ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ ᠳᠤᠮᠳᠠ ᠠᠴᠠ ᠬᠦᠨᠳᠦ ᠰᠢᠭ ᠡᠭᠦᠰᠬᠦ ᠬᠠᠨᠳᠤᠰᠢ ᠲᠠᠢ ᠪᠠᠶᠢᠨ᠎ᠠ
ᠨᠡᠶᠢᠲᠡᠯᠡᠭᠰᠡᠨ ᠴᠠᠭ᠄
2016/3/22
     ᠪᠥᠬᠦ ᠣᠷᠣᠨ ᠤ ᠲᠠᠯ᠎ᠠ ᠨᠤᠲᠤᠭ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ ᠢ ᠬᠡᠮᠵᠢᠨ ᠰᠡᠷᠡᠮᠵᠢᠯᠡᠭᠦᠯᠬᠦ ᠰᠢᠰᠲ᠋ᠧᠮᠵᠢ ᠶᠢᠨ ᠬᠢᠨᠠᠨ ᠬᠡᠮᠵᠢᠭᠰᠡᠨ ᠦᠷ᠎ᠡ ᠳ᠋ᠦᠩ ᠢ ᠵᠠᠳᠠᠯᠤᠨ ᠰᠤᠳᠤᠯᠤᠨ ᠮᠠᠭᠠᠳᠯᠠᠭᠰᠠᠨ ᠢ ᠦᠨᠳᠦᠰᠦᠯᠡᠪᠡᠯ᠂ ᠡᠨᠡ ᠵᠢᠯ ᠥᠪᠥᠷ ᠮᠣᠩᠭᠤᠯ ᠤᠨ ᠲᠠᠯ᠎ᠠ ᠨᠤᠲᠤᠭ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ ᠳᠤᠮᠳᠠ ᠠᠴᠠ ᠬᠦᠨᠳᠦ ᠰᠢᠭ ᠡᠭᠦᠰᠬᠦ ᠪᠠᠶᠢᠳᠠᠯ ᠲᠠᠢ ᠪᠠᠶᠢᠨ᠎ᠠ᠂ ᠬᠥᠨᠥᠭᠡᠭᠳᠡᠬᠦ ᠲᠠᠯᠠᠪᠠᠢ ᠨᠢ ᠨᠢᠳᠤᠨᠤᠨ ᠵᠢᠯ ᠤᠨ ᠬᠢ ᠲᠠᠢ ᠦᠨᠳᠦᠰᠦᠨ ᠳᠡᠭᠡᠨ ᠲᠡᠩᠴᠡᠭᠦᠦ ᠪᠠᠶᠢᠵᠤ᠂ ᠶᠡᠷᠦᠩᠬᠡᠶ ᠳᠡᠭᠡᠨ ᠡᠵᠡᠮᠳᠡᠵᠦ ᠪᠣᠯᠬᠤ ᠪᠠᠶᠢᠳᠠᠯ ᠳᠤ ᠣᠷᠣᠰᠢᠵᠤ᠂ ᠬᠡᠰᠡᠭ ᠭᠠᠵᠠᠷ ᠣᠷᠣᠨ ᠤ ᠬᠥᠨᠥᠭᠡᠯ ᠬᠦᠨᠳᠦᠷᠡᠬᠦ ᠪᠣᠯᠣᠮᠵᠢ ᠲᠠᠢ᠂ ᠵᠢᠱᠢᠯᠲᠡ ᠪᠠᠷ ᠲᠠᠯ᠎ᠠ ᠨᠤᠲᠤᠭ ᠤᠨ ᠬᠤᠯᠤᠭᠠᠨ᠎ᠠ ᠳᠤ ᠬᠥᠨᠥᠭᠡᠭᠳᠡᠬᠦ ᠲᠠᠯᠠᠪᠠᠶ ᠨᠢ ᠪᠠᠷᠤᠭ 6500 ᠲᠦᠮᠡᠨ ᠮᠦ ᠳᠤ ᠬᠦᠷᠴᠦ᠂ ᠲᠠᠯ᠎ᠠ ᠨᠤᠲᠤᠭ ᠤᠨ ᠬᠤᠷᠣᠬᠠᠶ ᠳᠤ ᠬᠥᠨᠥᠭᠡᠭᠳᠡᠬᠦ ᠲᠠᠯᠠᠪᠠᠶ ᠨᠢ ᠪᠠᠷᠤᠭ 7000 ᠲᠦᠮᠡᠨ ᠮᠦ ᠳᠤ ᠬᠦᠷᠦᠨ᠎ᠡ᠃ ᠣᠶᠢᠯᠠᠭᠠᠭᠰᠠᠨ ᠢᠶᠠᠷ᠂ ᠣᠳᠣᠬᠠᠨ ᠳᠤ ᠥᠪᠥᠷ ᠮᠣᠩᠭᠤᠯ ᠠᠴᠠ ᠲᠠᠯ᠎ᠠ ᠨᠤᠲᠤᠭ ᠤᠨ ᠴᠠᠷᠴᠠᠬᠠᠶ ᠶᠢ ᠰᠡᠷᠭᠡᠶᠢᠯᠡᠨ ᠵᠠᠰᠠᠬᠤ ᠨᠥᠬᠦᠪᠥᠷᠢ ᠮᠥᠩᠭᠦ 340 ᠲᠦᠮᠡ ᠲᠥᠭᠦᠷᠢᠭ᠂ ᠲᠠᠯ᠎ᠠ ᠨᠤᠲᠤᠭ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠨᠥᠬᠦᠪᠥᠷᠢ ᠮᠥᠩᠭᠦ 200 ᠲᠦᠮᠡᠨ ᠲᠥᠭᠦᠷᠢᠭ ᠢ ᠨᠢᠭᠡᠨᠲᠡ ᠳᠣᠷᠣᠭᠰᠢ ᠪᠠᠭᠤᠯᠭᠠᠵᠤ᠂ ᠲᠥᠪ ᠠᠴᠠ ᠥᠪᠥᠷ ᠮᠣᠩᠭᠤᠯ ᠳᠤ ᠰᠠᠯᠭᠠᠨ ᠥᠭᠭᠦᠭᠰᠡᠨ ᠲᠠᠯ᠎ᠠ ᠨᠤᠲᠤᠭ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠨᠥᠬᠦᠪᠥᠷᠢ ᠮᠥᠩᠭᠦ 4300 ᠲᠦᠮᠡᠨ ᠲᠥᠭᠦᠷᠢᠭ ᠢ ᠴᠦ ᠣᠶᠢᠷ᠎ᠠ ᠳᠤ ᠡᠯ᠎ᠡ ᠠᠶᠢᠮᠠᠭ ᠬᠤᠲᠠ ᠳᠤ ᠪᠠᠭᠤᠯᠭᠠᠬᠤ ᠪᠠᠷ ᠪᠠᠶᠢᠨ᠎ᠠ᠃      ᠡᠨᠡ ᠵᠢᠯ ᠤᠨ ᠪᠥᠬᠦ ᠣᠷᠣᠨ ᠤ ᠲᠠᠯ᠎ᠠ ᠨᠤᠲᠤᠭ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ ᠡᠭᠦᠰᠬᠦ ᠬᠠᠨᠳᠤᠰᠢ ᠳᠤ ᠴᠢᠭᠯᠡᠭᠦᠯᠦᠨ᠂ ᠲᠤᠰᠬᠠᠶ ᠮᠡᠷᠭᠡᠵᠢᠯᠲᠡᠳ ᠠᠴᠠ ᠡᠯ᠎ᠡ ᠱᠠᠲᠤᠨ ᠡᠯ᠎ᠡ ᠭᠠᠵᠠᠷ ᠤᠳ ︽ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ︾ ᠤᠷᠭᠤᠮᠠᠯ ᠤᠨ ᠬᠠᠮᠠᠭᠠᠯᠠᠯᠲᠠ ᠶᠢᠨ ᠴᠢᠭᠯᠡᠯᠲᠡ ᠶᠢ ᠪᠠᠷᠢᠮᠲᠠᠯᠠᠵᠤ᠂ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠦᠷᠢᠨᠰᠢᠭᠦᠯᠵᠦ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠠᠯ᠎ᠠ ᠨᠤᠲᠤᠭ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠭᠠᠮᠰᠢᠭ ᠢ ᠬᠠᠮᠤᠭ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠶ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠲᠠᠯ᠎ᠠ ᠨᠤᠲᠤᠭ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ ᠦᠷᠭᠦᠯᠵᠢ ᠡᠭᠦᠰᠳᠡᠭ ᠣᠷᠣᠨ ᠳᠤ ᠬᠡᠭᠡᠷ᠎ᠡ ᠶᠢᠨ ᠪᠠᠶᠢᠴᠠᠭᠠᠯᠲᠠ ᠬᠢᠬᠦ ᠠᠵᠢᠯ ᠢ ᠴᠢᠩᠭᠠᠳᠬᠠᠵᠤ᠂ ᠵᠢᠵᠢᠭᠦᠷᠯᠡᠬᠦ ᠲᠥᠷᠢᠮ ᠢ ᠴᠠᠭ ᠲᠠᠭᠠᠨ ᠲᠣᠬᠢᠷᠠᠭᠤᠯᠤᠨ ᠡᠬᠢᠯᠡᠭᠦᠯᠵᠦ  ᠂ ᠭᠠᠮᠰᠢᠭ ᠤᠨ ᠬᠥᠳᠡᠯᠦᠩᠭᠦᠶ ᠪᠠᠶᠢᠳᠠᠯ ᠢ ᠴᠠᠭ ᠢᠮᠠᠭᠲᠠ ᠡᠵᠡᠮᠰᠢᠵᠦ᠂ ᠰᠡᠷᠭᠡᠢᠯᠡᠨ ᠵᠠᠰᠠᠬᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠨᠠᠶᠢᠳᠠᠪᠤᠷᠢᠲᠠᠶ ᠦᠨᠳᠦᠰᠦ ᠪᠠᠷᠢᠮᠲᠠ ᠬᠠᠩᠭᠠᠬᠤ ᠬᠡᠷᠡᠭᠲᠡᠶ᠃ ᠲᠠᠯ᠎ᠠ ᠨᠤᠲᠤᠭ ᠤᠨ ᠬᠤᠯᠤᠭᠠᠨ᠎ᠠ ᠬᠤᠷᠣᠬᠠᠶ ᠶᠢᠨ ᠭᠠᠮᠰᠢᠭ ᠢ ᠲᠤᠰᠬᠠᠶᠢᠵᠢᠭᠤᠯᠤᠨ ᠰᠡᠷᠭᠡᠶᠢᠯᠡᠨ ᠵᠠᠰᠠᠬᠤ ᠢ ᠲᠤᠪᠤᠶᠢᠮ᠎ᠠ ᠰᠠᠶᠢᠲᠤᠷ ᠠᠳᠬᠤᠵᠤ᠂ ᠰᠠᠭᠤᠷᠢ ᠶᠢ ᠪᠠᠬᠢᠵᠢᠭᠦᠯᠦᠨ᠂ ᠡᠩᠨᠡᠭᠡ ᠪᠠᠨ ᠲᠣᠭᠲᠠᠪᠤᠷᠢᠵᠢᠭᠤᠯᠤᠨ᠂ ᠲᠤᠰᠬᠠᠶᠢᠵᠢᠭᠤᠯᠤᠭᠰᠠᠨ ᠰᠡᠷᠭᠡᠶᠢᠯᠡᠨ ᠵᠠᠰᠠᠬᠤ ᠪᠦᠷᠬᠦᠴᠡ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠠᠵᠢᠯᠳᠠᠨ ᠢᠶᠠᠨ ᠪᠣᠯᠪᠠᠰᠤᠷᠠᠭᠤᠯᠬᠤ ᠪᠠ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ ᠳᠦᠷᠢᠮ ᠢ ᠪᠠᠶᠢᠭᠤᠯᠵᠤ᠂ ᠲᠤᠰᠬᠠᠶᠢᠵᠢᠭᠤᠯᠤᠨ ᠰᠡᠷᠭᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠬᠤ ᠬᠡᠷᠡᠭᠲᠡᠶ᠃ ᠡᠭᠦᠨ ᠤ ᠵᠡᠷᠭᠡᠴᠡᠭᠡᠪᠡᠷ ᠲᠧᠭᠨᠢᠭ ᠮᠡᠷᠭᠡᠵᠢᠯ ᠤᠨ ᠲᠠᠯ᠎ᠠ ᠪᠠᠷ ᠵᠢᠯᠣᠭᠤᠳᠬᠤ ᠶᠢ ᠴᠢᠩᠭᠠᠳᠬᠠᠵᠤ᠂ ᠪᠣᠯᠪᠠᠰᠤᠷᠠᠭᠤᠯᠤᠯ ᠤᠨ ᠠᠩᠬᠢ ᠡᠷᠬᠢᠯᠡᠬᠦ᠂ ᠰᠡᠷᠭᠡᠶᠢᠯᠡᠨ ᠵᠠᠰᠠᠬᠤ ᠮᠡᠷᠭᠡᠵᠢᠯ ᠤᠨ ᠭᠠᠷ ᠳᠡᠪᠲᠡᠷ ᠲᠠᠷᠬᠠᠭᠠᠬᠤ᠂ ᠲᠤᠬᠠᠶ ᠶᠢᠨ ᠭᠠᠵᠠᠷ ᠲᠤᠨᠢ ᠵᠢᠯᠣᠭᠤᠳᠬᠤ ᠵᠡᠷᠭᠡ ᠤᠯᠡᠨ ᠬᠡᠯᠪᠡᠷᠢ ᠶᠢᠨ ᠮᠡᠷᠭᠡᠵᠢᠯ ᠤᠨ ᠪᠣᠯᠪᠠᠰᠤᠷᠠᠭᠤᠯᠤᠯ ᠪᠣᠯᠤᠨ ᠵᠢᠯᠤᠭᠤᠳᠤᠯᠭ᠎ᠠ ᠶᠢᠨ ᠠᠵᠢᠯ ᠢᠶᠠᠷ ᠳᠠᠮᠵᠢᠭᠤᠯᠤᠨ᠂ ᠰᠡᠷᠭᠡᠶᠢᠯᠡᠨ ᠵᠠᠰᠠᠬᠤ ᠮᠡᠷᠭᠡᠵᠢᠯ ᠤᠨ ᠲᠦᠭᠡᠮᠡᠯᠵᠢᠭᠦᠯᠦᠯᠲᠡ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号