ᠥᠪᠥᠷ ᠮᠣᠩᠭᠤᠯ ︽ᠢᠨᠲ᠋ᠧᠷ ᠰᠦᠯᠵᠢᠶ᠎ᠡ +︾ ᠤᠶᠤᠨᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ  ᠤ ᠲᠠᠪᠴᠠᠩ ᠭᠠᠷᠭᠠᠵᠤ  ᠨᠡᠩ ᠣᠯᠠᠨ ᠨᠠᠰᠤᠲᠠᠶᠢᠴᠤᠳ ᠲᠤ ᠤᠯᠡᠨ ᠶᠠᠩᠵᠤᠴᠢᠯᠠᠬᠰᠠᠨ ᠦᠢᠯᠡᠴᠢᠯᠡᠭᠡ ᠬᠦᠷᠲᠡᠭᠦᠯᠪᠡ
ᠨᠡᠶᠢᠲᠡᠯᠡᠭᠰᠡᠨ ᠴᠠᠭ᠄
2016/3/22
     ᠣᠳᠣᠬᠠᠨ ᠳᠤ᠂ ᠥᠪᠥᠷ ᠮᠣᠩᠭᠤᠯ ᠤᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠬᠥᠮᠦᠨ ᠠᠮᠠ ᠎ ᠨᠢ 382.2 ᠲᠦᠮᠡ ᠬᠦᠷᠴᠦ᠂ ᠬᠥᠮᠦᠨ ᠠᠮᠠ ᠶᠢᠨ ᠨᠠᠰᠤᠵᠢᠯᠲᠠ ᠶᠢᠨ ᠪᠠᠶᠢᠳᠠᠯ ᠮᠠᠰᠢ ᠬᠦᠨᠳᠦ ᠬᠡᠴᠡᠭᠦᠦ ᠪᠣᠯᠪᠠ᠃ ᠥᠪᠥᠷ ᠮᠣᠩᠭᠤᠯ ᠤᠨ ᠨᠠᠰᠤᠵᠢᠯ ᠤᠨ ᠠᠰᠠᠷᠠᠮᠵᠢ ᠶᠢᠨ ᠪᠦᠲᠦᠴᠡ ᠶᠢᠨ ᠶᠣᠰᠣᠭᠠᠷ᠂ ᠡᠭᠦᠨ ᠤ ᠳᠣᠲᠣᠷᠠᠬᠢ 90%᠎ ᠠᠴᠠ ᠳᠡᠭᠡᠭᠰᠢᠬᠢ ᠨᠠᠰᠤᠲᠠᠳ ᠥᠪᠡᠷ ᠤᠨ ᠭᠡᠷ ᠪᠣᠯᠤᠨ ᠨᠡᠶᠢᠭᠡᠮ ᠲᠣᠭᠤᠷᠢᠭ ᠲᠠᠭᠠᠨ ᠪᠡᠶ᠎ᠡ ᠪᠠᠨ ᠰᠤᠪᠢᠯᠠᠨ ᠠᠮᠠᠷᠠᠵᠤ ᠪᠤᠢ᠃ 2013 ᠣᠨ ᠠᠴᠠ ᠡᠬᠢᠯᠡᠨ᠂ ᠥᠪᠥᠷ ᠮᠣᠩᠭᠤᠯ ᠪᠦᠬᠦ ᠣᠷᠣᠨ ᠤ ᠬᠡᠪᠴᠢᠶᠡᠨ ᠳᠤ ᠠᠷᠠᠳ ᠲᠤ ᠳᠥᠭᠦᠮ ᠦᠵᠡᠭᠦᠯᠦᠨ ᠨᠠᠰᠤᠲᠠᠳ ᠲᠤ ᠦᠢᠯᠡᠴᠢᠯᠡᠬᠦ ᠲᠥᠪ  12349᠎ ᠶᠢ ᠪᠦᠲᠦᠭᠡᠨ ᠪᠠᠶᠢᠭᠤᠯᠵᠤ᠂ ᠬᠠᠯᠠᠮᠰᠢᠯ ᠤᠲᠠᠰᠤ 12349᠎ ᠳᠤ ᠲᠦᠰᠢᠭᠯᠡᠨ᠂ ᠨᠠᠰᠤᠲᠠᠶᠢᠴᠤᠳ ᠲᠤ ᠪᠠᠴᠢᠮ ᠠᠪᠤᠷᠠᠨ ᠲᠤᠰᠠᠯᠠᠬᠤ᠂ ᠠᠮᠢᠳᠤᠷᠠᠯ ᠤᠨ ᠲᠤᠰᠠᠯᠠᠮᠵᠢ ᠦᠵᠡᠭᠦᠯᠬᠦ ᠵᠡᠷᠭᠡ ᠦᠢᠯᠡᠴᠢᠯᠡᠭᠡ ᠬᠠᠩᠭᠠᠪᠠ᠃ ᠣᠳᠣᠬᠠᠨ ᠳᠤ᠂ ᠪᠦᠬᠦ ᠣᠷᠣᠨ ᠨᠢᠭᠡᠨᠲᠡ ᠠᠷᠠᠳ ᠲᠤ ᠳᠥᠭᠦᠮ ᠦᠵᠡᠭᠦᠯᠦᠨ ᠨᠠᠰᠤᠲᠠᠳ ᠲᠤ ᠦᠢᠯᠡᠴᠢᠯᠡᠬᠦ 12349 ᠲᠥᠪ 51᠎ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠱᠠᠩᠨᠠᠯᠲᠤ ᠰᠤᠭᠤᠯᠤᠭᠠᠨ ᠠᠴᠠ1870 ᠲᠦᠮᠡᠨ ᠲᠥᠬᠦᠷᠢᠭ ᠤᠨ ᠨᠡᠶᠢᠲᠡ ᠶᠢᠨ ᠠᠰᠠᠷᠠᠮᠵᠢ ᠶᠢᠨ ᠮᠥᠩᠭᠦ ᠲᠤᠰᠠᠯᠠᠪᠠ᠃ 2015 ᠣᠨ ᠳᠤ᠂ ᠤᠯᠤᠰ ᠠᠴᠠ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︽ ︿ ᠢᠨᠲ᠋ᠧᠷ ᠰᠦᠯᠵᠢᠶ᠎ᠡ +﹀  ᠠᠵᠢᠯᠯᠠᠭ᠎ᠠ ᠶᠢ ᠢᠳᠡᠪᠬᠢᠲᠡᠢ ᠲᠦᠯᠬᠢᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠪᠠᠭᠤᠯᠭᠠᠵᠤ᠂ ᠨᠠᠰᠤᠵᠢᠯ ᠤᠨ ᠠᠰᠠᠷᠠᠮᠵᠢ ᠶᠢᠨ ᠬᠦᠷᠢᠶ᠎ᠡ ᠬᠡᠪᠴᠢᠶᠡᠨ ᠳᠤ ︽ᠢᠨᠲ᠋ᠧᠷ ᠰᠦᠯᠵᠢᠶ᠎ᠡ +︾ ᠠᠵᠢᠯᠯᠠᠭ᠎ᠠ ᠶᠢ ᠲᠦᠯᠬᠢᠨ ᠠᠬᠢᠭᠤᠯᠬᠤ ᠶᠢ ᠲᠣᠲᠤᠷᠬᠠᠢ ᠳᠤᠷᠠᠳᠴᠠᠢ᠂ ᠡᠨᠡ ᠨᠢ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠶᠡᠭᠡ ᠬᠥᠭᠵᠢᠯᠲᠡ ᠳᠤ ᠰᠢᠨ᠎ᠡ ᠠᠵᠠ ᠲᠣᠬᠢᠶᠠᠯ ᠢ ᠣᠯᠭᠤᠵᠠᠶ᠃      ᠥᠪᠥᠷ ᠮᠣᠩᠭᠤᠯ ᠢᠳᠡᠪᠬᠢᠲᠡᠶ ᠬᠦᠳᠡᠯᠦᠯᠴᠡᠵᠦ᠂ ︽ᠢᠨᠲ᠋ᠧᠷ ᠰᠦᠯᠵᠢᠶ᠎ᠡ +︾ ᠣᠶᠣᠨᠲᠦ ᠨᠠᠰᠤᠵᠢᠯ  ᠤᠨ ᠠᠰᠠᠷᠠᠮᠵᠢ ᠶᠢᠨ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠲᠠᠪᠴᠠᠩ ᠭᠠᠷᠭᠠᠭᠰᠠᠨ ᠪᠥᠭᠡᠳ ︽ᠥᠪᠥᠷ ᠮᠣᠩᠭᠤᠯ· ᠢᠨᠲ᠋ᠧᠷ ᠰᠦᠯᠵᠢᠶ᠎ᠡ + ᠨᠠᠰᠤᠵᠢᠯ ᠤᠨ ᠠᠰᠠᠷᠠᠮᠵᠢ ᠶᠢᠨ ᠣᠶᠣᠨᠲᠦ ᠠᠰᠠᠷᠠᠮᠵᠢ ᠶᠢᠨ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠳᠤᠷᠠᠳᠴᠤ᠂ ︽ᠨᠢᠭᠡ ᠲᠠᠪᠴᠠᠩ ᠲᠠᠪᠤᠨ ᠰᠦᠯᠵᠢᠶ᠎ᠡ︾ ᠤᠶᠤᠨᠲᠤ ᠨᠠᠰᠤᠵᠢᠯ ᠤᠨ ᠠᠰᠠᠷᠠᠮᠵᠢ ᠶᠢᠨ ᠬᠡᠷᠡᠭᠯᠡᠭᠡᠨ ᠤ ᠰᠢᠰᠲ᠋ᠧᠮᠵᠢ ᠶᠢ ᠪᠦᠲᠦᠭᠡᠨ ᠪᠠᠶᠢᠭᠤᠯᠪᠠ᠃ ︽ᠨᠢᠭᠡ ᠲᠠᠪᠴᠠᠩ ᠲᠠᠪᠤᠨ  ᠰᠦᠯᠵᠢᠶ᠎ᠡ︾ ᠤᠶᠤᠨᠲᠤ ᠨᠠᠰᠤᠵᠢᠯ ᠤᠨ ᠠᠰᠠᠷᠠᠮᠵᠢ ᠶᠢᠨ ᠬᠡᠷᠡᠭᠯᠡᠭᠡᠨ ᠤ ᠰᠢᠰᠲ᠋ᠧᠮᠵᠢ ᠭᠡᠳᠡᠭ ᠪᠣᠯ ᠪᠦᠬᠦᠢ ᠠᠷᠠᠳ ᠲᠤ ᠳᠥᠭᠦᠮ ᠦᠵᠡᠭᠦᠯᠦᠨ ᠨᠠᠰᠤᠲᠠᠳ ᠲᠤ ᠦᠢᠯᠡᠴᠢᠯᠡᠬᠦ 12349 ᠲᠥᠪ ᠢ ᠲᠡᠰ ᠳᠡᠪᠰᠢᠭᠦᠯᠵᠦ᠂ ᠳ᠋ᠠᠶᠢᠲ᠋ᠠ ᠶᠢ ᠬᠠᠷᠢᠯᠴᠠᠨ ᠨᠡᠪᠲᠡᠷᠡᠯᠴᠡᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ  ᠤᠶᠤᠨᠴᠢᠯᠠᠬᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠪᠴᠠᠩ ᠢ ᠪᠦᠲᠦᠭᠡᠨ ᠪᠠᠶᠢᠭᠤᠯᠵᠤ᠂ ᠨᠠᠰᠤᠲᠠᠶᠢᠴᠤᠳ ᠢᠶᠠᠷ ᠭᠤᠣᠯ ᠦᠢᠯᠡᠴᠢᠯᠡᠭᠦᠯᠦᠭᠰᠡᠳ ᠪᠣᠯᠭᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠪᠣᠯᠣᠨ ᠨᠠᠰᠤᠵᠢᠯ ᠤᠨ ᠠᠰᠠᠷᠠᠮᠵᠢ ᠶᠢᠨ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠡᠩᠨᠡᠭᠡ ᠪᠠᠷ  ᠲᠤᠯᠭᠠᠭᠤᠷᠢᠯᠠᠭᠤᠯᠵᠤ᠂ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳᠠᠭᠤᠳᠠᠯᠲᠠ ᠪᠠᠷ ᠠᠪᠤᠷᠠᠨ ᠲᠤᠰᠠᠯᠠᠬᠤ᠂ ᠠᠮᠢᠳᠤᠷᠠᠯ ᠤᠨ ᠬᠠᠷᠠᠭᠠᠯᠵᠠᠯ ᠦᠵᠡᠭᠦᠯᠬᠦ᠂ ᠡᠷᠡᠭᠦᠯ ᠮᠡᠨᠳᠤ ᠶᠢ ᠬᠠᠮᠢᠶᠠᠷᠬᠤ᠂ ᠠᠯᠤᠰ ᠠᠴᠠ ᠡᠵᠡᠮᠳᠡᠨ ᠠᠰᠠᠷᠠᠨ ᠰᠤᠪᠢᠯᠠᠬᠤ᠂ ᠡᠯᠧᠺᠲᠷᠤᠨ ᠬᠤᠳᠠᠯᠳᠤᠭᠠᠨ ᠤ ᠲᠠᠯᠠᠪᠤᠷ ᠵᠡᠷᠭᠡ 5 ᠤᠶᠦᠡᠴᠢᠯᠡᠬᠰᠡᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠭᠤᠣᠯᠳᠠᠯᠭ᠎ᠠ ᠲᠠᠢ ᠪᠦᠲᠦᠭᠡᠨ  ᠪᠠᠶᠢᠭᠤᠯᠬᠤ ᠶᠠᠪᠤᠳᠠᠯ ᠪᠣᠯᠣᠨ᠎ᠠ᠃ ︽ᠢᠨᠲ᠋ᠧᠷ ᠰᠦᠯᠵᠢᠶ᠎ᠡ +︾ ᠣᠶᠣᠨᠲᠦ ᠨᠠᠰᠤᠵᠢᠯ ᠤᠨ ᠠᠰᠠᠷᠠᠮᠵᠢ ᠶᠢᠨ ᠮᠡᠳᠡᠭᠡ  ᠵᠠᠩᠭᠢᠵᠢᠯᠲᠠ ᠶᠢᠨ ᠦᠢᠯᠡᠴᠢᠯᠡᠭᠡᠨ ᠤ ᠲᠠᠪᠴᠠᠩ ᠨᠢ ᠢᠨᠲ᠋ᠧᠷ ᠰᠦᠯᠵᠢᠶᠡᠨ ᠤ ᠮᠡᠷᠭᠡᠵᠢᠯ ᠢ ᠬᠡᠷᠡᠭᠯᠡᠵᠦ᠂  ᠠᠷᠠᠳ ᠲᠤ ᠳᠥᠭᠦᠮ ᠦᠵᠡᠭᠦᠯᠦᠨ ᠨᠠᠰᠤᠲᠠᠳ ᠲᠤ ᠦᠢᠯᠡᠴᠢᠯᠡᠬᠦ ᠰᠢᠭᠤᠳ ᠤᠲᠠᠰᠤ 12349᠎ ᠪᠠᠷ ᠳᠠᠮᠵᠢᠭᠤᠯᠤᠨ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠣᠯᠤᠨ ᠦᠢᠯᠡᠴᠢᠯᠡᠭᠡ ᠶᠢ  ᠵᠤᠯᠭᠠᠯᠳᠤᠭᠤᠯᠤᠭᠠᠳ᠂ ᠤᠯᠠᠮᠵᠢᠯᠠᠯᠲᠤ ᠭᠡᠷ ᠪᠦᠯᠢ ᠶᠢᠨ ᠠᠰᠠᠷᠠᠨ ᠰᠣᠪᠢᠯᠠᠬᠤ ᠠᠯᠢ ᠣᠯᠠᠨ ᠪᠣᠭᠤᠮᠢ ᠶᠢ ᠰᠢᠪᠲᠤᠯᠪᠠ᠃      ᠴᠢᠷᠮᠠᠶᠢᠯᠭ᠎ᠠ ᠪᠠᠷ ᠳᠠᠮᠵᠢᠭᠠᠳ᠂ ᠣᠶᠤᠨᠴᠢᠯᠠᠭᠰᠠᠨ᠂ ᠤᠯᠠᠨ ᠶᠠᠩᠵᠤᠯᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠨᠢ ᠣᠳᠣ ᠶᠠᠭ ᠥᠪᠥᠷ ᠮᠣᠩᠭᠤᠯ ᠳᠤ ᠠᠯᠬᠤᠮ ᠠᠯᠬᠤᠮ ᠢᠶᠠᠷ ᠪᠡᠶᠡᠯᠡᠭᠳᠡᠵᠦ ᠪᠤᠢ᠃ 2015 ᠣᠨ ᠎ ᠳᠤ᠂ ᠥᠪᠡᠷᠲᠡᠭᠡᠨ ᠵᠠᠰᠠᠬᠤ ᠣᠷᠣᠨ ᠨᠢ ᠬᠥᠬᠡᠬᠤᠲᠠ ᠶᠢᠨ ᠠᠷᠠᠳ ᠲᠤ ᠳᠥᠭᠦᠮ ᠦᠵᠡᠭᠦᠯᠦᠨ ᠨᠠᠰᠤᠲᠠᠳ ᠲᠤ ᠦᠢᠯᠡᠴᠢᠯᠡᠬᠦ 12349 ᠲᠥᠪ ᠢᠶᠠᠷ ᠲᠤᠷᠰᠢᠯᠲᠠ ᠪᠣᠯᠭᠠᠵᠤ ︽ᠢᠨᠲ᠋ᠧᠷ ᠰᠦᠯᠵᠢᠶ᠎ᠡ +︾ ᠣᠶᠣᠨᠲᠦ ᠨᠠᠰᠤᠵᠢᠯ ᠤᠨ ᠠᠰᠠᠷᠠᠮᠵᠢ ᠶᠢᠨ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃ ᠣᠳᠣᠬᠠᠨ ᠳᠤ᠂ ᠦᠢᠯᠡᠴᠢᠯᠡᠭᠡᠨ ᠤ ᠲᠥᠪ ᠤᠨ ᠰᠦᠯᠵᠢᠶᠡᠨ ᠳᠤ 79625 ᠨᠠᠰᠤᠲᠠᠨ ᠣᠷᠣᠵᠤ᠂ ᠦᠢᠯᠡᠴᠢᠯᠡᠭᠴᠢ ᠬᠤᠳᠠᠯᠳᠤᠭᠠᠴᠢᠨ 200 ᠭᠠᠷᠤᠶ ᠡᠷᠦᠬᠡ ᠪᠠᠶᠢᠵᠤ᠂ ᠲᠦᠷᠦ ᠶᠢᠨ ᠪᠤᠳᠤᠯᠭ᠎ᠠ ᠶᠢᠨ ᠯᠠᠪᠯᠠᠯᠲᠠ ᠬᠠᠩᠭᠠᠬᠤ᠂ ᠡᠮ ᠡᠮᠨᠡᠯᠭᠡ᠂ ᠬᠡᠷ ᠠᠬᠤᠶ ᠶᠢᠨ ᠦᠢᠯᠡᠴᠢᠯᠡᠭᠡ ᠵᠡᠷᠭᠡ ᠠᠷᠪᠠᠨ ᠬᠡᠳᠦᠨ ᠲᠥᠷᠥᠯ ᠤᠨ ᠦᠢᠯᠡᠴᠢᠯᠡᠭᠡ ᠳᠤ ᠬᠤᠯᠪᠣᠭᠳᠠᠵᠤ᠂ ᠨᠠᠰᠤᠲᠠᠶᠢᠴᠤᠳ ᠤᠨ ᠣᠯᠠᠨ ᠶᠠᠩᠵᠤᠴᠢᠯᠠᠭᠰᠠᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠪᠠᠷ ᠬᠠᠩᠭᠠᠵᠤ ᠴᠢᠳᠠᠬᠤ ᠪᠣᠯᠵᠠᠢ᠃ ︽5 ᠣᠶᠣᠨᠴᠢᠯᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠠᠴᠠ 4᠎ ᠨᠢ ᠨᠢᠭᠡᠨᠲᠡ ᠪᠡᠶᠡᠯᠡᠭᠳᠡᠪᠡ᠃ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠣᠣᠷ ᠰᠦᠯᠵᠢᠶ᠎ᠡ ᠶᠢ ᠣᠳᠣ ᠶᠠᠭ ᠪᠠᠶᠢᠭᠤᠯᠵᠤ ᠪᠠᠶᠢᠨ᠎ᠠ᠃︾ ᠭᠡᠵᠦ ᠬᠥᠬᠡᠬᠤᠲᠠ ᠶᠢᠨ ᠠᠷᠠᠳ ᠲᠤ ᠳᠥᠭᠦᠮ ᠦᠵᠡᠭᠦᠯᠦᠨ ᠨᠠᠰᠤᠲᠠᠳ ᠲᠤ ᠦᠢᠯᠡᠴᠢᠯᠡᠬᠦ 12349 ᠲᠥᠪ ᠤᠨ ᠬᠡᠷᠡᠭ ᠡᠷᠬᠢᠯᠡᠭᠴᠢᠳ ᠤᠨ ᠳᠠᠷᠤᠭ᠎ᠠ ᠵᠠᠩ ᠿᠢ ᠱᠧᠩ ᠲᠠᠨᠢᠯᠴᠠᠭᠤᠯᠪᠠ᠃ ᠬᠠᠮᠢᠶᠠᠷᠤᠯᠲᠠ ᠦᠢᠯᠡᠴᠢᠯᠡᠭᠡ ᠪᠠᠨ ᠵᠢᠷᠤᠮᠵᠢᠭᠤᠯᠬᠤ ᠶᠢᠨ ᠲᠤᠯᠠᠳᠠ᠂  ᠦᠢᠯᠡᠴᠢᠯᠡᠭᠡᠨ ᠤ ᠲᠥᠪ ᠨᠢ ᠪᠠᠰᠠ ᠨᠡᠶᠢᠭᠡᠮ ᠲᠣᠭᠤᠷᠢᠭ ᠤᠨ ᠠᠷᠠᠳ ᠲᠤ ᠳᠥᠭᠦᠮ ᠦᠵᠡᠭᠦᠯᠦᠨ ᠨᠠᠰᠤᠲᠠᠳ ᠲᠤ ᠦᠢᠯᠡᠴᠢᠯᠡᠬᠦ 12349 ᠬᠠᠮᠢᠶᠠᠷᠤᠯᠲᠠ ᠶᠢᠨ ᠲᠥᠪ ᠪᠠᠶᠢᠭᠤᠯᠵᠤ᠂ ᠤᠷᠢᠵᠤ ᠡᠯᠰᠡᠬᠦ᠂ ᠬᠠᠮᠢᠶᠠᠷᠬᠤ᠂ ᠦᠢᠯᠡᠴᠢᠯᠡᠭᠴᠢ ᠬᠤᠳᠠᠯᠳᠤᠭᠠᠴᠢᠨ ᠢ ᠦᠨᠡᠯᠡᠬᠦ ᠶᠢᠨ ᠬᠠᠮᠲᠤ ᠵᠠᠭᠤᠷᠠᠯᠳᠤᠭᠠᠨ ᠢ ᠰᠢᠢᠳᠪᠦᠷᠢᠯᠡᠬᠦ ᠶᠢ ᠲᠤᠰᠬᠠᠶᠢᠯᠠᠨ ᠬᠠᠷᠢᠭᠤᠴᠠᠵᠤ ᠪᠠᠶᠢᠨ᠎ᠠ᠃      ︽ᠬᠦᠷᠤᠩᠭᠡ ᠶᠢᠨ ᠠᠵᠢᠯᠯᠠᠭᠠᠨ ᠢᠶᠠᠷ ᠳᠠᠮᠵᠢᠭᠤᠯᠤᠨ ᠵᠠᠬ᠎ᠠ ᠳᠡᠯᠭᠡᠭᠦᠷ ᠤᠨ ᠲᠣᠭᠲᠠᠴᠠ ᠶᠢ  ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠮᠳᠠ ᠣᠷᠣᠭᠤᠯᠤᠨ ᠠᠪᠴᠢᠷᠠᠬᠤ ᠪᠣᠯ ᠮᠠᠨ ᠤ ᠴᠣᠭᠴᠠᠯᠠᠨ ᠪᠠᠶᠢᠭᠤᠯᠤᠭᠰᠠᠨ ︿ᠢᠨᠲ᠋ᠧᠷ ᠰᠦᠯᠵᠢᠶ᠎ᠡ +﹀ ᠴᠠᠭ ᠦᠶ᠎ᠡ ᠶᠢᠨ᠂ ᠥᠪᠥᠷ ᠮᠣᠩᠭᠤᠯ ᠤᠨ ᠣᠨᠴᠠᠯᠢᠭ ᠪᠦᠬᠦᠢ  ᠣᠶᠣᠨᠲᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠵᠠᠭᠪᠤᠷᠰᠢᠯ ᠪᠣᠯᠣᠨ᠎ᠠ᠃ ᠮᠠᠨ ᠤ ᠬᠠᠷᠠᠯᠲᠠ ᠪᠣᠯ ᠬᠤᠲᠠ ᠲᠣᠭᠤᠷᠢᠭ ᠲᠤ ᠠᠷᠪᠠᠨ ᠲᠠᠪᠤᠨ ᠮᠢᠨᠦ᠋ᠲ ᠤᠨ ᠲᠣᠲᠤᠷ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠬᠦᠷᠢᠶ᠎ᠡ ᠶᠢ ᠴᠣᠭᠴᠠᠯᠠᠨ ᠪᠠᠶᠢᠭᠤᠯᠤᠨ᠎ᠠ᠃ ᠳᠠᠷᠠᠭᠠᠴᠢ ᠶᠢᠨ ᠠᠯᠬᠤᠮ ᠳᠤ᠂ ᠦᠢᠯᠡᠴᠢᠯᠡᠭᠡᠨ ᠤ ᠠᠭᠤᠯᠭ᠎ᠠ ᠶᠢ ᠢᠳᠡᠭ ᠢᠳᠡᠭ ᠢᠶᠠᠷ ᠲᠡᠭᠦᠯᠳᠡᠷᠵᠢᠭᠦᠯᠵᠦ᠂ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠵᠦ᠂ ᠵᠢᠱᠢᠯᠲᠡ ᠪᠠᠷ 2018 ᠣᠨ ᠪᠣᠯᠬᠤ ᠳᠤ ᠪᠦᠬᠦ ᠣᠷᠣᠨ ᠤ ᠪᠤᠢ ᠪᠦᠬᠦᠢ ᠬᠤᠰᠢᠭᠤ ᠰᠢᠶᠠᠨ ᠳᠤ ᠳᠡᠯᠭᠡᠷᠡᠭᠦᠯᠵᠦ᠂ ᠨᠡᠩ ᠣᠯᠠᠨ ᠨᠠᠰᠤᠲᠠᠶᠢᠴᠤᠳ ᠲᠤ ᠤᠯᠠᠨ ᠶᠠᠩᠵᠤᠯᠠᠭᠰᠠᠨ  ᠦᠢᠯᠡᠴᠢᠯᠡᠭᠡ ᠬᠦᠷᠲᠡᠭᠦᠯᠦᠨ᠎ᠡ᠃︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ ᠠᠰᠠᠷᠠᠮᠵᠢ ᠪᠣᠯᠣᠨ ᠨᠢᠭᠦᠯᠡᠰᠦᠩᠭᠦᠶ ᠶᠢᠨ ᠦᠢᠯᠡᠰ ᠢ ᠠᠬᠢᠭᠤᠯᠬᠤ ᠭᠠᠵᠠᠷ ᠤᠨ ᠳᠡᠳ᠋ ᠳᠠᠷᠤᠭ᠎ᠠ ᠰᠢᠩ ᠭᠠᠩ ᠬᠡᠯᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号