2013 — 2015 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠯ᠎ᠡ | ᠲᠥᠷᠥᠯ ᠤᠨ ᠪᠡᠯᠡ ᠮᠥᠩᠭᠦ ᠶᠢ ᠡᠮᠬᠢᠯᠡᠨ ᠴᠤᠭᠯᠠᠭᠤᠯᠵᠦ ᠠᠮᠢ ᠠᠬᠤᠶ ᠬᠡᠪᠡᠷᠡᠭ ᠣᠷᠣᠨ ᠤ ᠰᠠᠭᠤᠭᠠᠯᠢ ᠠᠷᠠᠳ ᠢ | ᠨᠡᠭᠦᠯᠭᠡᠬᠦ ᠠᠵᠢᠯ ᠢ ᠲᠦᠯᠬᠢᠨ ᠠᠬᠢᠭᠤᠯᠵᠤ᠂ ᠠᠮᠢ ᠠᠬᠤᠶ ᠬᠡᠪᠡᠷᠡᠭ ᠣᠷᠣᠨ ᠳᠤ 3 ᠵᠢᠯ 106.4 ᠳ᠋ᠦᠩᠰᠢᠭᠤᠷ | ᠲᠥᠭᠦᠷᠢᠭ ᠤᠨ ᠲᠥᠷᠥᠯ ᠵᠦᠢᠯ ᠤᠨ ᠪᠡᠯᠡ ᠣᠷᠤᠭᠤᠯᠬᠤ ᠶᠢ ᠪᠡᠶᠡᠯᠡᠭᠦᠯᠪᠡ᠃ ᠡᠭᠦᠨ ᠤ ᠳᠣᠲᠣᠷ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ 33 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠵᠤ᠂ ᠠᠶᠢᠮᠠᠭ | ᠬᠤᠳᠠ ᠬᠤᠰᠢᠭᠤ ᠰᠢᠶᠠᠨ ᠤ ᠢᠵᠢ ᠪᠦᠷᠢᠳᠦᠭᠦᠯᠦᠭᠰᠡᠨ ᠪᠡᠯᠡ ᠮᠥᠩᠭᠦ ᠪᠠ ᠲᠦᠷᠦᠯ ᠵᠦᠢᠯ ᠤᠨ ᠡᠮᠬᠢᠯᠡᠨ | ᠨᠡᠶᠢᠯᠡᠭᠦᠯᠦᠭᠰᠡᠨ ᠪᠡᠯᠡ ᠮᠥᠩᠭᠦ ᠨᠢ 36.3 ᠳ᠋ᠦᠩᠰᠢᠭᠤᠷ ᠲᠥᠭᠦᠷᠢᠭ ᠲᠤ ᠬᠦᠷᠴᠦ᠂ ᠤᠯᠠᠨ ᠲᠦᠮᠡᠨ ᠤ | ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠦ ᠨᠢ 20.8 ᠳ᠋ᠦᠩᠰᠢᠭᠤᠷ ᠲᠥᠭᠦᠷᠢᠭ ᠪᠠᠶᠢᠵᠤ᠂ ᠪᠤᠰᠤᠳ ᠨᠢ | ᠭᠤᠣᠯᠳᠠᠭᠤ ᠠᠵᠤ ᠠᠬᠤᠶᠢᠯᠠᠯ ᠤᠨ ᠪᠡᠯᠡ ᠣᠷᠤᠭᠤᠯᠤᠯᠲᠠ ᠪᠣᠯᠤᠨ᠎ᠠ᠃ 2013 — 2015 ᠣᠨ ᠳᠤ ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠮᠢ ᠠᠬᠤᠶ ᠶᠢᠨ ᠬᠡᠪᠡᠷᠡᠭ ᠭᠠᠵᠠᠷ ᠣᠷᠣᠨ ᠤ ᠰᠠᠭᠤᠭᠠᠯᠢ | ᠠᠷᠠᠳ ᠢ ᠨᠡᠭᠦᠯᠭᠡᠬᠦ ᠲᠥᠯᠥᠪᠵᠢᠭᠦᠯᠭᠡ︾ ᠶᠢᠨ ᠳᠣᠲᠤᠷᠠᠬᠢ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠦᠨᠳᠦᠰᠦᠯᠡᠪᠡᠯ᠂ ᠪᠦᠬᠦ ᠣᠷᠣᠨ ᠤ ᠡᠯ᠎ᠡ ᠭᠠᠵᠠᠷ ᠤᠨ ᠬᠢᠨ ᠲᠠᠷᠢᠶᠠᠯᠠᠩ ᠮᠠᠯ ᠠᠵᠤ ᠠᠬᠤᠶ | ᠰᠣᠯᠪᠢᠴᠠᠭᠰᠠᠨ ᠠᠮᠢ ᠠᠬᠤᠶ ᠶᠢᠨ ᠬᠡᠪᠡᠷᠡᠭ ᠣᠷᠣᠨ ᠤ 4.6 ᠲᠦᠮᠡᠨ ᠡᠷᠦᠬᠡ᠂ 14.8 ᠲᠦᠮᠡᠨ ᠬᠥᠮᠦᠨ ᠢ | ᠨᠡᠭᠦᠯᠭᠡᠨ ᠰᠢᠯᠵᠢᠭᠦᠯᠪᠡ᠃ ᠬᠠᠮᠤᠭ ᠰᠢᠨ᠎ᠡ ᠲᠤᠭ᠎ᠠ ᠪᠦᠷᠢᠳᠬᠡᠯ ᠠᠴᠠ ᠦᠵᠡᠪᠡᠯ᠂ 2015 ᠣᠨ ᠤ 5 ᠳ᠋ᠤᠭᠠᠷ | ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠣᠷᠣᠨ ᠤ ᠨᠢᠭᠡᠨᠲᠡ ᠪᠠᠶᠢᠭᠤᠯᠵᠤ ᠳᠠᠭᠤᠰᠬᠠᠭᠰᠠᠨ ᠠᠷᠠᠳ ᠢ ᠨᠡᠭᠦᠯᠭᠡᠬᠦ | ᠣᠷᠣᠨ ᠰᠠᠭᠤᠴᠠ 255.1 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 72.5 ᠲᠦᠮᠡᠨ ᠲᠡᠭᠰᠢ | ᠳᠥᠷᠪᠡᠯᠵᠢᠨ ᠮᠧᠲᠷ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠶᠢ ᠰᠢᠨ᠎ᠡ ᠪᠠᠷ ᠪᠠᠶᠢᠭᠤᠯᠤᠨ᠂ ᠨᠡᠷᠡᠨ ᠤ ᠭᠡᠷᠡᠯ ᠤᠨ | ᠬᠦᠯᠡᠮᠵᠢ ᠪᠠ ᠰᠦᠯᠢᠶᠣᠣ ᠰᠠᠷᠠᠪᠴᠢ ᠶᠢ 4840 ᠮᠦ ᠪᠠᠶᠢᠭᠤᠯᠵᠤ᠂ ᠬᠥᠮᠦᠨ ᠮᠠᠯ ᠤᠨ ᠤᠤᠭᠤᠬᠤ ᠤᠰᠤᠨ ᠤ | ᠢᠨᠵᠧᠨᠧᠷᠢᠩ ᠢ 1122 ᠪᠠᠶᠢᠭᠤᠯᠤᠨ᠂ ᠦᠨᠳᠦᠰᠦᠨ ᠲᠠᠷᠢᠶᠠᠨ ᠭᠠᠵᠠᠷ ᠢ 13.2 ᠲᠦᠮᠡᠨ ᠮᠦ ᠨᠡᠭᠡᠭᠡᠨ | ᠠᠰᠢᠭᠯᠠᠵᠤ᠂ ᠪᠦᠬᠦ ᠣᠷᠣᠨ ᠤ ᠠᠮᠢ ᠠᠬᠤᠶ ᠬᠡᠪᠡᠷᠡᠭ ᠭᠠᠵᠠᠷ ᠣᠷᠣᠨ ᠤ ᠠᠷᠠᠳ ᠢ ᠨᠡᠭᠦᠯᠭᠡᠵᠦ ᠶᠠᠳᠠᠭᠤ ᠶᠢ | ᠲᠡᠳᠬᠦᠬᠦ ᠢᠨᠵᠧᠨᠧᠷᠢᠩ ᠤᠨ ᠠᠵᠢᠯ ᠤᠳ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠤᠭᠰᠠᠨ ᠪᠠᠶᠢᠨ᠎ᠠ᠃ |