ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠭᠡᠯᠳᠡᠰ᠄ ᠺᠠᠳ᠋ᠷᠴᠤᠳ ᠎ ᠤᠨ ᠶᠡᠭᠡ ᠬᠤᠷᠠᠯ ᠬᠤᠷᠠᠯᠳᠤᠭᠤᠯᠵᠤ ᠪᠦᠬᠦ ᠤᠯᠤᠰ ᠤᠨ ᠬᠤᠶᠠᠷ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠲᠤᠤᠱᠯᠠᠭᠤᠯᠵᠠᠢ
ᠨᠡᠶᠢᠲᠡᠯᠡᠭᠰᠡᠨ ᠴᠠᠭ᠄
2016/3/21
     3 ᠳ᠋ᠤᠭᠠᠷ ᠰᠠᠷ᠎ᠠ ᠶᠢᠨ 18᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠭᠡᠯᠳᠡᠰ ᠪᠠᠶᠢᠭᠤᠯᠭ᠎ᠠ ᠶᠢᠨ ᠺᠠᠳ᠋ᠷ ᠤᠨ ᠬᠤᠷᠠᠯ ᠬᠤᠷᠠᠯᠳᠤᠭᠤᠯᠵᠦ᠂ ᠠᠷᠪᠠᠨ ᠬᠤᠶᠠᠳᠤᠭᠠᠷ ᠬᠤᠭᠤᠴᠠᠭᠠᠨ ᠎ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠲᠦᠷᠪᠡᠳᠦᠭᠡᠷ ᠬᠤᠷᠠᠯ ᠎ ᠤᠨ ᠵᠤᠷᠢᠬ ᠰᠠᠨᠠᠭ᠎ᠠ ᠵᠢᠴᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠴᠢᠬᠤᠯᠠ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠲᠤᠰᠬᠠᠢ ᠰᠡᠳᠦᠪ ᠢᠶᠠᠷ ᠰᠤᠷᠤᠯᠴᠠᠨ ᠲᠤᠤᠱᠯᠠᠭᠤᠯᠵᠠᠢ᠃      ᠬᠤᠷᠠᠯ ᠠᠴᠠ᠂ ᠡᠯ᠎ᠠ ᠱᠠᠳᠤᠨ ᠤ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠳ ᠪᠦᠬᠦ ᠤᠯᠤᠰ ᠤᠨ ᠬᠤᠶᠠᠷ ᠬᠤᠷᠠᠯ ᠤᠨ ᠵᠤᠷᠢᠬ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠬᠤ ᠶᠢ ᠤᠳᠤᠬᠠᠨ ᠤ ᠬᠤᠶᠢᠰᠢᠳᠡ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠪᠤᠯᠭᠠᠵᠦ᠂ ᠦᠵᠡᠯ ᠰᠠᠨᠠᠭ᠎ᠠ ᠪᠤᠯᠤᠨ ᠠᠵᠢᠯᠯᠠᠭ᠎ᠠ ᠪᠠᠨ ᠲᠦᠪ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠲᠡᠭᠡᠷ᠎ᠠ ᠤᠬᠠᠮᠰᠠᠷ ᠠᠴᠠ ᠪᠠᠨ ᠨᠢᠭᠡᠳᠭᠡᠬᠦ ᠭᠡᠷᠡᠭᠳᠠᠢ᠃ ᠤᠨᠤᠯ ᠰᠤᠷᠤᠯᠴᠠᠬᠤ ᠭᠤᠤᠯ ᠲᠤᠭᠤᠢᠢᠯᠠᠩ ᠤᠨ ᠰᠤᠷᠤᠯᠴᠠᠯᠭ᠎ᠠ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠭᠡᠯᠪᠡᠷᠢ ᠪᠠᠷ ᠪᠦᠬᠦ ᠨᠠᠮ ᠤᠨ ᠭᠡᠰᠢᠬᠦᠨ ᠺᠠᠳ᠋ᠷᠴᠤᠳ ᠢ ᠵᠤᠬᠢᠶᠠᠨ ᠪᠠᠶᠢᠭᠤᠯᠤᠨ ᠬᠦᠨᠵᠡᠭᠡᠢ ᠰᠤᠳᠤᠯᠤᠨ ᠶᠠᠷᠢᠯᠴᠠᠵᠦ᠂ ᠬᠤᠶᠠᠷ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠠᠳᠬᠤᠬᠤ ᠪᠠᠷ ᠲᠠᠮᠵᠢᠭᠤᠯᠤᠨ᠂ ᠦᠵᠡᠯ ᠰᠠᠨᠠᠭ᠎ᠠ ᠪᠠᠨ ᠤᠯᠠᠮ ᠴᠢᠯᠦᠭᠡᠯᠡᠵᠦ᠂ ᠦᠵᠡᠯᠳᠡ ᠪᠠᠨ ᠬᠤᠪᠢᠷᠠᠭᠤᠯᠤᠨ᠂ ᠰᠡᠳᠬᠢᠴᠡ ᠪᠠᠨ ᠲᠡᠬᠦᠯᠳᠡᠷᠵᠢᠭᠦᠯᠵᠦ᠂ ᠠᠷᠭ᠎ᠠ ᠬᠡᠯᠪᠡᠷᠢ ᠪᠠᠨ ᠨᠠᠷᠢᠯᠢᠬᠵᠢᠭᠤᠯᠵᠦ᠂ ᠦᠷᠭᠡᠨ ᠤᠯᠠᠨ ᠵᠤᠬᠢᠶᠠᠨ ᠪᠠᠶᠢᠭᠤᠯᠬᠤ ᠺᠠᠳ᠋ᠷ ᠤᠨ ᠤᠶᠤᠨ ᠤᠬᠠᠭᠠᠨ ᠬᠦᠴᠦᠨ ᠴᠢᠳᠠᠯ ᠢᠶᠠᠨ ᠭᠤᠤᠯ ᠪᠤᠯᠬᠤ ᠠᠵᠢᠯ ᠪᠤᠯᠤᠨ ᠬᠦᠭᠵᠢᠯᠳᠡ ᠶᠢᠨ ᠶᠡᠭᠡ ᠪᠠᠶᠢᠳᠠᠯ ᠳᠤ ᠦᠢᠯᠡᠴᠢᠯᠡᠬᠦ ᠲᠡᠭᠡᠷ᠎ᠠ ᠨᠢᠬᠳᠠᠷᠠᠭᠤᠯᠵᠦ᠂ ᠴᠢᠩᠭ᠎ᠠ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠴᠢ ᠤᠬᠠᠮᠰᠠᠷ᠂ ᠨᠢᠭᠡᠲᠦᠯᠲᠡᠢ ᠪᠠᠶᠢᠬᠤ ᠤᠬᠠᠮᠰᠠᠷ ᠢᠶᠠᠷ ᠵᠤᠬᠢᠶᠠᠨ ᠪᠠᠶᠢᠭᠤᠯᠬᠤ ᠠᠵᠢᠯ ᠤᠨ ᠡᠬᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠦ᠂ ᠵᠤᠬᠢᠶᠠᠨ ᠪᠠᠶᠢᠭᠤᠯᠬᠤ ᠭᠡᠯᠳᠡᠰ ᠤᠨ ᠡᠯ᠎ᠠ ᠵᠦᠢᠯ ᠤᠨ ᠠᠵᠢᠯ ᠢ ᠲᠠᠬᠢᠨ ᠰᠢᠨ᠎ᠠ ᠲᠡᠭᠳᠡᠷ ᠲᠤ ᠭᠠᠷᠭᠠᠬᠤ ᠶᠢ ᠲᠠᠰᠤᠷᠠᠯᠳᠠ ᠦᠭᠡᠢ ᠠᠬᠢᠭᠤᠯᠬᠤ ᠭᠡᠷᠡᠭᠳᠠᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠬᠦ ᠤᠯᠤᠰ ᠤᠨ ᠬᠤᠶᠠᠷ ᠬᠤᠷᠠᠯ ᠤᠨ ᠵᠤᠷᠢᠬ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠢᠭᠡᠳ ᠪᠦᠬᠦ ᠵᠢᠯ ᠤᠨ ᠵᠤᠬᠢᠶᠠᠨ ᠪᠠᠶᠢᠭᠤᠯᠬᠤ ᠠᠵᠢᠯ ᠢ ᠰᠠᠶᠢᠳᠤᠷ ᠠᠳᠬᠤᠬᠤ ᠲᠠᠢ ᠨᠢᠬᠳᠠ ᠤᠶᠠᠯᠳᠤᠭᠤᠯᠬᠤ ᠭᠡᠷᠡᠭᠳᠠᠢ᠂ ᠪᠦᠬᠦ ᠤᠯᠤᠰ᠂ ᠪᠦᠬᠦ ᠤᠷᠤᠨ ᠤ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠨᠠᠷ ᠎ ᠤᠨ ᠬᠤᠷᠠᠯ ᠤᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠤᠰᠤᠭᠠᠷ᠂ ᠲᠠᠪᠤᠨ ᠶᠡᠭᠡ ᠬᠦᠭᠵᠢᠯᠳᠡ ᠶᠢᠨ ᠣᠨᠣᠯᠵᠢᠬᠤᠨ ᠎ ᠢ ᠪᠠᠳᠦ ᠪᠤᠢ ᠪᠤᠯᠭᠠᠨ ᠦᠢᠯᠡᠳᠦᠯᠭᠡᠵᠢᠭᠦᠯᠵᠦ᠂ ︽ᠬᠤᠶᠠᠷ ᠢ ᠰᠤᠷᠤᠯᠴᠠᠵᠦ ᠨᠢᠭᠡ ᠪᠤᠯᠬᠤ︾ ᠰᠤᠷᠤᠯᠴᠠᠯᠭ᠎ᠠ ᠬᠦᠮᠦᠵᠢᠯ ᠢ ᠰᠠᠶᠢᠳᠤᠷ ᠠᠳᠬᠤᠵᠦ᠂ ᠬᠤᠳᠠ ᠰᠢᠶᠠᠨ ᠰᠢᠶᠠᠩ ᠤᠨ ᠨᠠᠮ ᠤᠨ ᠬᠤᠷᠢᠶ᠎ᠠ ᠶᠢᠨ ᠬᠤᠭᠤᠴᠠᠭ᠎ᠠ ᠰᠤᠯᠢᠬᠤ ᠨᠠᠮ ᠢ ᠴᠢᠩᠭ᠎ᠠ ᠵᠠᠰᠠᠬᠤ ︽1+3︾᠎ ᠶᠢ ᠭᠡᠷᠡᠭᠵᠢᠭᠦᠯᠬᠦ ᠶᠢ ᠠᠬᠢᠭᠤᠯᠬᠤ᠂ ᠨᠠᠮ ᠤᠨ ᠪᠠᠶᠢᠭᠤᠯᠤᠯᠳᠠ ᠶᠢᠨ ᠲᠦᠷᠢᠮ ᠎ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ᠂ ᠺᠠᠳ᠋ᠷᠴᠤᠳ ᠲᠤ ᠬᠢᠨᠠᠯᠳᠠ ᠲᠠᠯᠪᠢᠬᠤ ᠶᠢ ᠴᠢᠩᠭ᠎ᠠ ᠬᠠᠮᠢᠶᠠᠷᠬᠤ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠢᠭᠤᠯᠤᠯᠳᠠ ᠶᠢᠨ ᠴᠤᠬᠴᠠᠯᠠᠯᠳᠠ ᠪᠤᠯᠤᠨ ᠴᠢᠳᠠᠪᠤᠷᠢᠳᠡᠨ ᠤ ᠠᠵᠢᠯ ᠵᠡᠷᠭᠡ ᠭᠤᠤᠯᠳᠠᠯᠭ᠎ᠠ ᠲᠠᠢ ᠡᠬᠦᠷᠭᠡ ᠶᠢᠨ ᠨᠠᠶᠢᠳᠠᠪᠤᠷᠢᠵᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠵᠦ᠂ ᠭᠡᠯᠳᠡᠰ ᠎ ᠢ ᠴᠢᠩᠭ᠎ᠠ ᠵᠠᠰᠠᠬᠤ᠂ ᠰᠠᠬᠢᠯᠭ᠎ᠠ ᠪᠠᠳᠦ ᠶᠢ ᠴᠢᠩᠭ᠎ᠠ ᠰᠠᠬᠢᠬᠤ᠂ ᠡᠩᠨᠡᠭᠡ ᠶᠢ ᠴᠢᠩᠭ᠎ᠠ ᠲᠠᠭᠠᠭᠤᠯᠬᠤ ᠶᠢ ᠢᠮᠠᠬᠳᠠ ᠪᠠᠷᠢᠮᠳᠠᠯᠠᠵᠦ᠂ ᠵᠤᠬᠢᠶᠠᠨ ᠪᠠᠶᠢᠭᠤᠯᠬᠤ ᠭᠡᠯᠳᠡᠰ ᠤᠨ ᠰᠠᠯᠠᠭ᠎ᠠ ᠮᠦᠴᠢᠷ ᠤᠨ ᠲᠤᠰ ᠪᠡᠶ᠎ᠠ ᠶᠢᠨ ᠪᠠᠶᠢᠭᠤᠯᠤᠯᠳᠠ ᠶᠢ ᠶᠡᠭᠡᠪᠡᠷ ᠴᠢᠩᠭᠠᠳᠬᠠᠵᠦ᠂ ᠵᠢᠱᠢᠶᠡᠴᠢ ᠰᠠᠯᠠᠭ᠎ᠠ ᠮᠦᠴᠢᠷ ᠪᠤᠯᠤᠨ ᠬᠠᠳᠠᠭᠤ ᠲᠠᠭᠠᠭᠠᠮᠠᠭᠠᠢ ᠡᠩᠨᠡᠭᠡ ᠶᠢ ᠬᠦᠴᠦᠯᠠᠨ ᠪᠤᠢ ᠪᠤᠯᠭᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠱᠠᠳᠤᠨ ᠤ ᠢᠯᠠᠯᠳᠠ ᠤᠯᠬᠤ ᠳᠤ ᠪᠠᠳᠦ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠬᠤ ᠪᠠᠷ ᠴᠢᠷᠮᠠᠶᠢᠬᠤ ᠭᠡᠷᠡᠭᠳᠠᠢ ᠭᠡᠵᠦ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号