3 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ | 62 ᠳ᠋ᠤᠭᠠᠷ ᠤᠳᠠᠭ᠎ᠠ ᠶᠢᠨ ᠡᠷᠬᠢᠯᠡᠭᠴᠢᠳ ᠤᠨ ᠬᠤᠷᠠᠯ ᠬᠢᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ | ᠬᠤᠷᠢᠨ ᠨᠢᠭᠡᠳᠦᠭᠡᠷ ᠬᠤᠷᠠᠯ ᠢ 3 ᠰᠠᠷ᠎ᠠ ᠶᠢᠨ 28 ᠤ ᠡᠳᠦᠷ ᠠᠴᠠ 30 ᠤ ᠡᠳᠦᠷ ᠪᠤᠯᠳᠠᠯ᠎ᠠ ᠬᠦᠬᠡᠬᠤᠳᠠ ᠳᠤ | ᠬᠤᠷᠠᠯᠳᠤᠭᠤᠯᠬᠤ ᠪᠠᠷ ᠲᠤᠬᠳᠠᠪᠠ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠲᠡᠳ᠋ ᠡᠷᠬᠢᠯᠡᠭᠴᠢ ᠬᠤᠷᠴᠠ ᠬᠤᠷᠠᠯ ᠡᠷᠬᠢᠯᠡᠵᠦ᠂ ᠲᠡᠳ᠋ ᠡᠷᠬᠢᠯᠡᠭᠴᠢ ᠬᠠᠨᠭ᠌ ᠭᠦᠢ ᠯᠢᠨ᠂ ᠡᠤ ᠲᠤᠸᠠᠨ | ᠶᠢᠩ᠂ ᠯᠢ ᠷᠦᠡᠭ ᠰᠢ᠂ ᠯᠢᠶᠠᠨ ᠰᠤ᠋᠂ ᠨᠠᠷᠢᠨ ᠪᠢᠴᠢᠭ ᠤᠨ ᠲᠠᠷᠤᠭ᠎ᠠ ᠰᠦᠨ ᠬᠤᠢ ᠮᠢᠨ ᠬᠤᠷᠠᠯ ᠳᠤ ᠤᠷᠤᠯᠴᠠᠪᠠ᠃ | ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠨᠢᠭᠡᠳᠦᠭᠡᠷ ᠬᠤᠷᠠᠯ ᠤᠨ ᠰᠠᠨᠠᠭᠤᠯᠭ᠎ᠠ ᠶᠢᠨ ᠵᠦᠪᠯᠡᠭᠦ | ᠵᠦᠢᠯ ᠪᠣᠯ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠮᠦᠨ ᠠᠮᠠ ᠪᠠ ᠲᠦᠯᠦᠪᠯᠡᠭᠡᠲᠦ | ᠦᠷᠡᠵᠢᠯ ᠤᠨ ᠲᠦᠷᠢᠮ ᠳᠤ ᠵᠠᠰᠠᠪᠤᠷᠢ ᠤᠷᠤᠭᠤᠯᠤᠬᠰᠠᠨ ᠨᠣᠣᠷᠠᠭ ︵ᠲᠦᠰᠦᠯ︶︾᠂ ︽ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠦᠨᠳᠦᠰᠤᠨ ᠨᠤᠳᠤᠭ ᠪᠡᠯᠴᠢᠭᠡᠷ ᠢ ᠬᠠᠮᠠᠭᠠᠯᠠᠬᠤ ᠲᠦᠷᠢᠮ ᠳᠤ ᠵᠠᠰᠠᠪᠤᠷᠢ | ᠤᠷᠤᠭᠤᠯᠤᠬᠰᠠᠨ ᠨᠣᠣᠷᠠᠭ ︵ᠲᠦᠰᠦᠯ︶︾᠂ ︽︿ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠡᠮᠡᠭᠳᠡᠶᠢᠴᠤᠳ ᠬᠡᠤᠭᠡᠳ ᠢ ᠬᠠᠮᠠᠭᠠᠯᠠᠬᠤ ᠲᠦᠷᠢᠮ﹀ ᠢ ᠬᠦᠴᠦᠨ ᠦᠭᠡᠢ ᠪᠤᠯᠭᠠᠬᠤ ᠪᠠᠷ ᠳᠡᠪᠰᠢᠭᠦᠯᠬᠦ ᠲᠤᠬᠠᠢ ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠳ ᠤᠨ ᠬᠤᠷᠠᠯ ᠤᠨ ᠰᠠᠨᠠᠯ ᠵᠦᠪᠯᠡᠯᠭᠡ︾᠂ ︽ᠬᠡᠰᠡᠭ ᠤᠷᠤᠨ ᠨᠤᠳᠤᠭ | ᠤᠨ ᠴᠢᠨᠠᠷᠳᠠᠢ ᠬᠠᠤᠯᠢ ᠳᠣᠭᠳᠠᠭᠠᠯ ᠲᠤ ᠵᠠᠰᠠᠪᠤᠷᠢ ᠤᠷᠤᠭᠤᠯᠬᠤ ᠲᠤᠬᠠᠢ ᠬᠦᠬᠡᠬᠤᠳᠠ ᠶᠢᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠳᠣᠭᠳᠠᠭᠠᠯ︾᠂ ︽ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠬᠤᠳᠠ ᠪᠠᠯᠭᠠᠰᠤᠨ ᠤ ᠰᠢᠰᠲ᠋ᠧᠮ ᠤᠨ ᠲᠦᠯᠦᠪᠵᠢᠭᠦᠯᠭᠡ ︵2015 — | 2030︶ ︵ᠲᠦᠰᠦᠯ︶︾ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ | ᠲᠦᠯᠦᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠦᠪᠯᠡᠯ ᠤᠨ ᠪᠦᠷᠢᠯᠳᠦᠭᠦᠨ ᠢᠶᠠᠷ ᠨᠦᠬᠦᠪᠦᠷᠢᠯᠡᠬᠦ ᠬᠦᠮᠦᠰ | ᠤᠨ ᠨᠡᠷᠡᠰ ︵ᠲᠦᠰᠦᠯ︶᠂ ᠪᠦᠬᠦ ᠤᠷᠤᠨ ᠤ ᠰᠤᠮᠤ ᠰᠢᠶᠠᠩ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠴᠠᠬ ᠲᠤ ᠲᠤᠬᠢᠷᠠᠭᠤᠯᠣᠯᠳᠠ ᠬᠢᠬᠦ ᠲᠤᠬᠠᠢ ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠳᠣᠭᠳᠠᠭᠠᠯ ︵ᠲᠦᠰᠦᠯ︶ ᠢ ᠬᠢᠨᠠᠨ ᠵᠦᠪᠯᠡᠵᠦ᠂ ᠦᠪᠡᠷᠳᠡᠭᠡᠨ ᠵᠠᠰᠠᠬᠤ ᠤᠷᠤᠨ ᠤ | ᠲᠤᠰ ᠱᠠᠳᠤᠨ ᠤ ᠲᠦᠰᠦᠪ ᠢ ᠭᠦᠢᠴᠡᠳᠭᠡᠭᠰᠡᠨ ᠪᠠ ᠪᠤᠰᠤᠳ ᠡᠳ᠋ ᠤᠨ ᠵᠠᠰᠠᠬ ᠤᠨ ᠤᠷᠤᠯᠭ᠎ᠠ ᠵᠠᠷᠤᠯᠭ᠎ᠠ ᠶᠢ | 2015 ᠣᠨ ᠳᠤ ᠬᠢᠨᠠᠨ ᠪᠣᠳᠣᠵᠣ ᠪᠠᠶᠢᠴᠠᠭᠠᠨ ᠭᠠᠷᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠣᠭᠰᠠᠨ | ᠪᠠᠶᠢᠳᠠᠯ ᠤᠨ ᠳᠣᠬᠠᠢ ᠮᠡᠳᠡᠭᠦᠯᠦᠯᠳᠡ᠂ ᠦᠪᠡᠷᠳᠡᠭᠡᠨ ᠵᠠᠰᠠᠬᠤ ᠤᠷᠤᠨ ᠤ ᠵᠤᠭᠠᠴᠠᠯ ᠤᠨ ᠲᠤᠪᠴᠢᠶ᠎ᠠ ᠶᠢᠨ 2015 | ᠣᠨ ᠤ ᠠᠵᠢᠯ ᠤᠨ ᠪᠠᠶᠢᠳᠠᠯ ᠤᠨ ᠮᠡᠳᠡᠭᠦᠯᠦᠯᠳᠡ ᠶᠢ ᠰᠤᠨᠤᠰᠤᠨ ᠬᠢᠨᠠᠨ ᠵᠦᠪᠯᠡᠬᠦ ᠶᠢᠨ ᠬᠠᠮᠳᠣ᠂ ᠦᠪᠡᠷᠳᠡᠭᠡᠨ | ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ | ᠲᠦᠰᠦᠪ ᠢ ᠭᠦᠢᠴᠡᠳᠭᠡᠭᠰᠡᠨ ᠪᠠ ᠪᠤᠰᠤᠳ ᠡᠳ᠋ ᠤᠨ ᠵᠠᠰᠠᠬ ᠤᠨ ᠤᠷᠤᠯᠭ᠎ᠠ ᠵᠠᠷᠤᠯᠭ᠎ᠠ ᠶᠢ 2015 ᠣᠨ ᠳᠤ ᠬᠢᠨᠠᠨ | ᠪᠤᠳᠤᠵᠣ ᠪᠠᠶᠢᠴᠠᠭᠠᠨ ᠭᠠᠷᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠣᠭᠰᠠᠨ ᠪᠠᠶᠢᠳᠠᠯ ᠢ ᠲᠤᠰᠬᠠᠢ | ᠰᠡᠳᠤᠪ ᠢᠶᠠᠷ ᠠᠰᠠᠭᠤᠨ ᠯᠠᠪᠯᠠᠵᠦ᠂ ᠦᠪᠡᠷᠳᠡᠭᠡᠨ ᠵᠠᠰᠠᠬᠤ ᠤᠷᠤᠨ ᠤ ᠵᠤᠭᠠᠴᠠᠯ ᠤᠨ ᠲᠤᠪᠴᠢᠶ᠎ᠠ ᠶᠢᠨ 2015 ᠣᠨ | ᠤ ᠠᠵᠢᠯ ᠤᠨ ᠪᠠᠶᠢᠳᠠᠯ ᠳᠤ ᠠᠵᠢᠯ ᠤᠨ ᠦᠨᠡᠯᠡᠯᠳᠡ ᠬᠢᠵᠦ᠂ ᠠᠵᠢᠯᠳᠠᠨ ᠢ ᠲᠤᠰᠢᠶᠠᠯ ᠳᠤ ᠲᠤᠮᠢᠯᠠᠵᠤ | ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠬᠢᠨᠨᠠ ᠵᠦᠪᠯᠡᠨ᠎ᠠ᠃ | ᠡᠷᠬᠢᠯᠡᠭᠴᠢᠳ ᠤᠨ ᠬᠤᠷᠠᠯ ᠠᠴᠠ ᠪᠠᠰᠠ ︽ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ | ᠤᠷᠳᠤᠨ ᠤ ᠬᠢᠯᠢ ᠬᠢᠵᠠᠭᠠᠷ ᠢᠶᠠᠨ ᠮᠠᠨᠳᠤᠭᠤᠯᠵᠦ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢᠨ ︿12᠂ 5﹀ ᠤᠨ | ᠲᠦᠯᠦᠪᠵᠢᠭᠦᠯᠭᠡ ᠶᠢ ᠲᠤᠤᠱᠯᠠᠭᠤᠯᠣᠨ ᠬᠡᠷᠡᠭᠵᠢᠭᠦᠯᠦᠭᠰᠨᠨ ᠪᠠᠶᠢᠳᠠᠯ ᠢ ᠦᠨᠡᠯᠡᠭᠰᠡᠨ ᠦᠪᠡᠷᠳᠡᠭᠡᠨ ᠵᠠᠰᠠᠬᠤ ᠤᠷᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠰᠠᠨᠠᠯ︾ ᠢ | ᠨᠠᠶᠢᠳᠠᠪᠤᠷᠢᠵᠢᠭᠤᠯᠤᠬᠰᠠᠨ ᠪᠠᠶᠢᠳᠠᠯ ᠤᠨ ᠳᠣᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ | ᠤ ᠮᠡᠳᠡᠭᠦᠯᠦᠯᠳᠡ ᠶᠢ ᠠᠩᠬ᠎ᠠ ᠬᠢᠨᠠᠨ ᠵᠦᠪᠯᠡᠭᠰᠡᠨ ᠰᠠᠨᠠᠯ᠂ 2015 ᠣᠨ ᠤ ᠵᠢᠷᠣᠮᠵᠢᠯ ᠤᠨ ᠴᠢᠨᠠᠷᠳᠠᠢ ᠪᠢᠴᠢᠭ | ᠮᠠᠲ᠋ᠧᠷᠢᠶᠠᠯ ᠢ ᠲᠠᠩᠰᠠᠯᠠᠵᠦ ᠬᠢᠨᠠᠨ ᠪᠠᠶᠢᠴᠠᠭᠠᠬᠰᠠᠨ ᠠᠵᠢᠯ ᠤᠨ ᠪᠠᠶᠢᠳᠠᠯ ᠤᠨ ᠳᠣᠬᠠᠢ ᠮᠡᠳᠡᠭᠦᠯᠦᠯᠳᠡ ᠶᠢ ᠬᠢᠨᠠᠨ | ᠵᠦᠪᠯᠡᠪᠡ᠃ |