︽12 · 5︾ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠡᠯ᠎ᠡ ᠲᠥᠷᠥᠯ ᠤᠨ ᠶᠠᠳᠠᠭᠤ ᠶᠢ | ᠲᠡᠳᠬᠦᠬᠦ ᠪᠡᠯᠡ ᠮᠦᠩᠭᠦᠨ ᠤ ᠣᠷᠣᠭᠤᠯᠤᠯᠲᠠ ᠨᠢ 420 ᠳ᠋ᠦᠩᠰᠢᠭᠤᠷ ᠲᠥᠭᠦᠷᠢᠭ ᠢ ᠳᠠᠪᠠᠪᠠ᠃ | ᠣᠶᠢᠯᠠᠭᠠᠭᠰᠠᠨ ᠢᠶᠠᠷ᠂ 2012 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠡᠳ᠋ ᠤᠨ ᠵᠠᠰᠠᠭ ᠤᠨ ᠣᠷᠣᠭᠤᠯᠤᠯᠲᠠ ᠨᠢ 2011 ᠣᠨ ᠤ 1.93 ᠳ᠋ᠦᠩᠰᠢᠭᠤᠷ ᠲᠥᠭᠦᠷᠢᠭ | ᠪᠠᠶᠢᠭᠰᠠᠨ ᠠᠴᠠ ᠪᠠᠨ ᠨᠡᠮᠡᠭᠳᠡᠭᠡᠳ ᠨᠢᠭᠡ ᠯᠠ ᠳᠡᠭᠡᠷ᠎ᠡ 10 ᠳ᠋ᠦᠩᠰᠢᠭᠤᠷ ᠲᠥᠭᠦᠷᠢᠭ ᠪᠣᠯᠪᠠ᠃ ᠣᠷᠴᠢᠮ ᠤᠨ | ᠬᠤᠶᠠᠷ ᠵᠢᠯ ᠳᠤ ᠵᠢᠯ ᠪᠦᠷᠢ 18 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠤᠭᠤᠯᠵᠤ᠂ ᠪᠦᠬᠦ ᠤᠯᠤᠰ ᠤᠨ | ᠡᠮᠦᠨ᠎ᠡ ᠡᠩᠨᠡᠭᠡᠨ ᠳᠤ ᠣᠷᠤᠪᠠ᠃ ᠠᠶᠢᠮᠠᠭ ᠬᠤᠲᠠ᠂ ᠬᠤᠰᠢᠭᠤ ᠰᠢᠶᠠᠨ ᠢ ᠪᠠᠭᠲᠠᠭᠠᠭᠰᠠᠨ ᠳᠦᠷᠪᠡᠨ ᠱᠠᠲᠤᠨ ᠤ | ᠡᠳ᠋ ᠤᠨ ᠵᠠᠰᠠᠭ ᠤᠨ ᠵᠢᠯ ᠪᠦᠷᠢ ᠶᠢᠨ ᠣᠷᠤᠭᠤᠯᠤᠭᠰᠠᠨ ᠶᠠᠳᠠᠭᠤ ᠶᠢ ᠲᠡᠳᠬᠦᠬᠦ ᠲᠤᠰᠬᠠᠶ ᠵᠦᠢᠯ ᠤᠨ ᠪᠡᠯᠡ ᠮᠥᠩᠭᠦ | ᠨᠢ 50 ᠳ᠋ᠦᠩᠰᠢᠭᠤᠷ ᠲᠥᠭᠦᠷᠢᠭ ᠢ ᠳᠠᠪᠠᠵᠤ᠂ ᠪᠠᠰᠠ ᠮᠥᠩᠭᠦᠨ ᠭᠦᠢᠯᠭᠡᠭᠡᠨ ᠤ ᠪᠡᠯᠡ ᠮᠥᠩᠭᠦ ᠪᠠ ᠨᠡᠶᠢᠭᠡᠮ ᠤᠨ | ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠪᠡᠯ᠂ ︽12 · 5︾ ᠶᠢᠨ ᠬᠤᠭᠤᠴᠠᠭᠠᠨ ᠳᠤ ᠮᠠᠨ ᠤ ᠣᠷᠣᠨ ᠤ ᠡᠯ᠎ᠡ | ᠲᠥᠷᠥᠯ ᠤᠨ ᠶᠠᠳᠠᠭᠤ ᠶᠢ ᠲᠡᠳᠬᠦᠬᠦ ᠪᠡᠯᠡ ᠮᠦᠩᠭᠦᠨ ᠤ ᠣᠷᠣᠭᠤᠯᠤᠯᠲᠠ ᠨᠢ ︽11 · 5︾ ᠶᠢᠨ ᠬᠤᠭᠤᠴᠠᠭᠠᠨ ᠤ | ᠬᠢ ᠠᠴᠠ 5 ᠳᠠᠬᠢᠨ ᠢᠯᠡᠭᠦᠦ ᠪᠣᠯᠵᠠᠢ᠃ ᠣᠷᠣᠭᠤᠯᠤᠯᠲᠠ ᠪᠠᠨ ᠨᠡᠮᠡᠭᠳᠡᠭᠦᠯᠬᠦ ᠶᠢᠨ ᠬᠠᠮᠲᠤ ᠥᠪᠥᠷ ᠮᠣᠩᠭᠤᠯ ᠪᠡᠯᠡ | ᠮᠥᠩᠭᠦ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠡᠷᠬᠡ ᠮᠡᠳᠡᠯ ᠢ ᠪᠦᠬᠦᠨ ᠢ ᠬᠤᠰᠢᠭᠤ ᠰᠢᠶᠠᠨ ᠳᠤ ᠪᠠᠭᠤᠯᠭᠠᠵᠤ᠂ | ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠤ ᠢᠳᠡᠪᠬᠢᠵᠢᠯ ᠢ ᠲᠦᠢᠯ ᠤᠨ ᠶᠡᠭᠡ ᠪᠠᠷ ᠳᠠᠶᠢᠴᠢᠯᠠᠭᠰᠠᠨ ᠪᠠᠶᠢᠨ᠎ᠠ᠃ | ᠡᠭᠦᠨ ᠤ ᠬᠠᠮᠲᠤ᠂ ᠶᠠᠳᠠᠭᠤ ᠶᠢ ᠲᠡᠳᠬᠦᠬᠦ ᠪᠡᠯᠡ ᠮᠦᠩᠭᠦᠨ ᠤ ᠲᠦᠷᠦᠯ ᠵᠦᠢᠯ ᠳᠤ ᠠᠯᠪᠠᠨ ᠵᠠᠷ ᠨᠡᠶᠢᠲᠡᠯᠡᠬᠦ | ᠳᠦᠷᠢᠮ ᠪᠠ ᠭᠠᠴᠠᠭᠠᠨ ᠤ ᠠᠷᠠᠳ ᠤᠨ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠳᠦᠷᠢᠮ ᠢ ᠬᠡᠷᠡᠭᠵᠢᠭᠦᠯᠵᠦ᠂ | ᠪᠡᠯᠡ ᠮᠥᠩᠭᠦ ᠶᠢ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ ᠪᠠ ᠱᠠᠮᠰᠢᠵᠤ ᠢᠯᠵᠠᠷᠠᠨ ᠳᠣᠷᠦ᠋ᠢᠲᠣᠬᠤ ᠦᠵᠡᠭᠳᠡᠯ ᠢ | ᠪᠦᠲᠦᠮᠵᠢᠲᠡᠶ ᠰᠡᠷᠭᠡᠶᠢᠯᠡᠪᠡ᠃ |