮ ᠡᠮᠨᠡᠯᠭᠡ ᠶᠢᠨ ᠶᠡᠷᠦᠩᠬᠡᠢ ᠵᠠᠷᠤᠳᠠᠯ ᠤᠨ ᠨᠡᠮᠡᠭᠳᠡᠴᠡ ᠶᠢ ᠲᠤᠰ ᠭᠠᠵᠠᠷ ᠣᠷᠣᠨ ᠤ ᠤᠯᠤᠰ ᠠᠷᠠᠳ ᠤᠨ | ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠴᠡ ᠯᠦᠭᠡ ᠬᠠᠷᠢᠯᠴᠠᠨ ᠵᠣᠬᠢᠴᠠᠭᠤᠯᠵᠤ᠂ ᠣᠯᠠᠨ ᠲᠦᠮᠡᠨ ᠤ | ᠡᠪᠡᠳᠴᠢᠨ ᠦᠵᠡᠭᠦᠯᠬᠦ ᠵᠠᠷᠤᠳᠠᠯ ᠤᠨ ᠳᠠᠷᠤᠭᠠᠰᠤ ᠶᠢ ᠢᠯᠡᠳᠲᠡ ᠬᠦᠩᠭᠡᠷᠡᠭᠦᠯᠦᠨ᠂ ᠶᠡᠷᠦᠩᠬᠡᠢ ᠳᠡᠭᠡᠨ ᠡᠷᠡᠭᠦᠯ | ᠬᠠᠮᠠᠭᠠᠯᠠᠯ ᠤᠨ ᠶᠡᠷᠦᠩᠬᠡᠢ ᠵᠠᠷᠤᠳᠠᠯ ᠳᠤ ᠡᠵᠡᠯᠡᠬᠦ ᠬᠤᠪᠢ ᠬᠦᠮᠦᠨ ᠤ ᠡᠷᠡᠭᠦᠯ ᠬᠠᠮᠠᠭᠠᠯᠠᠯ ᠤᠨ ᠵᠠᠷᠤᠯᠭ᠎ᠠ ᠶᠢᠨ | ᠬᠠᠷᠢᠴᠠᠯ ᠢ 30% ᠠᠴᠠ ᠳᠣᠷᠤᠭᠰᠢ ᠪᠣᠯᠲᠠᠯ᠎ᠠ ᠪᠠᠭᠤᠷᠠᠭᠤᠯᠤᠨ᠎ᠠ᠃ | ᠭᠤᠷᠪᠠ᠂ ᠭᠤᠣᠯ ᠪᠣᠯᠬᠤ ᠡᠭᠦᠷᠭᠡ | ︵ᠨᠢᠭᠡ︶ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠪᠠᠶᠢᠭᠤᠯᠤᠯ ᠢ | ᠦᠭᠡᠷᠡᠴᠢᠯᠡᠨ᠎ᠡ᠃ | 1. ᠵᠠᠰᠠᠭ ᠤᠨ ᠣᠷᠳᠤᠨ ᠤ ᠡᠮᠨᠡᠯᠭᠡ ᠡᠷᠬᠢᠯᠡᠬᠦ ᠦᠨᠳᠦᠷ ᠦᠷ᠎ᠡ ᠪᠦᠲᠦᠮᠵᠢᠲᠡᠢ ᠪᠠᠶᠢᠭᠤᠯᠤᠯ ᠢ ᠪᠠᠶᠢᠭᠤᠯᠤᠨ᠎ᠠ | ᠃ ᠵᠠᠰᠠᠭ ᠪᠠ ᠠᠵᠢᠯ ᠦᠢᠯᠡᠰ ᠢ ᠰᠠᠯᠭᠠᠬᠤ ᠶᠢ ᠬᠡᠷᠡᠭᠵᠢᠭᠦᠯᠵᠦ᠂ ᠵᠠᠰᠠᠭ ᠤᠨ ᠣᠷᠳᠤᠨ ᠤ ᠪᠡᠯᠡ ᠭᠠᠷᠭᠠᠭᠴᠢ ᠶᠢᠨ | ᠬᠤᠪᠢ ᠳᠤ ᠡᠷᠬᠢᠯᠡᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠠᠵᠢᠯ ᠦᠢᠯᠡᠰ ᠤᠨ ᠨᠢᠭᠡᠴᠡ ᠶᠢᠨ ᠬᠤᠪᠢ ᠳᠤ ᠡᠵᠡᠨ ᠮᠡᠳᠡᠵᠦ ᠠᠵᠢᠯᠯᠠᠨ ᠬᠠᠮᠢᠶᠠᠷᠬᠤ ᠡᠷᠬᠡ ᠮᠡᠳᠡᠯ ᠢ | ᠵᠦᠢ ᠵᠣᠬᠢᠰᠲᠠᠢ ᠵᠠᠭᠠᠭᠯᠠᠨ ᠲᠣᠭᠲᠠᠭᠠᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠬᠢᠨᠠᠨ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠣᠯᠠᠨ ᠵᠦᠢᠯ ᠤᠨ ᠪᠦᠲᠦᠮᠵᠢᠲᠠᠢ ᠪᠡᠶᠡᠯᠡᠭᠦᠯᠬᠦ ᠬᠡᠯᠪᠡᠷᠢ ᠶᠢ | ᠢᠳᠡᠪᠬᠢᠲᠡᠢ ᠰᠦᠪᠡᠭᠴᠢᠯᠡᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ ᠳᠤ | ᠬᠠᠷᠢᠯᠴᠠᠨ ᠠᠵᠢᠯ ᠬᠤᠪᠢᠶᠠᠷᠢᠯᠠᠬᠤ᠂ ᠬᠠᠷᠢᠯᠴᠠᠨ ᠵᠣᠬᠢᠴᠠᠭᠤᠯᠬᠤ ᠡᠷᠬᠡ ᠶᠢᠨ ᠠᠵᠢᠯᠯᠠᠭᠠᠨ ᠤ ᠲᠣᠭᠲᠠᠴᠠ ᠶᠢ | ᠪᠠᠶᠢᠭᠤᠯᠬᠤ ᠬᠡᠷᠡᠭᠲᠡᠢ᠃ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ | ᠰᠢᠨ᠎ᠡ ᠶᠢ ᠡᠭᠦᠳᠴᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ ᠰᠢᠭᠤᠳ ᠬᠠᠮᠢᠶᠠᠷᠬᠤ ᠶᠢ ᠠᠵᠢᠯ | ᠲᠦᠷᠦᠯ ᠢᠶᠠᠷ ᠬᠠᠮᠢᠶᠠᠷᠬᠤ ᠪᠣᠯᠭᠠᠨ ᠬᠤᠪᠢᠷᠠᠭᠤᠯᠤᠨ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠵᠢᠯ | ᠲᠦᠷᠦᠯ ᠤᠨ ᠲᠦᠯᠦᠪᠵᠢᠭᠦᠯᠭᠡ᠂ ᠪᠠᠷᠢᠮᠵᠢᠶ᠎ᠠ ᠵᠢᠷᠤᠮᠵᠢᠯ ᠢ ᠲᠣᠭᠲᠠᠭᠠᠬᠤ ᠪᠠ ᠬᠢᠨᠠᠨ ᠵᠢᠯᠤᠭᠤᠳᠬᠤ ᠡᠭᠦᠷᠭᠡ | ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃ 2015 ᠣᠨ ᠳᠤ ᠲᠣᠷᠰᠢᠯᠲᠠ ᠶᠢᠨ ᠴᠢᠬ ᠪᠣᠯᠬᠤ | ᠬᠤᠲᠠ ᠨᠤᠭᠤᠳ ᠨᠢ ᠵᠠᠰᠠᠭ ᠤᠨ ᠣᠷᠳᠤᠨ ᠤ ᠬᠠᠷᠢᠭᠤᠴᠠᠬᠤ ᠨᠦᠬᠦᠳ ᠲᠦᠷᠦᠭᠦᠯᠡᠭᠰᠡᠨ᠂ ᠵᠠᠰᠠᠭ ᠤᠨ ᠣᠷᠳᠤᠨ ᠤ | ᠬᠤᠯᠪᠤᠭᠳᠠᠯ ᠪᠦᠬᠦᠢ ᠰᠠᠯᠠᠭ᠎ᠠ ᠮᠦᠴᠢᠷ᠂ ᠬᠡᠰᠡᠭ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠪᠣᠯᠣᠨ ᠤᠯᠤᠰ ᠲᠥᠷᠥ ᠶᠢᠨ ᠵᠦᠪᠯᠡᠯᠭᠡᠨ ᠤ ᠭᠡᠰᠢᠭᠦᠨ ᠵᠢᠴᠢ ᠪᠤᠰᠤᠳ ᠬᠠᠮᠢᠶ᠎ᠠ ᠪᠦᠬᠦᠢ ᠠᠰᠢᠭ | ᠲᠤᠰᠠ ᠶᠢᠨ ᠲᠠᠯ᠎ᠠ ᠶᠢᠨ ᠬᠢᠨ ᠢᠶᠠᠷ ᠪᠦᠷᠢᠯᠳᠦᠭᠰᠡᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠬᠠᠮᠢᠶᠠᠷᠤᠯᠲᠠ ᠶᠢᠨ ᠺᠤᠮᠢᠰ ᠢ ᠪᠠᠶᠢᠭᠤᠯᠵᠤ᠂ ᠵᠠᠰᠠᠭ ᠤᠨ ᠣᠷᠳᠤᠨ ᠤ ᠡᠮᠨᠡᠯᠭᠡ ᠡᠷᠬᠢᠯᠡᠬᠦ ᠡᠭᠦᠷᠭᠡ ᠴᠢᠳᠠᠪᠤᠷᠢ ᠶᠢ | ᠭᠦᠢᠴᠡᠳᠭᠡᠨ᠂ ᠣᠷᠣᠨ ᠪᠦᠰᠡ ᠶᠢᠨ ᠳᠤᠲᠤᠷᠠᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠬᠥᠭᠵᠢᠯᠲᠡ ᠶᠢᠨ ᠲᠦᠯᠦᠪᠵᠢᠭᠦᠯᠭᠡ᠂ ᠳᠦᠷᠢᠮ ᠤᠨ ᠲᠣᠭᠲᠠᠭᠠᠯᠲᠠ᠂ ᠡᠳ᠋ ᠬᠦᠷᠦᠩᠭᠡ ᠶᠢᠨ ᠬᠠᠮᠢᠶᠠᠷᠤᠯᠲᠠ᠂ | ᠡᠳ᠋ ᠤᠨ ᠵᠠᠰᠠᠭ ᠤᠨ ᠣᠷᠤᠭᠤᠯᠤᠯᠲᠠ᠂ ᠠᠵᠢᠯᠯᠠᠭᠠᠨ ᠤ ᠬᠢᠨᠠᠯᠲᠠ ᠬᠠᠮᠢᠶᠠᠷᠤᠯᠲᠠ᠂ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠠᠵᠢᠯ ᠵᠡᠷᠭᠡ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ | ᠬᠠᠷᠢᠭᠤᠴᠠᠬᠤ ᠬᠡᠷᠡᠭᠲᠡᠢ᠃ ᠳᠡᠭᠡᠳᠦ ᠰᠤᠷᠭᠠᠭᠤᠯᠢ ᠶᠢᠨ ᠬᠠᠷᠢᠶ᠎ᠠ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ | ᠪᠠᠶᠢᠭᠤᠯᠤᠯ ᠤᠨ ᠦᠭᠡᠷᠡᠴᠢᠯᠡᠯᠲᠡ ᠶᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ | 2. ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠵᠡᠨ ᠮᠡᠳᠡᠬᠦ ᠡᠷᠬᠡ ᠶᠢ | ᠨᠠᠶᠢᠳᠠᠪᠤᠷᠢᠵᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠠᠤᠯᠢ ᠶᠢᠨ ᠡᠷᠬᠡᠲᠡᠨ ᠤ | ᠵᠠᠰᠠᠬᠤ ᠪᠦᠲᠦᠴᠡ ᠪᠣᠯᠣᠨ ᠵᠠᠰᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠳᠤᠳᠤᠭᠠᠲᠤ ᠶᠢᠨ ᠡᠬᠢ | ᠪᠠᠶᠠᠯᠢᠭ ᠤᠨ ᠲᠣᠬᠢᠷᠠᠭᠤᠯᠤᠯᠲᠠ᠂ ᠣᠷᠣᠯᠭ᠎ᠠ ᠶᠢᠨ ᠬᠤᠪᠢᠶᠠᠷᠢᠯᠠᠯᠲᠠ᠂ ᠠᠵᠢᠯᠯᠠᠭᠠᠨ ᠤ ᠬᠠᠮᠢᠶᠠᠷᠤᠯᠲᠠ ᠵᠡᠷᠭᠡ | ᠲᠠᠯ᠎ᠠ ᠪᠠᠷ ᠬᠢ ᠡᠵᠡᠨ ᠮᠡᠳᠡᠬᠦ ᠡᠷᠬᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠪᠦᠲᠦᠮᠵᠢᠲᠠᠢ ᠬᠡᠯᠪᠡᠷᠢ ᠶᠢ ᠠᠪᠴᠤ | ᠪᠠᠶᠢᠭᠠᠳ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠳᠤᠲᠤᠭᠠᠲᠤ ᠶᠢᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠪᠠ ᠬᠦᠯᠢᠶᠡᠰᠦᠯᠡᠬᠦ ᠲᠣᠭᠲᠠᠴᠠ ᠶᠢ ᠪᠠᠶᠢᠭᠤᠯᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ | ᠬᠡᠷᠡᠭᠵᠢᠭᠦᠯᠬᠦ᠂ ᠴᠢᠬᠤᠯᠠ ᠺᠠᠳ᠋ᠷ ᠢ ᠲᠣᠮᠢᠯᠠᠬᠤ ᠪᠠ ᠪᠠᠭᠤᠯᠭᠠᠬᠤ᠂ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠬᠦ᠂ | ᠶᠡᠭᠡ ᠲᠣᠭᠠᠨ ᠤ ᠪᠡᠯᠡ ᠮᠦᠩᠭᠦ ᠶᠢ ᠬᠡᠷᠡᠭᠯᠡᠬᠦ ᠶᠢ ᠬᠠᠮᠲᠤ ᠪᠠᠷ ᠶᠠᠷᠢᠯᠴᠠᠬᠤ ᠶᠢᠨ ᠬᠠᠮᠲᠤ᠂ ᠲᠣᠭᠲᠠᠭᠠᠭᠰᠠᠨ ᠵᠢᠷᠤᠮ | ᠶᠤᠰᠤᠭᠠᠷ ᠬᠡᠷᠡᠭᠵᠢᠭᠦᠯᠵᠦ᠂ ᠡᠮᠨᠡᠯᠭᠡ ᠶᠢᠨ ᠬᠤᠷᠢᠶ᠎ᠠ ᠶᠢᠨ ᠶᠠᠪᠤᠳᠠᠯ ᠢ ᠢᠯᠡ ᠪᠣᠯᠭᠠᠬᠤ ᠶᠢ ᠨᠠᠶᠢᠳᠠᠪᠤᠷᠢᠵᠢᠭᠤᠯᠤᠨ᠂ | ᠠᠵᠢᠯᠲᠠᠨ ᠠᠵᠢᠯᠴᠢᠨ ᠤ ᠲᠦᠯᠦᠭᠡᠯᠡᠭᠴᠢ ᠶᠢᠨ ᠶᠡᠭᠡ ᠬᠤᠷᠠᠯ ᠤᠨ ᠡᠭᠦᠷᠭᠡ ᠴᠢᠳᠠᠪᠤᠷᠢ ᠶᠢ ᠪᠠᠳᠠᠷᠠᠭᠤᠯᠵᠤ᠂ | ᠠᠷᠠᠳᠴᠢᠯᠠᠯ ᠢᠶᠠᠷ ᠬᠠᠮᠢᠶᠠᠷᠬᠤ ᠶᠢ ᠴᠢᠩᠭᠠᠳᠬᠠᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠵᠠᠰᠠᠭ ᠵᠠᠬᠢᠷᠭᠠᠨ ᠤ ᠵᠡᠷᠭᠡ ᠳᠡᠰ ᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠵᠤ᠂ ᠡᠯ᠎ᠡ | ᠱᠠᠲᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ | ᠬᠠᠷᠢᠭᠤᠴᠠᠯᠭᠠᠲᠠᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠤᠳᠤᠷᠢᠳᠤᠯᠭ᠎ᠠ ᠶᠢᠨ ᠲᠤᠰᠢᠶᠠᠯ ᠢ | ᠬᠠᠪᠰᠤᠷᠭᠠᠨ ᠭᠦᠢᠴᠡᠳᠭᠡᠵᠦ ᠪᠣᠯᠬᠤ ᠦᠭᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠳᠠᠷᠤᠭ᠎ᠠ ᠶᠢᠨ ᠲᠤᠰᠢᠶᠠᠯ ᠡᠭᠦᠷᠭᠡᠯᠡᠬᠦ ᠬᠢᠷᠢ ᠭᠡᠮ᠂ ᠰᠢᠯᠢᠨ ᠰᠤᠩᠭᠤᠵᠤ ᠤᠷᠢᠨ ᠬᠡᠷᠡᠭᠯᠡᠬᠦ ᠵᠡᠷᠭᠡ ᠲᠠᠯ᠎ᠠ ᠪᠠᠷ ᠬᠢ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠲᠣᠷᠰᠢᠯᠲᠠ ᠶᠢᠨ ᠴᠢᠬ ᠪᠣᠯᠬᠤ ᠬᠤᠲᠠ ᠶᠢᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢᠨ ᠤᠷᠢᠨ ᠲᠤᠮᠢᠯᠠᠬᠤ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠦᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢᠨ | ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠮᠨᠡᠯᠭᠡ ᠶᠢᠨ ᠬᠤᠷᠢᠶ᠎ᠠ ᠶᠢᠨ | ᠳᠠᠷᠤᠭ᠎ᠠ ᠶᠢᠨ ᠲᠤᠰᠢᠶᠠᠯ ᠤᠨ ᠬᠤᠭᠤᠴᠠᠭᠠᠨ ᠤ ᠬᠠᠷᠠᠯᠲᠠᠲᠤ ᠬᠠᠷᠢᠭᠤᠴᠠᠯᠭ᠎ᠠ ᠶᠢ ᠰᠢᠯᠭᠠᠨ ᠬᠢᠨᠠᠬᠤ ᠪᠠ | ᠬᠠᠷᠢᠭᠤᠴᠠᠯᠭ᠎ᠠ ᠬᠡᠯᠡᠯᠴᠡᠬᠦ ᠳᠦᠷᠢᠮ ᠢ ᠬᠡᠷᠡᠭᠵᠢᠭᠦᠯᠵᠦ᠂ ᠠᠵᠢᠯ ᠮᠡᠷᠭᠡᠵᠢᠯᠵᠢᠭᠦᠯᠬᠦ ᠪᠠᠶᠢᠭᠤᠯᠤᠯᠲᠠ ᠶᠢ ᠠᠬᠢᠭᠤᠯᠬᠤ | ᠬᠡᠷᠡᠭᠲᠡᠢ᠃ | 3. ᠰᠢᠨᠵᠢᠯᠡᠬᠦ ᠤᠬᠠᠭᠠᠨᠴᠢ ᠰᠢᠯᠭᠠᠨ ᠬᠢᠨᠠᠵᠤ ᠦᠨᠡᠯᠡᠯᠲᠡ ᠬᠢᠬᠦ ᠰᠢᠰᠲ᠋ᠧᠮᠵᠢ ᠶᠢ ᠪᠠᠶᠢᠭᠤᠯᠤᠨ᠎ᠠ᠃ | ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ᠂ ᠠᠵᠢᠯᠯᠠᠭᠠᠨ ᠤ ᠦᠷ᠎ᠡ ᠠᠰᠢᠭ᠂ ᠦᠢᠯᠡᠴᠢᠯᠡᠭᠡᠨ ᠤ ᠶᠠᠰᠤ ᠴᠢᠨᠠᠷ᠂ | ᠣᠯᠠᠨ ᠲᠦᠮᠡᠨ ᠤ ᠬᠠᠨᠤᠮᠵᠢᠲᠠᠢ ᠪᠠᠶᠢᠬᠤ ᠬᠡᠮᠵᠢᠶ᠎ᠡ ᠵᠡᠷᠭᠡ ᠪᠠᠷ ᠭᠤᠣᠯ ᠪᠣᠯᠭᠠᠭᠰᠠᠨ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠮᠢᠶᠠᠷᠤᠯᠲᠠ ᠶᠢᠨ ᠳᠦᠷᠢᠮ ᠢ | ᠪᠠᠶᠢᠭᠤᠯᠬᠤ ᠬᠡᠷᠡᠭᠲᠡᠢ᠃ ᠦᠪᠡᠷᠲᠡᠭᠡᠨ ᠵᠠᠰᠬᠠᠤ ᠣᠷᠣᠨ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠵᠢᠯᠤᠭᠤᠳᠬᠤ ᠰᠠᠨᠠᠯ ᠢ ᠨᠡᠶᠢᠲᠡᠯᠡᠵᠦ᠂ | ᠲᠣᠷᠰᠢᠯᠲᠠ ᠶᠢᠨ ᠴᠢᠬ ᠪᠣᠯᠬᠤ ᠬᠤᠲᠠ ᠨᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠣᠲᠠᠲᠠᠢ | ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠲᠣᠭᠲᠠᠭᠠᠨ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠶᠠᠰᠤ ᠴᠢᠨᠠᠷ ᠤᠨ | ᠠᠮᠦᠷ ᠲᠥᠪᠰᠢᠨ᠂ ᠵᠠᠷᠤᠳᠠᠯ ᠢ ᠡᠵᠡᠮᠳᠡᠬᠦ ᠠᠵᠢᠯ᠂ ᠠᠵᠢᠯᠯᠠᠭᠠᠨ ᠤ ᠠᠵᠢᠯ ᠤᠨ ᠠᠮᠵᠢᠯᠲᠠ ᠪᠦᠲᠦᠮᠵᠢ ᠪᠣᠯᠣᠨ | ᠨᠡᠶᠢᠭᠡᠮ ᠤᠨ ᠬᠠᠨᠤᠮᠵᠢᠲᠠᠢ ᠪᠠᠶᠢᠬᠤ ᠬᠡᠮᠵᠢᠶ᠎ᠡ ᠵᠡᠷᠭᠡ ᠰᠢᠯᠭᠠᠨ ᠬᠢᠨᠠᠬᠤ ᠭᠦᠢᠴᠡᠳᠭᠡᠯ ᠲᠤᠭ᠎ᠠ ᠶᠢ ᠳᠤᠪᠤᠶᠢᠯᠠᠭᠠᠬᠤ | ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠺᠤᠮᠢᠰ ᠤᠨ ᠬᠡᠷᠡᠭ | ᠭᠦᠢᠴᠡᠳᠭᠡᠬᠦ ᠪᠠᠶᠢᠭᠤᠯᠤᠮᠵᠢ ᠨᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠪᠠᠨ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠰᠢᠯᠭᠠᠨ | ᠬᠢᠨᠠᠭᠰᠠᠨ ᠦᠷ᠎ᠡ ᠳ᠋ᠦᠩ ᠢ ᠨᠡᠶᠢᠭᠡᠮ ᠳᠤ ᠢᠯᠡ ᠪᠣᠯᠭᠠᠬᠤ ᠶᠢᠨ ᠬᠠᠮᠲᠤ᠂ ᠡᠮᠨᠡᠯᠭᠡ ᠶᠢᠨ ᠬᠤᠷᠢᠶ᠎ᠠ ᠶᠢᠨ ᠡᠳ᠋ ᠤᠨ | ᠵᠠᠰᠠᠭ ᠤᠨ ᠲᠤᠰᠠᠯᠠᠮᠵᠢ᠂ ᠡᠮᠴᠢᠯᠡᠭᠡᠨ ᠤ ᠳᠠᠭᠠᠳᠬᠠᠯ ᠤᠨ ᠮᠦᠩᠭᠦ ᠣᠯᠭᠤᠬᠤ᠂ ᠴᠠᠯᠢᠩ ᠤᠨ ᠶᠠᠷᠦᠩᠬᠡᠢ ᠲᠤᠭ᠎ᠠ | ᠵᠢᠴᠢ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢᠨ ᠴᠠᠯᠢᠩ᠂ ᠲᠤᠮᠢᠯᠠᠬᠤ ᠪᠠᠭᠤᠯᠭᠠᠬᠤ᠂ ᠱᠠᠩᠨᠠᠵᠦ ᠲᠣᠷᠭᠠᠬᠤ | ᠵᠡᠷᠭᠡ ᠯᠦᠭᠡ ᠬᠤᠯᠪᠣᠭᠳᠠᠭᠤᠯᠬᠤ ᠬᠡᠷᠡᠭᠲᠡᠢ᠃ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢᠨ ᠤᠷᠮᠠᠰᠢᠭᠤᠯᠵᠤ | ᠬᠢᠵᠠᠭᠠᠷᠯᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ | ︵ᠬᠤᠶᠠᠷ︶ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯᠯᠠᠭᠠᠨ ᠤ ᠰᠢᠨ᠎ᠡ | ᠲᠣᠭᠲᠠᠴᠠ ᠶᠢ ᠪᠠᠶᠢᠭᠤᠯᠤᠨ᠎ᠠ᠃ | 4. ᠡᠮ ᠤᠨ ᠣᠷᠤᠯᠭ᠎ᠠ ᠪᠠᠷ ᠡᠮᠴᠢᠯᠡᠬᠦ ᠵᠠᠷᠤᠳᠠᠯ ᠢ ᠨᠦᠬᠦᠪᠦᠷᠢᠯᠡᠬᠦ ᠲᠣᠭᠲᠠᠴᠠ ᠶᠢ ᠠᠷᠢᠯᠭᠠᠨ᠎ᠠ᠃ | ᠲᠣᠷᠰᠢᠯᠲᠠ ᠶᠢᠨ ᠴᠢᠬ ᠪᠣᠯᠬᠤ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠤᠭᠤᠳ | ᠡᠮ ᠤᠨ ᠵᠦᠢᠯᠡᠰ ᠲᠤ ᠦᠨ᠎ᠡ ᠨᠡᠮᠡᠬᠦ ᠲᠥᠷᠥ ᠶᠢᠨ ᠪᠣᠳᠣᠯᠭ᠎ᠠ ︵ᠮᠣᠩᠭᠤᠯ ᠡᠮ ᠤᠨ ᠳᠣᠳᠤᠭᠠᠲᠦ ᠶᠢᠨ ᠨᠠᠶᠢᠷᠠᠯᠲᠠ᠂ | ᠮᠤᠩᠭᠤᠯ ᠬᠢᠲᠠᠳ ᠡᠮ ᠤᠨ ᠴᠢᠨᠠᠬᠤ ᠡᠮ ᠠᠴᠠ ᠪᠤᠰᠤᠳ︶ ᠶᠢ ᠬᠦᠴᠦᠨ ᠦᠭᠡᠢ ᠪᠣᠯᠭᠠᠵᠤ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠨᠦᠬᠦᠪᠦᠷᠢᠯᠡᠬᠦ ᠵᠠᠷᠤᠳᠠᠯ ᠳᠤ ᠦᠢᠯᠡᠴᠢᠯᠡᠭᠡᠨ ᠤ ᠰᠦᠢᠳᠭᠡᠯ | ᠬᠤᠷᠢᠶᠠᠬᠤ᠂ ᠡᠮ ᠤᠨ ᠵᠦᠢᠯᠡᠰ ᠲᠤ ᠦᠨ᠎ᠡ ᠨᠡᠮᠡᠬᠦ ᠣᠷᠣᠯᠭ᠎ᠠ ᠪᠣᠯᠣᠨ ᠵᠠᠰᠠᠭ ᠤᠨ ᠣᠷᠳᠤᠨ ᠨᠦᠬᠦᠪᠦᠷᠢᠯᠡᠬᠦ | ᠭᠤᠷᠪᠠᠨ ᠠᠷᠭ᠎ᠠ ᠵᠠᠮ ᠲᠠᠢ ᠪᠠᠶᠢᠭᠰᠠᠨ ᠢ ᠦᠢᠯᠡᠴᠢᠯᠡᠭᠡᠨ ᠤ ᠰᠦᠢᠳᠭᠡᠯ ᠬᠤᠷᠢᠶᠠᠬᠤ ᠪᠠ ᠵᠠᠰᠠᠭ ᠤᠨ ᠣᠷᠳᠤᠨ | ᠲᠤᠰᠠᠯᠠᠮᠵᠢ ᠥᠭᠬᠦ ᠬᠤᠶᠠᠷ ᠠᠷᠭ᠎ᠠ ᠵᠠᠮ ᠪᠣᠯᠭᠠᠨ ᠦᠭᠡᠷᠡᠴᠢᠯᠡᠵᠦ᠂ ᠡᠮᠴᠢᠯᠡᠭᠡ ᠶᠢᠨ ᠦᠢᠯᠡᠴᠢᠯᠡᠭᠡᠨ ᠤ ᠦᠨ᠎ᠡ | ᠬᠠᠩᠰᠢ ᠶᠢ ᠲᠣᠬᠢᠷᠠᠭᠤᠯᠬᠤ᠂ ᠵᠠᠰᠠᠭ ᠤᠨ ᠣᠷᠳᠤᠨ ᠤ ᠣᠷᠤᠭᠤᠯᠤᠯᠲᠠ ᠶᠢ ᠨᠡᠮᠡᠭᠳᠡᠭᠦᠯᠬᠦ ᠪᠠ ᠵᠤᠭᠤᠰ ᠥᠭᠬᠦ ᠠᠷᠭ᠎ᠠ | ᠮᠠᠶ᠋ᠢᠭ ᠢ ᠦᠭᠡᠷᠡᠴᠢᠯᠡᠬᠦ ᠪᠠ ᠡᠮᠨᠡᠯᠭᠡ ᠶᠢᠨ ᠬᠤᠷᠢᠶ᠎ᠠ ᠶᠢᠨ ᠠᠵᠢᠯᠯᠠᠭᠠᠨ ᠤ ᠦᠪᠡᠷ ᠤᠨ ᠥᠷᠲᠡᠭ ᠢ ᠪᠠᠭᠤᠷᠠᠭᠤᠯᠬᠤ | ᠵᠡᠷᠭᠡ ᠪᠠᠷ ᠳᠠᠮᠵᠢᠨ ᠣᠯᠠᠨ ᠲᠠᠯ᠎ᠠ ᠶᠢᠨ ᠬᠢᠨ ᠬᠠᠮᠲᠤᠪᠡᠷ ᠡᠭᠦᠷᠭᠡᠯᠡᠵᠦ᠂ ᠪᠤᠲᠠᠲᠠᠢ ᠬᠠᠷᠢᠴᠠᠯ ᠢ ᠡᠯ᠎ᠡ | ᠲᠣᠷᠰᠢᠯᠲᠠ ᠶᠢᠨ ᠴᠢᠬ ᠪᠣᠯᠬᠤ ᠬᠤᠲᠠ ᠠᠴᠠ ᠲᠣᠭᠲᠠᠭᠠᠵᠤ᠂ ᠵᠠᠷᠴᠢᠮ ᠳᠡᠭᠡᠷ᠎ᠡ ᠪᠠᠨ ᠡᠮᠨᠡᠯᠭᠡ ᠶᠢᠨ ᠬᠤᠷᠢᠶ᠎ᠠ ᠶᠢᠨ | ᠬᠤᠪᠢᠶᠠᠨ ᠡᠭᠦᠷᠭᠡᠯᠡᠬᠦ ᠬᠠᠷᠢᠴᠠᠯ ᠢ 10% ᠠᠴᠠ ᠬᠡᠲᠦᠷᠡᠭᠦᠯᠵᠦ ᠪᠣᠯᠬᠤ ᠦᠭᠡᠢ᠃ ᠡᠮᠨᠡᠯᠭᠡ ᠶᠢᠨ ᠬᠤᠷᠢᠶ᠎ᠠ ᠶᠢᠨ | ᠡᠮ ᠤᠨ ᠵᠦᠢᠯᠡᠰ ᠢ ᠨᠦᠬᠡᠴᠡᠯᠡᠬᠦ᠂ ᠬᠠᠳᠠᠭᠠᠯᠠᠵᠤ ᠬᠠᠮᠢᠶᠠᠷᠬᠤ᠂ ᠰᠦᠢᠲᠦᠭᠳᠡᠬᠦ ᠵᠡᠷᠭᠡ ᠵᠠᠷᠤᠳᠠᠯ ᠢ ᠡᠮᠨᠡᠯᠭᠡ ᠶᠢᠨ | ᠬᠤᠷᠢᠶ᠎ᠠ ᠶᠢᠨ ᠠᠵᠢᠯᠯᠠᠭᠠᠨ ᠤ ᠦᠪᠡᠷ ᠤᠨ ᠥᠷᠳᠡᠭ ᠲᠤ ᠣᠷᠤᠭᠤᠯᠤᠨ ᠨᠦᠬᠦᠪᠦᠷᠢᠯᠡᠬᠦ ᠬᠡᠷᠡᠭᠲᠡᠢ᠃ ᠲᠣᠷᠰᠢᠯᠲᠠ ᠶᠢᠨ | ᠴᠢᠬ ᠪᠣᠯᠬᠤ ᠬᠤᠲᠠ ᠨᠢ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮ ᠤᠨ | ᠵᠦᠢᠯᠡᠰ ᠲᠤ ᠦᠨ᠎ᠡ ᠨᠡᠮᠡᠬᠦ ᠶᠢ ᠬᠦᠴᠦᠨ ᠦᠭᠡᠢ ᠪᠣᠯᠭᠠᠭᠰᠠᠨ ᠤ ᠳᠠᠷᠠᠭᠠᠬᠢ ᠨᠦᠬᠦᠪᠦᠷᠢ ᠥᠭᠬᠦ ᠪᠣᠲᠠᠲᠠᠢ ᠠᠷᠭ᠎ᠠ ᠶᠢ | ᠲᠣᠭᠲᠠᠭᠠᠨ ᠨᠡᠶᠢᠲᠡᠯᠡᠵᠦ᠂ ᠵᠠᠷᠴᠢᠮ ᠳᠡᠭᠡᠷ᠎ᠡ ᠪᠠᠨ ᠡᠮ ᠤᠨ ᠵᠦᠢᠯᠡᠰ ᠲᠤ ᠦᠨ᠎ᠡ ᠨᠡᠮᠡᠬᠦ ᠶᠢ ᠬᠦᠴᠦᠨ ᠦᠭᠡᠢ | ᠪᠣᠯᠭᠠᠭᠰᠠᠨ ᠤ ᠳᠠᠷᠠᠭ᠎ᠠ ᠣᠷᠣᠯᠭ᠎ᠠ ᠶᠢᠨ ᠳᠤᠲᠤᠷᠠᠬᠢ ᠪᠠᠭᠠᠰᠤᠭᠰᠠᠨ ᠵᠠᠰᠠᠭ ᠤᠨ ᠣᠷᠳᠤᠨ ᠠᠴᠠ ᠨᠦᠬᠦᠪᠦᠷᠢᠯᠡᠬᠦ | ᠬᠡᠰᠡᠭ ᠲᠤ ᠠᠳᠠᠯᠢ ᠪᠤᠰᠤ ᠡᠮᠨᠡᠯᠭᠡ ᠡᠷᠬᠢᠯᠡᠬᠦ ᠭᠤᠣᠯ ᠴᠤᠭᠴᠠ ᠠᠴᠠ ᠲᠤᠰᠠᠯᠠᠮᠵᠢ ᠣᠯᠭᠤᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ | ᠱᠠᠩᠨᠠᠬᠤ ᠪᠠᠷ ᠨᠦᠬᠦᠪᠦᠷᠢᠯᠡᠬᠦ ᠶᠢ ᠣᠷᠤᠯᠠᠭᠤᠯᠬᠤ ᠠᠷᠭ᠎ᠠ ᠮᠠᠶ᠋ᠢᠭ ᠢᠶᠠᠷ ᠳᠠᠮᠵᠢᠨ ᠲᠣᠷᠰᠢᠯᠲᠠ ᠶᠢᠨ ᠴᠢᠬ ᠪᠣᠯᠬᠤ | ᠬᠤᠲᠠ ᠶᠢᠨ ᠬᠢᠨ ᠤ ᠡᠮ ᠤᠨ ᠵᠦᠢᠯᠡᠰ ᠲᠤ ᠦᠨ᠎ᠡ ᠨᠡᠮᠡᠬᠦ ᠶᠢ ᠬᠦᠴᠦᠨ ᠦᠭᠡᠢ ᠪᠣᠯᠭᠠᠭᠰᠠᠨ ᠳᠤ ᠵᠣᠬᠢᠬᠤ | ᠲᠤᠰᠠᠯᠠᠮᠵᠢ ᠣᠯᠭᠤᠬᠤ ᠬᠡᠷᠡᠭᠲᠡᠢ᠃ | 5. ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠰᠢᠯᠤᠭᠤᠳᠬᠠᠨ᠎ᠠ᠃ ︽ᠶᠡᠷᠦᠩᠬᠡᠢ ᠬᠡᠮᠵᠢᠶ᠎ᠡ ᠶᠢ | ᠡᠵᠡᠮᠳᠡᠬᠦ᠂ ᠪᠦᠲᠦᠴᠡ ᠶᠢ ᠲᠣᠬᠢᠷᠠᠭᠤᠯᠬᠤ᠂ ᠳᠡᠭᠡᠭᠰᠢᠯᠡᠯᠲᠡ ᠪᠠᠭᠤᠷᠠᠯᠲᠠ ᠲᠠᠢ ᠪᠠᠶᠢᠯᠭᠠᠬᠤ᠂ ᠠᠯᠬᠤᠮ ᠠᠯᠬᠤᠮ ᠢᠶᠠᠷ | ᠪᠣᠲᠠᠲᠠᠶᠢᠵᠢᠭᠤᠯᠬᠤ︾ ᠵᠠᠷᠴᠢᠮ ᠶᠣᠰᠤᠭᠠᠷ᠂ ᠦᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠤᠨ ᠨᠢᠭᠡᠲᠦᠯᠲᠡᠢ ᠵᠢᠯᠤᠭᠤᠳᠤᠯᠭ᠎ᠠ ᠳᠣᠣᠷ᠎ᠠ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠦᠭᠡᠷᠡᠴᠢᠯᠡᠯᠲᠡ ᠶᠢ ᠵᠦᠢ | ᠵᠣᠬᠢᠰᠲᠠᠢ ᠡᠮᠬᠢ ᠵᠢᠷᠤᠮ ᠲᠠᠢ ᠦᠷᠨᠢᠭᠦᠯᠵᠦ᠂ ᠡᠮᠴᠢᠯᠡᠭᠡᠨ ᠳᠤ ᠬᠡᠷᠡᠭᠯᠡᠬᠦ ᠲᠤᠮᠤ ᠬᠡᠯᠪᠡᠷᠢ ᠶᠢᠨ ᠲᠥᠭᠦᠭᠡᠷᠦᠮᠵᠢ ᠪᠠᠷ | ᠪᠠᠶᠢᠴᠠᠭᠠᠵᠤ ᠡᠮᠴᠢᠯᠡᠬᠦ ᠦᠨ᠎ᠡ ᠬᠠᠩᠰᠢ ᠶᠢ ᠪᠠᠭᠤᠷᠠᠭᠤᠯᠤᠨ᠂ ᠡᠮᠨᠡᠯᠭᠡ ᠶᠢᠨ ᠠᠵᠢᠯᠲᠠᠨ ᠤ ᠮᠡᠷᠭᠡᠵᠢᠯ | ᠬᠦᠳᠡᠯᠮᠦᠷᠢ ᠶᠢᠨ ᠦᠨ᠎ᠡ ᠥᠷᠳᠡᠭ ᠢ ᠬᠠᠷᠠᠭᠤᠯᠬᠤ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠪᠦᠬᠦ | ᠲᠠᠯ᠎ᠠ ᠪᠠᠷ ᠲᠣᠬᠢᠷᠠᠭᠤᠯᠤᠨ ᠳᠡᠭᠡᠭᠰᠢᠯᠡᠭᠦᠯᠬᠦ ᠬᠡᠷᠡᠭᠲᠡᠢ᠃ ︽ᠪᠦᠬᠦ ᠤᠯᠤᠰ ᠤᠨ ᠡᠮᠴᠢᠯᠡᠭᠡ ᠶᠢᠨ ᠦᠢᠯᠡᠴᠢᠯᠡᠭᠡᠨ ᠤ | ᠦᠨ᠎ᠡ ᠬᠠᠩᠰᠢ ᠶᠢᠨ ᠲᠦᠷᠦᠯ ᠵᠦᠢᠯ ᠤᠨ ᠵᠢᠷᠤᠮᠵᠢᠯ ︵2012 ᠣᠨ ᠤ ᠬᠡᠪᠯᠡᠯ︶︾ ᠤᠨ ᠱᠠᠭᠠᠷᠳᠠᠯᠭ᠎ᠠ ᠶᠤᠰᠤᠭᠠᠷ | ᠂ ᠪᠦᠬᠦ ᠣᠷᠣᠨ ᠤ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠦᠷᠦᠯ ᠵᠦᠢᠯ ᠢ ᠵᠢᠷᠤᠮᠵᠢᠭᠤᠯᠤᠨ | ᠲᠣᠬᠢᠷᠠᠭᠤᠯᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠰᠠᠶᠢᠨ ᠠᠵᠢᠯᠯᠠᠭᠤᠯᠬᠤ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦ ᠡᠭᠦᠷᠭᠡᠯᠡᠨ ᠳᠠᠭᠠᠭᠠᠵᠤ ᠳᠡᠶᠢᠯᠬᠦ᠂ ᠣᠯᠠᠨ ᠲᠦᠮᠡᠨ ᠤ | ᠳᠠᠷᠤᠭᠠᠰᠤ ᠶᠢ ᠬᠦᠨᠳᠦᠷᠡᠭᠦᠯᠬᠦ ᠦᠭᠡᠢ ᠪᠠᠶᠢᠬᠤ ᠤᠷᠢᠳᠠᠯ ᠳᠣᠣᠷ᠎ᠠ᠂ 2015 ᠣᠨ ᠤ ᠵᠢᠯ ᠤᠨ ᠰᠡᠭᠦᠯᠴᠢ ᠠᠴᠠ | ᠡᠮᠦᠨ᠎ᠡ᠂ ᠦᠪᠡᠷᠲᠡᠭᠡᠨ ᠵᠠᠰᠠᠬᠤ ᠣᠷᠣᠨ ᠠᠴᠠ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ | ᠦᠭᠡᠷᠡᠴᠢᠯᠡᠯᠲᠡ ᠶᠢᠨ ᠲᠣᠷᠰᠢᠯᠲᠠ ᠶᠢᠨ ᠴᠢᠬ ᠤᠨ ᠲᠦᠰᠦᠯ ᠢ ᠲᠣᠭᠲᠠᠭᠠᠵᠤ᠂ ᠬᠤᠲᠠ ᠶᠢᠨ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢᠨ ᠲᠣᠷᠰᠢᠯᠲᠠ ᠶᠢᠨ ᠴᠢᠬ ᠪᠣᠯᠬᠤ ᠬᠤᠲᠠ ᠳᠤ | ᠤᠷᠢᠳᠠᠪᠠᠷ ᠬᠡᠷᠡᠭᠵᠢᠭᠦᠯᠦᠨ ᠤᠷᠢᠳᠠᠪᠠᠷ ᠲᠣᠷᠰᠢᠵᠤ᠂ ᠯᠠᠪᠳᠠᠭᠤᠨ ᠢᠶᠠᠷ ᠠᠬᠢᠭᠤᠯᠤᠨ᠂ ᠠᠳᠠᠯᠢ ᠪᠤᠰᠤ ᠡᠮᠴᠢᠯᠡᠭᠡᠨ ᠤ | ᠪᠠᠶᠢᠭᠤᠯᠤᠮᠵᠢ ᠶᠢᠨ ᠬᠤᠭᠤᠷᠤᠨᠳᠤᠬᠢ ᠪᠠ ᠡᠮᠴᠢᠯᠡᠭᠡ ᠶᠢᠨ ᠦᠢᠯᠡᠴᠢᠯᠡᠭᠡᠨ ᠤ ᠲᠦᠷᠦᠯ ᠵᠦᠢᠯ ᠤᠨ ᠠᠳᠠᠯᠢᠳᠬᠠᠯ | ᠦᠨ᠎ᠡ ᠶᠢᠨ ᠬᠠᠷᠢᠴᠠᠭ᠎ᠠ ᠶᠢ ᠠᠯᠬᠤᠮ ᠠᠯᠬᠤᠮ ᠢᠶᠠᠷ ᠰᠢᠯᠤᠭᠤᠳᠬᠠᠵᠤ᠂ ᠦᠪᠡᠷ ᠤᠨ ᠥᠷᠳᠡᠭ ᠪᠣᠯᠣᠨ | ᠣᠷᠤᠯᠭ᠎ᠠ ᠶᠢᠨ ᠪᠦᠲᠦᠴᠡ ᠶᠢᠨ ᠬᠤᠪᠢᠷᠠᠯᠲᠠ ᠪᠠᠷ ᠰᠠᠭᠤᠷᠢ ᠪᠣᠯᠭᠠᠭᠰᠠᠨ ᠦᠨ᠎ᠡ ᠬᠠᠩᠰᠢ ᠶᠢᠨ ᠬᠦᠳᠡᠯᠦᠩᠭᠦᠢ ᠪᠠᠷ | ᠲᠣᠬᠢᠷᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠳᠤ | ᠦᠭᠡᠷᠡᠴᠢᠯᠡᠯᠲᠡ ᠬᠢᠵᠦ᠂ ᠲᠦᠷᠦᠯ ᠵᠦᠢᠯ ᠶᠤᠰᠤᠭᠠᠷ ᠦᠨ᠎ᠡ ᠬᠠᠩᠰᠢ ᠲᠣᠭᠲᠠᠭᠠᠬᠤ ᠡᠮᠴᠢᠯᠡᠭᠡ ᠶᠢᠨ | ᠦᠢᠯᠡᠴᠢᠯᠡᠭᠡᠨ ᠤ ᠲᠦᠷᠦᠯ ᠵᠦᠢᠯ ᠤᠨ ᠲᠤᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠂ ᠡᠪᠡᠳᠴᠢᠨ ᠤ | ᠵᠦᠢᠯ᠂ ᠦᠢᠯᠡᠴᠢᠯᠡᠭᠡᠨ ᠤ ᠨᠢᠭᠡᠴᠢ ᠪᠠᠷ ᠦᠨ᠎ᠡ ᠬᠠᠩᠰᠢ ᠲᠣᠭᠲᠠᠭᠠᠬᠤ ᠶᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ | ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠬᠤ᠂ ᠡᠮᠴᠢᠯᠡᠭᠡᠨ ᠤ ᠳᠠᠭᠠᠳᠬᠠᠯ ᠤᠨ ᠮᠦᠩᠭᠦ | ᠣᠯᠭᠤᠬᠤ᠂ ᠱᠠᠲᠤ ᠬᠤᠪᠢᠶᠠᠵᠤ ᠣᠨᠣᠰᠢᠯᠠᠨ ᠡᠮᠨᠡᠬᠦ ᠵᠡᠷᠭᠡ ᠲᠥᠷᠥ ᠶᠢᠨ ᠪᠣᠳᠣᠯᠭ᠎ᠠ ᠶᠢ ᠬᠠᠷᠢᠯᠴᠠᠨ ᠵᠤᠯᠭᠠᠭᠤᠯᠬᠤ | ᠬᠡᠷᠡᠭᠲᠡᠢ᠃ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠬᠠᠮᠢᠶᠠᠷᠤᠨ ᠬᠠᠤᠯᠢ ᠬᠡᠷᠡᠭᠵᠢᠭᠦᠯᠬᠦ ᠳᠤ ᠬᠢᠨᠠᠯᠲᠠ | ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠠᠵᠢᠯᠯᠠᠭ᠎ᠠ ᠶᠢ | ᠵᠢᠷᠤᠮᠵᠢᠭᠤᠯᠬᠤ ᠬᠡᠷᠡᠭᠲᠡᠢ᠃ | 6. ᠣᠷᠤᠭᠤᠯᠤᠯᠲᠠ ᠶᠢᠨ ᠨᠦᠬᠦᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠡᠷᠬᠢᠯᠡᠬᠦ ᠭᠤᠣᠯ | ᠴᠤᠭᠴᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃ ᠲᠣᠷᠰᠢᠯᠲᠠ ᠶᠢᠨ ᠴᠢᠬ ᠪᠣᠯᠬᠤ | ᠬᠤᠲᠠ ᠨᠤᠭᠤᠳ ᠨᠢ ᠬᠠᠮᠢᠶᠠᠷᠤᠯᠲᠠ ᠶᠢᠨ ᠪᠠᠶᠢᠭᠤᠯᠤᠯ ᠤᠨ ᠦᠭᠡᠷᠡᠴᠢᠯᠡᠯᠲᠡ ᠯᠦᠭᠡ ᠳᠦᠬᠦᠷᠵᠢᠭᠰᠡᠨ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠵᠠᠰᠠᠭ ᠤᠨ ᠣᠷᠳᠤᠨ ᠤ ᠣᠷᠤᠭᠤᠯᠤᠯᠲᠠ ᠬᠢᠬᠦ ᠠᠷᠭ᠎ᠠ ᠶᠢ ᠰᠤᠳᠤᠯᠤᠨ | ᠲᠣᠭᠲᠠᠭᠠᠬᠤ ᠬᠡᠷᠡᠭᠲᠡᠢ᠃ ᠡᠳ᠋ ᠤᠨ ᠵᠠᠰᠠᠭ ᠤᠨ ᠲᠤᠰᠠᠯᠠᠮᠵᠢ ᠶᠢᠨ ᠠᠷᠭ᠎ᠠ ᠮᠠᠶ᠋ᠢᠭ ᠲᠤ ᠦᠭᠡᠷᠡᠴᠢᠯᠡᠯᠲᠡ ᠬᠢᠵᠦ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠡᠳ᠋ ᠤᠨ ᠵᠠᠰᠠᠭ ᠤᠨ ᠪᠠᠶᠢᠩᠭᠤ ᠶᠢᠨ ᠴᠢᠨᠠᠷᠲᠠᠢ | ᠣᠷᠤᠭᠤᠯᠤᠯᠲᠠ ᠬᠢᠭᠦ ᠶᠢ ᠣᠷᠣᠨ ᠲᠤᠭ᠎ᠠ ᠪᠣᠶᠣ ᠡᠪᠡᠳᠴᠢᠲᠠᠨ ᠤ ᠣᠷᠣ ᠶᠢᠨ ᠲᠤᠭ᠎ᠠ ᠶᠢᠨ ᠬᠡᠪᠴᠢᠶ᠎ᠡ ᠪᠠᠷ | ᠦᠨᠳᠦᠰᠦᠨ ᠵᠠᠷᠤᠯᠭ᠎ᠠ ᠨᠦᠬᠦᠪᠦᠷᠢᠯᠡᠬᠦ ᠠᠷᠭ᠎ᠠ ᠮᠠᠶ᠋ᠢᠭ ᠢ ᠦᠭᠡᠷᠡᠴᠢᠯᠡᠵᠦ᠂ ᠡᠳ᠋ ᠤᠨ ᠵᠠᠰᠠᠭ ᠤᠨ ᠲᠤᠰᠠᠯᠠᠮᠵᠢ ᠶᠢ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠯᠤᠭ᠎ᠠ ᠬᠤᠯᠪᠤᠭᠳᠠᠭᠤᠯᠬᠤ ᠶᠢᠨ ᠬᠦᠲᠦᠯᠦᠨ ᠵᠢᠯᠤᠭᠤᠳᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ | ᠵᠠᠰᠠᠭ ᠤᠨ ᠣᠷᠳᠤᠨ ᠤ ᠦᠢᠯᠡᠴᠢᠯᠡᠭᠡ ᠬᠤᠳᠠᠯᠳᠤᠨ ᠠᠪᠬᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ | ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠬᠥᠭᠵᠢᠯᠲᠡ ᠶᠢᠨ ᠲᠦᠯᠦᠪᠵᠢᠭᠦᠯᠭᠡ ᠳᠤ ᠨᠡᠶᠢᠴᠡᠬᠦ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠪᠣᠯᠣᠨ ᠲᠥᠭᠦᠭᠡᠷᠦᠮᠵᠢ | ᠬᠤᠳᠠᠯᠳᠤᠨ ᠠᠪᠬᠤ᠂ ᠭᠤᠣᠯᠳᠠᠯᠭ᠎ᠠ ᠲᠠᠢ ᠰᠢᠨᠵᠢᠯᠡᠭᠡᠨ ᠢ ᠬᠥᠭᠵᠢᠭᠦᠯᠬᠦ᠂ ᠴᠢᠳᠠᠪᠤᠷᠢᠲᠠᠨ ᠢ ᠬᠦᠮᠦᠵᠢᠭᠦᠯᠬᠦ᠂ | ᠤᠯᠤᠰ ᠤᠨ ᠲᠣᠭᠲᠠᠭᠠᠯ ᠳᠤ ᠨᠡᠶᠢᠴᠡᠬᠦ ᠠᠵᠢᠯ ᠠᠴᠠ ᠪᠠᠭᠤᠵᠤ ᠠᠵᠢᠯ ᠠᠴᠠ ᠪᠠᠨ ᠠᠮᠠᠷᠠᠭᠰᠠᠳ ᠤᠨ ᠵᠠᠷᠤᠳᠠᠯ ᠵᠡᠷᠭᠡ | ᠣᠷᠤᠭᠤᠯᠤᠯᠲᠠ ᠶᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠤᠨ ᠠᠴᠠ ᠨᠢᠭᠡᠲᠦᠯᠲᠡᠢ ᠲᠦᠯᠦᠪᠯᠡᠨ | ᠲᠣᠬᠢᠷᠠᠭᠤᠯᠬᠤ ᠬᠡᠷᠡᠭᠲᠡᠢ︔ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠲᠣᠭᠲᠠᠭᠠᠯ ᠶᠤᠰᠤᠭᠠᠷ | ᠡᠭᠦᠷᠭᠡᠯᠡᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠭᠦᠷᠭᠡ ᠪᠣᠯᠣᠨ ᠲᠥᠷᠥ ᠶᠢᠨ ᠪᠣᠳᠣᠯᠭ᠎ᠠ ᠶᠢᠨ | ᠴᠢᠨᠠᠷᠲᠠᠢ ᠬᠤᠬᠢᠷᠠᠯ ᠳᠤ ᠲᠤᠰᠬᠠᠢ ᠲᠤᠰᠠᠯᠠᠮᠵᠢ ᠣᠯᠭᠤᠬᠤ ᠬᠡᠷᠡᠭᠲᠡᠢ᠃ ᠵᠠᠰᠠᠭ ᠤᠨ ᠣᠷᠳᠤᠨ ᠤ ᠲᠣᠭᠲᠠᠭᠠᠭᠰᠠᠨ | ᠪᠠᠴᠢᠮ ᠠᠪᠤᠷᠠᠯᠲᠠ ᠬᠢᠬᠦ᠂ ᠭᠠᠮᠰᠢᠭ ᠠᠴᠠ ᠠᠪᠤᠷᠠᠬᠤ᠂ ᠭᠠᠳᠠᠭᠠᠲᠤ ᠶᠢ ᠳᠡᠮᠵᠢᠬᠦ᠂ ᠲᠠᠷᠢᠶᠠᠯᠠᠩ ᠢ ᠲᠤᠰᠠᠯᠠᠬᠤ᠂ | ᠠᠵᠢᠯ ᠲᠦᠷᠦᠯ ᠢᠶᠠᠷ ᠢᠶᠠᠨ ᠲᠤᠰᠠᠯᠠᠬᠤ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠳᠠᠯ ᠢ ᠦᠢᠯᠡᠴᠢᠯᠡᠭᠡᠨ ᠤ | ᠦᠪᠡᠷ ᠤᠨ ᠥᠷᠳᠡᠭ ᠶᠤᠰᠤᠭᠠᠷ ᠪᠠᠲᠤᠯᠠᠬᠤ ᠬᠡᠷᠡᠭᠲᠡᠢ᠃ ᠮᠤᠩᠭᠤᠯ ᠬᠢᠲᠠᠳ ᠡᠮᠨᠡᠯᠭᠡ ᠶᠢᠨ ᠬᠤᠷᠢᠶ᠎ᠠ᠂ | ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ᠂ ᠤᠶᠣᠨ ᠮᠡᠳᠡᠷᠡᠯ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ᠂ | ᠠᠵᠢᠯ ᠤᠨ ᠨᠦᠯᠦᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠤᠷᠢᠶ᠎ᠠ ᠵᠢᠴᠢ ᠬᠡᠦᠬᠡᠳ ᠤᠨ ᠡᠮᠨᠡᠯᠭᠡ ᠶᠢᠨ ᠬᠤᠷᠢᠶ᠎ᠠ | ᠵᠡᠷᠭᠡ ᠲᠤᠰᠬᠠᠢ ᠡᠮᠨᠡᠯᠭᠡ ᠶᠢᠨ ᠬᠤᠷᠢᠶ᠎ᠠ ᠳᠤ ᠣᠷᠤᠭᠤᠯᠤᠯᠲᠠ ᠬᠢᠬᠦ ᠲᠡᠰᠢ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠭ ᠤᠨ ᠣᠷᠳᠤᠨ ᠤ ᠣᠷᠤᠭᠤᠯᠤᠯᠲᠠ ᠶᠢᠨ ᠪᠡᠯᠡ ᠮᠦᠩᠭᠦ ᠶᠢ ᠬᠢᠨᠠᠨ | ᠬᠠᠮᠢᠶᠠᠷᠬᠤ ᠪᠠᠨ ᠴᠢᠩᠭᠠᠳᠬᠠᠵᠤ᠂ ᠲᠦᠷᠦᠯ ᠵᠦᠢᠯ ᠤᠨ ᠪᠡᠯᠡ ᠮᠦᠩᠭᠦ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠳᠤᠲᠤᠷᠬᠠᠶᠢᠯᠠᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠳ᠋ ᠤᠨ ᠶᠠᠪᠤᠳᠠᠯ ᠤᠨ ᠨᠢᠭᠲᠠᠯᠠᠨ | ᠪᠤᠳᠤᠭᠴᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠶᠡᠷᠦᠩᠬᠡᠢ ᠨᠢᠭᠲᠠᠯᠠᠨ ᠪᠤᠳᠤᠭᠴᠢ ᠶᠢᠨ ᠳᠦᠷᠢᠮ ᠢ ᠪᠠᠶᠢᠭᠤᠯᠤᠨ | ᠂ ᠵᠠᠰᠠᠭ ᠤᠨ ᠣᠷᠳᠤᠨ ᠤ ᠣᠷᠤᠭᠤᠯᠤᠯᠲᠠ ᠶᠢᠨ ᠪᠡᠯᠡ ᠮᠦᠩᠭᠦ ᠶᠢ ᠬᠡᠷᠡᠭᠯᠡᠬᠦ ᠦᠷ᠎ᠡ ᠠᠰᠢᠭ ᠢ ᠦᠨᠡᠨᠬᠦ ᠪᠠᠲᠤᠯᠠᠬᠤ | ᠬᠡᠷᠡᠭᠲᠡᠢ᠃ | 7. ᠡᠮᠨᠡᠯᠭᠡ ᠶᠢᠨ ᠬᠤᠷᠢᠶ᠎ᠠ ᠶᠢᠨ ᠡᠮ ᠤᠨ ᠵᠦᠢᠯᠡᠰ᠂ ᠬᠤᠷᠤᠭᠳᠠᠯ ᠮᠠᠲ᠋ᠧᠷᠢᠶᠠᠯ ᠪᠣᠯᠣᠨ ᠲᠥᠭᠦᠭᠡᠷᠦᠮᠵᠢ ᠶᠢᠨ | ᠪᠠᠶᠢᠴᠠᠭᠠᠬᠤ ᠵᠠᠷᠤᠳᠠᠯ ᠢ ᠪᠠᠭᠤᠷᠠᠭᠤᠯᠬᠤ ᠬᠡᠷᠡᠭᠲᠡᠢ᠃ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ ᠶᠢ | ᠲᠣᠬᠢᠷᠠᠭᠤᠯᠬᠤ ᠠᠷᠭ᠎ᠠ ᠶᠢᠨ ᠶᠤᠰᠤᠭᠠᠷ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠣᠷᠣᠯᠭ᠎ᠠ ᠶᠢᠨ ᠪᠦᠲᠦᠴᠡ ᠶᠢ ᠦᠭᠡᠷᠡᠴᠢᠯᠡᠵᠦ᠂ ᠲᠣᠬᠠᠶᠢᠯᠠᠭᠰᠠᠨ ᠠᠵᠢᠯ ᠤᠨ ᠣᠷᠣᠯᠭ᠎ᠠ ᠳᠤᠲᠤᠷᠠᠬᠢ ᠮᠡᠷᠭᠡᠵᠢᠯ | ᠬᠦᠳᠡᠯᠮᠦᠷᠢ ᠶᠢᠨ ᠴᠢᠨᠠᠷᠲᠠᠢ ᠣᠷᠤᠯᠭ᠎ᠠ ᠶᠢᠨ ᠬᠤᠪᠢ ᠶᠢᠨ ᠵᠢᠩ ᠢ ᠳᠡᠭᠡᠭᠰᠢᠯᠡᠭᠦᠯᠦᠨ᠂ ᠡᠮ ᠤᠨ ᠵᠦᠢᠯᠡᠰ ᠪᠣᠯᠣᠨ | ᠡᠷᠡᠭᠦᠯ ᠬᠠᠮᠠᠭᠠᠯᠠᠯ ᠤᠨ ᠮᠠᠲ᠋ᠧᠷᠢᠶᠠᠯ ᠤᠨ ᠣᠷᠣᠯᠭ᠎ᠠ ᠶᠢᠨ ᠬᠤᠪᠢ ᠶᠢᠨ ᠵᠢᠩ ᠢ ᠪᠠᠭᠠᠰᠬᠠᠵᠤ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠰᠠᠶᠢᠨ ᠠᠵᠢᠯᠯᠠᠵᠤ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠢ᠃ | ᠶᠡᠷᠦᠩᠬᠡᠶᠢᠯᠡᠭᠰᠡᠨ ᠠᠷᠭ᠎ᠠ ᠬᠡᠮᠵᠢᠶ᠎ᠠ ᠠᠪᠴᠤ ᠪᠠᠶᠢᠭᠠᠳ ᠡᠮᠨᠡᠯᠭᠡ ᠶᠢᠨ ᠬᠤᠷᠢᠶ᠎ᠠ ᠪᠣᠯᠣᠨ ᠡᠮᠨᠡᠯᠭᠡ ᠶᠢᠨ ᠠᠵᠢᠯᠲᠠᠳ | ᠬᠢᠭᠡᠳ ᠡᠮ ᠤᠨ ᠵᠦᠢᠯᠡᠰ ᠤᠨ ᠬᠤᠭᠤᠷᠤᠨᠳᠤᠬᠢ ᠠᠰᠢᠭ ᠲᠤᠰᠠ ᠶᠢᠨ ᠬᠡᠯᠬᠢᠶ᠎ᠡ ᠶᠢ ᠲᠠᠰᠤᠯᠵᠤ᠂ ᠡᠮ ᠡᠮᠨᠡᠯᠭᠡ ᠶᠢᠨ | ᠵᠠᠷᠤᠳᠠᠯ ᠢ ᠬᠠᠮᠢᠶᠠᠷᠴᠤ ᠡᠵᠡᠮᠳᠡᠬᠦ ᠳᠦᠷᠢᠮ ᠢ ᠲᠡᠭᠦᠯᠳᠡᠷᠵᠢᠭᠦᠯᠦᠨ᠂ ᠡᠮ ᠡᠮᠨᠡᠯᠭᠡ ᠶᠢᠨ ᠵᠠᠷᠤᠳᠠᠯ ᠤᠨ ᠵᠦᠢ ᠵᠣᠬᠢᠰ | ᠦᠭᠡᠢ ᠪᠠᠷ ᠨᠡᠮᠡᠭᠳᠡᠬᠦ ᠶᠢ ᠴᠢᠩᠭ᠎ᠠ ᠡᠵᠡᠮᠳᠡᠬᠦ ᠬᠡᠷᠡᠭᠲᠡᠢ᠃ ᠵᠦᠢ ᠵᠣᠬᠢᠰᠲᠠᠢ ᠪᠠᠷ ᠡᠮ ᠬᠡᠷᠡᠭᠯᠡᠬᠦ᠂ ᠵᠦᠢ | ᠵᠣᠬᠢᠰᠲᠠᠢ ᠪᠠᠷ ᠬᠤᠷᠤᠭᠳᠠᠯ ᠮᠠᠲ᠋ᠧᠷᠢᠶᠠᠯ ᠬᠡᠷᠡᠭᠯᠡᠬᠦ᠂ ᠵᠦᠢ ᠵᠣᠬᠢᠰᠲᠠᠢ ᠪᠠᠷ ᠪᠠᠶᠢᠴᠠᠭᠠᠬᠤ᠂ ᠵᠦᠢ ᠵᠣᠬᠢᠰᠲᠠᠢ ᠪᠠᠷ | ᠣᠨᠣᠰᠢᠯᠠᠨ ᠡᠮᠨᠡᠬᠦ ᠶᠢ ᠪᠠᠷᠢᠮᠲᠠᠯᠠᠵᠤ᠂ ᠦᠨᠡᠲᠡᠢ᠂ ᠬᠡᠷᠡᠭᠯᠡᠬᠦ ᠬᠡᠮᠵᠢᠶ᠎ᠡ ᠨᠢ ᠶᠡᠭᠡ᠂ ᠵᠠᠰᠠᠯᠲᠠ ᠶᠢᠨ ᠪᠤᠰᠤ ᠲᠤᠰᠠᠯᠠᠬᠤ | ᠴᠢᠨᠠᠷᠲᠠᠢ ᠵᠡᠷᠭᠡ ᠭᠤᠣᠯᠳᠠᠯᠭ᠎ᠠ ᠲᠠᠢ ᠡᠮ ᠤᠨ ᠵᠦᠢᠯᠡᠰ᠂ ᠬᠤᠷᠤᠭᠳᠠᠯ ᠮᠠᠲ᠋ᠧᠷᠢᠶᠠᠯ ᠤᠨ ᠬᠢᠨᠠᠨ ᠡᠵᠡᠮᠳᠡᠬᠦ ᠭᠠᠷᠴᠠᠭ ᠢ | ᠪᠠᠶᠢᠭᠤᠯᠵᠤ᠂ ᠠᠵᠢᠯ ᠡᠷᠬᠢᠯᠡᠬᠦ ᠶᠡᠭᠡ ᠡᠮᠴᠢ ᠶᠢᠨ ᠵᠣᠷ ᠵᠡᠷᠭᠡ ᠣᠨᠣᠰᠢᠯᠠᠨ ᠡᠮᠨᠡᠬᠦ ᠠᠵᠢᠯᠯᠠᠭ᠎ᠠ ᠶᠢᠨ ᠳᠤᠲᠤᠭᠠᠲᠤ | ᠬᠢᠨᠠᠯᠲᠠ ᠶᠢ ᠴᠢᠩᠭᠠᠳᠬᠠᠬᠤ ᠬᠡᠷᠡᠭᠲᠡᠢ᠃ ᠡᠮᠨᠡᠯᠭᠡ ᠶᠢᠨ ᠬᠤᠷᠢᠶ᠎ᠠ ᠶᠢᠨ ᠴᠠᠯᠢᠩ ᠤᠨ ᠶᠡᠷᠦᠩᠬᠡᠢ ᠲᠤᠭ᠎ᠠ ᠬᠢᠭᠡᠳ | ᠡᠮ ᠤᠨ ᠵᠦᠢᠯᠡᠰ᠂ ᠬᠤᠷᠤᠭᠳᠠᠯ ᠮᠠᠲ᠋ᠧᠷᠢᠶᠠᠯ᠂ ᠪᠠᠶᠢᠴᠠᠭᠠᠯᠲᠠ ᠬᠢᠬᠦ ᠣᠷᠣᠯᠭ᠎ᠠ ᠶᠢᠨ ᠡᠵᠡᠯᠡᠬᠦ ᠬᠠᠷᠢᠴᠠᠯ ᠢ | ᠪᠠᠭᠤᠷᠠᠭᠤᠯᠬᠤ ᠯᠤᠭ᠎ᠠ ᠬᠤᠯᠪᠤᠭᠳᠠᠭᠤᠯᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠡᠮᠨᠡᠯᠭᠡ ᠶᠢᠨ | ᠬᠤᠷᠢᠶ᠎ᠠ ᠶᠢᠨ ᠶᠡᠷᠦᠩᠬᠡᠢ ᠣᠷᠣᠯᠭ᠎ᠠ ᠳᠤ ᠡᠵᠡᠯᠡᠬᠦ ᠡᠮ ᠤᠨ ᠵᠦᠢᠯᠡᠰ᠂ ᠬᠤᠷᠤᠭᠳᠠᠯ ᠮᠠᠲ᠋ᠧᠷᠢᠶᠠᠯ᠂ ᠪᠠᠶᠢᠴᠠᠭᠠᠯᠲᠠ | ᠬᠢᠬᠦ ᠣᠷᠣᠯᠭ᠎ᠠ ᠶᠢᠨ ᠬᠤᠪᠢ ᠶᠢᠨ ᠵᠢᠩ ᠢ ᠵᠢᠯ ᠳᠠᠷᠠᠭᠠᠯᠠᠨ ᠪᠠᠭᠤᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | 2015 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠣᠢ ᠪᠦᠬᠦᠢ ᠲᠣᠷᠰᠢᠯᠲᠠ ᠶᠢᠨ ᠴᠢᠬ ᠪᠣᠯᠬᠤ ᠬᠤᠲᠠ ᠶᠢᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠦᠮ᠎ᠡ ᠶᠢᠨ ᠰᠣᠷᠢᠨᠵᠢᠨ ᠳᠡᠷᠪᠢᠯᠳᠡ᠂ CT ᠵᠡᠷᠭᠡ | ᠡᠮᠴᠢᠯᠡᠭᠡᠨ ᠳᠤ ᠬᠡᠷᠡᠭᠯᠡᠬᠦ ᠲᠤᠮᠤ ᠬᠡᠯᠪᠡᠷᠢ ᠶᠢᠨ ᠲᠥᠭᠦᠭᠡᠷᠦᠮᠵᠢ ᠪᠠᠷ ᠪᠠᠶᠢᠴᠠᠭᠠᠵᠤ ᠵᠠᠰᠬᠠᠤ ᠲᠦᠷᠦᠯ ᠵᠦᠢᠯ ᠵᠢᠴᠢ | ᠬᠡᠰᠡᠭ ᠡᠮᠴᠢᠯᠡᠭᠡᠨ ᠤ ᠪᠠᠶᠢᠴᠠᠭᠠᠯᠲᠠ ᠰᠢᠯᠭᠠᠯᠲᠠ ᠶᠢᠨ ᠲᠦᠷᠦᠯ ᠵᠦᠢᠯ ᠤᠨ ᠦᠨ᠎ᠡ ᠬᠠᠩᠰᠢ ᠶᠢ 10% ᠠᠴᠠ | ᠳᠡᠭᠡᠭᠰᠢ ᠪᠠᠭᠤᠷᠠᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮ ᠤᠨ ᠡᠵᠡᠯᠡᠬᠦ ᠬᠠᠷᠢᠴᠠᠯ | ︵ᠮᠤᠩᠭᠤᠯ ᠡᠮ ᠤᠨ ᠲᠤᠳᠤᠭᠠᠲᠤ ᠶᠢᠨ ᠨᠠᠶᠢᠷᠠᠯᠲᠠ᠂ ᠮᠣᠩᠭᠤᠯ ᠬᠢᠲᠠᠳ ᠡᠮ ᠤᠨ ᠴᠢᠨᠠᠬᠤ ᠡᠮ ᠢ ᠪᠠᠭᠲᠠᠭᠠᠬᠤ | ᠦᠭᠡᠢ︶ ᠢ ᠪᠠᠭᠤᠷᠠᠭᠤᠯᠤᠭᠠᠳ 40% ᠳᠤ ᠬᠦᠷᠦᠭᠦᠯᠦᠨ᠂ 2017 ᠣᠨ ᠪᠣᠯᠲᠠᠯ᠎ᠠ ᠲᠣᠷᠰᠢᠯᠲᠠ ᠶᠢᠨ ᠴᠢᠬ | ᠪᠣᠯᠬᠤ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮ ᠤᠨ ᠡᠵᠡᠯᠡᠬᠦ ᠬᠠᠷᠢᠴᠠᠯ ︵ | ᠮᠣᠩᠭᠤᠯ ᠡᠮ ᠤᠨ ᠳᠤᠲᠤᠭᠠᠲᠤ ᠶᠢᠨ ᠨᠠᠶᠢᠷᠠᠯᠲᠠ᠂ ᠮᠤᠩᠭᠤᠯ ᠬᠢᠲᠠᠳ ᠡᠮ ᠤᠨ ᠴᠢᠨᠠᠬᠤ ᠡᠮ ᠢ ᠪᠠᠭᠲᠠᠭᠠᠬᠤ ᠦᠭᠡᠢ | ︶ ᠢ ᠪᠠᠭᠤᠷᠠᠭᠤᠯᠤᠭᠠᠳ 30% ᠰᠢᠬᠠᠮ ᠳᠤ ᠬᠦᠷᠦᠭᠦᠯᠵᠦ᠂ ᠵᠠᠭᠤᠨ ᠲᠦᠭᠦᠷᠢᠭ ᠤᠨ ᠡᠮᠴᠢᠯᠡᠭᠡᠨ ᠤ ᠣᠷᠣᠯᠭ᠎ᠠ ︵ | ᠡᠮ ᠤᠨ ᠵᠦᠢᠯᠡᠰ ᠤᠨ ᠣᠷᠣᠯᠭ᠎ᠠ ᠶᠢ ᠪᠠᠭᠲᠠᠭᠠᠬᠤ ᠦᠭᠡᠢ︶ ᠳᠣᠲᠤᠷ᠎ᠠ ᠡᠷᠡᠭᠦᠯ ᠬᠠᠮᠠᠭᠠᠯᠠᠯ ᠤᠨ ᠮᠠᠲ᠋ᠧᠷᠢᠶᠠᠯ | ᠵᠠᠷᠤᠴᠠᠭᠤᠯᠬᠤ ᠶᠢ ᠪᠠᠭᠤᠷᠠᠭᠤᠯᠤᠭᠠᠳ 20 ᠲᠦᠭᠦᠷᠢᠭ ᠠᠴᠠ ᠳᠣᠣᠷ᠎ᠠ ᠪᠣᠯᠭᠠᠬᠤ ᠬᠡᠷᠡᠭᠲᠡᠢ᠃ | ︵ᠭᠤᠷᠪᠠ︶ ᠡᠮᠴᠢᠯᠡᠭᠡᠨ ᠤ ᠳᠠᠭᠠᠳᠬᠠᠯ ᠤᠨ ᠮᠦᠩᠭᠦ ᠣᠯᠭᠤᠬᠤ ᠪᠠ ᠬᠢᠨᠠᠨ ᠬᠠᠮᠢᠶᠠᠷᠬᠤ ᠦᠢᠯᠡᠳᠦᠯ ᠢ | ᠴᠢᠩᠭᠠᠳᠬᠠᠨ᠎ᠠ᠃ | 8. ᠡᠮᠴᠢᠯᠡᠭᠡᠨ ᠤ ᠳᠠᠭᠠᠳᠬᠠᠯ ᠤᠨ ᠮᠦᠩᠭᠦ ᠣᠯᠭᠤᠬᠤ ᠠᠷᠭ᠎ᠠ ᠮᠠᠶ᠋ᠢᠭ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠠᠴᠠ ᠡᠮᠴᠢᠯᠡᠭᠡᠨ ᠤ ᠳᠠᠭᠠᠳᠬᠠᠯ ᠤᠨ ᠮᠦᠩᠭᠦ | ᠣᠯᠭᠤᠬᠤ ᠠᠷᠭ᠎ᠠ ᠮᠠᠶ᠋ᠢᠭ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠬᠤ ᠲᠥᠷᠥ ᠶᠢᠨ ᠪᠣᠳᠣᠯᠭ᠎ᠠ ᠶᠢᠨ | ᠪᠢᠴᠢᠭ ᠮᠠᠲ᠋ᠧᠷᠢᠶᠠᠯ ᠢ ᠲᠣᠭᠲᠠᠭᠠᠨ ᠨᠡᠶᠢᠲᠡᠯᠡᠬᠦ ᠬᠡᠷᠡᠭᠲᠡᠢ᠃ ᠵᠠᠷᠤᠳᠠᠯ ᠤᠨ ᠶᠡᠷᠦᠩᠬᠡᠢ ᠲᠤᠭ᠎ᠠ ᠶᠢ ᠡᠵᠡᠮᠳᠡᠭᠰᠡᠨ | ᠰᠠᠭᠤᠷᠢᠨ ᠳᠡᠭᠡᠷ᠎ᠡ ᠡᠪᠡᠳᠴᠢᠨ ᠤ ᠵᠦᠢᠯ᠂ ᠬᠦᠮᠦᠨ ᠤ ᠲᠤᠭ᠎ᠠ᠂ ᠡᠪᠡᠳᠴᠢᠲᠡᠨ ᠤ ᠣᠷᠣ ᠶᠢᠨ ᠲᠤᠭ᠎ᠠ ᠶᠤᠰᠣᠭᠠᠷ | ᠡᠳᠦᠷ ᠢᠶᠠᠷ ᠪᠤᠳᠤᠵᠤ ᠵᠠᠷᠤᠳᠠᠯ ᠥᠭᠬᠦ ᠵᠡᠷᠭᠡ ᠨᠡᠶᠢᠯᠡᠮᠡᠯ ᠬᠡᠯᠪᠡᠷᠢ ᠶᠢᠨ ᠵᠠᠷᠤᠳᠠᠯ ᠥᠭᠬᠦ ᠠᠷᠭ᠎ᠠ ᠮᠠᠶ᠋ᠢᠭ ᠢ ᠪᠠᠶᠢᠭᠤᠯᠵᠤ | ᠂ ᠲᠦᠷᠦᠯ ᠵᠦᠢᠯ ᠶᠤᠰᠤᠭᠠᠷ ᠵᠠᠷᠤᠳᠠᠯ ᠥᠭᠬᠦ ᠶᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠲᠡᠢ᠃ ᠡᠪᠡᠳᠴᠢᠨ ᠢ | ᠣᠨᠣᠰᠢᠯᠠᠨ ᠡᠮᠨᠡᠬᠦ ᠬᠠᠮᠢᠶ᠎ᠠ ᠪᠦᠬᠦᠢ ᠳᠤᠭᠤᠶᠢᠯᠠᠩ ︵DRGs︶ ᠶᠣᠰᠤᠭᠠᠷ ᠵᠠᠷᠤᠳᠠᠯ ᠥᠭᠬᠦ ᠠᠷᠭ᠎ᠠ ᠮᠠᠶ᠋ᠢᠭ ᠢ | ᠬᠡᠷᠡᠭᠵᠢᠭᠦᠯᠬᠦ ᠶᠢ ᠵᠣᠷᠢᠬᠵᠢᠭᠤᠯᠬᠤ ᠬᠡᠷᠡᠭᠲᠡᠢ᠃ ᠮᠦᠩᠭᠦ ᠣᠯᠭᠤᠬᠤ ᠠᠷᠭ᠎ᠠ ᠮᠠᠶ᠋ᠢᠭ ᠤᠨ ᠦᠭᠡᠷᠡᠴᠢᠯᠡᠯᠲᠡ ᠨᠢ ᠣᠷᠣᠨ | ᠪᠦᠰᠡ ᠶᠢᠨ ᠲᠤᠳᠤᠷᠠᠬᠢ ᠪᠣᠢ ᠪᠦᠬᠦᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ ᠬᠠᠮᠤᠷᠬᠤ ᠶᠢᠨ | ᠬᠠᠮᠲᠤ᠂ ᠪᠣᠢ ᠪᠦᠬᠦᠢ ᠡᠮᠴᠢᠯᠡᠭᠡᠨ ᠤ ᠦᠢᠯᠡᠴᠢᠯᠡᠭᠡ ᠶᠢ ᠠᠯᠬᠤᠮ ᠠᠯᠬᠤᠮ ᠢᠶᠠᠷ ᠬᠠᠮᠤᠷᠬᠤ ᠬᠡᠷᠡᠭᠲᠡᠢ᠃ 2015 | ᠣᠨ ᠳᠤ ᠲᠣᠷᠰᠢᠯᠲᠠ ᠶᠢᠨ ᠴᠢᠬ ᠪᠣᠯᠬᠤ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠨᠤᠭᠤᠳ ᠨᠢ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ᠂ ᠡᠪᠡᠳᠴᠢᠨ ᠤ ᠵᠦᠢᠯ ᠢᠶᠠᠷ ᠵᠠᠷᠤᠳᠠᠯ ᠥᠭᠬᠦ | ᠡᠪᠡᠳᠴᠢᠨ ᠤ ᠵᠦᠢᠯ ᠤᠨ ᠲᠤᠭ᠎ᠠ ᠪᠠ ᠡᠮᠨᠡᠯᠭᠡ ᠳᠤ ᠰᠠᠭᠤᠬᠤ ᠡᠪᠡᠳᠴᠢᠲᠡᠨ ᠤ ᠡᠪᠡᠳᠴᠢᠨ ᠤ ᠵᠦᠢᠯ ᠢᠶᠠᠷ ᠵᠠᠷᠤᠳᠠᠯ | ᠥᠭᠬᠦ ᠶᠢᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠭᠡᠵᠦ᠂ 2016 ᠣᠨ ᠤ ᠵᠢᠯ ᠤᠨ | ᠰᠡᠭᠦᠯᠴᠢ ᠠᠴᠠ ᠡᠮᠦᠨ᠎ᠡ᠂ ᠲᠣᠷᠰᠢᠯᠲᠠ ᠶᠢᠨ ᠴᠢᠬ ᠪᠣᠯᠬᠤ ᠬᠤᠲᠠ ᠨᠤᠭᠤᠳ ᠨᠢ ᠡᠪᠡᠳᠴᠢᠨ ᠤ ᠵᠦᠢᠯ ᠢᠶᠠᠷ | ᠵᠠᠷᠤᠳᠠᠯ ᠥᠭᠬᠦ ᠡᠪᠡᠳᠴᠢᠨ ᠤ ᠵᠦᠢᠯ ᠢ 100 ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠰᠠᠭᠤᠷᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠦᠩᠭᠦ ᠶᠢᠨ ᠣᠷᠣᠯᠭ᠎ᠠ ᠵᠠᠷᠤᠯᠭ᠎ᠠ ᠶᠢᠨ ᠲᠦᠰᠦᠪ ᠢ ᠴᠢᠩᠭᠠᠳᠬᠠᠬᠤ ᠬᠡᠷᠡᠭᠲᠡᠢ᠃ | ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠪᠣᠯᠣᠨ ᠲᠣᠭᠲᠠᠭᠰᠠᠨ ᠴᠢᠬ ᠤᠨ | ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠤᠨᠳᠤᠬᠢ ᠢᠯᠡ ᠪᠦᠭᠡᠳ ᠡᠷᠬᠡ ᠲᠡᠭᠰᠢ ᠪᠠᠶᠢᠬᠤ ᠬᠡᠯᠡᠯᠭᠡᠨ ᠵᠦᠪᠳᠡᠯᠴᠡᠬᠦ | ᠲᠣᠭᠲᠠᠴᠠ ᠪᠠ ᠲᠥᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠲᠦᠷᠭᠡᠳᠭᠡᠨ ᠪᠠᠶᠢᠭᠤᠯᠬᠤ ᠬᠡᠷᠡᠭᠲᠡᠢ᠃ | ᠵᠦᠷᠢᠶᠡᠴᠢᠯᠡᠭᠰᠡᠨ ᠡᠮᠴᠢᠯᠡᠭᠡᠨ ᠤ ᠳᠠᠭᠠᠳᠬᠠᠯ ᠤᠨ ᠮᠦᠩᠭᠦ ᠣᠯᠭᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠡᠮᠴᠢᠯᠡᠭᠡᠨ ᠤ ᠳᠠᠭᠠᠳᠬᠠᠯ ᠤᠨ ᠮᠦᠩᠭᠦ ᠣᠯᠭᠤᠬᠤ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤ᠂ ᠮᠤᠩᠭᠤᠯ | ᠬᠢᠲᠠᠳ ᠡᠮᠨᠡᠯᠭᠡ ᠲᠡᠰᠢ ᠤᠯᠠᠮ ᠨᠢᠭᠡ ᠠᠯᠬᠤᠮ ᠬᠡᠯᠪᠠᠶᠢᠯᠭᠡᠨ᠂ ᠠᠳᠠᠯᠢ ᠪᠤᠰᠤ ᠵᠡᠷᠭᠡ ᠳᠡᠰ ᠤᠨ ᠲᠣᠭᠲᠠᠭᠰᠠᠨ | ᠴᠢᠬ ᠤᠨ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠤᠳᠤᠬᠢ ᠳᠠᠩᠰᠠ ᠳᠠᠶᠢᠯᠬᠤ ᠬᠠᠷᠢᠴᠠᠯ ᠢ ᠶᠡᠬᠡᠰᠬᠡᠵᠦ᠂ ᠵᠦᠢ | ᠵᠣᠬᠢᠰᠲᠠᠢ ᠡᠮᠴᠢᠯᠡᠭᠡᠨ ᠤ ᠬᠠᠨᠳᠤᠰᠢ ᠶᠢ ᠬᠦᠲᠦᠯᠦᠨ ᠵᠢᠯᠤᠭᠤᠳᠬᠤ ᠬᠡᠷᠡᠭᠲᠡᠢ᠃ | 9. ᠡᠮᠴᠢᠯᠡᠭᠡᠨ ᠤ ᠵᠠᠮ ᠮᠥᠷ ᠤᠨ ᠬᠠᠮᠢᠶᠠᠷᠤᠯᠲᠠ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠵᠠᠮ ᠮᠥᠷ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠡᠮᠴᠢᠯᠡᠭᠡᠨ ᠤ ᠵᠠᠮ ᠮᠥᠷ ᠢᠶᠠᠷ ᠬᠠᠮᠢᠶᠠᠷᠬᠤ ᠪᠠ ᠬᠢᠨᠠᠨ ᠰᠢᠯᠭᠠᠬᠤ ᠲᠡᠪᠴᠡᠩ ᠢ ᠪᠠᠶᠢᠭᠤᠯᠤᠨ᠂ | ᠡᠮᠴᠢᠯᠡᠭᠡᠨ ᠤ ᠵᠠᠮ ᠮᠥᠷ ᠤᠨ ᠬᠠᠮᠢᠶᠠᠷᠤᠯᠲᠠ ᠶᠢᠨ ᠠᠵᠢᠯ ᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠡᠮᠴᠢᠯᠡᠭᠡᠨ ᠤ ᠶᠠᠰᠤ ᠴᠢᠨᠠᠷ ᠢ ᠦᠨᠡᠯᠡᠬᠦ ᠭᠦᠢᠴᠡᠳᠭᠡᠯ ᠲᠤᠭ᠎ᠠ ᠪᠠ ᠠᠵᠢᠯ ᠤᠨ ᠠᠮᠵᠢᠯᠲᠠ | ᠪᠦᠲᠦᠮᠵᠢ ᠶᠢ ᠬᠠᠮᠢᠶᠠᠷᠬᠤ ᠭᠦᠢᠴᠡᠳᠭᠡᠯ ᠲᠤᠭ᠎ᠠ ᠶᠢᠨ ᠰᠢᠰᠲ᠋ᠧᠮᠵᠢ ᠳᠤ ᠣᠷᠤᠭᠤᠯᠬᠤ ᠬᠡᠷᠡᠭᠲᠡᠢ᠃ ᠡᠮᠴᠢᠯᠡᠭᠡᠨ ᠤ | ᠵᠠᠮ ᠮᠥᠷ ᠤᠨ ᠬᠠᠮᠢᠶᠠᠷᠤᠯᠲᠠ ᠶᠢᠨ ᠡᠪᠡᠳᠴᠢᠨ ᠤ ᠵᠦᠢᠯ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠭᠡᠬᠦ | ᠬᠡᠷᠡᠭᠲᠡᠢ᠃ ᠡᠪᠡᠳᠴᠢᠨ ᠤ ᠵᠦᠢᠯ ᠢᠶᠠᠷ ᠰᠦᠢᠳᠭᠡᠯ ᠬᠤᠷᠢᠶᠠᠬᠤ ᠪᠠᠷᠢᠮᠵᠢᠶ᠎ᠠ ᠶᠢ ᠤᠯᠤᠰ ᠤᠨ ᠡᠮᠴᠢᠯᠡᠭᠡᠨ ᠤ ᠵᠠᠮ | ᠮᠥᠷ ᠤᠨ ᠬᠠᠮᠢᠶᠠᠷᠤᠯᠲᠠ ᠶᠢᠨ ᠪᠠᠷᠢᠮᠵᠢᠶ᠎ᠠ ᠶᠤᠰᠤᠭᠠᠷ ᠲᠦᠰᠦᠭᠡᠯᠡᠨ ᠪᠤᠳᠤᠵᠤ᠂ ᠲᠣᠷᠰᠢᠯᠲᠠ ᠶᠢᠨ ᠴᠢᠬ ᠪᠣᠯᠬᠤ | ᠬᠤᠲᠠ ᠨᠤᠭᠤᠳ ᠨᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠵᠠᠮ ᠮᠥᠷ ᠤᠨ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠡᠮᠴᠢᠯᠡᠭᠡᠨ ᠤ ᠵᠠᠮ ᠮᠥᠷ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ | ᠠᠬᠢᠭᠤᠯᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠪᠡᠳᠴᠢᠨ ᠤ ᠵᠦᠢᠯ ᠤᠨ | ᠡᠮᠴᠢᠯᠡᠭᠡᠨ ᠤ ᠵᠠᠮ ᠮᠥᠷ ᠤᠨ ᠬᠠᠮᠢᠶᠠᠷᠤᠯᠲᠠ ᠶᠢᠨ ᠨᠤᠷᠮ᠎ᠠ ᠶᠢ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ | ᠴᠢᠬ ᠤᠨ ᠬᠢᠷᠢ ᠭᠡᠮ ᠪᠣᠯᠣᠨ ᠳᠠᠩᠰᠠ ᠳᠠᠶᠢᠯᠬᠤ ᠬᠠᠷᠢᠴᠠᠯ ᠢ ᠲᠣᠭᠲᠠᠭᠠᠬᠤ ᠭᠤᠣᠯ ᠪᠣᠯᠬᠤ ᠭᠦᠢᠴᠡᠳᠭᠡᠯ | ᠲᠤᠭ᠎ᠠ ᠶᠢᠨ ᠨᠢᠭᠡ ᠪᠣᠯᠭᠠᠬᠤ ᠪᠠᠷ ᠰᠦᠪᠡᠭᠴᠢᠯᠡᠬᠦ ᠬᠡᠷᠡᠭᠲᠡᠢ᠃ 2016 ᠣᠨ ᠤ ᠵᠢᠯ ᠤᠨ ᠰᠡᠭᠦᠯᠴᠢ ᠪᠣᠯᠲᠠᠯ᠎ᠠ᠂ | ᠲᠣᠷᠰᠢᠯᠲᠠ ᠶᠢᠨ ᠴᠢᠬ ᠪᠣᠯᠬᠤ ᠬᠤᠲᠠ ᠶᠢᠨ ᠪᠣᠢ ᠪᠦᠬᠦᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠡᠮᠴᠢᠯᠡᠭᠡᠨ ᠤ ᠵᠠᠮ ᠮᠥᠷ ᠤᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠡᠪᠡᠳᠴᠢᠨ ᠤ ᠵᠢᠱᠢᠶ᠎ᠡ ᠶᠢᠨ | ᠲᠤᠭ᠎ᠠ ᠶᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠪᠡᠳᠴᠢᠨ ᠢᠶᠠᠨ ᠡᠳᠡᠭᠡᠷᠡᠭᠦᠯᠦᠨ | ᠡᠮᠨᠡᠯᠭᠡ ᠠᠴᠠ ᠭᠠᠷᠤᠭᠰᠠᠨ ᠡᠪᠡᠳᠴᠢᠨ ᠤ ᠵᠢᠱᠢᠶ᠎ᠡ ᠶᠢᠨ ᠲᠤᠭ᠎ᠠ ᠶᠢᠨ 30% ᠳᠤ ᠬᠦᠷᠦᠭᠦᠯᠬᠦ ᠬᠡᠷᠡᠭᠲᠡᠢ ︵ᠮᠤᠩᠭᠤᠯ | ᠡᠮᠨᠡᠯᠭᠡ ᠶᠢᠨ ᠣᠨᠣᠰᠢᠯᠠᠨ ᠡᠮᠨᠡᠬᠦ ᠡᠪᠡᠳᠴᠢᠨ ᠤ ᠵᠦᠢᠯ ᠢ ᠪᠠᠭᠲᠠᠭᠠᠬᠤ ᠦᠭᠡᠢ︶᠃ | 10. ᠡᠮᠴᠢᠯᠡᠭᠡᠨ ᠤ ᠪᠠᠲᠤᠯᠠᠭ᠎ᠠ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ | ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤᠲᠤᠷᠠᠬᠢ ᠮᠦᠩᠭᠦ ᠣᠯᠭᠤᠬᠤ ᠬᠠᠷᠢᠴᠠᠯ ᠬᠢᠭᠡᠳ ᠡᠮᠨᠡᠯᠭᠡ ᠳᠤ | ᠰᠠᠭᠤᠭᠰᠠᠨ ᠪᠤᠲᠠᠲᠠᠢ ᠵᠠᠷᠤᠳᠠᠯ ᠥᠭᠬᠦ ᠬᠠᠷᠢᠴᠠᠯ ᠤᠨ ᠬᠤᠭᠤᠷᠤᠨᠳᠤᠬᠢ ᠵᠦᠷᠢᠶ᠎ᠡ ᠶᠢ ᠠᠯᠬᠤᠮ ᠠᠯᠬᠤᠮ ᠢᠶᠠᠷ | ᠪᠠᠭᠠᠰᠬᠠᠨ᠂ ᠡᠳᠦᠷ ᠤᠨ ᠮᠡᠰᠡ ᠵᠠᠰᠠᠯ ᠪᠣᠯᠣᠨ ᠨᠦᠬᠦᠴᠡᠯ ᠳᠤ ᠨᠡᠶᠢᠴᠡᠬᠦ ᠡᠮᠴᠢᠯᠡᠭᠡᠨ ᠤ ᠪᠠᠶᠢᠭᠤᠯᠤᠮᠵᠢ ᠶᠢᠨ | ᠮᠤᠩᠭᠤᠯ ᠬᠢᠲᠠᠳ ᠡᠮ ᠤᠨ ᠨᠠᠶᠢᠷᠠᠯᠲᠠ᠂ ᠵᠡᠭᠦᠦ ᠲᠦᠭᠡᠨᠡᠯᠭᠡ᠂ ᠵᠠᠰᠠᠯᠲᠠ ᠶᠢᠨ ᠴᠢᠨᠠᠷᠲᠠᠢ ᠢᠯᠢᠯᠡᠭᠡ ᠵᠡᠷᠭᠡ ᠮᠣᠩᠭᠤᠯ | ᠬᠢᠲᠠᠳ ᠡᠮᠨᠡᠯᠭᠡ ᠶᠢᠨ ᠡᠮ ᠤᠨ ᠪᠤᠰᠤ ᠣᠨᠣᠰᠢᠯᠠᠨ ᠡᠮᠨᠡᠬᠦ ᠮᠡᠷᠭᠡᠵᠢᠯ ᠪᠣᠯᠣᠨ ᠡᠮᠲᠦ ᠤᠬᠢᠶᠠᠯ᠂ ᠳᠠᠪᠰᠢᠯᠲᠠ᠂ ᠴᠡᠭᠡ | ᠪᠣᠯᠣᠨ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ ᠵᠡᠷᠭᠡ ᠮᠣᠩᠭᠤᠯ ᠡᠮᠨᠡᠯᠭᠡ ᠶᠢᠨ ᠤᠯᠠᠮᠵᠢᠯᠠᠯᠲᠤ ᠡᠮᠴᠢᠯᠡᠭᠡᠨ ᠤ | ᠠᠷᠭ᠎ᠠ ᠶᠢ ᠡᠮᠴᠢᠯᠡᠭᠡᠨ ᠤ ᠳᠠᠭᠠᠳᠬᠠᠯ ᠤᠨ ᠳᠠᠩᠰᠠ ᠲᠠᠶᠢᠯᠬᠤ ᠳᠤ ᠣᠷᠤᠭᠤᠯᠵᠤ᠂ ᠮᠤᠩᠭᠤᠯ ᠬᠢᠲᠠᠳ ᠡᠮ | ᠡᠮᠨᠡᠯᠭᠡ ᠶᠢᠨ ᠦᠢᠯᠡᠴᠢᠯᠡᠭᠡ ᠬᠠᠩᠭᠠᠬᠤ ᠪᠠ ᠬᠡᠷᠡᠭᠯᠡᠬᠦ ᠶᠢ ᠵᠣᠷᠢᠬᠵᠢᠭᠤᠯᠬᠤ ᠬᠡᠷᠡᠭᠲᠡᠢ᠃ ᠡᠪᠡᠳᠴᠢᠨ ᠡᠮᠭᠡᠭ ᠤᠨ | ᠪᠠᠴᠢᠮ ᠪᠠᠶᠢᠳᠠᠯ ᠳᠤ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠦᠨᠳᠦ ᠡᠪᠡᠳᠴᠢᠨ ᠤ | ᠡᠮᠴᠢᠯᠡᠭᠡᠨ ᠤ ᠳᠠᠭᠠᠳᠬᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠰᠠᠨᠠᠯ ᠢ ᠲᠣᠭᠲᠠᠭᠠᠬᠤ | ᠬᠡᠷᠡᠭᠲᠡᠢ᠃ 2015 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠦᠨᠳᠦ ᠡᠪᠡᠳᠴᠢᠨ ᠤ ᠡᠮᠴᠢᠯᠡᠭᠡᠨ ᠤ | ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠬᠦᠨᠳᠦ ᠡᠪᠡᠳᠴᠢᠨ ᠤ ᠡᠮᠴᠢᠯᠡᠭᠡᠨ ᠤ | ᠳᠠᠭᠠᠳᠬᠠᠯ ᠤᠨ ᠦᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠲᠦᠯᠲᠡᠢ ᠲᠦᠯᠦᠪᠯᠡᠭᠦ ᠶᠢ ᠰᠦᠪᠡᠭᠴᠢᠯᠡᠨ | ᠬᠡᠷᠡᠭᠵᠢᠭᠦᠯᠬᠦ ᠬᠡᠷᠡᠭᠲᠡᠢ᠃ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠢ ᠲᠦᠷᠭᠡᠳᠭᠡᠨ ᠬᠥᠭᠵᠢᠭᠦᠯᠵᠦ᠂ | ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠺᠤᠮᠫᠠᠨᠢ ᠶᠢᠨ ᠲᠤᠰᠬᠠᠢ ᠮᠡᠷᠭᠡᠵᠢᠯ ᠢ ᠠᠰᠢᠭᠯᠠᠨ᠂ ᠲᠡᠭᠦᠨ ᠤ | ᠭᠤᠷᠪᠠᠳᠡᠬᠢ ᠡᠲᠡᠭᠡᠳ ᠤᠨ ᠬᠤᠳᠠᠯᠳᠤᠨ ᠠᠪᠤᠭᠴᠢ ᠶᠢᠨ ᠦᠢᠯᠡᠳᠦᠯ ᠢ ᠪᠠᠳᠠᠷᠠᠭᠤᠯᠵᠤ᠂ ᠡᠮᠴᠢ ᠡᠪᠡᠳᠴᠢᠲᠠᠨ ᠤ | ᠮᠡᠳᠡᠭᠡ ᠵᠠᠩᠭᠢ ᠲᠡᠭᠰᠢ ᠦᠭᠡᠢ ᠪᠠ ᠡᠮᠴᠢ ᠡᠪᠡᠳᠴᠢᠲᠠᠨ ᠤ ᠵᠦᠷᠢᠴᠡᠯ ᠤᠨ ᠠᠰᠠᠭᠤᠳᠠᠯ ᠢ ᠬᠠᠪᠰᠤᠷᠤᠨ ᠨᠠᠮᠳᠠᠭᠤᠯᠬᠤ | ᠬᠡᠷᠡᠭᠲᠡᠢ᠃ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ | ᠠᠪᠤᠷᠠᠯᠲᠠ ᠲᠤᠰᠠᠯᠠᠮᠵᠢ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠡᠷᠭᠡ ᠣᠯᠠᠨ ᠵᠦᠢᠯ ᠤᠨ | ᠪᠠᠲᠤᠯᠠᠭ᠎ᠠ ᠶᠢᠨ ᠳᠦᠷᠢᠮ ᠤᠨ ᠵᠤᠯᠭᠠᠭᠤᠯᠲᠠ ᠶᠢ ᠴᠢᠩᠭᠠᠳᠬᠠᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠡᠮᠨᠡᠯᠭᠡ ᠳᠤ ᠰᠠᠭᠤᠬᠤ ᠵᠠᠷᠤᠳᠠᠯ ᠤᠨ ᠬᠤᠪᠢ ᠬᠦᠮᠦᠨ ᠤ ᠪᠤᠲᠠᠲᠠᠢ ᠵᠠᠷᠤᠴᠠᠭᠤᠯᠬᠤ ᠬᠠᠷᠢᠴᠠᠯ ᠢ ᠠᠯᠬᠤᠮ | ᠠᠯᠬᠤᠮ ᠢᠶᠠᠷ ᠪᠠᠭᠤᠷᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠦᠬᠡᠳ ᠵᠦᠢ ᠵᠣᠬᠢᠰᠲᠠᠢ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠨᠢᠭᠡᠲᠦᠯᠲᠡᠢ ᠲᠦᠯᠦᠪᠯᠡᠬᠦ ᠳᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠬᠦ ᠬᠡᠷᠡᠭᠲᠡᠢ᠃ | 11. ᠡᠮᠴᠢᠯᠡᠭᠡᠨ ᠤ ᠳᠠᠭᠠᠳᠬᠠᠯ ᠤᠨ ᠬᠢᠨᠠᠨ ᠡᠵᠡᠮᠳᠡᠬᠦ ᠦᠢᠯᠡᠳᠦᠯ ᠢ ᠪᠠᠳᠠᠷᠠᠭᠤᠯᠬᠤ ᠬᠡᠷᠡᠭᠲᠡᠢ᠃ | ᠲᠣᠷᠰᠢᠯᠲᠠ ᠶᠢᠨ ᠴᠢᠬ ᠪᠣᠯᠬᠤ ᠬᠤᠲᠠ ᠨᠤᠭᠤᠳ ᠨᠢ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠤᠶᠤᠨᠴᠢ | ᠬᠢᠨᠠᠯᠲᠠ ᠬᠠᠮᠢᠶᠠᠷᠤᠯᠲᠠ ᠶᠢᠨ ᠲᠡᠪᠴᠡᠩ ᠪᠣᠯᠣᠨ ᠬᠢᠨᠠᠯᠲᠠ ᠡᠵᠡᠮᠳᠡᠯ ᠤᠨ ᠪᠠᠷᠢᠮᠵᠢᠶ᠎ᠠ ᠶᠢᠨ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠭᠤᠣᠯᠳᠠᠯᠭ᠎ᠠ ᠲᠠᠢ ᠭᠤᠭᠴᠤᠭ᠎ᠠ ᠶᠢ ᠲᠤᠳᠤᠷᠬᠠᠢ ᠬᠢᠨᠠᠨ ᠬᠠᠮᠢᠶᠠᠷᠬᠤ ᠬᠡᠷᠡᠭᠲᠡᠢ᠃ | ᠮᠡᠳᠡᠭᠡ ᠵᠠᠩᠬᠢᠵᠢᠯᠲᠠ ᠶᠢᠨ ᠠᠷᠭ᠎ᠠ ᠠᠪᠴᠠᠯ ᠢ ᠠᠰᠢᠭᠯᠠᠨ᠂ ᠡᠮᠨᠡᠯᠭᠡ ᠶᠢᠨ ᠠᠵᠢᠯᠲᠠᠳ ᠤᠨ ᠡᠮ ᠬᠡᠷᠡᠭᠯᠡᠬᠦ᠂ | ᠪᠠᠶᠢᠴᠠᠭᠠᠬᠤ ᠵᠡᠷᠭᠡ ᠡᠮᠴᠢᠯᠡᠭᠡ ᠶᠢᠨ ᠦᠢᠯᠡᠴᠢᠯᠡᠭᠡᠨ ᠤ ᠠᠵᠢᠯᠯᠠᠭ᠎ᠠ ᠳᠤ ᠡᠮᠴᠢᠯᠡᠭᠡᠨ ᠤ ᠳᠠᠭᠠᠳᠬᠠᠯ ᠤᠨ ᠬᠢᠨᠠᠯᠲᠠ | ᠲᠠᠯᠪᠢᠬᠤ ᠶᠢ ᠠᠯᠬᠤᠮ ᠠᠯᠬᠤᠮ ᠢᠶᠠᠷ ᠪᠦᠷᠢᠨᠰᠢᠭᠦᠯᠬᠦ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠮᠦᠩᠭᠦ ᠶᠢᠨ | ᠣᠷᠣᠯᠭ᠎ᠠ ᠵᠠᠷᠤᠯᠭ᠎ᠠ ᠶᠢᠨ ᠲᠦᠰᠦᠪ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ | ᠳᠠᠭᠠᠳᠬᠠᠯ ᠤᠨ ᠬᠢᠨ ᠤ ᠨᠢᠭᠡᠲᠦᠯᠲᠡᠢ ᠲᠦᠯᠦᠪᠯᠡᠬᠦ ᠣᠷᠣᠨ ᠪᠦᠰᠡ ᠶᠢᠨ ᠳᠤᠲᠤᠭᠠᠳᠤᠬᠢ ᠡᠮᠴᠢᠯᠡᠭᠡᠨ ᠤ ᠵᠠᠷᠤᠳᠠᠯ ᠤᠨ | ᠨᠡᠮᠡᠭᠳᠡᠬᠦ ᠶᠢ ᠡᠵᠡᠮᠳᠡᠬᠦ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠤᠳᠠᠭ᠎ᠠ ᠪᠦᠷᠢ ᠶᠢᠨ | ᠲᠤᠮᠳᠠᠴᠢ ᠡᠮᠴᠢᠯᠡᠭᠡᠨ ᠤ ᠵᠠᠷᠤᠳᠠᠯ ᠤᠨ ᠨᠡᠮᠡᠭᠳᠡᠯ ᠪᠣᠯᠣᠨ ᠬᠤᠪᠢ ᠬᠦᠮᠦᠨ ᠤ ᠡᠭᠦᠷᠭᠡᠯᠡᠬᠦ ᠲᠣᠭᠲᠠᠭᠠᠭᠰᠠᠨ ᠲᠤᠭ᠎ᠠ ᠶᠢ | ᠡᠵᠡᠮᠳᠡᠭᠰᠡᠨ ᠪᠠᠶᠢᠳᠠᠯ ᠢᠶᠠᠨ ᠵᠡᠷᠭᠡ ᠳᠡᠰ ᠲᠠᠢ ᠡᠮᠨᠡᠯᠭᠡ ᠶᠢᠨ ᠬᠤᠷᠢᠶ᠎ᠠ ᠶᠢᠨ ᠦᠨᠡᠯᠡᠯᠲᠡ ᠶᠢᠨ ᠰᠢᠰᠲ᠋ᠧᠮᠵᠢ ᠳᠤ | ᠣᠷᠤᠭᠤᠯᠬᠤ ᠬᠡᠷᠡᠭᠲᠡᠢ᠃ ᠳᠠᠭᠠᠳᠬᠠᠯ ᠢ ᠬᠠᠭᠤᠷᠤᠨ ᠮᠡᠬᠡᠯᠡᠬᠦ ᠦᠢᠯᠡ ᠠᠵᠢᠯᠯᠠᠭ᠎ᠠ ᠶᠢ ᠰᠢᠳᠭᠡᠨ ᠲᠣᠷᠭᠠᠬᠤ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ︵ᠳᠥᠷᠪᠡ︶ ᠠᠵᠢᠯᠲᠠᠨ ᠤ ᠶᠠᠪᠤᠳᠠᠯ ᠴᠠᠯᠢᠩ ᠤᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | | 12. ᠣᠷᠣᠨ ᠲᠤᠭ᠎ᠠ ᠶᠢᠨ ᠬᠠᠮᠢᠶᠠᠷᠤᠯᠲᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠤᠭ᠎ᠠ ᠶᠢᠨ ᠪᠠᠷᠢᠮᠵᠢᠶ᠎ᠠ ᠶᠢᠨ | ᠦᠪᠡᠷᠲᠡᠭᠡᠨ ᠵᠠᠰᠠᠬᠤ ᠣᠷᠣᠨ ᠤ ᠵᠢᠯᠤᠭᠤᠳᠬᠤ ᠰᠠᠨᠠᠯ ᠢ ᠲᠣᠭᠲᠠᠭᠠᠵᠤ᠂ ᠦᠪᠡᠷᠲᠡᠭᠡᠨ ᠵᠠᠰᠠᠬᠤ ᠣᠷᠣᠨ ᠤ ᠭᠠᠵᠠᠷ | ᠨᠤᠲᠤᠭ ᠠᠭᠤᠳᠠᠮ ᠬᠦᠮᠦᠨ ᠠᠮᠠ ᠴᠦᠬᠡᠨ᠂ ᠴᠢᠳᠠᠪᠤᠷᠢᠲᠠᠨ ᠳᠤᠲᠠᠭᠳᠠᠵᠤ ᠪᠠᠶᠢᠭ᠎ᠠ ᠪᠤᠲᠠᠲᠠᠢ ᠲᠠᠢ ᠪᠠᠨ | ᠤᠶᠠᠯᠳᠤᠭᠤᠯᠤᠨ᠂ ᠪᠠᠶᠢᠭᠤᠯᠤᠮᠵᠢ ᠣᠷᠣᠨ ᠲᠤᠭ᠎ᠠ ᠶᠢ ᠨᠢᠭᠡᠲᠦᠯᠲᠡᠢ ᠤᠳᠤᠷᠢᠳᠬᠤ᠂ ᠱᠠᠲᠤ ᠬᠤᠪᠢᠶᠠᠨ ᠬᠠᠮᠢᠶᠠᠷᠬᠤ | ᠵᠠᠷᠴᠢᠮ ᠶᠤᠰᠤᠭᠠᠷ᠂ ᠲᠣᠷᠰᠢᠯᠲᠠ ᠶᠢᠨ ᠴᠢᠬ ᠪᠣᠯᠬᠤ ᠬᠤᠲᠠ ᠨᠤᠭᠤᠳ ᠠᠴᠠ ᠣᠷᠤᠨ ᠨᠤᠲᠤᠭ ᠤᠨ ᠣᠳᠣ ᠶᠢᠨ | ᠪᠠᠶᠢᠭ᠎ᠠ ᠣᠷᠣᠨ ᠲᠤᠭ᠎ᠠ ᠶᠢᠨ ᠶᠡᠷᠦᠩᠬᠡᠢ ᠬᠡᠮᠵᠢᠶᠡᠨ ᠳᠤᠲᠤᠷ᠎ᠠ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠣᠷᠣᠨ ᠲᠤᠭ᠎ᠠ ᠶᠢᠨ ᠶᠡᠷᠦᠩᠬᠡᠢ ᠬᠡᠮᠵᠢᠶ᠎ᠡ ᠶᠢ ᠵᠦᠢ ᠵᠣᠬᠢᠰᠲᠠᠢ ᠬᠢᠨᠠᠨ ᠲᠣᠭᠲᠠᠭᠠᠬᠤ ᠬᠡᠷᠡᠭᠲᠡᠢ᠃ | ᠨᠦᠬᠦᠴᠡᠯ ᠲᠠᠢ ᠭᠠᠵᠠᠷ ᠣᠷᠣᠨ ᠨᠤᠭᠤᠳ ᠨᠢ ᠣᠷᠣᠨ ᠪᠦᠰᠡ ᠶᠢᠨ ᠳᠣᠲᠤᠷᠠᠬᠢ ᠪᠣᠢ ᠪᠦᠬᠦᠢ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠣᠷᠣᠨ ᠲᠤᠭ᠎ᠠ ᠶᠢᠨ ᠶᠡᠷᠦᠩᠬᠡᠢ ᠬᠡᠮᠵᠢᠶ᠎ᠡ ᠶᠢ ᠠᠶᠢᠮᠠᠭ ᠬᠤᠲᠠ ᠪᠠᠷ | ᠰᠠᠭᠤᠷᠢ ᠨᠢᠭᠡᠴᠢ ᠪᠣᠯᠭᠠᠵᠤ ᠬᠢᠨᠠᠨ ᠲᠣᠭᠲᠠᠭᠠᠬᠤ ᠶᠢ ᠰᠦᠪᠡᠭᠴᠢᠯᠡᠵᠦ᠂ ᠣᠷᠤᠨ ᠲᠤᠭ᠎ᠠ ᠬᠤᠪᠢᠶᠠᠷᠢᠯᠠᠬᠤ ᠲᠤᠭ᠎ᠠ ᠶᠢ | ᠬᠤᠰᠢᠭᠤ ᠰᠢᠶᠠᠨ ︵ᠬᠤᠲᠠ︶ ᠲᠡᠰᠢ ᠬᠡᠯᠪᠠᠶᠢᠯᠭᠡᠨ᠂ ᠣᠷᠣᠨ ᠲᠤᠭ᠎ᠠ ᠶᠢ ᠲᠣᠬᠢᠷᠠᠭᠤᠯᠤᠨ ᠬᠡᠷᠡᠭᠯᠡᠬᠦ ᠰᠢᠨᠵᠢᠯᠡᠬᠦ | ᠤᠬᠠᠭᠠᠨᠴᠢ ᠵᠦᠢ ᠵᠣᠬᠢᠰᠲᠠᠢ ᠰᠢᠨ᠎ᠡ ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ | ᠰᠢᠨ᠎ᠡ ᠶᠢ ᠡᠭᠦᠳᠴᠦ᠂ ᠬᠢᠨᠠᠨ ᠵᠥᠪᠰᠢᠶᠡᠷᠡᠬᠦ ᠳᠦᠷᠢᠮ ᠬᠢᠭᠡᠳ ᠪᠦᠷᠢᠳᠭᠡᠨ ᠳᠠᠩᠰᠠᠯᠠᠬᠤ ᠳᠦᠷᠢᠮ ᠢ ᠬᠠᠷᠢᠯᠴᠠᠨ | ᠤᠶᠠᠯᠳᠤᠭᠤᠯᠤᠭᠰᠠᠨ᠂ ᠣᠷᠣᠨ ᠲᠤᠭ᠎ᠠ ᠶᠢ ᠪᠠᠲᠤᠯᠠᠬᠤ ᠪᠠ ᠦᠢᠯᠡᠴᠢᠯᠡᠭᠡ ᠬᠤᠳᠠᠯᠳᠤᠨ ᠠᠪᠬᠤ ᠶᠢ ᠬᠠᠷᠢᠯᠴᠠᠨ | ᠤᠶᠠᠯᠳᠤᠭᠤᠯᠤᠭᠰᠠᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠪᠣᠢ ᠪᠣᠯᠭᠠᠵᠤ᠂ | ᠬᠦᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠶᠡᠷᠦᠩᠬᠡᠢ ᠰᠠᠯᠠᠭ᠎ᠠ᠂ ᠬᠡᠦᠬᠡᠳ ᠤᠨ | ᠡᠮᠨᠡᠯᠭᠡ᠂ ᠲᠥᠷᠭᠡᠨ ᠡᠮᠨᠡᠯᠭᠡ᠂ ᠮᠣᠩᠭᠤᠯ ᠬᠢᠲᠠᠳ ᠡᠮᠨᠡᠯᠭᠡ ᠪᠣᠯᠣᠨ ᠣᠶᠣᠨ ᠮᠡᠳᠡᠷᠡᠯ ᠤᠨ ᠡᠮᠨᠡᠯᠭᠡ ᠵᠡᠷᠭᠡ ᠪᠠᠴᠢᠮ | ᠬᠡᠷᠡᠭᠴᠡᠭᠡᠲᠡᠢ ᠳᠤᠳᠠᠭᠳᠠᠵᠤ ᠪᠠᠶᠢᠭ᠎ᠠ ᠲᠤᠰᠬᠠᠢ ᠮᠡᠷᠭᠡᠵᠢᠯ ᠠᠴᠠ ᠪᠤᠰᠤᠳ᠂ ᠬᠤᠲᠠ ᠶᠢᠨ ᠭᠤᠷᠪᠠᠨ ᠳᠡᠰ ᠤᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠢᠷᠡᠭᠰᠡᠨ ᠠᠵᠢᠯᠲᠠᠨ ᠤ ᠣᠷᠣᠨ ᠲᠤᠭ᠎ᠠ ᠶᠢ | ᠡᠳ᠋ ᠤᠨ ᠵᠠᠰᠠᠭ ᠠᠴᠠ ᠵᠣᠭᠤᠰ ᠰᠢᠯᠵᠢᠭᠦᠯᠦᠨ ᠥᠭᠬᠦ ᠯᠦᠭᠡ ᠰᠠᠯᠭᠠᠵᠤ᠂ ᠡᠳ᠋ ᠤᠨ ᠵᠠᠰᠠᠭ ᠤᠨ ᠲᠤᠰᠠᠯᠠᠮᠵᠢ ᠶᠢᠨ | ᠲᠣᠭᠲᠠᠴᠠ ᠳᠤ ᠲᠠᠰᠤᠷᠠᠯᠲᠠ ᠦᠭᠡᠢ ᠰᠢᠨ᠎ᠡ ᠶᠢ ᠡᠭᠦᠳᠬᠦ ᠬᠡᠷᠡᠭᠲᠡᠢ᠃ | 13. ᠠᠵᠢᠯᠲᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ | ᠳᠦᠷᠢᠮ ᠪᠠ ᠠᠵᠢᠯ ᠤᠨ ᠪᠠᠶᠢᠷᠢ ᠶᠢᠨ ᠶᠡᠷᠦᠩᠬᠡᠢ ᠬᠡᠮᠵᠢᠶ᠎ᠡ᠂ ᠠᠵᠢᠯᠲᠠᠨ ᠤ ᠪᠦᠲᠦᠴᠡ ᠶᠢᠨ ᠬᠠᠷᠢᠴᠠᠯ ᠢ | ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠠᠵᠢᠯ ᠤᠨ | ᠪᠠᠶᠢᠷᠢ ᠲᠣᠬᠢᠷᠠᠭᠤᠯᠬᠤ᠂ ᠣᠷᠣᠯᠭ᠎ᠠ ᠬᠤᠪᠢᠶᠠᠷᠢᠯᠠᠬᠤ᠂ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ᠂ ᠬᠠᠮᠢᠶᠠᠷᠴᠤ | ᠬᠡᠷᠡᠭᠯᠡᠬᠦ ᠵᠡᠷᠭᠡ ᠲᠠᠯ᠎ᠠ ᠪᠠᠷ ᠣᠷᠣᠨ ᠲᠤᠭ᠎ᠠ ᠶᠢᠨ ᠳᠤᠲᠤᠷ᠎ᠠ ᠭᠠᠳᠠᠨᠠᠬᠢ ᠠᠵᠢᠯᠲᠠᠨ ᠤ ᠣᠯᠭᠤᠮᠵᠢ ᠶᠢ ᠨᠢᠭᠡᠲᠦᠯᠲᠡᠢ | ᠲᠦᠯᠦᠪᠯᠡᠨ ᠪᠤᠳᠤᠯᠬᠢᠯᠠᠵᠤ᠂ ᠤᠯᠤᠰ ᠤᠨ ᠲᠣᠭᠲᠠᠭᠠᠯ ᠶᠤᠰᠣᠭᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠳᠦᠷᠢᠮ ᠤᠨ ᠦᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠤᠷᠢᠨ ᠬᠡᠷᠡᠭᠯᠡᠬᠦ ᠳᠦᠷᠢᠮ ᠪᠠ ᠠᠵᠢᠯ ᠤᠨ ᠪᠠᠶᠢᠷᠢ ᠶᠢᠨ | ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠠᠵᠢᠯᠲᠠᠨ ᠤ ᠪᠡᠶ᠎ᠡ ᠶᠢᠨ ᠭᠠᠷᠤᠯ ᠤᠨ ᠬᠠᠮᠢᠶᠠᠷᠤᠯᠲᠠ ᠠᠴᠠ | ᠠᠵᠢᠯ ᠤᠨ ᠪᠠᠶᠢᠷᠢ ᠶᠢᠨ ᠬᠠᠮᠢᠶᠠᠷᠤᠯᠲᠠ ᠲᠡᠰᠢ ᠬᠤᠪᠢᠷᠠᠭᠤᠯᠤᠨ᠂ ᠣᠷᠣᠨ ᠲᠤᠭ᠎ᠠ ᠠᠵᠢᠯ ᠤᠨ ᠪᠠᠶᠢᠷᠢ ᠶᠢ | ᠲᠣᠭᠲᠠᠭᠠᠬᠤ ᠠᠴᠠ ᠪᠢᠰᠢ ᠠᠵᠢᠯᠲᠠᠨ ᠢ ᠲᠤᠭᠲᠠᠮᠠᠯ ᠪᠠᠶᠢᠯᠭᠠᠬᠤ ᠪᠢᠰᠢ᠂ ᠢᠷᠡᠵᠦ ᠶᠠᠪᠤᠵᠤ ᠪᠦᠷ ᠪᠣᠯᠬᠤ᠂ ᠳᠠᠪᠰᠢᠵᠤ | ᠪᠠᠭᠤᠵᠤ ᠪᠦᠷ ᠪᠣᠯᠬᠤ ᠠᠮᠢᠳᠤᠯᠢᠭ ᠢᠶᠠᠷ ᠬᠦᠮᠦᠨ ᠬᠡᠷᠡᠭᠯᠡᠬᠦ ᠲᠣᠭᠲᠠᠴᠠ ᠶᠢ ᠪᠣᠢ ᠪᠣᠯᠭᠠᠬᠤ ᠬᠡᠷᠡᠭᠲᠡᠢ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠦᠮᠦᠨ ᠬᠡᠷᠡᠭᠯᠡᠬᠦ ᠶᠢᠨ ᠡᠵᠡᠨ ᠮᠡᠳᠡᠬᠦ ᠡᠷᠬᠡ ᠶᠢ | ᠨᠠᠶᠢᠳᠠᠪᠤᠷᠢᠵᠢᠭᠤᠯᠵᠤ᠂ ᠡᠮᠨᠡᠯᠭᠡ ᠶᠢᠨ ᠬᠤᠷᠢᠶ᠎ᠠ ᠶᠢᠨ ᠲᠤᠳᠠᠭᠳᠠᠵᠤ ᠪᠠᠶᠢᠭ᠎ᠠ ᠳᠡᠭᠡᠳᠦ ᠳᠡᠰ ᠳᠠᠪᠬᠤᠷᠭ᠎ᠠ ᠶᠢᠨ᠂ | ᠡᠮᠴᠢᠯᠡᠭᠡ ᠶᠢᠨ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠳᠤ ᠣᠷᠣᠨ ᠲᠤᠭ᠎ᠠ ᠶᠢᠨ ᠰᠠᠯᠠᠭ᠎ᠠ ᠮᠦᠴᠢᠷ ᠢᠶᠠᠷ | ᠵᠥᠪᠰᠢᠶᠡᠷᠡᠭᠦᠯᠦᠭᠡᠳ ᠰᠤᠯᠠ ᠪᠠᠶᠢᠭ᠎ᠠ ᠣᠷᠣᠨ ᠲᠤᠭ᠎ᠠ ᠶᠢ ᠬᠡᠷᠡᠭᠯᠡᠭᠰᠡᠨ ᠤ ᠳᠠᠷᠠᠭ᠎ᠠ᠂ ᠲᠣᠭᠲᠠᠭᠠᠭᠰᠠᠨ ᠵᠢᠷᠤᠮ | ᠶᠤᠰᠤᠭᠠᠷ ᠡᠮᠨᠡᠯᠭᠡ ᠶᠢᠨ ᠬᠤᠷᠢᠶ᠎ᠠ ᠠᠴᠠ ᠰᠢᠯᠭᠠᠨ ᠪᠠᠶᠢᠴᠠᠭᠠᠬᠤ ᠠᠷᠭ᠎ᠠ ᠮᠠᠶ᠋ᠢᠭ ᠠᠪᠴᠤ ᠪᠠᠶᠢᠭᠠᠳ ᠤᠷᠢᠨ | ᠬᠡᠷᠡᠭᠯᠡᠵᠦ᠂ ᠦᠷ᠎ᠡ ᠳ᠋ᠦᠩ ᠢ ᠨᠢ ᠨᠡᠶᠢᠭᠡᠮ ᠳᠤ ᠢᠯᠡ ᠪᠣᠯᠭᠠᠬᠤ ᠬᠡᠷᠡᠭᠲᠡᠢ᠃ | 14. ᠠᠵᠢᠯ ᠲᠦᠷᠦᠯ ᠤᠨ ᠣᠨᠴᠠᠯᠢᠭ ᠲᠤ ᠲᠣᠬᠢᠷᠠᠭᠰᠠᠨ ᠴᠠᠯᠢᠩ ᠤᠨ ᠳᠦᠷᠢᠮ ᠢ ᠪᠠᠶᠢᠭᠤᠯᠬᠤ ᠬᠡᠷᠡᠭᠲᠡᠢ᠃ | ᠬᠦᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠤᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠡᠮᠴᠢᠯᠡᠭᠡᠨ ᠤ ᠠᠵᠢᠯ ᠲᠦᠷᠦᠯ ᠤᠨ ᠴᠢᠳᠠᠪᠤᠷᠢᠲᠠᠨ | ᠬᠦᠮᠦᠵᠢᠭᠦᠯᠬᠦ ᠳᠤ ᠦᠶᠡᠯᠡᠯ ᠤᠷᠲᠤ᠂ ᠠᠵᠢᠯ ᠮᠡᠷᠭᠡᠵᠢᠯ ᠤᠨ ᠲᠥᠭᠰᠢᠭᠦᠷᠢ ᠶᠡᠭᠡ᠂ ᠮᠡᠷᠭᠡᠵᠢᠯ ᠤᠨ ᠬᠦᠴᠢᠷᠳᠡᠯ ᠤᠨ | ᠬᠡᠮᠵᠢᠶ᠎ᠡ ᠶᠡᠭᠡ᠂ ᠡᠭᠦᠷᠭᠡᠯᠡᠬᠦ ᠬᠠᠷᠢᠭᠤᠴᠠᠯᠭ᠎ᠠ ᠬᠦᠨᠳᠦ ᠵᠡᠷᠭᠡ ᠣᠨᠴᠠᠯᠢᠭ ᠢ ᠦᠨᠳᠦᠰᠦᠯᠡᠵᠦ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯᠯᠠᠭᠠᠨ ᠤ ᠭᠦᠢᠴᠡᠳᠭᠡᠯ ᠲᠤᠭ᠎ᠠ᠂ ᠨᠢᠭᠡᠴᠡ ᠶᠢᠨ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠭᠰᠠᠨ ᠦᠷ᠎ᠡ ᠳ᠋ᠦᠩ ᠵᠡᠷᠭᠡ ᠬᠦᠴᠦᠨ ᠵᠦᠢᠯ ᠯᠦᠭᠡ ᠤᠶᠠᠯᠳᠤᠭᠤᠯᠤᠨ᠂ | ᠲᠣᠷᠰᠢᠯᠲᠠ ᠶᠢᠨ ᠴᠢᠬ ᠪᠣᠯᠬᠤ ᠬᠤᠲᠠ ᠨᠤᠭᠤᠳ ᠨᠢ ᠪᠤᠲᠠᠲᠠᠢ ᠲᠠᠢ ᠪᠠᠨ ᠤᠶᠠᠯᠳᠤᠭᠤᠯᠵᠤ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ | ᠬᠡᠮᠵᠢᠶ᠎ᠡ ᠶᠢ ᠬᠢᠨᠠᠨ ᠲᠣᠭᠲᠠᠭᠠᠬᠤ ᠠᠷᠭ᠎ᠠ ᠶᠢ ᠰᠤᠳᠤᠯᠤᠨ ᠲᠣᠭᠲᠠᠭᠠᠬᠤ ᠬᠡᠷᠡᠭᠲᠡᠢ᠃ ᠴᠠᠯᠢᠩ ᠬᠤᠪᠢᠶᠠᠷᠢᠯᠠᠬᠤ ᠶᠢᠨ | ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠱᠠᠩᠨᠠᠨ ᠬᠦᠬᠢᠭᠦᠯᠬᠦ ᠴᠢᠨᠠᠷᠲᠠᠢ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠢ ᠬᠤᠪᠢᠶᠠᠷᠢᠯᠠᠬᠤ ᠬᠤᠪᠢ ᠶᠢᠨ ᠵᠢᠩ ᠢ ᠳᠡᠭᠡᠭᠰᠢᠯᠡᠭᠦᠯᠦᠨ᠂ ᠡᠮᠨᠡᠯᠭᠡ ᠶᠢᠨ ᠠᠵᠢᠯᠲᠠᠳ ᠤᠨ | ᠶᠡᠷᠦᠩᠬᠡᠢ ᠣᠷᠣᠯᠭ᠎ᠠ ᠶᠢ ᠨᠡᠶᠢᠭᠡᠮ ᠤᠨ ᠲᠡᠭᠰᠢᠳᠭᠡᠭᠰᠡᠨ ᠬᠢᠷᠢ ᠬᠡᠮᠵᠢᠶ᠎ᠡ ᠠᠴᠠ ᠦᠨᠳᠦᠷ ᠪᠠᠶᠢᠯᠭᠠᠵᠤ᠂ ᠪᠣᠲᠠᠲᠠᠢ | ᠲᠡᠩᠨᠡᠭᠦᠯ ᠬᠡᠮᠵᠢᠶ᠎ᠡ ᠶᠢ ᠨᠢ ᠲᠣᠷᠰᠢᠯᠲᠠ ᠶᠢᠨ ᠴᠢᠬ ᠪᠣᠯᠬᠤ ᠬᠤᠲᠠ ᠠᠴᠠ ᠲᠣᠭᠲᠠᠭᠠᠬᠤ ᠬᠡᠷᠡᠭᠲᠡᠢ᠃ | ᠴᠢᠳᠠᠪᠤᠷᠢᠲᠠᠨ ᠤ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠬᠤ ᠶᠢ ᠬᠦᠲᠦᠯᠦᠨ ᠵᠢᠯᠤᠭᠤᠳᠬᠤ ᠳᠤᠮᠳᠠᠬᠢ | ᠴᠠᠯᠢᠩ ᠤᠨ ᠬᠤᠪᠢᠶᠠᠷᠢᠯᠠᠯᠲᠠ ᠶᠢᠨ ᠴᠢᠬᠤᠯᠠ ᠦᠢᠯᠡᠳᠦᠯ ᠢ ᠴᠢᠩᠭᠠᠳᠬᠠᠵᠤ᠂ ᠠᠳᠠᠯᠢ ᠪᠤᠰᠤ ᠡᠮᠴᠢᠯᠡᠭᠡᠨ ᠤ | ᠪᠠᠶᠢᠭᠤᠯᠤᠮᠵᠢ ᠶᠢᠨ ᠬᠤᠭᠤᠷᠤᠨᠳᠤᠬᠢ᠂ ᠠᠳᠠᠯᠢ ᠪᠤᠰᠤ ᠠᠵᠢᠯ ᠤᠨ ᠪᠠᠶᠢᠷᠢ ᠶᠢᠨ ᠬᠤᠭᠤᠷᠤᠨᠳᠤᠬᠢ ᠬᠠᠷᠢᠴᠠᠯᠲᠤ | ᠬᠠᠷᠢᠴᠠᠭ᠎ᠠ ᠶᠢ ᠪᠠᠶᠢᠭᠤᠯᠤᠨ᠂ ᠡᠯ᠎ᠡ ᠱᠠᠲᠤᠨ ᠤ ᠡᠯ᠎ᠡ ᠲᠦᠷᠦᠯ ᠤᠨ ᠡᠮᠴᠢᠯᠡᠭᠡᠨ ᠤ ᠪᠠᠶᠢᠭᠤᠯᠤᠮᠵᠢ᠂ ᠠᠳᠠᠯᠢ ᠪᠤᠰᠤ | ᠮᠡᠷᠭᠡᠵᠢᠯ ᠤᠨ ᠴᠣᠯᠠ ᠪᠣᠯᠣᠨ ᠠᠳᠠᠯᠢ ᠪᠤᠰᠤ ᠠᠵᠢᠯ ᠤᠨ ᠪᠠᠶᠢᠷᠢ ᠶᠢᠨ ᠴᠠᠯᠢᠩ ᠤᠨ ᠬᠢᠷᠢ ᠬᠡᠮᠵᠢᠶ᠎ᠡ ᠶᠢ ᠵᠦᠢ | ᠵᠣᠬᠢᠰᠲᠠᠢ ᠲᠣᠭᠲᠠᠭᠠᠵᠤ᠂ ᠡᠮᠴᠢᠯᠡᠭᠡᠨ ᠤ ᠨᠢᠭᠡᠳᠦᠭᠡᠷ ᠹᠷᠤᠨᠲ᠂ ᠲᠣᠬᠠᠶᠢᠯᠠᠭᠰᠠᠨ ᠠᠵᠢᠯ ᠤᠨ ᠭᠤᠣᠯᠯᠠᠭᠴᠢ᠂ | ᠵᠠᠩᠬᠢᠯᠠᠭ᠎ᠠ ᠶᠢᠨ ᠠᠵᠢᠯ ᠤᠨ ᠪᠠᠶᠢᠷᠢ ᠵᠢᠴᠢ ᠦᠨᠳᠦᠰᠦᠨ ᠱᠠᠲᠤ ᠶᠢ ᠲᠤᠰᠠᠯᠠᠬᠤ ᠪᠠ ᠳᠤᠪᠤᠶᠢᠮ᠎ᠠ ᠭᠠᠪᠢᠶ᠎ᠠ | ᠵᠢᠳᠭᠦᠯ ᠲᠠᠢ ᠬᠦᠮᠦᠰ ᠲᠡᠰᠢ ᠭᠤᠣᠯᠳᠠᠯᠭ᠎ᠠ ᠲᠠᠢ ᠬᠡᠯᠪᠠᠶᠢᠯᠭᠡᠬᠦ ᠬᠡᠷᠡᠭᠲᠡᠢ᠃ | 15. ᠡᠮᠨᠡᠯᠭᠡ ᠶᠢᠨ ᠠᠵᠢᠯᠲᠠᠳ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ | ᠴᠢᠩᠭᠠᠳᠬᠠᠬᠤ ᠬᠡᠷᠡᠭᠲᠡᠢ᠃ ᠲᠣᠷᠰᠢᠯᠲᠠ ᠶᠢᠨ ᠴᠢᠬ ᠪᠣᠯᠬᠤ ᠬᠤᠲᠠ ᠨᠤᠭᠤᠳ ᠨᠢ ᠡᠮᠨᠡᠯᠭᠡ ᠶᠢᠨ ᠠᠵᠢᠯᠲᠠᠳ ᠤᠨ | ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠣᠭᠲᠠᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠳᠤᠲᠤᠭᠠᠳᠤᠬᠢ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠠᠬᠢᠭᠤᠯᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠨᠤᠭᠤᠳ ᠨᠢ ᠠᠵᠢᠯ ᠤᠨ ᠪᠠᠶᠢᠷᠢ ᠶᠢᠨ ᠠᠵᠢᠯᠯᠠᠬᠤ ᠬᠡᠮᠵᠢᠶ᠎ᠡ᠂ ᠦᠢᠯᠡᠴᠢᠯᠡᠭᠡᠨ ᠤ ᠶᠠᠰᠤ | ᠴᠢᠨᠠᠷ᠂ ᠦᠢᠯᠡᠴᠢᠯᠡᠭᠡᠨ ᠤ ᠦᠷ᠎ᠡ ᠪᠦᠲᠦᠮᠵᠢ᠂ ᠠᠵᠢᠯᠯᠠᠭᠠᠨ ᠤ ᠵᠢᠷᠤᠮᠵᠢᠯ᠂ ᠮᠡᠷᠭᠡᠵᠢᠯ ᠤᠨ ᠴᠢᠳᠠᠪᠤᠷᠢ᠂ ᠡᠮᠴᠢ ᠶᠢᠨ | ᠮᠤᠷᠠᠯ ᠰᠤᠷᠲᠠᠯ ᠪᠣᠯᠣᠨ ᠡᠪᠡᠳᠴᠢᠲᠡᠨ ᠤ ᠬᠠᠨᠤᠮᠵᠢᠲᠠᠢ ᠪᠠᠶᠢᠬᠤ ᠬᠡᠮᠵᠢᠶ᠎ᠡ ᠵᠡᠷᠭᠡ ᠬᠦᠴᠦᠨ ᠵᠦᠢᠯ ᠢᠶᠠᠷ ᠭᠤᠣᠯ | ᠪᠣᠯᠭᠠᠭᠰᠠᠨ ᠲᠤᠳᠤᠭᠠᠲᠤ ᠶᠢᠨ ᠰᠢᠯᠭᠠᠨ ᠬᠢᠨᠠᠬᠤ ᠲᠣᠭᠲᠠᠴᠠ ᠶᠢ ᠪᠦᠷᠢᠨᠰᠢᠭᠦᠯᠵᠦ᠂ ᠰᠢᠯᠭᠠᠨ ᠬᠢᠨᠠᠭᠰᠠᠨ ᠦᠷ᠎ᠡ | ᠳ᠋ᠦᠩ ᠢ ᠡᠮᠨᠡᠯᠭᠡ ᠶᠢᠨ ᠠᠵᠢᠯᠲᠠᠳ ᠤᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ ᠮᠡᠷᠭᠡᠵᠢᠯ ᠤᠨ ᠴᠣᠯᠠ ᠳᠡᠪᠰᠢᠬᠦ | ᠂ ᠬᠦᠬᠢᠭᠦᠯᠦᠨ ᠱᠠᠩᠨᠠᠬᠤ᠂ ᠬᠤᠪᠢ ᠬᠦᠮᠦᠨ ᠤ ᠴᠠᠯᠢᠩ ᠯᠤᠭ᠎ᠠ ᠬᠤᠯᠪᠤᠭᠳᠠᠭᠤᠯᠬᠤ ᠬᠡᠷᠡᠭᠲᠡᠢ᠃ ᠡᠮᠴᠢᠯᠡᠭᠡᠨ ᠤ | ᠣᠷᠣᠯᠭ᠎ᠠ ᠶᠢᠨ ᠨᠡᠮᠡᠭᠳᠡᠬᠦ ᠨᠤᠷᠮ᠎ᠠ ᠪᠣᠯᠣᠨ ᠡᠮᠴᠢᠯᠡᠭᠡᠨ ᠤ ᠦᠪᠡᠷ ᠤᠨ ᠥᠷᠳᠡᠭ ᠤᠨ ᠨᠡᠮᠡᠭᠳᠡᠬᠦ ᠨᠤᠷᠮ᠎ᠠ ᠶᠢ ᠵᠦᠢ | ᠵᠣᠬᠢᠰᠲᠠᠢ ᠡᠵᠡᠮᠳᠡᠵᠦ᠂ ᠡᠮ ᠤᠨ ᠵᠦᠢᠯᠡᠰ ᠤᠨ ᠣᠷᠣᠯᠭ᠎ᠠ ᠶᠢᠨ ᠨᠡᠮᠡᠭᠳᠡᠬᠦ ᠨᠤᠷᠮ᠎ᠠ ᠪᠣᠯᠣᠨ ᠡᠷᠡᠭᠦᠯ ᠬᠠᠮᠠᠭᠠᠯᠠᠯ ᠤᠨ | ᠮᠠᠲ᠋ᠧᠷᠢᠶᠠᠯ ᠤᠨ ᠣᠷᠣᠯᠭ᠎ᠠ ᠶᠢᠨ ᠨᠡᠮᠡᠭᠳᠡᠬᠦ ᠨᠤᠷᠮ᠎ᠠ ᠶᠢ ᠪᠠᠭᠤᠷᠠᠭᠤᠯᠤᠨ᠂ ᠡᠮᠨᠡᠯᠭᠡ ᠶᠢᠨ ᠠᠵᠢᠯᠲᠠᠳ ᠲᠤ ᠣᠷᠤᠯᠭ᠎ᠠ | ᠡᠭᠦᠳᠬᠦ ᠭᠦᠢᠴᠡᠳᠭᠡᠯ ᠲᠤᠭ᠎ᠠ ᠲᠣᠬᠢᠷᠠᠭᠤᠯᠬᠤ ᠶᠢ ᠡᠷᠡᠰ ᠴᠠᠭᠠᠵᠠᠯᠠᠵᠤ᠂ ᠡᠮᠨᠡᠯᠭᠡ ᠶᠢᠨ ᠠᠵᠢᠯᠲᠠᠳ ᠤᠨ ᠬᠤᠪᠢ | ᠬᠦᠮᠦᠨ ᠤ ᠴᠠᠯᠢᠩ ᠢ ᠡᠮᠨᠡᠯᠭᠡ ᠶᠢᠨ ᠬᠤᠷᠢᠶ᠎ᠠ ᠶᠢᠨ ᠡᠮ ᠤᠨ ᠵᠦᠢᠯᠡᠰ᠂ ᠬᠤᠷᠤᠭᠳᠠᠯ ᠮᠠᠲ᠋ᠧᠷᠢᠶᠠᠯ᠂ ᠠᠨᠠᠭᠠᠬᠤ | ᠤᠬᠠᠭᠠᠨ ᠤ ᠪᠠᠶᠢᠴᠠᠭᠠᠯᠲᠠ ᠬᠢᠬᠦ ᠵᠡᠷᠭᠡ ᠲᠤᠬᠠᠶᠢᠯᠠᠭᠰᠠᠨ ᠠᠵᠢᠯ ᠤᠨ ᠣᠷᠤᠯᠭ᠎ᠠ ᠯᠤᠭ᠎ᠠ ᠬᠤᠯᠪᠤᠭᠳᠠᠭᠤᠯᠵᠤ ᠪᠣᠯᠬᠤ | ᠦᠭᠡᠢ᠃ | ︵ᠲᠠᠪᠤ︶ ᠡᠮ ᠤᠨ ᠵᠦᠢᠯᠡᠰ ᠬᠤᠷᠤᠭᠳᠠᠯ ᠮᠠᠲ᠋ᠧᠷᠢᠶᠠᠯ ᠬᠤᠳᠠᠯᠳᠤᠨ ᠠᠪᠬᠤ ᠪᠠ ᠪᠠᠲᠤᠯᠠᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ | 16. ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮ ᠤᠨ ᠵᠦᠢᠯᠡᠰ ᠪᠣᠯᠣᠨ ᠬᠤᠷᠤᠭᠳᠠᠯ | ᠮᠠᠲ᠋ᠧᠷᠢᠶᠠᠯ ᠬᠤᠳᠠᠯᠳᠤᠨ ᠠᠪᠬᠤ ᠶᠢ ᠵᠢᠷᠤᠮᠵᠢᠭᠤᠯᠬᠤ ᠬᠡᠷᠡᠭᠲᠡᠢ᠃ ︽ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠡᠮ ᠤᠨ ᠵᠦᠢᠯᠡᠰ ᠢ ᠲᠦᠪᠯᠡᠷᠡᠭᠦᠯᠦᠨ ᠬᠤᠳᠠᠯᠳᠤᠵᠤ ᠠᠪᠬᠤ ᠠᠵᠢᠯ ᠢ ᠲᠡᠭᠦᠯᠳᠡᠷᠵᠢᠭᠦᠯᠬᠦ ᠲᠣᠬᠠᠢ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ | ᠲᠠᠷᠬᠠᠭᠠᠭᠰᠠᠨ ﹇2015﹈ 7 ᠳ᠋ᠤᠭᠠᠷ ᠲᠣᠭᠠᠲᠤ︶ ᠭᠡᠬᠦ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮ ᠤᠨ ᠵᠦᠢᠯᠡᠰ ᠢ ᠲᠦᠪᠯᠡᠷᠡᠭᠦᠯᠦᠨ ᠬᠤᠳᠠᠯᠳᠤᠵᠤ ᠠᠪᠬᠤ | ᠠᠵᠢᠯ ᠤᠨ ᠦᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠦᠰᠦᠯ ᠢ ᠲᠣᠭᠲᠠᠭᠠᠬᠤ ᠬᠡᠷᠡᠭᠲᠡᠢ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠪᠣᠢ ᠪᠦᠬᠦᠢ ᠡᠮ ᠤᠨ ᠵᠦᠢᠯᠡᠰ ︵ᠮᠣᠩᠭᠤᠯ ᠡᠮ ᠤᠨ ᠨᠠᠶᠢᠷᠠᠯᠲᠠ᠂ | ᠮᠤᠩᠭᠤᠯ ᠬᠢᠲᠠᠳ ᠡᠮ ᠤᠨ ᠴᠢᠨᠠᠬᠤ ᠡᠮ ᠢ ᠪᠠᠭᠲᠠᠭᠠᠬᠤ ᠦᠭᠡᠢ︶ ᠢ ᠡᠷᠬᠡᠪᠰᠢ ᠦᠪᠡᠷᠲᠡᠭᠡᠨ ᠵᠠᠰᠠᠬᠤ ᠣᠷᠣᠨ ᠤ | ᠡᠮ ᠤᠨ ᠵᠦᠢᠯᠡᠰ ᠪᠠ ᠪᠠᠭᠠᠵᠢ ᠬᠡᠷᠡᠭᠰᠡᠯ ᠢ ᠲᠦᠪᠯᠡᠷᠡᠭᠦᠯᠦᠨ ᠬᠤᠳᠠᠯᠳᠤᠵᠤ ᠠᠪᠬᠤ ᠲᠡᠪᠴᠡᠩ ᠢᠶᠠᠷ ᠳᠠᠮᠵᠢᠨ | ᠨᠢᠭᠡᠲᠦᠯᠲᠡᠢ ᠬᠤᠳᠠᠯᠳᠤᠵᠤ ᠠᠪᠬᠤ ᠬᠡᠷᠡᠭᠲᠡᠢ᠃ ᠲᠣᠷᠰᠢᠯᠲᠠ ᠶᠢᠨ ᠴᠢᠬ ᠪᠣᠯᠬᠤ ᠬᠤᠲᠠ ᠨᠤᠭᠤᠳ ᠨᠢ ᠬᠤᠲᠠ ᠪᠠᠷ | ᠨᠢᠭᠡᠴᠢ ᠪᠣᠯᠭᠠᠵᠤ᠂ ᠡᠮ ᠤᠨ ᠣᠷᠣᠯᠭ᠎ᠠ ᠪᠠᠷ ᠡᠮᠴᠢᠯᠡᠭᠡᠨ ᠤ ᠵᠠᠷᠤᠳᠠᠯ ᠢ ᠨᠦᠬᠦᠪᠦᠷᠢᠯᠡᠬᠦ ᠲᠣᠭᠲᠠᠴᠠ ᠶᠢ ᠠᠷᠢᠯᠭᠠᠬᠤ᠂ | ᠡᠮ ᠤᠨ ᠵᠦᠢᠯᠡᠰ ᠤᠨ ᠬᠡᠢ ᠦᠨᠳᠦᠷ ᠦᠨ᠎ᠡ ᠬᠠᠩᠰᠢ ᠶᠢ ᠪᠠᠭᠤᠷᠠᠭᠤᠯᠬᠤ᠂ ᠢᠯᠵᠠᠷᠠᠯ ᠤᠨ ᠦᠢᠯᠡ ᠠᠵᠢᠯᠯᠠᠭ᠎ᠠ ᠶᠢ | ᠰᠡᠷᠭᠡᠶᠢᠯᠡᠨ ᠬᠢᠵᠠᠭᠠᠷᠯᠠᠬᠤ᠂ ᠡᠮ ᠤᠨ ᠵᠦᠢᠯᠡᠰ ᠦᠢᠯᠡᠳᠪᠦᠷᠢᠯᠡᠵᠦ ᠭᠦᠢᠯᠭᠡᠭᠡᠬᠦ ᠠᠵᠤ ᠠᠬᠤᠶᠢᠯᠠᠯ ᠢ ᠡᠮᠬᠢᠯᠡᠨ | ᠳᠠᠬᠢᠵᠤ ᠵᠣᠬᠢᠶᠠᠨ ᠪᠠᠶᠢᠭᠤᠯᠬᠤ ᠶᠢ ᠠᠬᠢᠭᠤᠯᠬᠤ ᠳᠤ ᠠᠰᠢᠭᠲᠠᠢ ᠪᠠᠶᠢᠯᠭᠠᠬᠤ ᠵᠠᠷᠴᠢᠮ ᠶᠣᠰᠤᠭᠠᠷ᠂ ᠲᠣᠷᠰᠢᠯᠲᠠ ᠶᠢᠨ | ᠴᠢᠬ ᠪᠣᠯᠬᠤ ᠬᠤᠲᠠ ᠶᠢᠨ ᠦᠪᠡᠰᠦᠪᠡᠨ ᠬᠤᠳᠠᠯᠳᠤᠨ ᠠᠪᠴᠤ ᠬᠠᠮᠢᠶᠠᠷᠬᠤ ᠶᠢᠨ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠲᠣᠭᠲᠠᠭᠠᠵᠤ᠂ ᠦᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠪᠠ ᠪᠠᠭᠠᠵᠢ ᠬᠡᠷᠡᠭᠰᠡᠯ ᠢ | ᠲᠦᠪᠯᠡᠷᠡᠭᠦᠯᠦᠨ ᠬᠤᠳᠠᠯᠳᠤᠵᠤ ᠠᠪᠬᠤ ᠲᠡᠪᠴᠡᠩ ᠳᠡᠭᠡᠷ᠎ᠡ ᠠᠴᠠ ᠦᠪᠡᠰᠦᠪᠡᠨ ᠬᠤᠳᠠᠯᠳᠤᠵᠤ ᠠᠪᠬᠤ ᠬᠡᠷᠡᠭᠲᠡᠢ᠃ | ᠵᠢᠱᠢᠶᠡᠯᠡᠪᠡᠯ ᠲᠣᠷᠰᠢᠯᠲᠠ ᠶᠢᠨ ᠴᠢᠬ ᠪᠣᠯᠬᠤ ᠬᠤᠲᠠ ᠠᠷᠠᠯᠵᠢᠶᠠᠯᠠᠭᠰᠠᠨ ᠦᠨ᠎ᠡ ᠬᠠᠩᠰᠢ ᠨᠢ ᠦᠪᠡᠷᠲᠡᠭᠡᠨ ᠵᠠᠰᠠᠬᠤ | ᠣᠷᠣᠨ ᠤ ᠳᠠᠭᠠᠭᠠᠴᠢᠯᠠᠯᠲᠠ ᠤᠯᠤᠭᠰᠠᠨ ᠦᠨ᠎ᠡ ᠬᠠᠩᠰᠢ ᠠᠴᠠ ᠮᠡᠳᠡᠭᠳᠡᠮ᠎ᠡ ᠳᠣᠣᠷ᠎ᠠ ᠪᠠᠶᠢᠪᠠᠯ᠂ ᠦᠪᠡᠷᠲᠡᠭᠡᠨ | ᠵᠠᠰᠠᠬᠤ ᠣᠷᠣᠨ ᠤ ᠳᠠᠭᠠᠭᠠᠴᠢᠯᠠᠯᠲᠠ ᠤᠯᠤᠭᠰᠠᠨ ᠦᠨ᠎ᠡ ᠬᠠᠩᠰᠢ ᠨᠢ ᠲᠣᠷᠰᠢᠯᠲᠠ ᠶᠢᠨ ᠴᠢᠬ ᠪᠣᠯᠬᠤ ᠬᠤᠲᠠ ᠶᠢᠨ | ᠠᠷᠠᠯᠵᠢᠶᠠᠯᠠᠭᠰᠠᠨ ᠦᠨ᠎ᠡ ᠬᠠᠩᠰᠢ ᠶᠤᠰᠤᠭᠠᠷ ᠲᠣᠬᠢᠷᠠᠭᠤᠯᠬᠤ ᠬᠡᠷᠡᠭᠲᠡᠢ᠃ ᠡᠮᠨᠡᠯᠭᠡ ᠶᠢᠨ ᠬᠤᠷᠢᠶ᠎ᠠ ᠨᠤᠭᠤᠳ | ᠪᠦᠯᠬᠦᠮ ᠪᠠᠶᠢᠭᠤᠯᠵᠤ ᠬᠠᠮᠲᠤᠷᠠᠨ ᠬᠤᠳᠠᠯᠳᠤᠵᠤ ᠠᠪᠬᠤ᠂ ᠮᠤᠵᠢ ᠶᠢᠨ ᠬᠤᠭᠤᠷᠤᠨᠲᠤ ᠪᠠᠨ ᠣᠷᠣᠨ ᠪᠦᠰᠡ | ᠠᠯᠤᠰᠯᠠᠨ ᠬᠤᠳᠠᠯᠳᠤᠵᠤ ᠠᠪᠬᠤ ᠵᠡᠷᠭᠡ ᠲᠦᠪᠯᠡᠷᠡᠭᠦᠯᠦᠨ ᠬᠤᠳᠠᠯᠳᠤᠵᠤ ᠠᠪᠬᠤ ᠠᠷᠭ᠎ᠠ ᠮᠠᠶ᠋ᠢᠭ ᠢ ᠰᠦᠪᠡᠭᠴᠢᠯᠡᠬᠦ | ᠬᠡᠷᠡᠭᠲᠡᠢ᠃ ᠦᠨᠳᠦᠷ ᠥᠷᠲᠡᠭ ᠲᠠᠢ ᠡᠮᠴᠢᠯᠡᠭᠡᠨ ᠳᠤ ᠬᠡᠷᠡᠭᠯᠡᠬᠦ ᠬᠤᠷᠤᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ | ᠠᠵᠢᠯᠯᠠᠭ᠎ᠠ ᠶᠢ ᠲᠠᠰᠤᠷᠠᠯᠲᠠ ᠦᠭᠡᠢ ᠵᠢᠷᠤᠮᠵᠢᠭᠤᠯᠵᠤ᠂ ᠪᠣᠢ ᠪᠦᠬᠦᠢ ᠦᠨᠳᠦᠷ ᠥᠷᠲᠡᠭ ᠲᠠᠢ ᠡᠮᠴᠢᠯᠡᠭᠡᠨ ᠳᠤ | ᠬᠡᠷᠡᠭᠯᠡᠬᠦ ᠬᠤᠷᠤᠭᠳᠠᠯ ᠮᠠᠲ᠋ᠧᠷᠢᠶᠠᠯ ᠢ ᠡᠷᠬᠡᠪᠰᠢ ᠦᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠪᠠ ᠪᠠᠭᠠᠵᠢ | ᠬᠡᠷᠡᠭᠰᠡᠯ ᠢ ᠲᠦᠪᠯᠡᠷᠡᠭᠦᠯᠦᠨ ᠬᠤᠳᠠᠯᠳᠤᠵᠤ ᠠᠪᠬᠤ ᠲᠡᠪᠴᠡᠩ ᠢᠶᠠᠷ ᠳᠠᠮᠵᠢᠨ ᠢᠯᠡ ᠪᠠᠷ ᠬᠤᠳᠠᠯᠳᠤᠨ ᠠᠪᠴᠤ᠂ | ᠰᠦᠯᠵᠢᠶᠡᠨ ᠳᠡᠭᠡᠷ᠎ᠡ ᠢᠯᠡ ᠪᠠᠷ ᠠᠷᠠᠯᠵᠢᠶᠠᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ ᠶᠠᠰᠤ | ᠴᠢᠨᠠᠷ ᠢ ᠪᠠᠲᠤᠯᠠᠭᠰᠠᠨ ᠤᠷᠢᠳᠠᠯ ᠳᠤᠤᠷ᠎ᠠ ᠤᠯᠤᠰ ᠲᠠᠭᠠᠨ ᠦᠢᠯᠡᠳᠪᠦᠷᠢᠯᠡᠭᠰᠡᠨ ᠦᠨᠳᠦᠷ ᠥᠷᠲᠡᠭ ᠲᠠᠢ | ᠡᠮᠴᠢᠯᠡᠭᠡᠨ ᠳᠤ ᠬᠡᠷᠡᠭᠯᠡᠬᠦ ᠬᠤᠷᠤᠭᠳᠠᠯ ᠮᠠᠲ᠋ᠧᠷᠢᠶᠠᠯ ᠢ ᠬᠤᠳᠠᠯᠳᠤᠨ ᠠᠪᠬᠤ ᠶᠢ ᠵᠣᠷᠢᠬᠵᠢᠭᠤᠯᠬᠤ ᠬᠡᠷᠡᠭᠲᠡᠢ᠃ | ᠦᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠪᠠ ᠪᠠᠭᠠᠵᠢ ᠬᠡᠷᠡᠭᠰᠡᠯ ᠢ ᠲᠦᠪᠯᠡᠷᠡᠭᠦᠯᠦᠨ ᠬᠤᠳᠠᠯᠳᠤᠵᠤ ᠠᠪᠬᠤ | ᠲᠡᠪᠴᠡᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠡᠮ ᠤᠨ ᠵᠦᠢᠯᠡᠰ ᠢ ᠲᠦᠪᠯᠡᠷᠡᠭᠦᠯᠦᠨ | ᠬᠤᠳᠠᠯᠳᠤᠵᠤ ᠠᠪᠬᠤ ᠬᠠᠮᠢᠶᠠᠷᠤᠯᠲᠠ ᠶᠢᠨ ᠲᠡᠪᠴᠡᠩ ᠤᠨ ᠬᠡᠷᠡᠭᠯᠡᠬᠦ ᠴᠢᠳᠠᠮᠵᠢ ᠶᠢ ᠥᠷᠭᠡᠳᠭᠡᠨ᠂ ᠡᠮ ᠤᠨ ᠵᠦᠢᠯᠡᠰ᠂ | ᠬᠤᠷᠤᠭᠳᠠᠯ ᠮᠠᠲ᠋ᠧᠷᠢᠶᠠᠯ ᠬᠤᠳᠠᠯᠳᠤᠨ ᠠᠪᠤᠭᠰᠠᠨ ᠪᠠᠶᠢᠳᠠᠯ ᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠡᠮ ᠤᠨ | ᠵᠦᠢᠯᠡᠰ ᠪᠣᠯᠣᠨ ᠬᠤᠷᠤᠭᠳᠠᠯ ᠮᠠᠲ᠋ᠧᠷᠢᠶᠠᠯ ᠢ ᠲᠦᠪᠯᠡᠷᠡᠭᠦᠯᠦᠨ ᠠᠪᠤᠭᠰᠠᠨ ᠪᠠᠶᠢᠳᠠᠯ ᠢ ᠡᠮᠨᠡᠯᠭᠡ ᠶᠢᠨ ᠬᠤᠷᠢᠶ᠎ᠠ ᠵᠢᠴᠢ | ᠲᠡᠭᠦᠨ ᠤ ᠬᠠᠷᠢᠭᠤᠴᠠᠯᠭ᠎ᠠ ᠡᠭᠦᠷᠭᠡᠯᠡᠭᠴᠢ ᠶᠢ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠪᠣᠯᠭᠠᠨ᠂ ᠬᠠᠷᠠᠯᠲᠠᠲᠤ | ᠬᠠᠮᠢᠶᠠᠷᠤᠯᠲᠠ ᠵᠢᠴᠢ ᠵᠡᠷᠭᠡ ᠳᠡᠰ ᠲᠠᠢ ᠡᠮᠨᠡᠯᠭᠡ ᠶᠢᠨ ᠬᠤᠷᠢᠶ᠎ᠠ ᠪᠠᠷ ᠦᠨᠡᠯᠡᠨ ᠬᠢᠨᠠᠬᠤ ᠠᠵᠢᠯ ᠳᠤ ᠣᠷᠤᠭᠤᠯᠬᠤ | ᠬᠡᠷᠡᠭᠲᠡᠢ᠃ | 17. ᠡᠮ ᠤᠨ ᠵᠦᠢᠯᠡᠰ ᠪᠣᠯᠣᠨ ᠬᠤᠷᠤᠭᠳᠠᠯ ᠮᠠᠲ᠋ᠧᠷᠢᠶᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠢ᠃ ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠤᠰᠤᠭᠠᠷ᠂ ᠡᠮ ᠤᠨ | ᠵᠦᠢᠯᠡᠰ ᠤᠨ ᠭᠦᠢᠯᠭᠡᠭᠡᠨ ᠤ ᠪᠠᠶᠢᠭᠤᠯᠤᠯ ᠤᠨ ᠦᠭᠡᠷᠡᠴᠢᠯᠡᠯᠲᠡ ᠶᠢ ᠠᠬᠢᠭᠤᠯᠬᠤ ᠶᠢ ᠢᠳᠡᠪᠬᠢᠲᠡᠢ ᠰᠦᠪᠡᠭᠴᠢᠯᠡᠵᠦ᠂ | ᠡᠮ ᠤᠨ ᠵᠦᠢᠯᠡᠰ ᠪᠣᠯᠣᠨ ᠡᠮᠴᠢᠯᠡᠭᠡᠨ ᠳᠤ ᠬᠡᠷᠡᠭᠯᠡᠬᠦ ᠬᠤᠷᠤᠭᠳᠠᠯ ᠮᠠᠲ᠋ᠧᠷᠢᠶᠠᠯ ᠤᠨ ᠭᠦᠢᠯᠭᠡᠭᠡᠨ ᠤ ᠭᠤᠭᠴᠤᠭ᠎ᠠ ᠶᠢ | ᠪᠠᠭᠠᠰᠬᠠᠨ᠂ ᠭᠦᠢᠯᠭᠡᠭᠡ ᠶᠢ ᠡᠵᠡᠩᠨᠡᠬᠦ ᠪᠠ ᠠᠵᠤ ᠠᠬᠤᠶᠢᠯᠠᠯ ᠤᠨ ᠡᠵᠡᠨ ᠮᠡᠳᠡᠵᠦ ᠦᠨ᠎ᠡ ᠲᠣᠭᠲᠠᠭᠠᠬᠤ | ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠵᠦᠢ ᠵᠣᠬᠢᠰᠲᠠᠢ ᠪᠠᠷ ᠡᠮ ᠬᠡᠷᠡᠭᠯᠡᠬᠦ ᠪᠠ ᠵᠣᠷ ᠢ ᠬᠢᠨᠠᠨ ᠬᠠᠮᠢᠶᠠᠷᠬᠤ ᠶᠢ | ᠴᠢᠩᠭᠠᠳᠬᠠᠵᠤ᠂ ᠵᠣᠷ ᠤᠨ ᠬᠤᠷᠢᠭ᠎ᠠ ᠴᠡᠭᠡᠷ ᠤᠨ ᠨᠠᠷᠢᠨ ᠬᠠᠭᠤᠳᠠᠰᠤ ᠶᠢ ᠬᠠᠮᠢᠶᠠᠷᠬᠤ᠂ ᠵᠣᠷ ᠢ ᠦᠨᠡᠯᠡᠬᠦ ᠵᠡᠷᠭᠡ | ᠠᠷᠭ᠎ᠠ ᠮᠠᠶ᠋ᠢᠭ ᠠᠪᠴᠤ ᠪᠠᠶᠢᠭᠠᠳ ᠪᠠᠺᠲ᠋ᠧᠷᠢ ᠳᠠᠷᠤᠬᠤ ᠡᠮ ᠤᠨ ᠵᠦᠢᠯᠡᠰ ᠢ ᠵᠦᠢ ᠵᠣᠬᠢᠰ ᠦᠭᠡᠢ ᠬᠡᠷᠡᠭᠯᠡᠬᠦ ᠶᠢ | ᠡᠵᠡᠮᠳᠡᠵᠦ᠂ ᠬᠤᠷᠮᠣᠨ ᠤ ᠲᠦᠷᠦᠯ ᠤᠨ ᠡᠮ ᠤᠨ ᠵᠦᠢᠯᠡᠰ᠂ ᠬᠠᠪᠤᠳᠠᠷᠳᠤ ᠡᠪᠡᠳᠴᠢᠨ ᠢ ᠡᠰᠡᠷᠭᠦᠴᠡᠬᠦ ᠡᠮ ᠤᠨ | ᠵᠦᠢᠯᠡᠰ᠂ ᠲᠤᠰᠠᠯᠠᠨ ᠬᠡᠷᠡᠭᠯᠡᠬᠦ ᠡᠮ ᠤᠨ ᠡᠮᠴᠢᠯᠡᠭᠡᠨ ᠤ ᠬᠡᠷᠡᠭᠯᠡᠯᠲᠡ ᠪᠠᠷ ᠬᠠᠮᠢᠶᠠᠷᠬᠤ ᠶᠢ ᠴᠢᠩᠭᠠᠳᠬᠠᠬᠤ ᠬᠡᠷᠡᠭᠲᠡᠢ᠃ | ᠡᠮ ᠪᠠ ᠡᠮᠨᠡᠯᠭᠡ ᠶᠢ ᠰᠠᠯᠭᠠᠬᠤ ᠵᠠᠮ ᠮᠥᠷ᠂ ᠠᠷᠭ᠎ᠠ ᠮᠠᠶ᠋ᠢᠭ ᠵᠢᠴᠢ ᠬᠠᠮᠢᠶᠠᠷᠤᠯᠲᠠ ᠶᠢᠨ ᠵᠠᠭᠪᠤᠷ ᠢ | ᠲᠡᠭᠦᠯᠳᠡᠷᠵᠢᠭᠦᠯᠬᠦ ᠶᠢ ᠰᠦᠪᠡᠭᠴᠢᠯᠡᠵᠦ᠂ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ᠡᠮ ᠪᠠ | ᠡᠮᠨᠡᠯᠭᠡ ᠶᠢ ᠰᠠᠯᠭᠠᠬᠤ ᠶᠢ ᠠᠬᠢᠭᠤᠯᠤᠨ᠂ ᠡᠪᠡᠳᠴᠢᠲᠡᠨ ᠨᠢ ᠡᠵᠡᠨ ᠮᠡᠳᠡᠵᠦ ᠡᠮᠨᠡᠯᠭᠡ ᠶᠢᠨ ᠬᠤᠷᠢᠶ᠎ᠠ ᠶᠢᠨ ᠡᠭᠦᠳᠡᠨ | ᠡᠮᠨᠡᠯᠭᠡ ᠶᠢᠨ ᠡᠮ ᠤᠨ ᠲᠠᠰᠤᠭ ᠪᠣᠶᠣ ᠵᠣᠷ ᠢᠶᠠᠨ ᠦᠨᠳᠦᠰᠦᠯᠡᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ | ᠡᠮ ᠬᠤᠳᠠᠯᠳᠤᠵᠤ ᠠᠪᠬᠤ ᠶᠢ ᠰᠤᠩᠭᠤᠵᠤ ᠪᠣᠯᠣᠨ᠎ᠠ᠃ ᠲᠣᠷᠰᠢᠯᠲᠠ ᠶᠢᠨ ᠴᠢᠬ ᠪᠣᠯᠬᠤ ᠬᠤᠲᠠ ᠨᠤᠭᠤᠳ ᠤᠨ ᠡᠮ | ᠪᠠ ᠡᠮᠨᠡᠯᠭᠡ ᠶᠢ ᠰᠠᠯᠭᠠᠬᠤ ᠪᠣᠲᠠᠲᠠᠢ ᠬᠢᠬᠦ ᠠᠷᠭ᠎ᠠ ᠶᠢ ᠢᠳᠡᠪᠬᠢᠲᠡᠢ ᠰᠦᠪᠡᠭᠴᠢᠯᠡᠨ ᠦᠷᠨᠢᠭᠦᠯᠬᠦ ᠶᠢ ᠵᠣᠷᠢᠬᠵᠢᠭᠤᠯᠬᠤ | ᠬᠡᠷᠡᠭᠲᠡᠢ᠃ | ︵ᠵᠢᠷᠭᠤᠭ᠎ᠠ︶ ᠡᠯ᠎ᠡ ᠲᠦᠷᠦᠯ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠵᠢᠯᠴᠠᠨ ᠬᠥᠭᠵᠢᠬᠦ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ | 18. ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠲᠦᠯᠦᠪᠵᠢᠭᠦᠯᠭᠡ ᠶᠢᠨ | ᠪᠠᠶᠢᠷᠢᠰᠢᠭᠤᠯᠤᠯ ᠢ ᠰᠢᠯᠢᠳᠡᠭᠵᠢᠭᠦᠯᠬᠦ ᠬᠡᠷᠡᠭᠲᠡᠢ᠃ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠳᠤᠲᠤᠷᠬᠠᠶᠢᠯᠠᠬᠤ ᠬᠡᠷᠡᠭᠲᠡᠢ᠃ ᠲᠣᠷᠰᠢᠯᠲᠠ ᠶᠢᠨ ᠴᠢᠬ | ᠪᠣᠯᠬᠤ ᠬᠤᠲᠠ ᠨᠤᠭᠤᠳ ᠨᠢ ︽ᠪᠦᠬᠦ ᠤᠯᠤᠰ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮᠵᠢ ᠶᠢᠨ ᠲᠦᠯᠦᠪᠵᠢᠭᠦᠯᠭᠡ ᠶᠢᠨ ᠬᠦᠲᠦᠯᠪᠦᠷᠢ ᠶᠢᠨ ᠲᠣᠪᠴᠢ ︵2015 — 2020 ᠣᠨ︶︾ | ᠪᠣᠯᠣᠨ ︽ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ | ᠲᠣᠬᠢᠷᠠᠭᠤᠯᠬᠤ ᠪᠠᠷᠢᠮᠵᠢᠶ᠎ᠠ ︵2016 - 2020 ᠣᠨ︶︾᠂ ᠡᠮᠴᠢᠯᠡᠭᠡᠨ ᠤ ᠪᠠᠶᠢᠭᠤᠯᠤᠮᠵᠢ ᠶᠢ ᠲᠣᠬᠢᠷᠠᠭᠤᠯᠬᠤ | ᠲᠦᠯᠦᠪᠵᠢᠭᠦᠯᠭᠡ ᠶᠢᠨ ᠱᠠᠭᠠᠷᠳᠠᠯᠭ᠎ᠠ ᠶᠤᠰᠤᠭᠠᠷ᠂ 2015 ᠣᠨ ᠤ ᠵᠢᠯ ᠤᠨ ᠰᠡᠭᠦᠯᠴᠢ ᠠᠴᠠ ᠡᠮᠦᠨ᠎ᠡ᠂ ︽13 · | 5︾ ᠶᠢᠨ ᠲᠦᠯᠦᠪᠵᠢᠭᠦᠯᠭᠡ ᠶᠢᠨ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠦᠯᠦᠪᠵᠢᠭᠦᠯᠭᠡ᠂ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠦᠯᠦᠪᠵᠢᠭᠦᠯᠭᠡ ᠪᠣᠯᠣᠨ ᠡᠮᠴᠢᠯᠡᠭᠡᠨ ᠤ ᠪᠠᠶᠢᠭᠤᠯᠤᠮᠵᠢ ᠶᠢᠨ | ᠲᠣᠬᠢᠷᠠᠭᠤᠯᠤᠯᠲᠠ ᠶᠢᠨ ᠲᠦᠯᠦᠪᠵᠢᠭᠦᠯᠭᠡ ᠶᠢ ᠲᠣᠭᠲᠠᠭᠠᠨ ᠨᠡᠶᠢᠲᠡᠯᠡᠬᠦ ᠬᠡᠷᠡᠭᠲᠡᠢ᠃ ᠲᠦᠯᠦᠪᠵᠢᠭᠦᠯᠭᠡ ᠶᠢ | ᠨᠠᠶᠢᠳᠠᠪᠤᠷᠢᠵᠢᠭᠤᠯᠬᠤ ᠪᠠᠨ ᠡᠮᠨᠡᠯᠭᠡ ᠶᠢᠨ ᠬᠤᠷᠢᠶ᠎ᠠ ᠶᠢᠨ ᠲᠦᠷᠦᠯ ᠵᠦᠢᠯ ᠢ ᠪᠠᠶᠢᠭᠤᠯᠬᠤ᠂ ᠡᠳ᠋ ᠤᠨ ᠵᠠᠰᠠᠭ ᠤᠨ | ᠣᠷᠤᠭᠤᠯᠤᠯᠲᠠ ᠬᠢᠬᠦ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠡᠮᠴᠢᠯᠡᠭᠡᠨ ᠤ ᠳᠠᠭᠠᠳᠬᠠᠯ ᠤᠨ | ᠮᠦᠩᠭᠦ ᠣᠯᠭᠤᠬᠤ᠂ ᠠᠵᠢᠯᠲᠠᠳ ᠢ ᠲᠣᠬᠢᠷᠠᠭᠤᠯᠬᠤ᠂ ᠡᠪᠡᠳᠴᠢᠲᠡᠨ ᠤ ᠣᠷᠣ ᠶᠢᠨ ᠲᠤᠭ᠎ᠠ ᠶᠢ ᠲᠣᠬᠢᠷᠠᠭᠤᠯᠬᠤ | ᠵᠡᠷᠭᠡ ᠶᠢᠨ ᠦᠨᠳᠦᠰᠦᠯᠡᠯ ᠪᠣᠯᠭᠠᠵᠤ᠂ ᠲᠦᠯᠦᠪᠵᠢᠭᠦᠯᠭᠡ ᠶᠢᠨ ᠬᠦᠯᠢᠶᠡᠰᠦᠯᠡᠬᠦ ᠬᠦᠴᠦᠨ ᠢ ᠴᠢᠩᠭᠠᠳᠬᠠᠬᠤ ᠬᠡᠷᠡᠭᠲᠡᠢ᠃ | ᠦᠨᠳᠦᠰᠦᠨ ᠡᠮᠴᠢᠯᠡᠭᠡᠨ ᠤ ᠲᠡᠩᠴᠡᠭᠦᠷᠢᠲᠡᠢ ᠪᠠᠶᠢᠷᠢᠰᠢᠭᠤᠯᠤᠯ᠂ ᠣᠷᠣᠨ ᠪᠦᠰᠡ ᠶᠢᠨ ᠡᠮᠴᠢᠯᠡᠭᠡᠨ ᠤ ᠲᠥᠪ ᠤᠨ | ᠣᠷᠣᠨ ᠪᠦᠰᠡ ᠳᠠᠬᠢ ᠰᠠᠴᠤᠷᠠᠯᠲᠠ ᠪᠣᠯᠣᠨ ᠡᠷᠡᠭᠦᠯᠵᠢᠯ᠂ ᠨᠠᠰᠤᠲᠠᠳ ᠤᠨ ᠰᠤᠪᠢᠯᠠᠯᠲᠠ ᠵᠡᠷᠭᠡ ᠦᠢᠯᠡᠴᠢᠯᠡᠭᠡᠨ ᠤ | ᠰᠢᠨ᠎ᠡ ᠶᠢ ᠡᠭᠦᠳᠬᠦ ᠬᠥᠭᠵᠢᠯᠲᠡ ᠶᠢ ᠨᠡᠩ ᠴᠢᠬᠤᠯᠠᠴᠢᠯᠠᠵᠤ᠂ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ | ᠪᠠᠶᠢᠭᠤᠯᠤᠮᠵᠢ ᠨᠤᠭᠤᠳ ᠨᠢ ᠦᠲᠡᠭᠦᠰ ᠤᠨ ᠡᠪᠡᠳᠴᠢᠨ ᠤ ᠰᠠᠯᠠᠭ᠎ᠠ ᠶᠢ ᠲᠣᠬᠢᠷᠠᠭᠤᠯᠬᠤ ᠬᠡᠷᠡᠭᠲᠡᠢ᠃ ᠬᠤᠲᠠ | ᠲᠣᠭᠤᠷᠢᠭ ᠤᠨ ᠨᠢᠭᠡᠳᠦᠭᠡᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠷᠢᠬᠤ᠂ | ᠡᠮᠬᠢᠯᠡᠨ ᠨᠡᠶᠢᠯᠡᠭᠦᠯᠬᠦ᠂ ᠬᠡᠯᠪᠡᠷᠢ ᠶᠢ ᠬᠤᠪᠢᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠵᠠᠮ ᠢ ᠬᠡᠷᠡᠭᠯᠡᠵᠦ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠲᠤᠰᠬᠠᠢ ᠡᠮᠨᠡᠯᠭᠡ ᠶᠢᠨ ᠬᠤᠷᠢᠶ᠎ᠠ᠂ | ᠨᠠᠰᠤᠲᠠᠳ ᠤᠨ ᠰᠤᠪᠢᠯᠠᠯᠲᠠ ᠪᠣᠯᠣᠨ ᠡᠷᠡᠭᠦᠯᠵᠢᠯ ᠵᠡᠷᠭᠡ ᠪᠠᠶᠢᠭᠤᠯᠤᠮᠵᠢ ᠪᠣᠯᠭᠠᠨ ᠦᠭᠡᠷᠡᠴᠢᠯᠡᠬᠦ ᠬᠡᠷᠡᠭᠲᠡᠢ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠵᠢᠭᠡᠯᠡᠯᠭᠡ ᠵᠢᠭᠡᠯᠡᠨ ᠪᠠᠶᠢᠭᠤᠯᠬᠤ ᠪᠠ ᠪᠠᠷᠢᠮᠵᠢᠶ᠎ᠠ ᠠᠴᠠ | ᠬᠡᠲᠦᠷᠡᠭᠦᠯᠦᠨ ᠵᠠᠰᠠᠵᠤ ᠴᠢᠮᠡᠬᠦ ᠶᠢ ᠡᠷᠡᠰ ᠴᠠᠭᠠᠵᠠᠯᠠᠬᠤ ᠬᠡᠷᠡᠭᠲᠡᠢ᠃ ᠣᠷᠣᠨ ᠪᠦᠰᠡ ᠶᠢᠨ ᠳᠤᠲᠤᠷᠠᠬᠢ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠤ ᠭᠠᠭᠴᠠ ᠴᠣᠭᠴᠠᠲᠤ ᠣᠷᠣ ᠶᠢᠨ ᠬᠡᠪᠴᠢᠶ᠎ᠡ᠂ | ᠪᠠᠶᠢᠭᠤᠯᠬᠤ ᠪᠠᠷᠢᠮᠵᠢᠶ᠎ᠠ᠂ ᠡᠮᠴᠢᠯᠡᠭᠡᠨ ᠳᠤ ᠬᠡᠷᠡᠭᠯᠡᠬᠦ ᠲᠤᠮᠤ ᠬᠡᠯᠪᠡᠷᠢ ᠶᠢᠨ ᠲᠥᠭᠦᠭᠡᠷᠦᠮᠵᠢ ᠶᠢᠨ ᠲᠤᠬᠢᠷᠠᠭᠤᠯᠤᠯᠲᠠ | ᠪᠣᠯᠣᠨ ᠣᠨᠴᠤᠭᠤᠢ ᠬᠡᠷᠡᠭᠴᠡᠭᠡᠲᠦ ᠦᠢᠯᠡᠴᠢᠯᠡᠭᠡ ᠶᠢ ᠴᠢᠩᠭ᠎ᠠ ᠡᠵᠡᠮᠳᠡᠵᠦ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠳᠤ ᠤᠯᠤᠰ ᠤᠨ ᠦᠢᠯᠡᠳᠪᠦᠷᠢᠯᠡᠭᠰᠡᠨ ᠡᠮᠴᠢᠯᠡᠭᠡᠨ ᠳᠤ ᠬᠡᠷᠡᠭᠯᠡᠬᠦ ᠲᠥᠭᠦᠭᠡᠷᠦᠮᠵᠢ ᠶᠢ | ᠤᠷᠢᠳᠠᠪᠠᠷ ᠲᠣᠬᠢᠷᠠᠭᠤᠯᠬᠤ ᠬᠡᠷᠡᠭᠲᠡᠢ᠃ 2015 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠲᠣᠷᠰᠢᠯᠲᠠ ᠶᠢᠨ | ᠴᠢᠬ ᠪᠣᠯᠬᠤ ᠬᠤᠲᠠ ᠨᠤᠭᠤᠳ ᠲᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠤ | ᠣᠷᠣ ᠶᠢᠨ ᠬᠡᠪᠴᠢᠶ᠎ᠡ ᠶᠢ ᠳᠠᠬᠢᠵᠤ ᠰᠢᠨ᠎ᠡ ᠪᠠᠷ ᠨᠡᠮᠡᠭᠳᠡᠭᠦᠯᠵᠦ ᠪᠣᠯᠬᠤ ᠦᠭᠡᠢ᠂ ᠦᠯᠡᠳᠡᠭᠡᠯ ᠡᠬᠢ ᠪᠠᠶᠠᠯᠢᠭ ᠢ | ᠰᠢᠯᠢᠳᠡᠭᠵᠢᠭᠦᠯᠵᠦ ᠲᠣᠬᠢᠷᠠᠭᠤᠯᠤᠯᠲᠠ ᠬᠢᠬᠦ ᠶᠢ ᠭᠤᠣᠯᠳᠠᠯᠭ᠎ᠠ ᠲᠠᠢ ᠶᠠᠪᠤᠭᠳᠠᠭᠤᠯᠬᠤ ᠬᠡᠷᠡᠭᠲᠡᠢ᠃ 2016 | ᠣᠨ ᠠᠴᠠ ᠡᠬᠢᠯᠡᠵᠦ᠂ ᠡᠯ᠎ᠡ ᠱᠠᠲᠤᠨ ᠤ ᠬᠥᠭᠵᠢᠭᠦᠯᠦᠯᠲᠡ ᠦᠭᠡᠷᠡᠴᠢᠯᠡᠯᠲᠡ᠂ ᠡᠳ᠋ ᠤᠨ ᠵᠠᠰᠠᠭ ᠪᠣᠯᠣᠨ ᠡᠷᠡᠭᠦᠯ | ᠬᠠᠮᠠᠭᠠᠯᠠᠯ ᠲᠦᠯᠦᠪᠯᠡᠭᠡᠲᠦ ᠦᠷᠡᠵᠢᠯ ᠵᠡᠷᠭᠡ ᠰᠠᠯᠠᠭ᠎ᠠ ᠮᠦᠴᠢᠷ ᠤᠳ ᠡᠯ᠎ᠡ ᠱᠠᠲᠤᠨ ᠤ ᠡᠯ᠎ᠡ ᠲᠦᠷᠦᠯ ᠤᠨ ᠰᠢᠨ᠎ᠡ ᠪᠠᠷ | ᠪᠠᠶᠢᠭᠤᠯᠬᠤ᠂ ᠦᠭᠡᠷᠡᠴᠢᠯᠡᠵᠦ ᠥᠷᠭᠡᠳᠭᠡᠨ ᠪᠠᠶᠢᠭᠤᠯᠬᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠲᠦᠷᠦᠯ ᠵᠦᠢᠯ ᠢ ᠬᠢᠨᠠᠨ ᠵᠥᠪᠰᠢᠶᠡᠷᠡᠬᠦ ᠳᠤ ᠡᠷᠬᠡᠪᠰᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠤ | ᠳᠠᠷᠤᠮᠠᠯᠯᠠᠨ ᠲᠠᠷᠬᠠᠭᠠᠭᠰᠠᠨ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠦᠯᠦᠪᠵᠢᠭᠦᠯᠭᠡ ᠪᠣᠯᠣᠨ ᠡᠮᠴᠢᠯᠡᠭᠡᠨ ᠤ | ᠪᠠᠶᠢᠭᠤᠯᠤᠮᠵᠢ ᠶᠢ ᠲᠣᠬᠢᠷᠠᠭᠤᠯᠬᠤ ᠲᠦᠯᠦᠪᠵᠢᠭᠦᠯᠭᠡ ᠪᠠᠷ ᠭᠤᠣᠯ ᠦᠨᠳᠦᠰᠦᠯᠡᠯ ᠪᠣᠯᠭᠠᠬᠤ ᠬᠡᠷᠡᠭᠲᠡᠢ᠃ | 19. ᠨᠡᠶᠢᠭᠡᠮ ᠤᠨ ᠬᠦᠴᠦᠨ ᠤ ᠬᠢᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠦᠭᠡᠷᠡᠴᠢᠯᠡᠯᠲᠡ ᠳᠤ ᠣᠷᠤᠯᠴᠠᠬᠤ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠬᠦᠴᠦᠨ ᠤ ᠡᠮᠨᠡᠯᠭᠡ ᠡᠷᠬᠢᠯᠡᠬᠦ ᠶᠢ | ᠠᠬᠢᠭᠤᠯᠵᠤ ᠬᠥᠭᠵᠢᠯᠲᠡ ᠶᠢ ᠲᠦᠷᠭᠡᠳᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠪᠠᠷᠢᠯ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠢ ᠬᠦᠲᠦᠯᠦᠨ ᠵᠢᠯᠤᠭᠤᠳᠴᠤ ᠪᠠᠶᠢᠭᠠᠳ ᠡᠮᠴᠢᠯᠡᠭᠡᠨ ᠤ | ᠦᠢᠯᠡᠴᠢᠯᠡᠭᠡ ᠶᠢᠨ ᠵᠠᠭᠪᠤᠷ ᠤᠨ ᠦᠭᠡᠷᠡᠴᠢᠯᠡᠯᠲᠡ ᠪᠣᠯᠣᠨ ᠡᠮᠴᠢᠯᠡᠭᠡᠨ ᠤ ᠡᠬᠢ ᠪᠠᠶᠠᠯᠢᠭ ᠤᠨ ᠪᠦᠲᠦᠴᠡ ᠶᠢᠨ | ᠲᠣᠬᠢᠷᠠᠭᠤᠯᠤᠯᠲᠠ ᠳᠤ ᠣᠷᠤᠯᠴᠠᠭᠤᠯᠵᠤ᠂ ᠶᠡᠷᠦᠩᠬᠡᠢ ᠰᠠᠯᠠᠭ᠎ᠠ ᠶᠢᠨ ᠠᠨᠠᠭᠠᠬᠤ ᠤᠬᠠᠭᠠᠨ ᠤ ᠦᠢᠯᠡᠴᠢᠯᠡᠭᠡ᠂ | ᠡᠷᠡᠭᠦᠯᠵᠢᠭᠦᠯᠦᠨ ᠬᠠᠷᠠᠭᠠᠯᠵᠠᠵᠤ ᠠᠰᠠᠷᠠᠬᠤ ᠦᠢᠯᠡᠴᠢᠯᠡᠭᠡ᠂ ᠡᠷᠡᠭᠦᠯ ᠮᠡᠨᠳᠦ ᠶᠢ ᠪᠠᠶᠢᠴᠠᠭᠠᠬᠤ ᠦᠢᠯᠡᠴᠢᠯᠡᠭᠡ ᠶᠢ | ᠬᠥᠭᠵᠢᠭᠦᠯᠬᠦ ᠬᠡᠷᠡᠭᠲᠡᠢ᠃ ᠨᠡᠶᠢᠭᠡᠮ ᠤᠨ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠢ ᠡᠮᠴᠢᠯᠡᠭᠡᠨ ᠤ | ᠪᠠᠶᠢᠭᠤᠯᠤᠮᠵᠢ ᠲᠡᠰᠢ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠦᠲᠦᠯᠦᠨ ᠵᠢᠯᠤᠭᠤᠳᠴᠤ᠂ | ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠦᠨ᠂ ᠪᠦᠯᠦᠭᠵᠢᠭᠦᠯᠬᠦ᠂ ᠡᠷᠴᠢᠮᠵᠢᠭᠦᠯᠬᠦ᠂ ᠨᠡᠷᠡᠲᠦ ᠲᠦᠷᠦᠯ | ᠲᠡᠮᠲᠡᠭᠵᠢᠭᠦᠯᠬᠦ ᠬᠥᠭᠵᠢᠯᠲᠡ ᠶᠢᠨ ᠵᠠᠮ ᠢᠶᠠᠷ ᠶᠠᠪᠤᠭᠤᠯᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠬᠢᠭᠡᠳ ᠨᠡᠶᠢᠭᠡᠮ ᠤᠨ ᠬᠦᠷᠦᠩᠭᠡ ᠮᠦᠩᠭᠦ ᠶᠢᠨ ᠰᠢᠨ᠎ᠡ ᠡᠮᠴᠢᠯᠡᠭᠡᠨ ᠤ ᠪᠠᠶᠢᠭᠤᠯᠤᠮᠵᠢ ᠶᠢ ᠬᠠᠮᠲᠤᠷᠠᠨ | ᠡᠷᠬᠢᠯᠡᠬᠦ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠡᠭᠦᠯᠳᠡᠷᠵᠢᠭᠦᠯᠬᠦ ᠬᠡᠷᠡᠭᠲᠡᠢ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯ ᠢ ᠦᠭᠡᠷᠡᠴᠢᠯᠡᠬᠦ ᠬᠠᠮᠢᠶᠠᠷᠤᠯᠲᠠ ᠶᠢᠨ | ᠠᠷᠭ᠎ᠠ ᠶᠢ ᠰᠤᠳᠤᠯᠤᠨ ᠲᠣᠭᠲᠠᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠬᠢ | ᠪᠠᠶᠠᠯᠢᠭ ᠢᠶᠠᠷ ᠡᠯᠪᠡᠭ ᠬᠤᠲᠠ ᠨᠤᠭᠤᠳ ᠨᠢ ᠦᠨᠳᠦᠰᠦᠨ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠦᠨᠡᠨᠬᠦ | ᠪᠠᠲᠤᠯᠠᠭᠰᠠᠨ ᠰᠠᠭᠤᠷᠢᠨ ᠳᠡᠭᠡᠷ᠎ᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠡᠷᠬᠢᠯᠡᠭᠰᠡᠨ ᠡᠮᠨᠡᠯᠭᠡ ᠶᠢᠨ | ᠬᠤᠷᠢᠶ᠎ᠠ ᠶᠢ ᠪᠠᠭᠲᠠᠭᠠᠭᠰᠠᠨ ᠬᠡᠰᠡᠭ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯ ᠢ | ᠦᠭᠡᠷᠡᠴᠢᠯᠡᠬᠦ ᠶᠢ ᠡᠮᠬᠢ ᠵᠢᠷᠤᠮ ᠲᠠᠢ ᠬᠦᠲᠦᠯᠦᠨ ᠵᠢᠯᠤᠭᠤᠳᠬᠤ ᠪᠠ ᠵᠢᠷᠤᠮᠵᠢᠭᠤᠯᠵᠤ᠂ ᠪᠠᠶᠢᠭᠤᠯᠤᠯ ᠢ ᠦᠭᠡᠷᠡᠴᠢᠯᠡᠬᠦ | ᠠᠵᠢᠯ ᠢ ᠬᠠᠤᠯᠢ ᠶᠤᠰᠤᠭᠠᠷ ᠦᠷᠨᠢᠭᠦᠯᠦᠨ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠠᠯᠳᠠᠭᠳᠠᠬᠤ ᠶᠢ | ᠰᠡᠷᠭᠡᠶᠢᠯᠡᠬᠦ ᠬᠡᠷᠡᠭᠲᠡᠢ᠃ ᠶᠡᠭᠡ ᠡᠮᠴᠢ ᠶᠢᠨ ᠣᠯᠠᠨ ᠴᠢᠬ ᠲᠤ ᠠᠵᠢᠯ ᠡᠷᠬᠢᠯᠡᠬᠦ ᠶᠢ ᠦᠷᠨᠢᠭᠦᠯᠵᠦ᠂ ᠶᠡᠭᠡ ᠡᠮᠴᠢ ᠶᠢᠨ | ᠠᠵᠢᠯ ᠡᠷᠬᠢᠯᠡᠬᠦ ᠶᠢ ᠳᠠᠩᠰᠠᠯᠠᠬᠤ ᠪᠠ ᠬᠠᠮᠢᠶᠠᠷᠬᠤ ᠠᠷᠭ᠎ᠠ ᠮᠠᠶ᠋ᠢᠭ ᠲᠤ ᠦᠭᠡᠷᠡᠴᠢᠯᠡᠯᠲᠡ ᠬᠢᠵᠦ᠂ ᠶᠡᠭᠡ ᠡᠮᠴᠢ ᠶᠢᠨ | ᠣᠷᠣᠨ ᠪᠦᠰᠡ ᠪᠠᠷ ᠳᠠᠩᠰᠠᠯᠠᠬᠤ ᠶᠢ ᠰᠦᠪᠡᠭᠴᠢᠯᠡᠨ᠂ ᠶᠡᠭᠡ ᠡᠮᠴᠢ ᠶᠢᠨ ᠠᠵᠢᠯ ᠡᠷᠬᠢᠯᠡᠬᠦ ᠳᠤ ᠳᠠᠩᠰᠠᠯᠠᠬᠤ ᠭᠠᠵᠠᠷ | ᠣᠷᠣᠨ ᠤ ᠬᠢᠵᠠᠭᠠᠷᠯᠠᠯ ᠢ ᠴᠢᠯᠦᠭᠡᠲᠡᠢ ᠲᠠᠯᠪᠢᠵᠤ᠂ ᠶᠡᠭᠡ ᠡᠮᠴᠢ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠣᠴᠢᠵᠤ ᠠᠵᠢᠯ ᠡᠷᠬᠢᠯᠡᠬᠦ ᠶᠢ ᠵᠣᠷᠢᠬᠵᠢᠭᠤᠯᠬᠤ ᠬᠡᠷᠡᠭᠲᠡᠢ᠃ | 20. ᠳᠡᠭᠡᠳᠦ ᠳᠣᠣᠷᠠᠳᠤ ᠱᠠᠲᠤᠨ ᠤ ᠬᠠᠮᠲᠤᠷᠠᠨ ᠦᠢᠯᠡᠳᠦᠯᠴᠡᠭᠰᠡᠨ ᠠᠵᠢᠯ ᠬᠤᠪᠢᠶᠠᠷᠢᠯᠠᠨ ᠬᠠᠮᠵᠢᠯᠴᠠᠬᠤ | ᠲᠣᠭᠲᠠᠴᠠ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠨᠤᠭᠤᠳ ᠤᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠯᠤᠭ᠎ᠠ ᠬᠠᠷᠠᠯᠲᠠ | ᠲᠤᠳᠤᠷᠬᠠᠢ᠂ ᠡᠷᠬᠡ ᠬᠠᠷᠢᠭᠤᠴᠠᠯᠭ᠎ᠠ ᠲᠤᠳᠤᠷᠬᠠᠢ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ ᠲᠣᠭᠲᠠᠴᠠ | ᠪᠠᠶᠢᠭᠤᠯᠬᠤ ᠶᠢ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠲᠤᠰᠬᠠᠢ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠯᠤᠭ᠎ᠠ ᠶᠢᠨ ᠣᠶᠢᠯᠠᠭᠠᠯᠴᠠᠨ ᠬᠠᠮᠵᠢᠯᠴᠠᠬᠤ ᠶᠢ ᠴᠢᠩᠭᠠᠳᠬᠠᠬᠤ | ᠬᠡᠷᠡᠭᠲᠡᠢ᠃ ᠱᠠᠲᠤ ᠬᠤᠪᠢᠶᠠᠵᠤ ᠣᠨᠣᠰᠢᠯᠠᠨ ᠡᠮᠨᠡᠬᠦ ᠶᠢᠨ ᠡᠪᠡᠳᠴᠢᠨ ᠦᠵᠡᠭᠦᠯᠬᠦ ᠡᠮᠬᠢ ᠵᠢᠷᠤᠮ ᠢ ᠪᠣᠢ | ᠪᠣᠯᠭᠠᠬᠤ ᠪᠠᠷ ᠬᠠᠷᠠᠯᠲᠠ ᠪᠣᠯᠭᠠᠵᠤ᠂ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ | ᠪᠠᠶᠢᠭᠤᠯᠬᠤ ᠶᠢ ᠵᠣᠷᠢᠬᠵᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠬᠤᠯᠪᠣᠭᠠᠲᠤ | ᠴᠣᠭᠴᠠ ᠶᠢᠨ ᠬᠠᠮᠢᠶᠠᠷᠤᠯᠲᠠ ᠶᠢᠨ ᠠᠵᠢᠯᠯᠠᠭᠠᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠵᠤ᠂ | ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ | 2015 ᠣᠨ ᠳᠤ ᠬᠡᠰᠡᠭ ᠲᠣᠷᠰᠢᠯᠲᠠ ᠶᠢᠨ ᠴᠢᠬ ᠪᠣᠯᠬᠤ ᠬᠤᠲᠠ ᠶᠢ ᠰᠤᠩᠭᠤᠵᠤ ᠨᠢᠭᠲᠠᠷᠠᠭᠰᠠᠨ ᠬᠡᠯᠪᠡᠷᠢ ᠶᠢᠨ | ᠡᠮᠴᠢᠯᠡᠭᠡᠨ ᠤ ᠬᠤᠯᠪᠣᠭᠠᠲᠤ ᠴᠣᠭᠴᠠ ᠶᠢᠨ ᠲᠣᠷᠰᠢᠯᠲᠠ ᠶᠢᠨ ᠠᠵᠢᠯ ᠢ ᠦᠷᠨᠢᠭᠦᠯᠦᠨ᠎ᠡ᠃ ᠠᠯᠪᠠᠨ ᠤ ᠪᠤᠰᠤ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢ ᠬᠤᠯᠪᠣᠭᠠᠲᠤ ᠴᠣᠭᠴᠠ ᠳᠤ ᠣᠷᠤᠭᠤᠯᠬᠤ ᠶᠢ ᠵᠣᠷᠢᠬᠵᠢᠭᠤᠯᠵᠤ᠂ | ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠤᠭᠤᠷᠤᠨᠲᠤ ᠪᠠᠨ ᠡᠮᠬᠢ ᠵᠢᠷᠤᠮ ᠲᠠᠢ ᠦᠷᠢᠰᠦᠯᠳᠦᠭᠡᠨ ᠬᠢᠬᠦ ᠶᠢ | ᠬᠦᠲᠦᠯᠦᠨ ᠵᠢᠯᠣᠭᠤᠳᠬᠤ ᠬᠡᠷᠡᠭᠲᠡᠢ᠃ ᠶᠠᠰᠤ ᠴᠢᠨᠠᠷ ᠤᠨ ᠡᠵᠡᠮᠳᠡᠬᠦ ᠪᠠᠷᠢᠮᠵᠢᠶ᠎ᠠ ᠶᠢ ᠨᠢᠭᠡᠳᠭᠡᠬᠦ ᠶᠢᠨ ᠤᠷᠢᠳᠠᠯ | ᠳᠣᠣᠷ᠎ᠠ᠂ ᠠᠳᠠᠯᠢ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠠᠨᠠᠭᠠᠬᠤ ᠤᠬᠠᠭᠠᠨ ᠤ ᠪᠠᠶᠢᠴᠠᠭᠠᠨ ᠰᠢᠯᠭᠠᠭᠰᠠᠨ | ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠬᠡᠷᠡᠭᠵᠢᠭᠦᠯᠬᠦ ᠬᠡᠷᠡᠭᠲᠡᠢ᠃ ᠲᠣᠷᠰᠢᠯᠲᠠ ᠶᠢᠨ ᠴᠢᠬ ᠪᠣᠯᠬᠤ | ᠬᠤᠲᠠ ᠨᠤᠭᠤᠳ ᠨᠢ ᠣᠳᠣ ᠶᠢᠨ ᠪᠠᠶᠢᠭ᠎ᠠ ᠡᠬᠢ ᠪᠠᠶᠠᠯᠢᠭ ᠢᠶᠠᠨ ᠠᠰᠢᠭᠯᠠᠬᠤ ᠶᠢ ᠰᠦᠪᠡᠭᠴᠢᠯᠡᠨ᠂ ᠲᠤᠰᠬᠠᠶᠢᠯᠠᠭᠰᠠᠨ | ᠠᠨᠠᠭᠠᠬᠤ ᠤᠬᠠᠭᠠᠨ ᠤ ᠳᠥᠷᠰᠦ᠂ ᠡᠪᠡᠳᠴᠢᠨ ᠤ ᠵᠦᠢ ᠶᠢᠨ ᠰᠤᠳᠤᠯᠤᠯ ᠢᠶᠠᠷ ᠣᠨᠣᠰᠢᠯᠠᠬᠤ ᠪᠠ ᠠᠨᠠᠭᠠᠬᠤ | ᠣᠬᠠᠭᠠᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠲᠣᠬᠢᠷᠠᠭᠤᠯᠵᠤ ᠪᠣᠯᠣᠨ᠎ᠠ᠃ ᠮᠡᠳᠡᠭᠡ ᠵᠠᠩᠬᠢᠵᠢᠯᠲᠠ ᠶᠢᠨ | ᠠᠷᠭ᠎ᠠ ᠮᠠᠶ᠋ᠢᠭ ᠢ ᠭᠦᠢᠴᠡᠳ ᠠᠰᠢᠭᠯᠠᠨ᠂ ᠰᠢᠯᠢᠳᠡᠭ ᠴᠢᠨᠠᠷᠲᠠᠢ ᠡᠮᠴᠢᠯᠡᠭᠡᠨ ᠤ ᠡᠬᠢ ᠪᠠᠶᠠᠯᠢᠭ ᠤᠨ ᠭᠦᠨᠵᠡᠭᠡᠶᠢᠷᠡᠨ | ᠰᠢᠯᠵᠢᠬᠦ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠰᠦᠯᠵᠢᠶᠡᠨ ᠳᠡᠭᠡᠷ᠎ᠡ ᠪᠤᠯᠵᠤᠨ ᠳ᠋ᠤᠭᠠᠷᠯᠠᠬᠤ ᠲᠡᠪᠴᠡᠩ ᠢ | ᠪᠠᠶᠢᠭᠤᠯᠵᠤ᠂ ᠭᠤᠣᠯ ᠨᠢ ᠳᠣᠣᠷᠠᠳᠣ ᠱᠠᠲᠤᠨ ᠤ ᠡᠮᠨᠡᠯᠭᠡ ᠶᠢᠨ ᠬᠤᠷᠢᠶ᠎ᠠ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ | ᠬᠤᠷᠢᠶ᠎ᠠ ᠪᠣᠯᠣᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠠᠨᠳᠤᠭᠤᠯᠵᠤ | ᠪᠣᠯᠵᠣᠨ ᠳ᠋ᠤᠭᠠᠷᠯᠠᠬᠤ ᠦᠢᠯᠡᠴᠢᠯᠡᠭᠡ ᠬᠠᠩᠭᠠᠬᠤ ᠬᠡᠷᠡᠭᠲᠡᠢ᠃ | 21. ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠦᠪᠡᠷᠲᠡᠭᠡᠨ ᠵᠠᠰᠠᠬᠤ | ᠣᠷᠣᠨ ᠠᠴᠠ ᠡᠮᠴᠢᠯᠡᠭᠡ ᠰᠤᠷᠭᠠᠯᠲᠠ ᠰᠤᠳᠤᠯᠤᠯ ᠢ ᠬᠠᠮᠵᠢᠯᠴᠠᠨ ᠬᠥᠭᠵᠢᠭᠦᠯᠬᠦ ᠶᠢ ᠠᠬᠢᠭᠤᠯᠬᠤ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠲᠣᠭᠲᠠᠭᠠᠬᠤ ᠬᠡᠷᠡᠭᠲᠡᠢ᠃ ᠡᠮᠨᠡᠯᠭᠡ ᠳᠤ ᠰᠠᠭᠤᠭᠰᠠᠨ ᠶᠡᠭᠡ ᠡᠮᠴᠢ ᠶᠢᠨ | ᠵᠢᠷᠤᠮᠵᠢᠭᠤᠯᠤᠭᠰᠠᠨ ᠪᠣᠯᠪᠠᠰᠤᠷᠠᠭᠤᠯᠤᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠠᠵᠢᠯ ᠤᠨ ᠪᠠᠶᠢᠷᠢ ᠳᠠᠬᠢ ᠵᠢᠩᠬᠢᠨᠢ ᠠᠩᠭᠢ ᠵᠢᠴᠢ | ᠲᠡᠭᠦᠨ ᠠᠴᠠ ᠳᠡᠭᠡᠭᠰᠢᠬᠢ ᠰᠤᠷᠤᠯᠴᠠᠭᠰᠠᠨ ᠨᠠᠮᠲᠠᠷ ᠲᠠᠢ ᠰᠢᠨ᠎ᠡ ᠢᠷᠡᠭᠰᠡᠨ ᠡᠮᠴᠢᠯᠡᠭᠡᠨ ᠤ ᠶᠡᠭᠡ ᠡᠮᠴᠢᠳ ᠲᠤ ᠪᠦᠷ | ᠡᠮᠨᠡᠯᠭᠡ ᠳᠤ ᠰᠠᠭᠤᠭᠰᠠᠨ ᠶᠡᠭᠡ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠢ ᠬᠦᠷᠲᠡᠭᠡᠬᠦ ᠬᠡᠷᠡᠭᠲᠡᠢ᠃ | ᠶᠡᠷᠦᠩᠬᠡᠢ ᠰᠠᠯᠠᠭ᠎ᠠ ᠵᠢᠴᠢ ᠬᠡᠦᠬᠡᠳ ᠤᠨ ᠡᠮᠨᠡᠯᠭᠡ᠂ ᠤᠶᠤᠨ ᠮᠡᠳᠡᠷᠡᠯ ᠤᠨ ᠡᠮᠨᠡᠯᠭᠡ᠂ ᠮᠣᠩᠭᠤᠯ ᠬᠢᠲᠠᠳ ᠡᠮᠨᠡᠯᠭᠡ | ᠵᠡᠷᠭᠡ ᠶᠢᠨ ᠪᠠᠴᠢᠮ ᠬᠡᠷᠡᠭᠴᠡᠭᠡᠲᠡᠢ ᠲᠤᠳᠠᠭᠳᠠᠵᠤ ᠪᠠᠶᠢᠭ᠎ᠠ ᠲᠤᠰᠬᠠᠢ ᠴᠢᠳᠠᠪᠤᠷᠢᠲᠠᠨ ᠤ ᠪᠣᠯᠪᠠᠰᠤᠷᠠᠭᠤᠯᠤᠯ ᠤᠨ | ᠬᠡᠪᠴᠢᠶ᠎ᠡ ᠶᠢ ᠢᠳᠡᠪᠬᠢᠲᠡᠢ ᠥᠷᠭᠡᠳᠭᠡᠬᠦ ᠬᠡᠷᠡᠭᠲᠡᠢ᠃ ᠭᠤᠷᠪᠠᠨ ᠳᠡᠰ ᠤᠨ ᠡᠮᠨᠡᠯᠭᠡ ᠶᠢᠨ ᠬᠤᠷᠢᠶ᠎ᠠ ᠳᠤ ᠠᠨᠠᠭᠠᠬᠤ | ᠤᠬᠠᠭᠠᠨ ᠤ ᠶᠡᠷᠦᠩᠬᠡᠢ ᠰᠠᠯᠠᠭ᠎ᠠ ᠲᠣᠬᠢᠷᠠᠭᠤᠯᠬᠤ ᠶᠢ ᠵᠣᠷᠢᠬᠵᠢᠭᠤᠯᠵᠤ᠂ ᠶᠡᠷᠦᠩᠬᠡᠢ ᠰᠠᠯᠠᠭ᠎ᠠ ᠶᠢᠨ ᠶᠡᠭᠡ ᠡᠮᠴᠢ ᠶᠢ | ᠵᠢᠷᠤᠮᠵᠢᠭᠤᠯᠤᠨ ᠪᠣᠯᠪᠠᠰᠤᠷᠠᠭᠤᠯᠬᠤ ᠡᠭᠦᠷᠭᠡ ᠡᠭᠦᠷᠭᠡᠯᠡᠬᠦ ᠶᠢ ᠬᠠᠷᠢᠭᠤᠴᠠᠬᠤ ᠶᠢᠨ ᠬᠠᠮᠲᠤ᠂ ᠡᠮᠨᠡᠯᠭᠡ ᠶᠢᠨ ᠬᠤᠷᠢᠶ᠎ᠠ | ᠬᠢᠭᠡᠳ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠤᠭᠤᠷᠤᠨᠳᠤᠬᠢ | ᠰᠢᠯᠵᠢᠭᠦᠯᠦᠨ ᠡᠮᠨᠡᠭᠦᠯᠬᠦ ᠠᠵᠢᠯ ᠢ ᠵᠢᠯᠤᠭᠤᠳᠬᠤ ᠬᠡᠷᠡᠭᠲᠡᠢ᠃ ᠲᠤᠰᠬᠠᠢ ᠡᠮᠨᠡᠯᠭᠡ ᠶᠢᠨ ᠶᠡᠭᠡ ᠡᠮᠴᠢ ᠶᠢ | ᠵᠢᠷᠤᠮᠵᠢᠭᠤᠯᠤᠨ ᠪᠣᠯᠪᠠᠰᠤᠷᠠᠭᠤᠯᠬᠤ ᠳᠦᠷᠢᠮ ᠪᠠᠶᠢᠭᠤᠯᠬᠤ ᠶᠢ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠭᠤᠣᠯᠯᠠᠭᠴᠢ ᠡᠮᠴᠢᠳ ᠤᠨ ᠪᠣᠯᠪᠠᠰᠤᠷᠠᠭᠤᠯᠤᠯ ᠪᠣᠯᠣᠨ ᠡᠮᠴᠢᠯᠡᠭᠡᠨ ᠤ | ᠭᠤᠣᠯᠳᠠᠯᠭ᠎ᠠ ᠲᠠᠢ ᠲᠤᠰᠬᠠᠢ ᠡᠮᠨᠡᠯᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠨᠠᠭᠠᠬᠤ ᠤᠬᠠᠭᠠᠨ ᠤ | ᠦᠷ᠎ᠡ ᠪᠦᠲᠦᠭᠡᠯ ᠢ ᠤᠯᠠᠷᠢᠯᠠᠭᠤᠯᠬᠤ ᠲᠡᠪᠴᠡᠩ ᠤᠨ ᠪᠠᠶᠢᠭᠤᠯᠤᠯᠲᠠ ᠶᠢ ᠠᠬᠢᠭᠤᠯᠵᠤ᠂ ᠠᠨᠠᠭᠠᠬᠤ ᠤᠬᠠᠭᠠᠨ ᠤ | ᠰᠢᠨᠵᠢᠯᠡᠬᠦ ᠤᠬᠠᠭᠠᠨ ᠤ ᠰᠤᠳᠤᠯᠤᠯ ᠤᠨ ᠰᠡᠳᠦᠪ ᠲᠣᠭᠲᠠᠭᠠᠬᠤ ᠶᠢ ᠠᠨᠠᠭᠠᠬᠤ ᠤᠬᠠᠭᠠᠨ ᠤ ᠰᠢᠨᠵᠢᠯᠡᠭᠡ ᠯᠦᠭᠡ | ᠬᠠᠮᠵᠢᠯᠴᠠᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ︽ᠣᠨᠣᠪᠴᠢᠲᠦ ᠠᠨᠠᠭᠠᠬᠤ ᠤᠬᠠᠭᠠᠨ︾ ᠤ ᠰᠦᠪᠡᠭᠴᠢᠯᠡᠯ ᠬᠢᠭᠡᠳ ᠰᠤᠳᠤᠯᠤᠯ ᠦᠷᠨᠢᠭᠦᠯᠬᠦ ᠶᠢ ᠳᠡᠮᠵᠢᠬᠦ ᠬᠡᠷᠡᠭᠲᠡᠢ᠃ | ᠲᠣᠷᠰᠢᠯᠲᠠ ᠶᠢᠨ ᠴᠢᠬ ᠪᠣᠯᠬᠤ ᠬᠤᠲᠠ ᠨᠤᠭᠤᠳ ᠨᠢ ᠤᠯᠤᠰ ᠤᠨ ᠭᠠᠳᠠᠭᠠᠲᠤ ᠳᠤᠳᠤᠭᠠᠲᠤ ᠶᠢᠨ ᠠᠯᠳᠠᠷᠲᠤ | ᠰᠢᠨᠵᠢᠯᠡᠭᠡᠨ ᠤ ᠪᠦᠯᠬᠦᠮ ᠢ ᠣᠷᠤᠭᠤᠯᠤᠨ ᠠᠪᠴᠢᠷᠠᠬᠤ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠰᠤᠳᠤᠯᠤᠨ | ᠲᠣᠭᠲᠠᠭᠠᠵᠤ᠂ ᠪᠦᠷᠢᠨ ᠲᠤᠰᠢᠶᠠᠯ ᠢᠶᠠᠷ ᠣᠷᠤᠭᠤᠯᠤᠨ ᠠᠪᠴᠢᠷᠠᠬᠤ᠂ ᠲᠣᠬᠢᠯᠢᠬᠵᠢᠭᠤᠯᠤᠨ ᠣᠷᠤᠭᠤᠯᠵᠤ | ᠠᠪᠴᠢᠷᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠤᠯᠤᠰ ᠤᠨ ᠳᠣᠲᠤᠭᠠᠲᠤ᠂ ᠭᠠᠳᠠᠭᠠᠲᠤ ᠠᠴᠠ | ᠡᠮᠴᠢᠯᠡᠭᠡ ᠶᠢᠨ ᠡᠷᠲᠡᠮᠲᠡᠨ ᠤ ᠪᠦᠯᠬᠦᠮ ᠢ ᠣᠷᠤᠭᠤᠯᠤᠨ ᠠᠪᠴᠢᠷᠠᠬᠤ ᠶᠢ ᠵᠣᠷᠢᠬᠵᠢᠭᠤᠯᠬᠤ ᠬᠡᠷᠡᠭᠲᠡᠢ᠃ ᠬᠤᠲᠠ ᠶᠢᠨ | ᠭᠤᠷᠪᠠᠨ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠠᠴᠠ ᠪᠠᠨ ᠠᠮᠠᠷᠠᠭᠰᠠᠳ ᠢ | ᠳᠠᠬᠢᠨ ᠤᠷᠢᠬᠤ ᠬᠠᠷᠢᠴᠠᠯ ᠢ ᠴᠢᠩᠭ᠎ᠠ ᠡᠵᠡᠮᠳᠡᠵᠦ᠂ ᠨᠢᠭᠡᠨᠲᠡ ᠠᠵᠢᠯ ᠠᠴᠠ ᠪᠠᠨ ᠠᠮᠠᠷᠠᠭᠰᠠᠨ ᠰᠢᠨᠵᠢᠯᠡᠭᠡᠨ ᠤ | ᠳᠠᠭᠠᠭᠤᠯᠤᠭᠴᠢ᠂ ᠲᠣᠬᠠᠶᠢᠯᠠᠭᠰᠠᠨ ᠠᠵᠢᠯ ᠤᠨ ᠭᠤᠣᠯᠯᠠᠭᠴᠢ ᠶᠢ ᠬᠦᠲᠦᠯᠦᠨ ᠵᠢᠯᠤᠭᠤᠳᠴᠤ ᠪᠠᠶᠢᠭᠠᠳ ᠬᠤᠲᠠ | ᠲᠣᠭᠤᠷᠢᠭ ᠤᠨ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠣᠯᠣᠨ ᠬᠤᠰᠢᠭᠤ ᠰᠢᠶᠠᠨ ᠤ ᠱᠠᠲᠤᠨ ᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠣᠴᠢᠵᠤ ᠦᠢᠯᠡᠴᠢᠯᠡᠭᠦᠯᠵᠦ᠂ ᠬᠤᠲᠠ ᠶᠢᠨ ᠭᠤᠷᠪᠠᠨ | ᠳᠡᠰ ᠤᠨ ᠡᠮᠨᠡᠯᠭᠡ ᠶᠢᠨ ᠬᠤᠷᠢᠶ᠎ᠠ ᠶᠢᠨ ᠵᠠᠯᠠᠭᠤ ᠭᠤᠣᠯᠯᠠᠭᠴᠢ ᠶᠡᠭᠡ ᠡᠮᠴᠢ ᠶᠢᠨ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠣᠴᠢᠵᠣ ᠲᠦᠷ ᠴᠠᠭ ᠲᠤᠰᠢᠶᠠᠯ ᠡᠭᠦᠷᠭᠡᠯᠡᠭᠦᠯᠬᠦ ᠪᠣᠯᠪᠠᠰᠤᠷᠠᠭᠤᠯᠤᠯ | ᠬᠢᠬᠦ ᠶᠢ ᠵᠣᠷᠢᠬᠵᠢᠭᠤᠯᠬᠤ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠦᠨᠡᠯᠡᠬᠦ ᠰᠢᠨᠵᠢᠯᠡᠬᠦ | ᠤᠬᠠᠭᠠᠨᠴᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠬᠡᠷᠡᠭᠴᠡᠭᠡ | ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠭᠰᠠᠨ᠂ ᠡᠮᠴᠢ ᠶᠢᠨ ᠮᠤᠷᠠᠯ᠂ ᠴᠢᠳᠠᠪᠤᠷᠢ᠂ ᠠᠵᠢᠯ ᠤᠨ ᠠᠮᠵᠢᠯᠲᠠ | ᠪᠦᠲᠦᠮᠵᠢ ᠪᠠᠷ ᠤᠳᠤᠷᠢᠳᠤᠮᠵᠢ ᠪᠣᠯᠭᠠᠭᠰᠠᠨ ᠴᠢᠳᠠᠪᠤᠷᠢᠲᠠᠨ ᠦᠨᠡᠯᠡᠬᠦ ᠲᠣᠭᠲᠠᠴᠠ ᠪᠠᠶᠢᠭᠤᠯᠬᠤ ᠶᠢ ᠰᠦᠪᠡᠭᠴᠢᠯᠡᠬᠦ | ᠬᠡᠷᠡᠭᠲᠡᠢ᠃ | ︵ᠳᠣᠯᠤᠭ᠎ᠠ︶ ᠱᠠᠲᠤ ᠬᠤᠪᠢᠶᠠᠵᠤ ᠣᠨᠣᠰᠢᠯᠠᠨ ᠡᠮᠨᠡᠬᠦ ᠳᠦᠷᠢᠮ ᠢ ᠯᠠᠪᠳᠠᠭᠤᠨ ᠢᠶᠠᠷ ᠪᠠᠶᠢᠭᠤᠯᠤᠨ᠎ᠠ᠃ | 22. ᠦᠨᠳᠦᠰᠦᠨ ᠱᠠᠲᠤᠨ ᠳᠤ ᠤᠷᠢᠳᠠᠪᠠᠷ ᠡᠮᠨᠡᠭᠦᠯᠬᠦ ᠶᠢ ᠠᠬᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ | ᠣᠷᠣᠨ ᠤ ᠱᠠᠲᠤ ᠬᠤᠪᠢᠶᠠᠵᠤ ᠣᠨᠣᠰᠢᠯᠠᠨ ᠡᠮᠨᠡᠬᠦ ᠲᠣᠷᠰᠢᠯᠲᠠ ᠶᠢᠨ ᠴᠢᠬ ᠤᠨ ᠵᠢᠯᠤᠭᠤᠳᠬᠤ ᠰᠠᠨᠠᠯ ᠢ ᠲᠣᠭᠲᠠᠭᠠᠵᠤ | ᠂ 2015 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠲᠣᠷᠰᠢᠯᠲᠠ ᠶᠢᠨ ᠴᠢᠬ ᠪᠣᠯᠬᠤ ᠬᠤᠲᠠ ᠶᠢᠨ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠤᠭᠤᠳ ᠪᠦᠭᠦᠳᠡᠭᠡᠷ ᠱᠠᠲᠤ ᠬᠤᠪᠢᠶᠠᠵᠤ ᠣᠨᠣᠰᠢᠯᠠᠨ ᠡᠮᠨᠡᠬᠦ | ᠲᠣᠷᠰᠢᠯᠲᠠ ᠶᠢᠨ ᠴᠢᠬ ᠤᠨ ᠠᠵᠢᠯ ᠢ ᠡᠬᠢᠯᠡᠭᠦᠯᠬᠦ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠳᠠᠮᠵᠢᠵᠤ ᠪᠤᠯᠵᠤᠨ | ᠳ᠋ᠤᠭᠠᠷᠯᠠᠬᠤ ᠪᠠ ᠰᠢᠯᠵᠢᠭᠦᠯᠦᠨ ᠡᠮᠨᠡᠭᠦᠯᠬᠦ ᠦᠢᠯᠡᠴᠢᠯᠡᠭᠡᠨ ᠤ ᠳ᠋ᠤᠭᠠᠷ ᠤᠨ ᠢᠷᠡᠯᠲᠡ ᠶᠢ ᠠᠯᠬᠤᠮ ᠠᠯᠬᠤᠮ ᠢᠶᠠᠷ | ᠨᠡᠮᠡᠭᠳᠡᠭᠦᠯᠵᠦ᠂ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠨᠢ ᠦᠨᠳᠦᠰᠦᠨ ᠱᠠᠲᠤᠨ ᠳᠤ ᠰᠢᠯᠵᠢᠭᠦᠯᠦᠨ | ᠡᠮᠨᠡᠭᠦᠯᠦᠭᠰᠡᠨ ᠡᠪᠡᠳᠴᠢᠲᠠᠳ ᠢ ᠤᠷᠢᠳᠠᠪᠠᠷ ᠬᠦᠯᠢᠶᠡᠨ ᠠᠪᠴᠤ ᠡᠮᠴᠢᠯᠡᠬᠦ᠂ ᠤᠷᠢᠳᠠᠪᠠᠷ ᠪᠠᠶᠢᠴᠠᠭᠠᠯᠲᠠ ᠬᠢᠵᠦ᠂ | ᠤᠷᠢᠳᠠᠪᠠᠷ ᠡᠮᠨᠡᠯᠭᠡ ᠳᠤ ᠰᠠᠭᠤᠯᠭᠠᠬᠤ ᠬᠡᠷᠡᠭᠲᠡᠢ᠃ 2015 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠤᠯᠵᠤᠨ | ᠰᠢᠯᠵᠢᠭᠦᠯᠵᠦ ᠡᠮᠨᠡᠭᠦᠯᠦᠭᠰᠡᠳ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠭᠦᠳᠡᠨ | ᠡᠮᠨᠡᠯᠭᠡ ᠳᠤ ᠡᠮᠴᠢᠯᠡᠭᠦᠯᠦᠭᠰᠡᠨ ᠬᠡᠮᠵᠢᠶ᠎ᠡ ᠶᠢᠨ ᠡᠵᠡᠯᠡᠬᠦ ᠬᠠᠷᠢᠴᠠᠯ ᠢ 20% ᠠᠴᠠ ᠳᠡᠭᠡᠭᠰᠢ ᠳᠤ ᠬᠦᠷᠲᠡᠯ᠎ᠡ | ᠳᠡᠭᠡᠭᠰᠢᠯᠡᠭᠦᠯᠬᠦ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠩ ᠤᠨ ᠡᠭᠦᠳᠡᠨ | ᠡᠮᠨᠡᠯᠭᠡ ᠶᠢᠨ ᠬᠡᠪᠴᠢᠶ᠎ᠡ ᠶᠢ ᠡᠵᠡᠮᠳᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ | ᠭᠤᠷᠪᠠᠨ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠩ ᠤᠨ ᠡᠭᠦᠳᠡᠨ ᠡᠮᠨᠡᠯᠭᠡ ᠳᠤ ᠡᠮᠨᠡᠭᠦᠯᠬᠦ ᠬᠦᠮᠦᠨ ᠤᠳᠠᠭ᠎ᠠ ᠶᠢ | ᠠᠯᠬᠤᠮ ᠠᠯᠬᠤᠮ ᠢᠶᠠᠷ ᠪᠠᠭᠠᠰᠬᠠᠬᠤ ᠪᠠ ᠭᠤᠷᠪᠠᠨ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠳᠤ | ᠬᠤᠷᠢᠶᠠᠬᠤ ᠰᠤᠳᠠᠯ ᠢᠶᠠᠷ ᠰᠢᠩᠭᠡᠨ ᠪᠡᠶᠡᠲᠦ ᠶᠡᠭᠦᠯᠡᠬᠦ ᠶᠢ ᠬᠦᠴᠦᠨ ᠦᠭᠡᠢ ᠪᠣᠯᠭᠠᠬᠤ ᠬᠡᠷᠡᠭᠲᠡᠢ᠃ ᠶᠡᠷᠦᠩᠬᠡᠢ | ᠰᠠᠯᠠᠭ᠎ᠠ ᠶᠢᠨ ᠡᠮᠴᠢᠳ ᠢᠶᠠᠷ ᠭᠤᠣᠯ ᠪᠣᠯᠭᠠᠭᠰᠠᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ | ᠵᠠᠭᠪᠤᠷ ᠤᠨ ᠠᠵᠢᠯ ᠤᠨ ᠲᠦᠰᠦᠯ ᠢ ᠰᠤᠳᠤᠯᠤᠨ ᠲᠣᠭᠲᠠᠭᠠᠵᠤ᠂ ᠶᠡᠷᠦᠩᠬᠡᠢ ᠰᠠᠯᠠᠭ᠎ᠠ ᠶᠢᠨ ᠡᠮᠴᠢ ᠶᠢᠨ ᠭᠡᠷ᠎ᠡ | ᠲᠣᠭᠲᠠᠬᠤ ᠦᠢᠯᠡᠴᠢᠯᠡᠭᠡ ᠪᠣᠯᠣᠨ ᠦᠢᠯᠡᠴᠢᠯᠡᠭᠡ ᠬᠤᠳᠠᠯᠳᠤᠨ ᠠᠪᠬᠤ ᠲᠣᠷᠰᠢᠯᠲᠠ ᠶᠢᠨ ᠴᠢᠬ ᠢ ᠵᠡᠷᠭᠡᠪᠡᠷ | ᠠᠬᠢᠭᠤᠯᠬᠤ ᠶᠢᠨ ᠬᠠᠮᠲᠤ᠂ ᠡᠮᠴᠢᠯᠡᠭᠡᠨ ᠤ ᠳᠠᠭᠠᠳᠬᠠᠯ ᠤᠨ ᠮᠦᠩᠭᠦ ᠣᠯᠭᠤᠬᠤ᠂ ᠦᠨᠳᠦᠰᠦᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠢ ᠰᠢᠯᠵᠢᠭᠦᠯᠦᠨ ᠥᠭᠬᠦ ᠵᠡᠷᠭᠡ ᠯᠦᠭᠡ ᠬᠤᠯᠪᠣᠭᠳᠠᠭᠤᠯᠵᠤ᠂ | 2017 ᠣᠨ ᠳᠤ 60% ᠠᠴᠠ ᠳᠡᠭᠡᠭᠰᠢᠬᠢ ᠨᠡᠶᠢᠭᠡᠮ ᠲᠣᠭᠤᠷᠢᠭ ᠲᠠᠬᠢ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠨᠢ ᠭᠡᠷ ᠪᠦᠯᠢ ᠶᠢᠨ ᠡᠮᠴᠢ ᠶᠢᠨ ᠳᠦᠷᠢᠮ ᠪᠣᠯᠣᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠡᠷᠡᠭᠦᠯ | ᠮᠡᠨᠳᠦ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠲᠣᠷᠰᠢᠯᠲᠠ ᠶᠢᠨ ᠴᠢᠬ ᠪᠣᠯᠬᠤ ᠬᠤᠲᠠ ᠨᠤᠭᠤᠳ ᠨᠢ | ᠵᠢᠷᠤᠮᠵᠢᠯ ᠲᠠᠢ ᠨᠡᠶᠢᠭᠡᠮ ᠲᠣᠭᠤᠷᠢᠭ ᠤᠨ ᠡᠮᠴᠢ ᠪᠣᠯᠣᠨ ᠰᠠᠭᠤᠭᠠᠯᠢ ᠠᠷᠠᠳ ᠤᠨ ᠪᠣᠯᠵᠤᠭ᠎ᠠ ᠲᠠᠢ ᠦᠢᠯᠡᠴᠢᠯᠡᠭᠡᠨ ᠤ | ᠬᠠᠷᠢᠴᠠᠭ᠎ᠠ ᠶᠢ ᠠᠩᠬ᠎ᠠ ᠠᠯᠬᠤᠮ ᠪᠠᠶᠢᠭᠤᠯᠤᠨ᠎ᠠ᠃ ᠶᠡᠭᠡ ᠡᠮᠴᠢ ᠶᠢᠨ ᠦᠨᠳᠦᠰᠦᠨ ᠱᠠᠲᠤᠨ ᠤ ᠣᠯᠠᠨ ᠴᠢᠬ ᠲᠤ | ᠠᠵᠢᠯ ᠡᠷᠬᠢᠯᠡᠬᠦ ᠶᠢ ᠠᠬᠢᠭᠤᠯᠬᠤ ᠪᠠ ᠵᠢᠷᠤᠮᠵᠢᠭᠤᠯᠵᠤ᠂ ᠰᠢᠯᠢᠳᠡᠭ ᠴᠢᠨᠠᠷᠲᠠᠢ ᠡᠮᠴᠢᠯᠡᠭᠡᠨ ᠤ ᠡᠬᠢ ᠪᠠᠶᠠᠯᠢᠭ ᠢ | ᠦᠨᠳᠦᠰᠦᠨ ᠱᠠᠲᠤᠨ ᠳᠤ ᠬᠠᠨᠳᠤᠭᠤᠯᠬᠤ ᠶᠢ ᠠᠬᠢᠭᠤᠯᠬᠤ ᠬᠡᠷᠡᠭᠲᠡᠢ᠃ | 23. ᠡᠮᠴᠢᠯᠡᠭᠡᠨ ᠤ ᠪᠠᠶᠢᠭᠤᠯᠤᠮᠵᠢ ᠶᠢᠨ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠶᠢ ᠠᠬᠢᠭᠤᠯᠬᠤ | ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠠᠴᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠯᠤᠭ᠎ᠠ ᠬᠤᠣᠰ ᠴᠢᠭᠯᠡᠯ ᠢᠶᠠᠷ | ᠰᠢᠯᠵᠢᠭᠦᠯᠦᠨ ᠡᠮᠨᠡᠭᠦᠯᠬᠦ ᠳᠡᠰ ᠳᠠᠷᠠᠭᠠᠯᠠᠯ ᠢ ᠲᠣᠭᠲᠠᠭᠠᠨ ᠲᠡᠭᠦᠯᠳᠡᠷᠵᠢᠭᠦᠯᠵᠦ᠂ ᠪᠠᠶᠢᠩᠭᠤ ᠳᠣᠬᠢᠶᠠᠯᠳᠤᠬᠤ | ᠡᠪᠡᠳᠴᠢᠨ ᠤ ᠲᠦᠷᠦᠯ ᠤᠨ ᠡᠮᠨᠡᠯᠭᠡ ᠳᠤ ᠣᠷᠤᠵᠤ ᠡᠮᠨᠡᠯᠭᠡ ᠠᠴᠠ ᠭᠠᠷᠬᠤ ᠪᠠᠷᠢᠮᠵᠢᠶ᠎ᠠ ᠪᠣᠯᠣᠨ ᠬᠤᠣᠰ ᠴᠢᠭᠯᠡᠯ ᠢᠶᠠᠷ | ᠰᠢᠯᠵᠢᠭᠦᠯᠦᠨ ᠡᠮᠨᠡᠭᠦᠯᠬᠦ ᠪᠠᠷᠢᠮᠵᠢᠶ᠎ᠠ ᠶᠢ ᠠᠯᠬᠤᠮ ᠠᠯᠬᠤᠮ ᠢᠶᠠᠷ ᠪᠦᠷᠢᠨᠰᠢᠭᠦᠯᠦᠨ᠂ ᠠᠶᠢᠮᠠᠭ ᠬᠤᠲᠠ ᠶᠢᠨ | ᠨᠢᠭᠡᠲᠦᠯᠲᠡᠢ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠲᠡᠪᠴᠡᠩ ᠢ ᠰᠦᠪᠡᠭᠴᠢᠯᠡᠨ ᠪᠠᠶᠢᠭᠤᠯᠵᠤ᠂ | ᠡᠪᠡᠳᠴᠢᠲᠠᠨ ᠤ ᠳᠣᠣᠷᠠᠳᠤ ᠱᠠᠲᠤ ᠵᠦᠭ ᠰᠢᠯᠵᠢᠭᠦᠯᠦᠨ ᠡᠮᠨᠡᠭᠦᠯᠬᠦ ᠠᠷᠭ᠎ᠠ ᠵᠠᠮ ᠢ ᠭᠤᠣᠯᠳᠠᠯᠭ᠎ᠠ ᠲᠠᠢ ᠨᠡᠪᠲᠡᠷᠡᠭᠦᠯᠬᠦ | ᠬᠡᠷᠡᠭᠲᠡᠢ᠃ ᠲᠣᠷᠰᠢᠯᠲᠠ ᠶᠢᠨ ᠴᠢᠬ ᠪᠣᠯᠬᠤ ᠬᠤᠲᠠ ᠶᠢᠨ ᠱᠠᠲᠤ ᠬᠤᠪᠢᠶᠠᠨ ᠦᠨ᠎ᠡ ᠬᠠᠩᠰᠢ ᠲᠣᠭᠲᠠᠭᠠᠬᠤ ᠶᠢ | ᠵᠣᠷᠢᠬᠵᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠣᠨ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠦᠨ᠎ᠡ ᠬᠠᠩᠰᠢ ᠶᠢᠨ ᠵᠦᠷᠢᠶ᠎ᠡ ᠶᠢ ᠵᠦᠢ | ᠵᠣᠬᠢᠰᠲᠠᠢ ᠲᠣᠭᠲᠠᠭᠠᠬᠤ ᠬᠡᠷᠡᠭᠲᠡᠢ᠃ ᠡᠮᠨᠡᠯᠭᠡ ᠶᠢᠨ ᠬᠤᠷᠢᠶ᠎ᠠ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠪᠣᠯᠣᠨ ᠠᠷᠬᠠᠭ ᠡᠪᠡᠳᠴᠢᠨ ᠤ ᠣᠷᠲᠤ ᠬᠤᠭᠤᠴᠠᠭ᠎ᠠ ᠬᠠᠷᠠᠭᠠᠯᠵᠠᠨ ᠠᠰᠠᠷᠠᠬᠤ | ᠪᠠᠶᠢᠭᠤᠯᠤᠮᠵᠢ ᠶᠢᠨ ᠬᠤᠭᠤᠷᠤᠨᠳᠤ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠵᠢᠯ ᠬᠤᠪᠢᠶᠠᠷᠢᠯᠠᠨ ᠬᠠᠮᠵᠢᠯᠴᠠᠬᠤ | ᠲᠣᠭᠲᠠᠴᠠ ᠶᠢ ᠪᠠᠶᠢᠭᠤᠯᠵᠤ᠂ ᠪᠠᠴᠢᠮ ᠠᠷᠬᠠᠭ ᠡᠪᠡᠳᠴᠢᠨ ᠢ ᠰᠠᠯᠭᠠᠨ ᠵᠠᠰᠠᠬᠤ ᠪᠠᠶᠢᠳᠠᠯ ᠢ ᠪᠣᠢ ᠪᠣᠯᠭᠠᠬᠤ ᠶᠢ | ᠠᠬᠢᠭᠤᠯᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠳᠤᠷᠤᠭᠰᠢ ᠰᠢᠯᠵᠢᠭᠦᠯᠦᠭᠰᠡᠨ | ᠡᠪᠡᠳᠴᠢᠲᠠᠨ ᠤ ᠡᠷᠡᠭᠦᠯᠵᠢᠭᠦᠯᠬᠦ ᠬᠤᠭᠤᠴᠠᠭᠠᠨ ᠤ ᠡᠮᠨᠡᠨ ᠵᠠᠰᠠᠯᠲᠠ ᠳᠤᠮᠳᠠᠬᠢ ᠵᠢᠯᠤᠭᠤᠳᠤᠯᠭ᠎ᠠ ᠶᠢ ᠴᠢᠩᠭᠠᠳᠬᠠᠵᠤ᠂ | ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠵᠠᠰᠠᠯᠲᠠ ᠶᠢᠨ ᠲᠦᠰᠦᠯ ᠭᠠᠷᠭᠠᠬᠤ ᠶᠢ ᠵᠣᠷᠢᠬᠵᠢᠭᠤᠯᠤᠨ᠂ | ᠳᠣᠣᠷᠠᠳᠤ ᠱᠠᠲᠤ ᠪᠣᠶᠣ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠮᠨᠡᠨ | ᠵᠠᠰᠠᠯᠲᠠ ᠬᠢᠬᠦ ᠶᠢ ᠬᠡᠷᠡᠭᠵᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠬᠢᠭᠡᠳ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠯᠤᠭ᠎ᠠ ᠡᠮ ᠤᠨ ᠵᠦᠢᠯᠡᠰ | ᠬᠤᠳᠠᠯᠳᠤᠨ ᠠᠪᠬᠤ ᠪᠠ ᠬᠡᠷᠡᠭᠯᠡᠬᠦ ᠶᠢᠨ ᠵᠤᠯᠭᠠᠭᠤᠯᠲᠠ ᠶᠢ ᠴᠢᠩᠭᠠᠳᠬᠠᠵᠤ᠂ ᠡᠮᠴᠢᠯᠡᠭᠡᠨ ᠤ ᠬᠤᠯᠪᠣᠭᠠᠲᠤ | ᠴᠣᠭᠴᠠ ᠶᠢᠨ ᠲᠤᠳᠤᠭᠠᠳᠤ ᠳᠤ ᠭᠤᠣᠯ ᠡᠮᠨᠡᠯᠭᠡ ᠶᠢᠨ ᠬᠤᠷᠢᠶ᠎ᠠ ᠬᠢᠭᠡᠳ ᠦᠨᠳᠦᠰᠦᠨ ᠱᠠᠲᠤᠨ ᠤ ᠡᠮᠴᠢᠯᠡᠭᠡ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠡᠮ ᠬᠡᠷᠡᠭᠯᠡᠬᠦ ᠲᠦᠷᠦᠯ ᠪᠣᠯᠣᠨ ᠡᠮ ᠤᠨ ᠬᠡᠯᠪᠡᠷᠢ ᠶᠢ ᠠᠯᠬᠤᠮ ᠠᠯᠬᠤᠮ ᠢᠶᠠᠷ | ᠨᠢᠭᠡᠲᠦᠯᠲᠡᠢ ᠪᠣᠯᠭᠠᠵᠤ ᠪᠣᠯᠣᠨ᠎ᠠ᠃ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠡᠮᠨᠡᠯᠭᠡ ᠳᠤ ᠰᠠᠭᠤᠬᠰᠠᠨ ᠡᠪᠡᠳᠴᠢᠲᠡᠨ ᠤ ᠦᠨᠳᠦᠰᠦᠨ ᠡᠮ ᠤᠨ ᠬᠡᠷᠡᠭᠯᠡᠬᠦ ᠬᠠᠷᠢᠴᠠᠯ ᠢ ᠨᠡᠮᠡᠭᠳᠡᠭᠦᠯᠵᠦ᠂ | ᠰᠢᠯᠵᠢᠭᠦᠯᠦᠨ ᠡᠮᠨᠡᠭᠦᠯᠬᠦ ᠡᠪᠡᠳᠴᠢᠲᠡᠨ ᠤ ᠦᠢᠯᠡᠴᠢᠯᠡᠭᠡ ᠶᠢ ᠵᠤᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠢ᠃ | 24. ᠱᠠᠲᠤᠨ ᠬᠤᠪᠢᠶᠠᠵᠤ ᠣᠨᠣᠰᠢᠯᠠᠨ ᠡᠮᠨᠡᠬᠦ ᠶᠢᠨ ᠡᠮᠴᠢᠯᠡᠭᠡᠨ ᠤ ᠳᠠᠭᠠᠳᠬᠠᠯ ᠤᠨ ᠳᠠᠩᠰᠠ ᠲᠠᠶᠢᠯᠬᠤ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ 2015 ᠣᠨ ᠤ ᠵᠢᠯ ᠤᠨ ᠰᠡᠭᠦᠯᠴᠢ ᠠᠴᠠ ᠡᠮᠦᠨ᠎ᠡ᠂ | ᠲᠣᠷᠰᠢᠯᠲᠠ ᠶᠢᠨ ᠴᠢᠬ ᠪᠣᠯᠬᠤ ᠬᠤᠲᠠ ᠨᠤᠭᠤᠳ ᠨᠢ ᠵᠦᠷᠢᠶᠡᠴᠢᠯᠡᠭᠰᠡᠨ ᠡᠮᠴᠢᠯᠡᠭᠡᠨ ᠤ ᠳᠠᠭᠠᠳᠬᠠᠯ ᠤᠨ | ᠰᠢᠯᠵᠢᠭᠦᠯᠦᠨ ᠡᠮᠨᠡᠭᠦᠯᠬᠦ ᠳᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ | ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠲᠣᠷᠰᠢᠯᠲᠠ ᠶᠢᠨ ᠴᠢᠬ ᠪᠣᠯᠬᠤ ᠬᠤᠲᠠ ᠨᠤᠭᠤᠳ ᠨᠢ | ᠵᠢᠷᠤᠮᠵᠢᠯ ᠲᠠᠢ ᠰᠢᠯᠵᠢᠭᠦᠯᠦᠨ ᠡᠮᠨᠡᠭᠦᠯᠬᠦ ᠳᠦᠷᠢᠮ ᠢ ᠪᠠᠶᠢᠭᠤᠯᠵᠤ᠂ ᠰᠢᠯᠵᠢᠭᠦᠯᠦᠨ ᠡᠮᠨᠡᠭᠦᠯᠬᠦ ᠳᠡᠰ ᠳᠠᠷᠠᠭᠠᠯᠠᠯ ᠢᠶᠠᠷ | ᠦᠯᠦ ᠡᠮᠨᠡᠭᠦᠯᠦᠭᠰᠡᠨ ᠪᠠᠶᠢᠪᠠᠯ᠂ ᠳᠠᠩᠰᠠ ᠲᠠᠶᠢᠯᠬᠤ ᠬᠠᠷᠢᠴᠠᠯ ᠢ ᠨᠢ ᠪᠠᠭᠤᠷᠠᠭᠤᠯᠬᠤ ᠬᠡᠷᠡᠭᠲᠡᠢ᠃ ᠠᠳᠠᠯᠢ ᠪᠤᠰᠤ | ᠳᠡᠰ ᠳᠠᠪᠬᠤᠷᠭ᠎ᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠵᠦᠷᠢᠶᠡᠴᠢᠯᠡᠭᠰᠡᠨ ᠡᠬᠢᠯᠡᠨ ᠲᠦᠯᠦᠬᠦ ᠱᠤᠭᠤᠮ ᠤᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ ᠭᠤᠷᠪᠠᠨ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠵᠠᠷᠤᠳᠠᠯ ᠤᠨ ᠳᠠᠩᠰᠠ ᠲᠠᠶᠢᠯᠬᠤ | ᠬᠠᠷᠢᠴᠠᠯ ᠢ ᠰᠤᠳᠤᠯᠤᠨ ᠲᠣᠬᠢᠷᠠᠭᠤᠯᠵᠤ᠂ ᠠᠳᠠᠯᠢ ᠪᠤᠰᠤ ᠳᠡᠰ ᠳᠠᠪᠬᠤᠷᠭ᠎ᠠ ᠶᠢᠨ ᠲᠣᠭᠲᠠᠭᠰᠠᠨ ᠴᠢᠬ ᠤᠨ | ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠤᠨᠳᠤᠬᠢ ᠳᠠᠩᠰᠠ ᠲᠠᠶᠢᠯᠬᠤ ᠬᠠᠷᠢᠴᠠᠯ ᠤᠨ ᠵᠦᠷᠢᠶ᠎ᠡ ᠶᠢ ᠶᠡᠬᠡᠰᠭᠡᠬᠦ | ᠬᠡᠷᠡᠭᠲᠡᠢ᠃ ᠠᠷᠬᠠᠭ ᠡᠪᠡᠳᠴᠢᠨ ᠪᠣᠯᠣᠨ ᠡᠷᠡᠭᠦᠯᠵᠢᠭᠦᠯᠬᠦ ᠵᠡᠷᠭᠡ ᠡᠪᠡᠳᠴᠢᠨ ᠤ ᠵᠦᠢᠯ ᠳᠤ ᠡᠮᠨᠡᠭᠦᠯᠦᠭᠰᠡᠨ ᠬᠦᠮᠦᠨ ᠤ | ᠲᠤᠭ᠎ᠠ ᠪᠠᠷ ᠵᠠᠷᠤᠳᠠᠯ ᠥᠭᠬᠦ ᠵᠡᠷᠭᠡ ᠠᠷᠭ᠎ᠠ ᠮᠠᠶ᠋ᠢᠭ ᠢ ᠰᠦᠪᠡᠭᠴᠢᠯᠡᠵᠦ᠂ ᠡᠪᠡᠳᠴᠢᠲᠡᠨ ᠤ ᠦᠨᠳᠦᠰᠦᠨ ᠱᠠᠲᠤᠨ ᠳᠤ | ᠡᠮᠨᠡᠭᠦᠯᠬᠦ ᠶᠢ ᠠᠬᠢᠭᠤᠯᠬᠤ ᠬᠡᠷᠡᠭᠲᠡᠢ᠃ ᠡᠮᠴᠢᠯᠡᠭᠡᠨ ᠤ ᠬᠤᠯᠪᠣᠭᠠᠲᠤ ᠴᠤᠭᠴᠠ ᠪᠠᠷ ᠨᠢᠭᠡᠴᠢ ᠪᠣᠯᠭᠠᠨ ᠡᠮᠴᠢᠯᠡᠭᠡᠨ ᠤ | ᠳᠠᠭᠠᠳᠬᠠᠯ ᠤᠨ ᠶᠡᠷᠦᠩᠬᠡᠢ ᠲᠤᠭ᠎ᠠ ᠶᠢᠨ ᠡᠵᠡᠮᠳᠡᠯ ᠢ ᠬᠡᠷᠡᠭᠵᠢᠭᠦᠯᠬᠦ ᠶᠢ ᠳᠡᠮᠵᠢᠵᠦ᠂ ᠡᠮᠴᠢᠯᠡᠭᠡᠨ ᠤ ᠬᠤᠯᠪᠣᠭᠠᠲᠤ | ᠴᠣᠭᠴᠠ ᠶᠢᠨ ᠳᠣᠲᠤᠭᠠᠲᠤ ᠳᠤ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠲᠣᠭᠲᠠᠴᠠ ᠪᠠᠶᠢᠭᠤᠯᠬᠤ ᠶᠢ | ᠠᠬᠢᠭᠤᠯᠬᠤ ᠬᠡᠷᠡᠭᠲᠡᠢ᠃ | ︵ᠨᠠᠢᠮᠠ︶ ᠡᠮᠴᠢᠯᠡᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠬᠢᠵᠢᠭᠤᠯᠬᠤ ᠪᠠᠶᠢᠭᠤᠯᠤᠯᠲᠠ ᠶᠢ ᠲᠦᠷᠭᠡᠳᠭᠡᠨ | ᠠᠬᠢᠭᠤᠯᠤᠨ᠎ᠠ᠃ | 25. ᠣᠷᠣᠨ ᠪᠦᠰᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠲᠡᠪᠴᠡᠩ ᠤᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠲᠣᠷᠰᠢᠯᠲᠠ ᠶᠢᠨ ᠴᠢᠬ ᠪᠣᠯᠬᠤ ᠬᠤᠲᠠ ᠨᠤᠭᠤᠳ ᠨᠢ ᠪᠦᠷᠢᠨ | ᠲᠡᠭᠦᠯᠳᠡᠷ ᠣᠷᠣᠨ ᠪᠦᠰᠡ ᠶᠢᠨ ᠬᠦᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠡᠪᠴᠡᠩ ᠢ | ᠪᠠᠶᠢᠭᠤᠯᠵᠤ᠂ ᠬᠦᠳᠡᠯᠦᠩᠭᠦᠢ ᠪᠦᠭᠡᠳ ᠪᠠᠷᠢᠮᠵᠢᠶᠠᠵᠢᠭᠤᠯᠤᠭᠰᠠᠨ ᠡᠷᠡᠭᠦᠯ ᠮᠡᠨᠳᠦ ᠶᠢᠨ ᠡᠯᠧᠺᠲᠷᠣᠨ ᠳᠠᠩᠰᠠ ᠡᠪᠬᠡᠮᠡᠯ | ᠪᠣᠯᠣᠨ ᠡᠪᠡᠳᠴᠢᠨ ᠤ ᠵᠢᠱᠢᠶ᠎ᠡ ᠶᠢᠨ ᠡᠯᠧᠺᠲᠷᠣᠨ ᠳ᠋ᠡᠶᠢᠲ᠋ᠠ ᠬᠦᠮᠦᠷᠭᠡ ᠶᠢ ᠪᠠᠶᠢᠭᠤᠯᠵᠤ᠂ ᠮᠡᠷᠭᠡᠵᠢᠯ ᠤᠨ ᠪᠠᠷᠢᠮᠵᠢᠶ᠎ᠠ | ᠪᠣᠯᠣᠨ ᠠᠮᠦᠷ ᠲᠥᠪᠰᠢᠨ ᠰᠡᠷᠭᠡᠶᠢᠯᠡᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ | ᠰᠠᠭᠤᠭᠠᠯᠢ ᠠᠷᠠᠳ ᠤᠨ ᠦᠨᠳᠦᠰᠦᠨ ᠡᠷᠡᠭᠦᠯ ᠮᠡᠨᠳᠦ ᠶᠢᠨ ᠮᠡᠳᠡᠭᠡ ᠵᠠᠩᠭᠢ ᠪᠣᠯᠣᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ᠂ ᠡᠮᠴᠢᠯᠡᠭᠡᠨ ᠤ ᠦᠢᠯᠡᠴᠢᠯᠡᠭᠡ᠂ ᠡᠮᠴᠢᠯᠡᠭᠡᠨ ᠤ ᠪᠠᠲᠤᠯᠠᠭ᠎ᠠ᠂ ᠡᠮ ᠤᠨ ᠵᠦᠢᠯᠡᠰ ᠤᠨ ᠬᠠᠮᠢᠶᠠᠷᠤᠯᠲᠠ᠂ | ᠶᠡᠷᠦᠩᠬᠡᠶᠢᠯᠡᠭᠰᠡᠨ ᠬᠠᠮᠢᠶᠠᠷᠤᠯᠲᠠ ᠪᠣᠯᠣᠨ ᠲᠦᠯᠦᠪᠯᠡᠭᠡᠲᠦ ᠦᠷᠡᠵᠢᠯ ᠵᠡᠷᠭᠡ ᠬᠡᠷᠡᠭᠯᠡᠭᠡᠨ ᠤ ᠰᠢᠰᠲ᠋ᠧᠮ ᠤᠨ | ᠲᠣᠬᠠᠶᠢᠯᠠᠭᠰᠠᠨ ᠠᠵᠢᠯ ᠤᠨ ᠬᠠᠮᠵᠢᠯᠴᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠡᠮᠴᠢᠯᠡᠭᠡ ᠡᠷᠡᠭᠦᠯ ᠬᠠᠮᠠᠭᠠᠯᠠᠯ | ᠂ ᠡᠮᠴᠢᠯᠡᠭᠡᠨ ᠤ ᠳᠠᠭᠠᠳᠬᠠᠯ᠂ ᠡᠮ ᠤᠨ ᠵᠦᠢᠯᠡᠰ ᠤᠨ ᠬᠠᠮᠢᠶᠠᠷᠤᠯᠲᠠ ᠵᠡᠷᠭᠡ ᠰᠢᠰᠲ᠋ᠧᠮ ᠢ ᠵᠤᠯᠭᠠᠭᠤᠯᠬᠤ ᠪᠠ ᠮᠡᠳᠡᠭᠡ | ᠵᠠᠩᠭᠢ ᠶᠢ ᠬᠠᠮᠲᠤ ᠳᠠᠭᠠᠨ ᠬᠦᠷᠲᠡᠬᠦ ᠶᠢ ᠠᠬᠢᠭᠤᠯᠵᠤ᠂ ᠶᠡᠷᠦᠩᠬᠡᠶᠢᠯᠡᠨ ᠬᠢᠨᠠᠨ ᠬᠠᠮᠢᠶᠠᠷᠬᠤ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠨᠠᠷᠢᠯᠢᠬ ᠦᠢᠯᠡᠴᠢᠯᠡᠬᠦ ᠶᠢᠨ ᠰᠢᠨ᠎ᠡ ᠵᠠᠭᠪᠤᠷ | ᠪᠠᠶᠢᠭᠤᠯᠬᠤ ᠶᠢ ᠠᠬᠢᠭᠤᠯᠬᠤ ᠬᠡᠷᠡᠭᠲᠡᠢ᠃ 2015 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠠᠷᠢᠶ᠎ᠠ ᠣᠷᠣᠨ ᠤ | ᠳᠣᠲᠣᠷᠠᠬᠢ ᠪᠣᠢ ᠪᠦᠬᠦᠢ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠪᠣᠯᠣᠨ 80% ᠠᠴᠠ ᠳᠡᠭᠡᠭᠰᠢᠬᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢ ᠣᠷᠣᠨ ᠪᠦᠰᠡ ᠶᠢᠨ ᠲᠡᠪᠴᠡᠩ ᠯᠦᠭᠡ ᠵᠤᠯᠭᠠᠭᠤᠯᠬᠤ ᠶᠢ ᠪᠡᠶᠡᠯᠡᠭᠦᠯᠵᠦ᠂ ᠲᠣᠷᠰᠢᠯᠲᠠ ᠶᠢᠨ ᠴᠢᠬ | ᠪᠣᠯᠬᠤ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠯᠧᠺᠲᠷᠣᠨ ᠡᠪᠡᠳᠴᠢᠨ ᠤ | ᠵᠢᠱᠢᠶ᠎ᠡ ᠶᠢᠨ ᠪᠠᠶᠢᠭᠤᠯᠤᠯᠲᠠ ᠶᠢ ᠡᠯᠧᠺᠲᠷᠣᠨ ᠡᠪᠡᠳᠴᠢᠨ ᠤ ᠵᠢᠱᠢᠶ᠎ᠡ ᠶᠢ ᠳᠡᠰ ᠬᠤᠪᠢᠶᠠᠵᠤ ᠦᠨᠡᠯᠡᠨ ᠵᠢᠱᠢᠬᠦ ᠶᠢᠨ | ᠭᠤᠷᠪᠠᠳᠤᠭᠠᠷ ᠳᠡᠰ ᠠᠴᠠ ᠳᠡᠭᠡᠭᠰᠢᠬᠢ ᠬᠢᠷᠢ ᠬᠡᠮᠵᠢᠶ᠎ᠡ ᠳᠤ ᠬᠦᠷᠦᠭᠦᠯᠬᠦ ᠪᠠᠷ ᠴᠢᠷᠮᠠᠶᠢᠬᠤ ᠬᠡᠷᠡᠭᠲᠡᠢ᠃ 2016 | ᠣᠨ ᠳᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠨᠤᠭᠤᠳ ᠢ ᠡᠯᠧᠺᠲᠷᠣᠨ ᠡᠪᠡᠳᠴᠢᠨ ᠤ ᠵᠢᠱᠢᠶ᠎ᠡ ᠶᠢ ᠳᠡᠰ | ᠬᠤᠪᠢᠶᠠᠵᠤ ᠦᠨᠡᠯᠡᠨ ᠵᠢᠱᠢᠬᠦ ᠶᠢᠨ ᠳᠦᠷᠪᠡᠳᠦᠭᠡᠷ ᠳᠡᠰ ᠠᠴᠠ ᠳᠡᠭᠡᠭᠰᠢᠬᠢ ᠬᠢᠷᠢ ᠬᠡᠮᠵᠢᠶ᠎ᠡ ᠳᠤ ᠬᠦᠷᠦᠭᠦᠯᠬᠦ ᠪᠠᠷ | ᠴᠢᠷᠮᠠᠶᠢᠬᠤ ᠶᠢᠨ ᠬᠠᠮᠲᠤ᠂ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠤᠨᠳᠤ ᠮᠡᠳᠡᠭᠡ ᠵᠠᠩᠭᠢ ᠪᠠᠨ ᠬᠠᠷᠢᠯᠴᠠᠨ | ᠬᠤᠯᠪᠤᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ | 26. ᠡᠮᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠡᠷᠡᠭᠯᠡᠭᠡᠨ ᠢ ᠠᠬᠢᠭᠤᠯᠬᠤ | ᠬᠡᠷᠡᠭᠲᠡᠢ᠃ ᠡᠷᠡᠭᠦᠯ ᠮᠡᠨᠳᠦ ᠡᠮᠴᠢᠯᠡᠭᠡᠨ ᠤ ᠮᠡᠳᠡᠭᠡ ᠵᠠᠩᠭᠢ ᠶᠢᠨ ᠠᠷᠠᠳ ᠢ ᠬᠠᠷᠠᠭᠠᠯᠵᠠᠬᠤ ᠠᠵᠢᠯᠯᠠᠭᠠᠨ ᠤ | ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠠᠭᠤᠭᠠᠯᠢ ᠠᠷᠠᠳ ᠤᠨ ᠪᠣᠯᠵᠤᠵᠤ ᠣᠨᠣᠰᠢᠯᠠᠨ ᠡᠮᠨᠡᠬᠦ᠂ ᠴᠠᠭ | ᠬᠤᠪᠢᠶᠠᠵᠤ ᠡᠮᠨᠡᠭᠦᠯᠬᠦ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠮᠲᠤ ᠳᠠᠭᠠᠨ ᠡᠳ᠋ᠯᠡᠬᠦ᠂ ᠡᠮᠨᠡᠭᠦᠯᠬᠦ | ᠬᠤᠭᠤᠴᠠᠭᠠᠨ ᠳᠤ ᠵᠠᠷᠤᠳᠠᠯ ᠥᠭᠬᠦ ᠵᠢᠴᠢ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠳᠠᠷᠦ᠋ᠢᠬᠠᠨ ᠲᠠᠰᠤᠯᠤᠨ | ᠪᠣᠳᠣᠬᠤ ᠳᠤ ᠳᠦᠭᠦᠮ ᠦᠵᠡᠭᠦᠯᠬᠦ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠡᠮᠴᠢᠯᠡᠭᠡᠨ ᠤ ᠦᠢᠯᠡᠴᠢᠯᠡᠭᠡ ᠶᠢᠨ ᠮᠡᠳᠡᠭᠡ ᠵᠠᠩᠬᠢᠵᠢᠯᠲᠠ ᠶᠢ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠯᠦᠭᠡ | ᠵᠤᠯᠭᠠᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠡᠮ ᠤᠨ ᠵᠦᠢᠯᠡᠰ ᠢ | ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠨ ᠡᠪᠡᠳᠴᠢᠲᠡᠨ ᠤ | ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢᠨ ᠬᠠᠮᠲᠤ᠂ ᠶᠡᠭᠡ ᠡᠮᠴᠢ ᠶᠢᠨ ᠵᠣᠷ ᠶᠤᠰᠤᠭᠠᠷ ᠦᠢᠯᠡᠴᠢᠯᠡᠭᠡ | ᠬᠠᠩᠭᠠᠬᠤ ᠬᠡᠷᠡᠭᠲᠡᠢ᠃ ᠠᠯᠤᠰ ᠡᠵᠡᠮᠰᠢᠯᠲᠦ ᠡᠮᠴᠢᠯᠡᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ | ᠬᠥᠭᠵᠢᠭᠦᠯᠦᠯᠲᠡ ᠶᠢᠨ ᠠᠵᠢᠯ ᠤᠨ ᠲᠦᠰᠦᠯ ᠢ ᠲᠣᠭᠲᠠᠭᠠᠵᠤ᠂ ᠦᠪᠡᠷᠲᠡᠭᠡᠨ ᠵᠠᠰᠠᠬᠤ ᠣᠷᠣᠨ ᠤ ᠠᠯᠤᠰ ᠡᠵᠡᠮᠰᠢᠯᠲᠦ | ᠠᠨᠠᠭᠠᠬᠤ ᠤᠬᠠᠭᠠᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠯᠤᠰ ᠡᠵᠡᠮᠰᠢᠯᠲᠦ ᠬᠠᠮᠲᠤᠷᠠᠨ | ᠣᠨᠣᠰᠢᠯᠠᠬᠤ᠂ ᠬᠠᠷᠠᠭᠠᠯᠵᠠᠨ ᠬᠠᠮᠠᠭᠠᠯᠠᠬᠤ᠂ ᠬᠦᠮᠦᠵᠢᠭᠦᠯᠬᠦ ᠵᠡᠷᠭᠡ ᠦᠢᠯᠡᠴᠢᠯᠡᠭᠡ ᠶᠢᠨ ᠴᠢᠳᠠᠮᠵᠢ ᠶᠢ ᠴᠢᠩᠭᠠᠳᠬᠠᠨ᠂ | ᠰᠢᠯᠢᠳᠡᠭ ᠴᠢᠨᠠᠷᠲᠠᠢ ᠡᠮᠴᠢᠯᠡᠭᠡᠨ ᠤ ᠡᠬᠢ ᠪᠠᠶᠠᠯᠢᠭ ᠢ ᠬᠠᠮᠲᠤ ᠳᠠᠭᠠᠨ ᠬᠦᠷᠲᠡᠬᠦ ᠶᠢ ᠠᠬᠢᠭᠤᠯᠬᠤ ᠬᠡᠷᠡᠭᠲᠡᠢ᠃ | 2017 ᠣᠨ ᠪᠣᠯᠲᠠᠯ᠎ᠠ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠣᠨ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠳᠦᠷᠪᠡᠨ ᠱᠠᠲᠤᠨ ᠤ ᠠᠯᠤᠰ ᠡᠵᠡᠮᠰᠢᠯᠲᠦ ᠤᠨᠤᠰᠢᠯᠠᠨ ᠡᠮᠨᠡᠬᠦ ᠰᠢᠰᠲ᠋ᠧᠮ ᠢ | ᠪᠠᠶᠢᠭᠤᠯᠵᠤ᠂ ᠠᠶᠢᠮᠠᠭ ᠬᠤᠲᠠ ᠶᠢᠨ ᠱᠠᠲᠤ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠠᠯᠤᠰ ᠡᠵᠡᠮᠰᠢᠯᠲᠦ ᠣᠨᠣᠰᠢᠯᠠᠨ ᠡᠮᠨᠡᠬᠦ ᠰᠢᠰᠲ᠋ᠧᠮ ᠢ ᠪᠦᠷᠢᠨ ᠪᠦᠷᠬᠦᠭᠦᠯᠬᠦ ᠶᠢ | ᠦᠨᠳᠦᠰᠦᠨ ᠳᠡᠭᠡᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ︵ᠶᠢᠰᠦ︶ ᠡᠮᠨᠡᠯᠭᠡ ᠶᠢᠨ ᠬᠤᠷᠢᠶ᠎ᠠ ᠶᠢᠨ | ᠦᠢᠯᠡᠴᠢᠯᠡᠭᠡ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 27. ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠃ ᠡᠮᠨᠡᠯᠭᠡ ᠶᠢᠨ ᠬᠤᠷᠢᠶ᠎ᠠ ᠶᠢᠨ ᠣᠨᠣᠰᠢᠯᠠᠨ ᠡᠮᠨᠡᠬᠦ ᠠᠵᠢᠯᠯᠠᠭ᠎ᠠ᠂ ᠰᠤᠪᠢᠯᠠᠬᠤ | ᠬᠠᠮᠢᠶᠠᠷᠤᠯᠲᠠ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ᠂ ᠡᠮᠨᠡᠯᠭᠡ ᠶᠢᠨ ᠬᠤᠷᠢᠶ᠎ᠠ ᠶᠢᠨ | ᠠᠵᠢᠯᠯᠠᠭᠠᠨ᠂ ᠬᠦᠮᠦᠨ ᠤ ᠬᠦᠴᠦᠨ ᠤ ᠡᠬᠢ ᠪᠠᠶᠠᠯᠢᠭ ᠪᠣᠯᠣᠨ ᠡᠮᠨᠡᠯᠭᠡ ᠶᠢᠨ ᠬᠤᠷᠢᠶ᠎ᠠ ᠶᠢᠨ ᠵᠠᠰᠠᠭ ᠵᠠᠬᠢᠷᠭᠠᠨ᠂ ᠠᠷᠤ | ᠲᠠᠯ᠎ᠠ ᠶᠢᠨ ᠠᠵᠢᠯ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ | ᠡᠮᠨᠡᠯᠭᠡ ᠶᠢᠨ ᠬᠤᠷᠢᠶ᠎ᠠ ᠶᠢᠨ ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠶᠢᠨ ᠬᠠᠮᠢᠶᠠᠷᠤᠯᠲᠠ ᠶᠢ ᠴᠢᠩᠭᠠᠳᠬᠠᠵᠤ᠂ | ᠡᠮᠨᠡᠯᠭᠡ ᠶᠢᠨ ᠬᠤᠷᠢᠶ᠎ᠠ ᠶᠢᠨ ᠲᠦᠰᠥᠪ ᠤᠨ ᠬᠠᠮᠢᠶᠠᠷᠤᠯᠲᠠ ᠶᠢᠨ ᠠᠷᠭ᠎ᠠ ᠪᠣᠯᠣᠨ ᠪᠦᠬᠦ ᠦᠪᠡᠷ ᠤᠨ ᠥᠷᠲᠡᠭ ᠲᠤ | ᠲᠣᠭᠠᠴᠠᠭ᠎ᠠ ᠬᠢᠬᠦ ᠳᠦᠷᠢᠮ ᠢ ᠲᠡᠭᠦᠯᠳᠡᠷᠵᠢᠭᠦᠯᠦᠨ᠂ ᠭᠤᠷᠪᠠᠨ ᠳᠡᠰ ᠤᠨ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠶᠡᠷᠦᠩᠬᠡᠢ ᠨᠢᠭᠲᠠᠯᠠᠨ ᠪᠤᠳᠤᠭᠴᠢ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ | 2015 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠲᠣᠷᠰᠢᠯᠲᠠ ᠶᠢᠨ ᠴᠢᠬ ᠪᠣᠯᠬᠤ ᠬᠤᠲᠠ ᠶᠢᠨ ᠭᠤᠷᠪᠠᠨ | ᠳᠡᠰ ᠤᠨ ᠡᠮᠨᠡᠯᠭᠡ ᠶᠢᠨ ᠬᠤᠷᠢᠶ᠎ᠠ ᠨᠤᠭᠤᠳ ᠨᠢ ᠡᠮᠨᠡᠯᠭᠡ ᠶᠢᠨ ᠬᠤᠷᠢᠶ᠎ᠠ ᠶᠢᠨ ᠪᠦᠬᠦ ᠦᠪᠡᠷ ᠤᠨ ᠥᠷᠲᠡᠭ ᠲᠤ | ᠲᠣᠭᠠᠴᠠᠭ᠎ᠠ ᠬᠢᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠲᠦᠮᠵᠢᠲᠡᠢ ᠠᠷᠭ᠎ᠠ ᠮᠠᠶ᠋ᠢᠭ ᠠᠪᠴᠤ ᠪᠠᠶᠢᠭᠠᠳ | ᠶᠡᠷᠦᠩᠬᠡᠢ ᠨᠢᠭᠲᠠᠯᠠᠨ ᠪᠤᠳᠤᠭᠴᠢ ᠶᠢᠨ ᠳᠦᠷᠢᠮ ᠢ ᠪᠠᠶᠢᠭᠤᠯᠬᠤ ᠬᠡᠷᠡᠭᠲᠡᠢ᠃ ᠡᠮᠨᠡᠯᠭᠡ ᠶᠢᠨ ᠬᠤᠷᠢᠶ᠎ᠠ ᠶᠢᠨ ᠠᠵᠤ | ᠠᠬᠤᠢ ᠶᠢᠨ ᠠᠵᠢᠯᠯᠠᠭᠠᠨ ᠪᠣᠯᠣᠨ ᠡᠳ᠋ ᠤᠨ ᠶᠠᠪᠤᠳᠠᠯ ᠤᠨ ᠠᠵᠢᠯᠯᠠᠭ᠎ᠠ ᠶᠢᠨ ᠨᠢᠭᠲᠠᠯᠠᠨ ᠪᠤᠳᠤᠭᠴᠢ ᠳᠤ ᠬᠢᠨᠠᠯᠲᠠ | ᠲᠠᠯᠪᠢᠬᠤ ᠶᠢ ᠴᠢᠩᠭᠠᠳᠬᠠᠵᠤ᠂ ᠬᠢᠨᠠᠨ ᠪᠣᠳᠣᠯᠲᠠ ᠪᠠᠷ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ᠃ | ᠲᠣᠷᠰᠢᠯᠲᠠ ᠶᠢᠨ ᠴᠢᠬ ᠪᠣᠯᠬᠤ ᠬᠤᠲᠠ ᠶᠢᠨ ᠪᠣᠢ ᠪᠦᠬᠦᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠨᠤᠭᠤᠳ ᠨᠢ ᠠᠷᠤ ᠲᠠᠯ᠎ᠠ ᠶᠢᠨ ᠠᠵᠢᠯ ᠤᠨ ᠪᠠᠲᠤᠯᠠᠭ᠎ᠠ ᠬᠢᠭᠡᠳ ᠦᠢᠯᠡᠴᠢᠯᠡᠭᠡᠨ ᠤ ᠨᠡᠶᠢᠭᠡᠮᠴᠢᠯᠡᠯᠲᠡ ᠶᠢ | ᠪᠦᠬᠦ ᠲᠠᠯ᠎ᠠ ᠪᠠᠷ ᠶᠠᠪᠤᠭᠳᠠᠭᠤᠯᠵᠤ᠂ ᠡᠬᠢ ᠪᠠᠶᠠᠯᠢᠭ ᠢ ᠬᠤᠷᠤᠭᠳᠠᠭᠤᠯᠬᠤ ᠴᠢᠨᠠᠷ᠂ ᠵᠠᠰᠠᠭ ᠵᠠᠬᠢᠷᠭᠠᠨ ᠤ ᠠᠷᠤ | ᠲᠠᠯ᠎ᠠ ᠶᠢᠨ ᠦᠢᠯᠡᠴᠢᠯᠡᠭᠡ ᠶᠢᠨ ᠵᠠᠷᠤᠯᠭ᠎ᠠ ᠶᠢ ᠴᠢᠩᠭ᠎ᠠ ᠡᠵᠡᠮᠳᠡᠨ᠂ ᠡᠮᠨᠡᠯᠭᠡ ᠶᠢᠨ ᠬᠤᠷᠢᠶ᠎ᠠ ᠶᠢᠨ ᠣᠷᠣᠯᠭ᠎ᠠ | ᠵᠠᠷᠤᠯᠭ᠎ᠠ ᠶᠢᠨ ᠪᠦᠲᠦᠴᠡ ᠪᠠᠨ ᠲᠣᠬᠢᠷᠠᠭᠤᠯᠬᠤ ᠶᠢ ᠠᠬᠢᠭᠤᠯᠬᠤ ᠬᠡᠷᠡᠭᠲᠡᠢ᠃ ᠡᠮᠴᠢᠯᠡᠭᠡᠨ ᠤ ᠠᠮᠦᠷ ᠲᠥᠪᠰᠢᠨ ᠢᠶᠠᠷ | ᠰᠠᠭᠤᠷᠢ ᠪᠣᠯᠭᠠᠵᠤ᠂ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠪᠠ ᠡᠵᠡᠮᠳᠡᠯ ᠢ ᠴᠢᠩᠭᠠᠳᠬᠠᠨ᠂ ᠡᠮᠴᠢᠯᠡᠭᠡᠨ ᠤ | ᠪᠠᠶᠢᠴᠠᠭᠠᠯᠲᠠ ᠬᠢᠬᠦ᠂ ᠣᠨᠣᠰᠢᠯᠠᠬᠤ᠂ ᠵᠠᠰᠠᠯᠲᠠ ᠬᠢᠬᠦ᠂ ᠡᠮ ᠪᠣᠯᠣᠨ ᠰᠢᠬᠢᠳᠬᠡᠨ ︵ᠣᠷᠤᠭᠤᠯᠬᠤ︶ | ᠰᠠᠭᠤᠷᠢᠰᠢᠭᠤᠯᠬᠤ ᠲᠦᠷᠦᠯ ᠤᠨ ᠡᠮᠴᠢᠯᠡᠭᠡᠨ ᠤ ᠪᠠᠭᠠᠵᠢ ᠬᠡᠷᠡᠭᠰᠡᠯ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠬᠤ | ᠬᠡᠷᠡᠭᠲᠡᠢ᠃ ᠡᠮᠨᠡᠯᠭᠡ ᠶᠢᠨ ᠬᠤᠷᠢᠶ᠎ᠠ ᠶᠢᠨ ᠲᠣᠮᠤ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠵᠠᠭᠪᠤᠷ ᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠲᠤᠮᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠳᠤ ᠲᠦᠰᠢᠭᠯᠡᠨ᠂ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠪᠠ | ᠡᠮᠴᠢᠯᠡᠭᠡᠨ ᠤ ᠶᠠᠰᠤ ᠴᠢᠨᠠᠷ ᠤᠨ ᠦᠢᠯᠡᠴᠢᠯᠡᠭᠡ ᠶᠢ ᠨᠠᠷᠢᠯᠢᠬᠵᠢᠭᠤᠯᠬᠤ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ | | 28. ᠡᠮᠴᠢᠯᠡᠭᠡᠨ ᠤ ᠦᠢᠯᠡᠴᠢᠯᠡᠭᠡ ᠶᠢ ᠪᠦᠬᠦ ᠲᠠᠯ᠎ᠠ ᠪᠠᠷ ᠰᠠᠶᠢᠵᠢᠷᠠᠭᠤᠯᠬᠤ ᠬᠡᠷᠡᠭᠲᠡᠢ᠃ ᠲᠣᠷᠰᠢᠯᠲᠠ ᠶᠢᠨ | ᠴᠢᠬ ᠪᠣᠯᠬᠤ ᠬᠤᠲᠠ ᠨᠤᠭᠤᠳ ᠨᠢ ᠡᠮᠴᠢᠯᠡᠭᠡᠨ ᠤ ᠦᠢᠯᠡᠴᠢᠯᠡᠭᠡ ᠶᠢ ᠤᠯᠠᠮ ᠨᠢᠭᠡ ᠠᠯᠬᠤᠮ ᠰᠠᠶᠢᠵᠢᠷᠠᠭᠤᠯᠬᠤ | ᠠᠵᠢᠯᠯᠠᠭᠠᠨ ᠤ ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠡᠮᠴᠢᠯᠡᠭᠡ ᠶᠢᠨ ᠦᠢᠯᠡᠴᠢᠯᠡᠭᠡᠨ ᠤ | ᠶᠠᠪᠤᠴᠠ ᠶᠢ ᠰᠠᠶᠢᠵᠢᠷᠠᠭᠤᠯᠵᠤ᠂ ᠪᠤᠯᠵᠤᠵᠤ ᠣᠨᠣᠰᠢᠯᠠᠨ ᠡᠮᠨᠡᠬᠦ ᠦᠢᠯᠡᠴᠢᠯᠡᠭᠡ ᠶᠢ ᠠᠬᠢᠭᠤᠯᠤᠨ᠂ ᠣᠨᠣᠰᠢᠯᠠᠨ ᠡᠮᠨᠡᠬᠦ | ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠵᠤ᠂ ᠪᠠᠴᠢᠮ ᠡᠮᠨᠡᠯᠭᠡ ᠶᠢᠨ ᠰᠠᠭᠠᠳ ᠦᠭᠡᠢ ᠨᠡᠪᠲᠡᠷᠡᠬᠦ ᠵᠠᠮ ᠢ | ᠰᠢᠭᠤᠳ ᠨᠡᠪᠲᠡᠷᠡᠭᠦᠯᠬᠦ ᠬᠡᠷᠡᠭᠲᠡᠢ᠃ ᠮᠡᠳᠡᠭᠡ ᠵᠠᠩᠭᠢ ᠶᠢᠨ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠵᠤ᠂ | ᠡᠪᠡᠳᠴᠢᠲᠡᠨ ᠤ ᠡᠮᠨᠡᠭᠦᠯᠬᠦ ᠦᠩᠭᠡᠷᠡᠯᠲᠡ ᠪᠣᠯᠣᠨ ᠡᠮᠨᠡᠯᠭᠡ ᠳᠤ ᠰᠠᠭᠤᠬᠤ ᠳᠤ ᠦᠢᠯᠡᠴᠢᠯᠡᠬᠦ ᠶᠠᠪᠤᠴᠠ ᠶᠢ | ᠰᠠᠶᠢᠵᠢᠷᠠᠭᠤᠯᠬᠤ ᠬᠡᠷᠡᠭᠲᠡᠢ᠃ ᠰᠤᠪᠢᠯᠠᠬᠤ ᠦᠢᠯᠡᠴᠢᠯᠡᠭᠡ ᠶᠢ ᠦᠷᠭᠦᠯᠵᠢᠯᠡᠨ ᠰᠠᠶᠢᠵᠢᠷᠠᠭᠤᠯᠵᠤ᠂ ᠰᠢᠯᠢᠳᠡᠭ ᠴᠢᠨᠠᠷᠲᠠᠢ | ᠰᠤᠪᠢᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ︽ᠠᠮᠦᠷ ᠲᠥᠪᠰᠢᠨ ᠡᠮᠨᠡᠯᠭᠡ ᠶᠢᠨ ᠬᠤᠷᠢᠶ᠎ᠠ︾ | ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠭᠦᠯᠵᠦ᠂ ᠡᠪᠡᠳᠴᠢᠲᠡᠨ ᠤ ᠵᠠᠭᠠᠯᠳᠤᠭ᠎ᠠ ᠶᠢ ᠰᠢᠢᠳᠪᠦᠷᠢᠯᠡᠬᠦ | ᠲᠣᠭᠲᠠᠴᠠ ᠶᠢ ᠪᠠᠶᠢᠭᠤᠯᠤᠨ᠂ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠯᠤᠭ᠎ᠠ ᠤᠶᠠᠯᠳᠤᠭᠤᠯᠤᠭᠰᠠᠨ ᠡᠮᠴᠢ | ᠡᠪᠡᠳᠴᠢᠲᠡᠨ ᠤ ᠵᠢᠭᠤᠷᠠᠯᠳᠤᠭᠠᠨ ᠢ ᠭᠤᠷᠪᠠᠳᠡᠬᠢ ᠡᠲᠡᠭᠡᠳ ᠠᠴᠠ ᠡᠶᠡᠲᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠢ᠃ ᠨᠡᠶᠢᠭᠡᠮ ᠤᠨ ᠠᠵᠢᠯᠯᠠᠭᠴᠢ ᠪᠣᠯᠣᠨ ᠰᠠᠶᠢᠨ ᠳᠤᠷ᠎ᠠ ᠠᠴᠠ ᠪᠠᠨ ᠣᠷᠤᠯᠴᠠᠭᠴᠢ ᠶᠢᠨ ᠦᠢᠯᠡᠴᠢᠯᠡᠭᠡ ᠶᠢ | ᠴᠢᠩᠭᠠᠳᠬᠠᠵᠤ᠂ ᠣᠯᠠᠨ ᠲᠦᠮᠡᠨ ᠤ ᠬᠠᠨᠤᠮᠵᠢᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | 29. ᠡᠮᠴᠢ ᠶᠢᠨ ᠮᠤᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠮᠴᠢᠯᠡᠭᠡᠨ ᠤ | ᠠᠵᠢᠯ ᠲᠦᠷᠦᠯ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠢᠭᠤᠨ ᠴᠢᠭᠡᠴᠢ ᠪᠠᠷ ᠡᠮᠴᠢᠯᠡᠬᠦ ᠶᠢ | ᠠᠬᠢᠭᠤᠯᠬᠤ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠦᠷᠦᠯ ᠤᠨ ᠰᠤᠷᠲᠠᠯ ᠤᠨ ᠪᠠᠶᠢᠭᠤᠯᠤᠯᠲᠠ ᠶᠢᠨ | ︽ᠶᠢᠰᠦᠨ ᠦᠯᠦ ᠵᠥᠪᠰᠢᠶᠡᠷᠡᠬᠦ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠭᠡ ᠡᠮᠴᠢ ᠶᠢ ᠲᠣᠭᠲᠠᠮᠠᠯ | ᠬᠤᠭᠤᠴᠠᠭ᠎ᠠ ᠲᠠᠢ ᠪᠠᠷ ᠰᠢᠯᠭᠠᠨ ᠬᠢᠨᠠᠬᠤ ᠪᠠ ᠡᠮᠨᠡᠯᠭᠡ ᠶᠢᠨ ᠠᠵᠢᠯᠲᠠᠳ ᠲᠤ ᠡᠮᠴᠢ ᠶᠢᠨ ᠮᠤᠷᠠᠯ ᠢ ᠰᠢᠯᠭᠠᠨ ᠦᠨᠡᠯᠡᠬᠦ | ᠳᠦᠷᠢᠮ ᠢ ᠴᠢᠩᠳᠠᠯᠠᠨ᠂ ᠤᠷᠮᠠᠰᠢᠭᠤᠯᠬᠤ ᠪᠠ ᠬᠢᠵᠠᠭᠠᠷᠯᠠᠬᠤ ᠶᠢ ᠬᠠᠷᠢᠯᠴᠠᠨ ᠤᠶᠠᠯᠳᠤᠭᠤᠯᠤᠭᠰᠠᠨ ᠡᠮᠴᠢ ᠶᠢᠨ ᠮᠤᠷᠠᠯ | ᠰᠤᠷᠲᠠᠯ ᠤᠨ ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠤ᠂ ᠪᠤᠷᠤᠭᠤ | ᠪᠠᠶᠢᠪᠠᠯ ᠡᠷᠬᠡᠪᠰᠢ ᠵᠠᠯᠠᠷᠠᠭᠤᠯᠬᠤ᠂ ᠬᠡᠷᠡᠭ ᠪᠠᠶᠢᠪᠠᠯ ᠡᠷᠬᠡᠪᠰᠢ ᠪᠠᠶᠢᠴᠠᠭᠠᠬᠤ ᠶᠢ ᠪᠠᠷᠢᠮᠲᠠᠯᠠᠬᠤ ᠬᠡᠷᠡᠭᠲᠡᠢ᠃ ᠲᠣᠮᠤ | ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠦᠰᠦᠯ ᠶᠤᠰᠤᠭᠠᠷ᠂ ᠲᠣᠮᠣ | ᠬᠡᠯᠪᠡᠷᠢ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠲᠣᠭᠤᠷᠢᠨ ᠪᠠᠶᠢᠴᠠᠭᠠᠬᠤ ᠠᠵᠢᠯ ᠢ | ᠦᠷᠨᠢᠭᠦᠯᠵᠦ᠂ ᠠᠵᠢᠯ ᠲᠦᠷᠦᠯ ᠤᠨ ᠰᠤᠷᠲᠠᠯ ᠢ ᠰᠠᠶᠢᠵᠢᠷᠠᠭᠤᠯᠬᠤ ᠪᠠᠷ ᠣᠯᠠᠨ ᠲᠦᠮᠡᠨ ᠤ ᠡᠮᠨᠡᠭᠦᠯᠬᠦ ᠶᠢᠨ | ᠬᠠᠨᠤᠮᠵᠢᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠᠳᠡᠬᠢ ᠡᠲᠡᠭᠡᠳ ᠠᠴᠠ ᠡᠪᠡᠳᠴᠢᠲᠡᠨ ᠤ | ᠬᠠᠨᠤᠮᠵᠢᠲᠠᠢ ᠪᠠᠶᠢᠬᠤ ᠬᠡᠮᠵᠢᠶ᠎ᠡ ᠶᠢ ᠪᠠᠶᠢᠴᠠᠭᠠᠬᠤ ᠪᠠ ᠡᠮᠨᠡᠯᠭᠡ ᠠᠴᠠ ᠭᠠᠷᠤᠭᠰᠠᠨ ᠡᠪᠡᠳᠴᠢᠲᠡᠨ ᠳᠤ ᠬᠠᠷᠢᠭᠤ | ᠠᠶᠢᠯᠴᠢᠯᠠᠬᠤ ᠳᠦᠷᠢᠮ ᠢ ᠪᠦᠷᠢᠨᠰᠢᠭᠦᠯᠬᠦ ᠬᠡᠷᠡᠭᠲᠡᠢ᠃ ᠡᠮᠴᠢᠯᠡᠭᠡ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢ ᠢᠯᠡ | ᠪᠣᠯᠭᠠᠬᠤ ᠡᠷᠴᠢᠮ ᠢ ᠴᠢᠩᠭᠠᠷᠠᠭᠤᠯᠵᠤ᠂ ᠣᠯᠠᠨ ᠲᠦᠮᠡᠨ ᠪᠠ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ | 30. ᠣᠯᠠᠨ ᠲᠠᠯ᠎ᠠ ᠠᠴᠠ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠡᠷᠡᠭᠦᠯ | ᠬᠠᠮᠠᠭᠠᠯᠠᠯ ᠲᠦᠯᠦᠪᠯᠡᠭᠡᠲᠦ ᠦᠷᠡᠵᠢᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢ ᠪᠠᠭᠲᠠᠭᠠᠨ᠎ᠠ︶ ᠤᠨ | ᠰᠠᠯᠠᠭ᠎ᠠ ᠮᠦᠴᠢᠷ ᠤᠨ ᠡᠮᠴᠢᠯᠡᠭᠡ ᠶᠢᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ | ᠴᠢᠩᠭᠠᠳᠬᠠᠵᠤ᠂ ᠬᠠᠷᠢᠶ᠎ᠠ ᠭᠠᠵᠠᠷ ᠢᠶᠠᠷ ᠨᠢᠭᠡᠲᠦᠯᠲᠡᠢ ᠲᠦᠯᠦᠪᠵᠢᠭᠦᠯᠬᠦ᠂ ᠵᠥᠪᠰᠢᠶᠡᠷᠡᠨ ᠣᠷᠤᠭᠤᠯᠬᠤ ᠪᠠ ᠬᠢᠨᠠᠨ | ᠬᠠᠮᠢᠶᠠᠷᠬᠤ ᠶᠢ ᠬᠡᠷᠡᠭᠵᠢᠭᠦᠯᠦᠨ᠂ ᠬᠢᠨᠠᠨ ᠬᠠᠮᠢᠶᠠᠷᠬᠤ ᠲᠣᠭᠲᠠᠴᠠ ᠳᠤ ᠰᠢᠨ᠎ᠡ ᠶᠢ ᠡᠭᠦᠳᠴᠦ᠂ ᠬᠢᠨᠠᠯᠲᠠ ᠲᠠᠯᠪᠢᠬᠤ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠠᠤᠯᠢ | ᠶᠤᠰᠤᠭᠠᠷ ᠵᠠᠰᠠᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠡᠷᠬᠢᠯᠡᠭᠰᠡᠨ ᠰᠠᠯᠠᠭ᠎ᠠ ᠮᠦᠴᠢᠷ ᠤᠳ ᠨᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠲᠣᠭᠲᠠᠭᠠᠬᠤ ᠶᠢ ᠵᠢᠯᠤᠭᠤᠳᠴᠤ᠂ | ᠡᠮᠨᠡᠯᠭᠡ ᠶᠢᠨ ᠬᠤᠷᠢᠶ᠎ᠠ ᠶᠢᠨ ᠵᠣᠷᠢᠯᠭ᠎ᠠ᠂ ᠴᠢᠳᠠᠮᠵᠢ᠂ ᠬᠠᠷᠠᠯᠲᠠ ᠶᠢ ᠲᠤᠳᠤᠷᠬᠠᠶᠢᠯᠠᠨ᠂ ᠡᠮᠨᠡᠯᠭᠡ ᠶᠢᠨ ᠬᠤᠷᠢᠶ᠎ᠠ | ᠡᠷᠬᠢᠯᠡᠭᠰᠡᠨ ᠡᠲᠡᠭᠡᠳ᠂ ᠠᠵᠢᠯᠯᠠᠬᠤ ᠡᠲᠡᠭᠡᠳ ᠪᠣᠯᠣᠨ ᠬᠢᠨᠠᠨ ᠬᠠᠮᠢᠶᠠᠷᠬᠤ ᠡᠲᠡᠭᠡᠳ ᠤᠨ ᠡᠷᠬᠡ ᠬᠠᠷᠢᠭᠤᠴᠠᠯᠭ᠎ᠠ ᠶᠢ | ᠵᠠᠭᠠᠭᠯᠠᠨ ᠲᠣᠭᠲᠠᠭᠠᠵᠤ᠂ ᠡᠮᠨᠡᠯᠭᠡ ᠶᠢᠨ ᠬᠤᠷᠢᠶ᠎ᠠ ᠶᠢᠨ ᠦᠨᠳᠦᠰᠦᠨ ᠬᠠᠮᠢᠶᠠᠷᠤᠯᠲᠠ ᠶᠢᠨ ᠳᠦᠷᠢᠮ ᠢ | ᠲᠤᠳᠤᠷᠬᠠᠶᠢᠯᠠᠨ᠂ ᠡᠮᠨᠡᠯᠭᠡ ᠶᠢᠨ ᠬᠤᠷᠢᠶ᠎ᠠ ᠶᠢᠨ ᠳᠦᠷᠢᠮ ᠲᠣᠭᠲᠠᠭᠠᠯ ᠶᠤᠰᠤᠭᠠᠷ ᠵᠢᠷᠤᠮᠵᠢᠯ ᠲᠠᠢ ᠠᠵᠢᠯᠯᠠᠬᠤ ᠶᠢ | ᠠᠬᠢᠭᠤᠯᠬᠤ ᠬᠡᠷᠡᠭᠲᠡᠢ᠃ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠭᠢ ᠶᠢ ᠢᠯᠠ ᠪᠣᠯᠭᠠᠬᠤ ᠶᠢ ᠴᠢᠩᠭᠠᠳᠬᠠᠵᠤ᠂ | ᠪᠦᠬᠦ ᠨᠡᠶᠢᠭᠡᠮ ᠳᠤ ᠲᠣᠭᠲᠠᠮᠠᠯ ᠬᠤᠭᠤᠴᠠᠭ᠎ᠠ ᠲᠠᠢ ᠪᠠᠷ ᠢᠯᠡ ᠨᠡᠶᠢᠲᠡᠯᠡᠬᠦ ᠳᠦᠷᠢᠮ ᠢ ᠪᠠᠶᠢᠭᠤᠯᠵᠤ᠂ ᠡᠳ᠋ ᠤᠨ | ᠶᠠᠪᠤᠳᠠᠯ ᠤᠨ ᠪᠠᠶᠢᠳᠠᠯ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ᠂ ᠶᠠᠰᠤ ᠴᠢᠨᠠᠷ ᠤᠨ ᠠᠮᠦᠷ | ᠲᠥᠪᠰᠢᠨ᠂ ᠬᠦᠮᠦᠨ ᠤ ᠬᠦᠴᠦᠨ ᠤ ᠡᠬᠢ ᠪᠠᠶᠠᠯᠢᠭ᠂ ᠦᠨ᠎ᠡ ᠬᠠᠩᠰᠢ ᠪᠣᠯᠣᠨ ᠡᠮᠴᠢᠯᠡᠭᠡᠨ ᠤ ᠵᠠᠷᠤᠳᠠᠯ ᠵᠡᠷᠭᠡ | ᠮᠡᠳᠡᠭᠡ ᠵᠠᠩᠭᠢ ᠶᠢ ᠭᠤᠣᠯᠳᠠᠯᠭ᠎ᠠ ᠲᠠᠢ ᠢᠯᠡ ᠪᠣᠯᠭᠠᠬᠤ ᠬᠡᠷᠡᠭᠲᠡᠢ᠃ ᠠᠵᠢᠯ ᠲᠦᠷᠦᠯ ᠤᠨ ᠨᠡᠶᠢᠭᠡᠮᠯᠢᠭ ︵ᠡᠷᠳᠡᠮ | ᠰᠢᠨᠵᠢᠯᠡᠭᠡᠨ ᠤ ᠨᠡᠶᠢᠭᠡᠮᠯᠢᠭ︶ ᠤᠨ ᠬᠠᠮᠢᠶᠠᠷᠤᠯᠲᠠ ᠶᠢᠨ ᠪᠠᠶᠢᠭᠤᠯᠤᠯ ᠪᠣᠯᠣᠨ ᠠᠵᠢᠯᠯᠠᠭᠠᠨ ᠤ ᠲᠣᠭᠲᠠᠴᠠ ᠳᠤ | ᠰᠢᠨ᠎ᠡ ᠶᠢ ᠡᠭᠦᠳᠴᠦ᠂ ᠡᠮᠴᠢᠯᠡᠭᠡᠨ ᠤ ᠠᠵᠢᠯ ᠲᠦᠷᠦᠯ ᠤᠨ ᠨᠡᠶᠢᠭᠡᠮᠯᠢᠭ ︵ᠡᠷᠳᠡᠮ ᠰᠢᠨᠵᠢᠯᠡᠭᠡᠨ ᠤ ᠨᠡᠶᠢᠭᠡᠮᠯᠢᠭ︶ | ᠤᠨ ᠠᠵᠢᠯ ᠲᠦᠷᠦᠯ ᠤᠨ ᠬᠠᠮᠢᠶᠠᠷᠤᠯᠲᠠ᠂ ᠬᠢᠨᠠᠯᠲᠠ᠂ ᠬᠢᠵᠠᠭᠠᠷᠯᠠᠯ ᠪᠣᠯᠣᠨ ᠠᠵᠢᠯ ᠮᠡᠷᠭᠡᠵᠢᠯ ᠤᠨ ᠶᠣᠰᠤ | ᠮᠤᠷᠠᠯ ᠤᠨ ᠪᠠᠶᠢᠭᠤᠯᠤᠯᠲᠠ ᠵᠡᠷᠭᠡ ᠶᠢᠨ ᠦᠢᠯᠡᠳᠦᠯ ᠢ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ᠂ | ᠡᠮᠴᠢᠯᠡᠭᠡᠨ ᠤ ᠦᠢᠯᠡᠴᠢᠯᠡᠭᠡ᠂ ᠡᠮᠴᠢᠯᠡᠭᠡᠨ ᠤ ᠴᠢᠳᠠᠪᠤᠷᠢᠲᠠᠨ ᠢ ᠦᠨᠡᠯᠡᠨ ᠬᠢᠨᠠᠬᠤ ᠵᠢᠴᠢ ᠡᠮᠴᠢᠯᠡᠭᠡᠨ ᠤ ᠠᠵᠢᠯ | ᠲᠦᠷᠦᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤᠮᠳᠠᠬᠢ ᠡᠮᠴᠢᠯᠡᠭᠡᠨ ᠤ ᠠᠵᠢᠯ ᠲᠦᠷᠦᠯ ᠤᠨ | ᠨᠡᠶᠢᠭᠡᠮᠯᠢᠭ ︵ᠡᠷᠳᠡᠮ ᠰᠢᠨᠵᠢᠯᠡᠭᠡᠨ ᠤ ᠨᠡᠶᠢᠭᠡᠮᠯᠢᠭ︶ ᠤᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ ᠭᠤᠷᠪᠠᠳᠡᠬᠢ ᠡᠲᠡᠭᠡᠳ ᠤᠨ ᠲᠤᠰᠬᠠᠢ ᠪᠠᠶᠢᠭᠤᠯᠤᠮᠵᠢ ᠠᠴᠠ ᠦᠨᠡᠯᠡᠬᠦ ᠶᠢ | ᠰᠦᠪᠡᠭᠴᠢᠯᠡᠵᠦ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ᠃ | ᠳᠥᠷᠪᠡ᠂ ᠵᠣᠬᠢᠶᠠᠨ ᠪᠠᠶᠢᠭᠤᠯᠵᠤ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠲᠣᠷᠰᠢᠯᠲᠠ ᠶᠢᠨ | ᠴᠢᠬ ᠤᠨ ᠠᠵᠢᠯ ᠢ ᠦᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠦᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠠᠴᠠ ᠨᠢᠭᠡᠲᠦᠯᠲᠡᠢ ᠲᠦᠯᠦᠪᠯᠡᠨ ᠵᠣᠬᠢᠴᠠᠭᠤᠯᠬᠤ᠂ ᠵᠣᠬᠢᠶᠠᠨ | ᠪᠠᠶᠢᠭᠤᠯᠤᠨ ᠬᠡᠷᠡᠭᠵᠢᠭᠦᠯᠬᠦ ᠪᠠ ᠰᠢᠮᠳᠠᠭᠤᠯᠤᠨ ᠠᠬᠢᠭᠤᠯᠬᠤ ᠶᠢ ᠬᠠᠷᠢᠭᠤᠴᠠᠬᠤ ᠬᠡᠷᠡᠭᠲᠡᠢ᠃ ᠡᠯ᠎ᠡ ᠭᠠᠵᠠᠷ | ᠣᠷᠣᠨ ᠨᠤᠭᠤᠳ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢ ᠲᠣᠬᠠᠢ ᠶᠢᠨ | ᠭᠠᠵᠠᠷ ᠤᠨ ᠢᠶᠠᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ | ᠬᠦᠴᠦᠲᠡᠢ ᠤᠳᠤᠷᠢᠳᠬᠤ ᠪᠠᠶᠢᠭᠤᠯᠤᠯ ᠪᠣᠯᠣᠨ ᠠᠵᠢᠯ ᠢ ᠠᠬᠢᠭᠤᠯᠬᠤ ᠲᠣᠭᠲᠠᠴᠠ ᠶᠢ ᠪᠠᠶᠢᠭᠤᠯᠤᠨ᠂ | ᠲᠣᠷᠰᠢᠯᠲᠠ ᠶᠢᠨ ᠴᠢᠬ ᠪᠣᠯᠬᠤ ᠬᠤᠲᠠ ᠶᠢᠨ ᠭᠤᠣᠯ ᠤᠳᠤᠷᠢᠳᠤᠯᠭ᠎ᠠ ᠨᠢ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢᠨ ᠠᠵᠢᠯ ᠢ ᠶᠡᠷᠦᠩᠬᠡᠶᠢᠯᠡᠨ ᠬᠠᠷᠢᠭᠤᠴᠠᠵᠤ᠂ ᠬᠤᠪᠢᠳᠠᠨ ᠬᠠᠮᠢᠶᠠᠷᠬᠤ | ᠤᠳᠤᠷᠢᠳᠤᠯᠭ᠎ᠠ ᠨᠢ ᠪᠤᠲᠠᠲᠠᠢ ᠬᠠᠷᠢᠭᠤᠴᠠᠨ᠂ ᠠᠵᠢᠯ ᠤᠨ ᠡᠭᠦᠷᠭᠡ ᠪᠠᠨ ᠢᠯᠭᠠᠨ ᠬᠤᠪᠢᠶᠠᠷᠢᠯᠠᠵᠤ᠂ ᠡᠯ᠎ᠡ ᠰᠠᠯᠠᠭ᠎ᠠ | ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠳᠤᠲᠤᠷᠬᠠᠶᠢᠯᠠᠨ᠂ ᠬᠠᠷᠢᠭᠤᠴᠠᠯᠭ᠎ᠠ ᠶᠢ ᠬᠤᠪᠢ ᠬᠦᠮᠦᠨ ᠳᠤ | ᠡᠭᠦᠷᠭᠡᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠤᠨ ᠵᠦᠪᠯᠡᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ | ᠬᠤᠪᠢᠷᠠᠭᠤᠯᠵᠤ᠂ ᠦᠵᠡᠯ ᠰᠠᠨᠠᠭ᠎ᠠ ᠪᠠᠨ ᠴᠢᠯᠦᠭᠡᠯᠡᠨ᠂ ᠨᠢᠭᠲᠠ ᠬᠠᠮᠵᠢᠯᠴᠠᠵᠤ᠂ ᠦᠭᠡᠷᠡᠴᠢᠯᠡᠯᠲᠡ ᠶᠢ | ᠳᠦᠬᠦᠷᠵᠢᠭᠦᠯᠬᠦ ᠠᠷᠭ᠎ᠠ ᠬᠡᠮᠵᠢᠶ᠎ᠠ ᠶᠢ ᠲᠡᠭᠦᠯᠳᠡᠷᠵᠢᠭᠦᠯᠦᠨ᠂ ᠠᠬᠢᠴᠠ ᠶᠢᠨ ᠲᠣᠬᠢᠷᠠᠭᠤᠯᠤᠯᠲᠠ ᠶᠤᠰᠤᠭᠠᠷ ᠡᠯ᠎ᠡ | ᠵᠦᠢᠯ ᠤᠨ ᠪᠤᠲᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠣᠬᠠᠢ ᠳᠤᠨᠢ ᠨᠡᠶᠢᠲᠡᠯᠡᠵᠦ᠂ ᠣᠷᠣᠨ | ᠨᠤᠲᠤᠭ ᠤᠨ ᠲᠣᠷᠰᠢᠯᠲᠠ ᠶᠢᠨ ᠠᠵᠢᠯ ᠤᠨ ᠳᠡᠮᠵᠢᠯᠭᠡ ᠪᠠ ᠵᠢᠯᠤᠭᠤᠳᠤᠯᠭ᠎ᠠ ᠪᠠᠨ ᠴᠢᠩᠭᠠᠳᠬᠠᠨ᠂ ᠨᠢᠭᠡᠲᠦᠯᠲᠡᠢ | ᠲᠦᠯᠦᠪᠯᠡᠨ ᠠᠬᠢᠭᠤᠯᠬᠤ ᠬᠡᠷᠡᠭᠲᠡᠢ᠃ | ︵ᠬᠤᠶᠠᠷ︶ ᠠᠬᠢᠴᠠ ᠶᠢᠨ ᠲᠣᠬᠢᠷᠠᠭᠤᠯᠤᠯᠲᠠ ᠪᠠᠨ ᠲᠣᠳᠤᠷᠬᠠᠶᠢᠯᠠᠬᠤ ᠬᠡᠷᠡᠭᠲᠡᠢ᠃ ᠲᠣᠷᠰᠢᠯᠲᠠ ᠶᠢᠨ ᠴᠢᠬ | ᠪᠣᠯᠬᠤ ᠭᠠᠵᠠᠷ ᠣᠷᠣᠨ ᠨᠤᠭᠤᠳ ᠪᠤᠲᠠᠲᠠᠢ ᠲᠠᠢ ᠪᠠᠨ ᠤᠶᠠᠯᠳᠤᠭᠤᠯᠵᠤ᠂ ᠦᠭᠡᠷᠡᠴᠢᠯᠡᠯᠲᠡ ᠶᠢᠨ ᠪᠣᠲᠠᠲᠠᠢ | ᠬᠡᠷᠡᠭᠵᠢᠭᠦᠯᠬᠦ ᠲᠦᠰᠦᠯ ᠢ ᠨᠡᠶᠢᠲᠡᠯᠡᠬᠦ ᠬᠡᠷᠡᠭᠲᠡᠢ᠃ ᠦᠭᠡᠷᠡᠴᠢᠯᠡᠯᠲᠡ ᠶᠢᠨ ᠠᠵᠢᠯ ᠤᠨ ᠱᠤᠭᠤᠮ᠂ ᠴᠠᠭ | ᠬᠤᠭᠤᠴᠠᠭ᠎ᠠ ᠶᠢᠨ ᠬᠦᠰᠦᠨᠦᠭ ᠪᠣᠯᠣᠨ ᠠᠵᠢᠯ ᠤᠨ ᠡᠬᠡ ᠳᠠᠩᠰᠠ ᠪᠠᠨ ᠲᠣᠳᠤᠷᠬᠠᠶᠢᠯᠠᠵᠤ᠂ ᠦᠭᠡᠷᠡᠴᠢᠯᠡᠯᠲᠡ ᠶᠢᠨ | ᠭᠤᠣᠯᠳᠠᠯᠭ᠎ᠠ ᠲᠠᠢ ᠡᠭᠦᠷᠭᠡ᠂ ᠲᠡᠷᠢᠭᠦᠯᠡᠬᠦ ᠳᠡᠰ ᠳᠠᠷᠠᠭ᠎ᠠ᠂ ᠠᠬᠢᠭᠤᠯᠬᠤ ᠠᠷᠭ᠎ᠠ ᠮᠠᠶ᠋ᠢᠭ ᠢ ᠰᠠᠶᠢᠲᠤᠷ ᠡᠵᠡᠮᠰᠢᠵᠦ᠂ | ᠲᠥᠷᠥ ᠶᠢᠨ ᠪᠣᠳᠣᠯᠭ᠎ᠠ ᠶᠢ ᠲᠦᠷᠦᠯ ᠬᠤᠪᠢᠶᠠᠨ ᠬᠡᠷᠡᠭᠵᠢᠭᠦᠯᠬᠦ᠂ ᠪᠣᠲᠠᠲᠠᠢ ᠶᠢ ᠡᠷᠬᠢᠮᠯᠡᠨ ᠠᠵᠢᠯᠯᠠᠬᠤ᠂ ᠡᠷᠬᠡᠪᠰᠢ | ᠰᠢᠪᠲᠣᠯᠬᠤ ᠶᠢ ᠭᠦᠢᠴᠡᠳᠭᠡᠬᠦ ᠬᠡᠷᠡᠭᠲᠡᠢ᠃ 2015 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ | ᠬᠦᠬᠡᠬᠤᠲᠠ᠂ ᠣᠷᠳᠤᠰ᠂ ᠦᠬᠠᠢ ᠬᠤᠲᠠ ᠪᠣᠯᠣᠨ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠤᠨ ᠨᠢ | ᠲᠣᠷᠰᠢᠯᠲᠠ ᠶᠢᠨ ᠴᠢᠬ ᠪᠣᠯᠬᠤ ᠣᠷᠣᠨ ᠪᠦᠰᠡ ᠶᠢᠨ ᠪᠣᠢ ᠪᠦᠬᠦᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠳᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ | ᠲᠣᠷᠰᠢᠯᠲᠠ ᠶᠢᠨ ᠴᠢᠬ ᠤᠨ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠪᠤᠰᠤᠳ ᠠᠶᠢᠮᠠᠭ ᠬᠤᠲᠠ ᠨᠤᠭᠤᠳ ᠨᠢ ᠤᠯᠤᠰ ᠪᠠ ᠦᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠤᠰᠤᠭᠠᠷ᠂ ᠡᠷᠲᠡᠬᠡᠨ ᠠᠷᠭ᠎ᠠ ᠰᠦᠪᠡᠭᠴᠢᠯᠡᠵᠦ᠂ ᠨᠢᠭᠡᠲᠦᠯᠲᠡᠢ ᠲᠦᠯᠦᠪᠯᠡᠨ ᠲᠣᠬᠢᠷᠠᠭᠤᠯᠵᠤ᠂ | 2017 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠣᠷᠣᠨ ᠪᠦᠰᠡ ᠶᠢᠨ ᠳᠣᠲᠤᠷᠠᠬᠢ ᠬᠤᠲᠠ ᠶᠢᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠠᠵᠢᠯ ᠢ ᠪᠦᠬᠦ | ᠲᠠᠯ᠎ᠠ ᠪᠠᠷ ᠶᠠᠪᠤᠭᠳᠠᠭᠤᠯᠬᠤ ᠪᠠᠷ ᠴᠢᠷᠮᠠᠶᠢᠬᠤ ᠬᠡᠷᠡᠭᠲᠡᠢ᠃ ᠲᠣᠷᠰᠢᠯᠲᠠ ᠶᠢᠨ ᠴᠢᠬ ᠪᠣᠯᠬᠤ ᠬᠤᠲᠠ ᠶᠢᠨ ᠬᠠᠷᠢᠶ᠎ᠠ | ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢᠨ | ᠲᠣᠷᠰᠢᠯᠲᠠ ᠶᠢᠨ ᠴᠢᠬ ᠨᠢ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠬᠤ ᠲᠣᠬᠠᠢ ᠤᠯᠤᠰ ᠪᠣᠯᠣᠨ ᠦᠪᠡᠷᠲᠡᠭᠡᠨ ᠵᠠᠰᠠᠬᠤ | ᠣᠷᠣᠨ ᠤ ᠱᠠᠭᠠᠷᠳᠠᠯᠭ᠎ᠠ ᠶᠤᠰᠣᠭᠠᠷ᠂ ᠡᠮᠬᠢ ᠳᠠᠷᠠᠭ᠎ᠠ ᠲᠠᠢ ᠠᠬᠢᠭᠤᠯᠬᠤ ᠬᠡᠷᠡᠭᠲᠡᠢ᠃ ᠬᠤᠲᠠ ᠶᠢᠨ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢ ᠠᠬᠢᠭᠤᠯᠬᠤ ᠳᠤᠮᠳᠠ᠂ ᠳᠡᠭᠡᠳᠦ ᠳᠣᠣᠷᠠᠳᠤ | ᠱᠠᠲᠤ ᠬᠠᠮᠲᠤᠷᠠᠨ ᠦᠢᠯᠡᠳᠦᠯᠴᠡᠬᠦ ᠵᠠᠷᠴᠢᠮ ᠶᠣᠰᠤᠭᠠᠷ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ | ᠬᠢᠭᠡᠳ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠬᠤᠪᠢᠶᠠᠷᠢᠯᠠᠨ | ᠬᠠᠮᠵᠢᠯᠴᠠᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠦᠭᠡᠷᠡᠴᠢᠯᠡᠯᠲᠡ ᠶᠢᠨ ᠠᠵᠢᠯ ᠢ ᠰᠠᠶᠢᠲᠤᠷ ᠨᠢᠭᠡᠲᠦᠯᠲᠡᠢ ᠲᠦᠯᠦᠪᠯᠡᠵᠦ᠂ ᠰᠠᠶᠢᠲᠤᠷ ᠠᠷᠭ᠎ᠠ ᠰᠦᠪᠡᠭᠴᠢᠯᠡᠬᠦ ᠬᠡᠷᠡᠭᠲᠡᠢ᠃ | | ︵ᠭᠤᠷᠪᠠ︶ ᠬᠢᠨᠠᠨ ᠵᠢᠯᠤᠭᠤᠳᠴᠤ ᠦᠨᠡᠯᠡᠯᠲᠡ ᠬᠢᠬᠦ ᠶᠢ ᠴᠢᠩᠭᠠᠳᠬᠠᠬᠤ ᠬᠡᠷᠡᠭᠲᠡᠢ᠃ ᠦᠪᠡᠷᠲᠡᠭᠡᠨ ᠵᠠᠰᠠᠬᠤ | ᠣᠷᠣᠨ ᠠᠴᠠ ᠰᠢᠮᠳᠠᠭᠤᠯᠤᠨ ᠵᠢᠯᠤᠭᠤᠳᠬᠤ᠂ ᠰᠢᠯᠭᠠᠨ ᠬᠢᠨᠠᠬᠤ᠂ ᠦᠨᠡᠯᠡᠨ ᠵᠢᠱᠢᠬᠦ᠂ ᠬᠠᠷᠢᠭᠤᠴᠠᠯᠭ᠎ᠠ ᠬᠡᠯᠡᠯᠴᠡᠬᠦ | ᠲᠣᠭᠲᠠᠴᠠ ᠶᠢ ᠪᠠᠶᠢᠭᠤᠯᠵᠤ᠂ ᠲᠣᠷᠰᠢᠯᠲᠠ ᠶᠢᠨ ᠴᠢᠬ ᠪᠣᠯᠬᠤ ᠬᠤᠲᠠ ᠶᠢᠨ ᠦᠭᠡᠷᠡᠴᠢᠯᠡᠯᠲᠡ ᠶᠢᠨ ᠡᠭᠦᠷᠭᠡ ᠶᠢ | ᠪᠦᠬᠦᠯᠢ ᠴᠣᠭᠴᠠ ᠪᠠᠷ ᠠᠬᠢᠭᠤᠯᠬᠤ ᠶᠢ ᠰᠢᠮᠳᠠᠭᠤᠯᠬᠤ ᠶᠢᠨ ᠬᠠᠮᠲᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠦᠭᠡᠷᠡᠴᠢᠯᠡᠯᠲᠡ ᠶᠢ ᠲᠣᠷᠰᠢᠯᠲᠠ ᠶᠢᠨ ᠴᠢᠬ ᠪᠣᠯᠬᠤ ᠬᠤᠲᠠ ᠶᠢᠨ ᠵᠠᠰᠠᠭ ᠤᠨ ᠣᠷᠳᠤᠨ ᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠭᠤᠯᠭ᠎ᠠ ᠳᠤ ᠣᠷᠤᠭᠤᠯᠬᠤ ᠬᠡᠷᠡᠭᠲᠡᠢ᠃ ᠦᠪᠡᠷᠲᠡᠭᠡᠨ ᠵᠠᠰᠠᠬᠤ | ᠣᠷᠣᠨ ᠠᠴᠠ ᠲᠣᠷᠰᠢᠯᠲᠠ ᠶᠢᠨ ᠴᠢᠬ ᠤᠨ ᠠᠵᠢᠯ ᠳᠠᠬᠢ ᠵᠢᠯᠤᠭᠤᠳᠤᠯᠭ᠎ᠠ ᠪᠠᠨ ᠴᠢᠩᠭᠠᠳᠬᠠᠵᠤ᠂ | ᠦᠭᠡᠷᠡᠴᠢᠯᠡᠯᠲᠡ ᠶᠢᠨ ᠦᠷ᠎ᠡ ᠪᠦᠲᠦᠭᠡᠯ ᠢ ᠦᠨᠡᠯᠡᠬᠦ ᠨᠢᠭᠡᠲᠦᠯᠲᠡᠢ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ | ᠲᠣᠭᠲᠠᠭᠠᠬᠤ ᠬᠡᠷᠡᠭᠲᠡᠢ᠃ ᠲᠣᠷᠰᠢᠯᠲᠠ ᠶᠢᠨ ᠴᠢᠬ ᠪᠣᠯᠬᠤ ᠬᠤᠲᠠ ᠶᠢᠨ ᠦᠭᠡᠷᠡᠴᠢᠯᠡᠯᠲᠡ ᠶᠢ ᠠᠬᠢᠭᠤᠯᠬᠤ | ᠠᠵᠢᠯ ᠤᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠳᠦᠷᠢᠮ ᠢ ᠪᠠᠶᠢᠭᠤᠯᠵᠤ᠂ ᠦᠭᠡᠷᠡᠴᠢᠯᠡᠯᠲᠡ ᠶᠢᠨ ᠠᠬᠢᠴᠠ | ᠬᠤᠴᠤᠷᠴᠤ ᠪᠠᠶᠢᠬᠤ ᠭᠠᠵᠠᠷ ᠣᠷᠣᠨ ᠢ ᠮᠡᠳᠡᠭᠡᠯᠡᠬᠦ᠂ ᠬᠠᠷᠢᠭᠤᠴᠠᠯᠭ᠎ᠠ ᠬᠡᠯᠡᠯᠴᠡᠬᠦ ᠶᠢᠨ ᠬᠠᠮᠲᠤ᠂ ᠬᠤᠯᠪᠤᠭᠳᠠᠯ | ᠪᠦᠬᠦᠢ ᠲᠤᠰᠠᠯᠠᠮᠵᠢ ᠶᠢᠨ ᠮᠦᠩᠭᠦ ᠶᠢ ᠨᠢ ᠪᠤᠴᠠᠭᠠᠨ ᠠᠪᠬᠤ ᠬᠡᠷᠡᠭᠲᠡᠢ᠃ | ︵ᠳᠥᠷᠪᠡ︶ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠦᠴᠢᠷ ᠤᠳ ᠠᠵᠢᠯ ᠤᠨ ᠠᠬᠢᠴᠠ ᠶᠢ ᠨᠢᠭᠲᠠ ᠮᠦᠷᠳᠡᠵᠦ᠂ ᠲᠣᠷᠰᠢᠯᠭ᠎ᠠ ᠪᠠᠨ ᠴᠠᠭ ᠲᠣᠬᠠᠢ ᠳᠤᠨᠢ | ᠳ᠋ᠦᠩᠨᠡᠨ᠂ ᠦᠭᠡᠷᠡᠴᠢᠯᠡᠯᠲᠡ ᠳᠤᠮᠳᠠ ᠢᠯᠡᠷᠡᠭᠰᠡᠨ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ | ᠬᠠᠷᠢᠴᠠᠩᠭᠤᠢ ᠪᠣᠯᠪᠠᠰᠤᠷᠠᠩᠭᠤᠢ ᠪᠤᠯᠤᠭᠰᠠᠨ ᠦᠭᠡᠷᠡᠴᠢᠯᠡᠯᠲᠡ ᠶᠢᠨ ᠲᠣᠷᠰᠢᠯᠭ᠎ᠠ ᠶᠢ ᠲᠦᠷᠭᠡᠳᠭᠡᠨ ᠳᠡᠯᠭᠡᠷᠡᠭᠦᠯᠵᠦ | ᠬᠡᠷᠡᠭᠯᠡᠬᠦ ᠬᠡᠷᠡᠭᠲᠡᠢ᠃ ᠦᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠶᠡᠬᠡᠪᠡᠷ | ᠤᠬᠠᠭᠤᠯᠤᠨ ᠮᠡᠳᠡᠭᠦᠯᠵᠦ᠂ ᠵᠥᠪ ᠲᠠᠯ᠎ᠠ ᠪᠠᠷ ᠤᠬᠠᠭᠤᠯᠬᠤ ᠶᠢ ᠪᠠᠷᠢᠮᠲᠠᠯᠠᠨ᠂ ᠨᠡᠶᠢᠭᠡᠮ ᠤᠨ ᠶᠠᠷᠢᠶ᠎ᠠ ᠬᠡᠯᠡᠯᠴᠡᠭᠡᠨ | ᠪᠣᠯᠣᠨ ᠣᠯᠠᠨ ᠲᠦᠮᠡᠨ ᠤ ᠵᠢᠱᠢᠯᠲᠡ ᠪᠣᠳᠣᠯ ᠢ ᠵᠦᠢ ᠵᠣᠬᠢᠰᠲᠠᠢ ᠬᠦᠲᠦᠯᠦᠨ ᠵᠢᠯᠤᠭᠤᠳᠴᠤ᠂ ᠬᠠᠮᠲᠤ ᠶᠢᠨ | ᠲᠠᠨᠢᠯᠲᠠ ᠶᠢ ᠨᠢᠭᠲᠠᠷᠠᠭᠤᠯᠤᠨ᠂ ᠢᠲᠡᠭᠡᠯ ᠢ ᠨᠢ ᠨᠡᠮᠡᠭᠳᠡᠭᠦᠯᠵᠦ᠂ ᠦᠭᠡᠷᠡᠴᠢᠯᠡᠯᠲᠡ ᠶᠢᠨ ᠰᠠᠶᠢᠨ ᠰᠠᠶᠢᠬᠠᠨ ᠠᠭᠤᠷ | ᠠᠮᠢᠰᠬᠤᠯ ᠢ ᠪᠣᠢ ᠪᠣᠯᠭᠠᠬᠤ ᠬᠡᠷᠡᠭᠲᠡᠢ᠃ ᠡᠮᠨᠡᠯᠭᠡ ᠶᠢᠨ ᠠᠵᠢᠯᠲᠠᠳ ᠢ ᠤᠬᠠᠭᠤᠯᠤᠨ ᠳᠠᠶᠢᠴᠢᠯᠠᠬᠤ ᠠᠵᠢᠯ ᠢᠶᠠᠨ | ᠰᠠᠶᠢᠲᠤᠷ ᠬᠢᠵᠦ᠂ ᠥᠷᠭᠡᠨ ᠣᠯᠠᠨ ᠡᠮᠨᠡᠯᠭᠡ ᠶᠢᠨ ᠠᠵᠢᠯᠲᠠᠳ ᠤᠨ ᠦᠭᠡᠷᠡᠴᠢᠯᠡᠯᠲᠡ ᠳᠤ ᠣᠷᠤᠯᠴᠠᠬᠤ ᠢᠳᠡᠪᠬᠢ | ᠴᠢᠨᠠᠷ᠂ ᠰᠠᠨᠠᠭᠠᠴᠢᠯᠠᠭᠠᠲᠤ ᠴᠢᠨᠠᠷ ᠢ ᠳᠠᠶᠢᠴᠢᠯᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠦᠴᠢᠷ ᠤᠨ ᠤᠳᠤᠷᠢᠳᠬᠤ ᠺᠠᠳ᠋ᠷ ᠪᠣᠯᠣᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠬᠠᠮᠢᠶᠠᠷᠤᠯᠲᠠᠨ ᠳᠤ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠢ ᠦᠷᠨᠢᠭᠦᠯᠵᠦ᠂ ᠲᠥᠷᠥ ᠶᠢᠨ ᠪᠣᠳᠣᠯᠭ᠎ᠠ ᠶᠢᠨ | ᠬᠢᠷᠢ ᠬᠡᠮᠵᠢᠶ᠎ᠡ ᠪᠣᠯᠣᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠦᠨ᠂ ᠦᠭᠡᠷᠡᠴᠢᠯᠡᠯᠲᠡ ᠶᠢ ᠤᠷᠤᠭᠰᠢᠲᠠᠢ | ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ |