2016 ᠣᠨ ᠤ ᠪᠦᠬᠦ ᠣᠷᠣᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠵᠢᠴᠢ ᠬᠠᠤᠯᠢ ᠬᠡᠷᠡᠭᠵᠢᠭᠦᠯᠵᠦ ᠬᠠᠭᠤᠷᠮᠠᠭ ᠶᠠᠭᠤᠮ᠎ᠠ ᠳᠤ ᠴᠣᠬᠢᠯᠲᠠ ᠥᠭᠬᠦ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2016/3/22
     3 ᠳ᠋ᠤᠭᠠᠷ ᠰᠠᠷ᠎ᠠ ᠶᠢᠨ 18᠎ ᠤ ᠡᠳᠦᠷ᠂ ᠪᠦᠬᠦ ᠣᠷᠣᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠵᠢᠴᠢ ᠬᠠᠤᠯᠢ ᠬᠡᠷᠡᠭᠵᠢᠭᠦᠯᠵᠦ ᠬᠠᠭᠤᠷᠮᠠᠭ ᠶᠠᠭᠤᠮ᠎ᠠ ᠳᠤ ᠴᠣᠬᠢᠯᠲᠠ ᠥᠭᠬᠦ ᠠᠵᠢᠯ ᠤᠨ ᠬᠤᠷᠠᠯ ᠢ ᠬᠤᠷᠠᠯᠳᠤᠭᠤᠯᠵᠤ᠂ ᠪᠦᠬᠦ ᠣᠷᠣᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠰᠢᠰᠲ᠋ᠧᠮ ᠤᠨ 243 ᠬᠥᠮᠦᠨ ᠬᠤᠷᠠᠯ ᠳᠤ ᠣᠷᠣᠯᠴᠠᠵᠠᠶ᠂ ᠣᠷᠣᠨ ᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠳ᠋ᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠪᠥᠬᠦ ᠣᠷᠣᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠪᠠᠶᠢᠳᠠᠯ ᠲᠠᠢ ᠤᠶᠠᠯᠳᠤᠭᠤᠯᠤᠨ 2016 ᠣᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠪᠠ ᠬᠠᠤᠯᠢ ᠬᠡᠷᠡᠭᠵᠢᠭᠦᠯᠵᠦ ᠬᠠᠭᠤᠷᠮᠠᠭ ᠶᠠᠭᠤᠮ᠎ᠠ ᠳᠤ ᠴᠣᠬᠢᠯᠲᠠ ᠥᠭᠬᠦ ᠠᠵᠢᠯ ᠢ ᠴᠠᠭ ᠲᠤᠬᠠᠶ ᠳᠤᠨᠢ ᠪᠠᠶᠢᠷᠢᠯᠠᠭᠤᠯᠬᠤ ᠶᠢᠨ ᠲᠤᠰᠠᠳᠠ᠂ 3 ᠳ᠋ᠤᠭᠠᠷ ᠰᠠᠷ᠎ᠠ ᠶᠢᠨ 18᠎ ᠤ ᠡᠳᠦᠷ ᠪᠦᠬᠦ ᠣᠷᠣᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠵᠢᠴᠢ ᠬᠠᠤᠯᠢ ᠬᠡᠷᠡᠭᠵᠢᠭᠦᠯᠵᠦ ᠬᠠᠭᠤᠷᠮᠠᠭ ᠶᠠᠭᠤᠮ᠎ᠠ ᠳᠤ ᠴᠣᠬᠢᠯᠲᠠ ᠥᠭᠬᠦ ᠠᠵᠢᠯ ᠤᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠭᠠᠵᠠᠷ᠂ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠲᠣᠪᠴᠢᠶᠠᠨ ᠤ ᠬᠠᠷᠢᠭᠤᠴᠠᠯᠭᠠᠲᠠᠨ ᠲᠤᠰ ᠲᠤᠰ 2015 ᠣᠨ ᠤ ᠠᠵᠢᠯ ᠤᠨ ᠢᠯᠡᠳᠬᠡᠯ ᠬᠢᠵᠦ᠂ ᠳᠡᠭᠡᠷ᠎ᠡ ᠨᠢᠭᠡ ᠵᠢᠯ ᠤᠨ ᠣᠯᠤᠭᠰᠠᠨ ᠠᠮᠵᠢᠯᠲᠠ ᠶᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ 2016 ᠣᠨ ᠤ ᠭᠤᠣᠯᠳᠠᠯᠭ᠎ᠠ ᠲᠠᠢ ᠠᠵᠢᠯ ᠢᠶᠠᠨ ᠪᠠᠶᠢᠷᠢᠯᠠᠭᠤᠯᠪᠠ᠃ ᠰᠢᠯᠢ ᠶᠢᠨ ᠭᠤᠣᠯ ᠠᠶᠢᠮᠠᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ᠂ ᠪᠤᠭᠤᠲᠤ ᠬᠤᠲᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠪᠣᠯᠤᠨ ᠬᠥᠯᠥᠨ ᠪᠤᠶᠢᠷ ᠬᠤᠲᠠ ᠶᠢᠨ ᠮᠤᠷᠢᠨᠳᠠᠪᠠᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠲᠦᠯᠦᠭᠡᠯᠡᠭᠴᠢ ᠶᠡᠭᠡ ᠬᠤᠷᠠᠯ ᠳᠤ ᠬᠠᠤᠯᠢ ᠬᠡᠷᠡᠭᠵᠢᠭᠦᠯᠬᠦ ᠬᠠᠭᠤᠷᠮᠠᠭ ᠶᠠᠭᠤᠮ᠎ᠠ ᠳᠤ ᠴᠤᠬᠢᠯᠲᠠ ᠦᠭᠬᠦ ᠨᠡᠶᠢᠲᠡᠯᠢᠭ ᠲᠤᠷᠰᠢᠯᠭ᠎ᠠ ᠶᠢ ᠲᠠᠨᠢᠯᠴᠠᠭᠤᠯᠪᠠ᠃      ᠪᠦᠬᠦ ᠣᠷᠣᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠵᠢᠴᠢ ᠬᠠᠤᠯᠢ ᠬᠡᠷᠡᠭᠵᠢᠭᠦᠯᠵᠦ ᠬᠠᠭᠤᠷᠮᠠᠭ ᠶᠠᠭᠤᠮ᠎ᠠ ᠳᠤ ᠴᠣᠬᠢᠯᠲᠠ ᠥᠭᠬᠦ ᠠᠵᠢᠯ ᠤᠨ ᠭᠤᠤᠯ ᠬᠤᠷᠠᠯ ᠲᠠᠯᠠᠪᠠᠢ ᠶᠢᠨ ᠬᠤᠷᠠᠯ ᠳᠤ ᠣᠷᠣᠨ ᠤ ᠲᠣᠪᠴᠢᠶᠠᠨ ᠤ ᠪᠠᠶᠢᠭᠤᠯᠭ᠎ᠠ ᠶᠢᠨ ᠬᠠᠮᠢᠶ᠎ᠠ ᠪᠥᠬᠦᠢ ᠭᠠᠵᠠᠷ ᠠᠯᠪᠠᠨ ᠭᠡᠷ᠂ ᠲᠣᠪᠴᠢᠶ᠎ᠠ᠂ ᠰᠢᠭᠤᠳ ᠬᠠᠷᠢᠶ᠎ᠠ ᠮᠡᠷᠭᠡᠵᠢᠯ ᠤᠨ ᠪᠠᠶᠢᠭᠤᠯᠤᠮᠵᠢ ᠪᠠ ᠬᠤᠯᠪᠣᠭᠳᠠᠯ ᠪᠦᠬᠦᠢ ᠨᠢᠭᠡᠴᠡ ᠶᠢᠨ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ ᠂ ᠬᠠᠤᠯᠢ ᠬᠡᠷᠡᠭᠵᠢᠭᠦᠯᠬᠦ ᠠᠵᠢᠯᠳᠠᠨ ᠪᠣᠯᠤᠨ ᠬᠢᠨᠠᠨ ᠬᠠᠮᠢᠶᠠᠷᠬᠤ ᠠᠵᠢᠯᠲᠠᠨ ᠤᠷᠤᠯᠴᠠᠪᠠ︔ 14 ᠠᠶᠢᠮᠠᠭ ᠬᠤᠲᠠ ᠶᠢᠨ ᠶᠠᠰᠤ ᠴᠢᠨᠠᠷ ᠤᠨ ᠬᠢᠨᠠᠯᠲᠠ ᠲᠠᠯᠪᠢᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠵᠦᠪᠯᠡᠯ︶ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ᠂ ᠡᠯ᠎ᠡ ᠠᠶᠢᠮᠠᠭ ᠬᠤᠳᠠ ᠶᠢᠨ ᠲᠣᠪᠴᠢᠶ᠎ᠠ ︵ᠵᠥᠪᠯᠡᠯ︶᠎ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠠᠤᠯᠢ ᠬᠡᠷᠡᠭᠵᠢᠭᠦᠯᠬᠦ ᠠᠵᠢᠯᠳᠠᠨ ᠪᠣᠯᠤᠨ ᠬᠢᠨᠠᠨ ᠬᠠᠮᠢᠶᠠᠷᠬᠤ ᠠᠵᠢᠯᠲᠠᠨ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号